| | | ᠰᠣᠷᠪᠤᠯᠵᠢᠯᠠᠭᠰᠠᠨ ᠬᠦᠨᠳᠦᠲᠦ ᠵᠣᠴᠢᠨ᠄ ᠬᠦᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠬᠤᠩ ᠯᠦᠩ ᠂ ᠠᠮᠤ ᠪᠤᠳᠠᠭᠠᠨ ᠤ | ᠲᠥᠯᠦᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠰᠠᠯᠠᠭᠠᠨ ᠤ ᠳᠠᠷᠤᠭ᠎ᠠ ᠭᠤᠤ ᠶᠠᠩ ᠂ ᠠᠮᠤ ᠪᠤᠳᠠᠭᠠᠨ ᠤ | ᠲᠣᠬᠢᠷᠠᠭᠤᠯᠤᠯ ᠡᠵᠡᠮᠳᠡᠯ ᠤᠨ ᠰᠠᠯᠠᠭᠠᠨ ᠤ ᠳᠠᠷᠤᠭ᠎ᠠ ᠢᠦᠢ ᠲᠤᠤ ᠂ ᠠᠮᠤ ᠪᠤᠳᠠᠭ᠎ᠠ ᠨᠥᠭᠡᠴᠡᠯᠡᠬᠦ ᠰᠠᠯᠠᠭᠠᠨ ᠤ ᠳᠡᠳ᠋ | ᠳᠠᠷᠤᠭ᠎ᠠ ᠶᠦᠨ ᠡᠾᠦ᠋ᠢ ᠹᠧᠨ ᠃ | ᠰᠣᠷᠪᠤᠯᠵᠢᠯᠠᠭᠰᠠᠨ ᠴᠠᠭ ᠄ 2024 - 06 - 28 | ᠰᠦᠯᠵᠢᠶᠡᠨ ᠳᠤ ᠭᠠᠷᠤᠭᠰᠠᠨ ᠨᠢᠭᠡᠴᠡ ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ | ᠬᠥᠲᠥᠯᠥᠭᠴᠢ ᠄ ᠠᠮᠤ ᠪᠤᠳᠠᠭᠠᠨ ᠤ ᠠᠮᠤᠷ ᠲᠦᠪᠰᠢᠨ ᠪᠣᠯ ︽ ᠤᠯᠤᠰ ᠤᠨ ᠶᠡᠭᠡ ᠶᠠᠪᠤᠳᠠᠯ ︾ ᠮᠥᠨ ᠂ ᠠᠮᠤ | ᠪᠤᠳᠠᠭ᠎ᠠ ᠪᠣᠯ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠪᠠ ᠤᠯᠤᠰ ᠤᠨ ᠠᠵᠤ ᠠᠬᠤᠢ ᠶᠢᠨ ᠠᠮᠤᠷ | ᠲᠦᠪᠰᠢᠨ ᠳᠤ ᠬᠤᠯᠪᠣᠭᠳᠠᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠮᠥᠨ ᠪᠥᠭᠡᠳ ᠪᠠᠰᠠ ᠴᠤ | ᠠᠷᠠᠳ ᠣᠯᠠᠨ ᠤ ᠬᠠᠮᠤᠭ ᠤᠨ ᠦᠨᠳᠦᠰᠦᠨ ᠠᠮᠢᠳᠤᠷᠠᠯ ᠤᠨ ᠮᠠᠲ᠋ᠧᠷᠢᠶᠠᠯ ᠮᠥᠨ ᠂ ᠨᠡᠶᠢᠭᠡᠮ ᠤᠨ ᠡᠶ᠎ᠡ ᠵᠣᠬᠢᠴᠠᠩᠭᠤᠢ ᠂ | ᠤᠯᠤᠰ ᠲᠥᠷᠥ ᠶᠢᠨ ᠲᠣᠭᠲᠠᠭᠤᠨ ᠂ ᠠᠵᠤ ᠠᠬᠤᠢ ᠶᠢᠨ ᠬᠥᠭᠵᠢᠯᠲᠡ ᠲᠠᠢ ᠨᠢᠭᠲᠠ ᠬᠤᠯᠪᠣᠭ᠎ᠠ ᠲᠠᠢ ᠶᠤᠮ ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ ᠳᠤᠷᠠᠳᠤᠭᠰᠠᠨ ᠨᠢ᠂ ᠬᠠᠮ ᠢᠳᠡᠭᠡᠨ ᠤ ᠦᠵᠡᠯᠲᠡ ᠶᠢ ᠪᠤᠢ | ᠪᠣᠯᠭᠠᠵᠤ᠂ ᠲᠥᠬᠦᠭᠡᠷᠦᠮᠵᠢᠲᠦ ᠲᠠᠷᠢᠶᠠᠯᠠᠩ ᠢ ᠬᠦᠭᠵᠢᠭᠦᠯᠵᠦ ᠂ ᠢᠳᠡᠭᠡᠨ ᠤ ᠤᠯᠠᠨ ᠡᠰᠢᠲᠦ ᠬᠠᠩᠭᠠᠯᠭ᠎ᠠ ᠶᠢᠨ | ᠰᠢᠰᠲ᠋ᠧᠮᠵᠢ ᠶᠢ ᠪᠠᠶᠢᠭᠤᠯᠬᠤ ᠬᠡᠷᠡᠭᠲᠡᠢ ᠃ ᠡᠨᠡ ᠨᠢ ᠰᠢᠨ᠎ᠡ ᠴᠠᠭ ᠦᠶ᠎ᠡ ᠳᠤ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠵᠤ ᠂ ᠠᠷᠠᠳ ᠣᠯᠠᠨ ᠤ ᠡᠳᠦᠷ ᠢᠷᠡᠬᠦᠶ᠎ᠡ ᠣᠯᠠᠨ ᠡᠰᠢᠵᠢᠵᠦ ᠪᠠᠶᠢᠭ᠎ᠠ ᠢᠳᠡᠭᠡᠨ ᠤ ᠬᠡᠷᠡᠭᠯᠡᠭᠡᠨ ᠤ | ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠳᠤ ᠲᠤᠶᠢᠯ ᠤᠨ ᠴᠢᠬᠤᠯᠠ ᠦᠢᠯᠡᠳᠦᠯᠭᠡ ᠶᠢᠨ ᠵᠢᠯᠤᠭᠤᠳᠬᠤ ᠠᠴᠢ | ᠬᠤᠯᠪᠣᠭᠳᠠᠯ ᠲᠠᠢ ᠶᠤᠮ ᠂ ᠠᠮᠤ ᠪᠤᠳᠠᠭᠠᠨ ᠤ ᠠᠮᠤᠷ ᠲᠦᠪᠰᠢᠨ ᠢ ᠢᠮᠠᠭᠲᠠ ᠨᠡᠶᠢᠭᠡᠮ ᠤᠨ ᠡᠯ᠎ᠡ ᠡᠲᠡᠭᠡᠳ ᠤᠨ | ᠬᠢᠨ ᠤ ᠨᠡᠶᠢᠳᠡᠮ ᠠᠩᠬᠠᠷᠴᠤ ᠪᠠᠶᠢᠭ᠎ᠠ ᠴᠢᠬᠤᠯᠠ ᠶᠡᠭᠡ ᠰᠡᠳᠦᠪ ᠪᠣᠯᠣᠭᠰᠠᠭᠠᠷ ᠢᠷᠡᠵᠡᠶ ᠃ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ ᠠᠮᠤ ᠪᠤᠳᠠᠭ᠎ᠠ ᠪᠠ ᠡᠳ᠋ ᠪᠣᠳᠠᠰ | ᠨᠥᠭᠡᠴᠡᠯᠡᠬᠦ ᠲᠣᠪᠴᠢᠶ᠎ᠠ ︶ ᠨᠢ ᠠᠮᠤ ᠪᠤᠳᠠᠭᠠᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠯᠤᠭᠰᠠᠨ ᠤ ᠬᠤᠪᠢ ᠳᠤ ᠂ ᠬᠥᠬᠡᠬᠤᠲᠠ ᠶᠢᠨ ᠠᠮᠤ ᠪᠤᠳᠠᠭᠠᠨ ᠤ ᠠᠮᠤᠷ ᠲᠦᠪᠰᠢᠨ ᠤ ᠶᠡᠷᠦᠩᠬᠡᠢ ᠪᠠᠶᠢᠳᠠᠯ ᠨᠢ ᠶᠠᠮᠠᠷ | ᠪᠣᠶ ︖ | ᠬᠦᠨᠳᠦᠲᠦ ᠵᠣᠴᠢᠨ ︱ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠬᠤᠩ ᠯᠦᠩ᠄ ᠬᠦᠲᠦᠯᠦᠭᠴᠢ᠂ ᠰᠣᠨᠤᠰᠤᠭᠴᠢᠳ | ᠳᠠᠶᠠᠭᠠᠷ ᠢᠶᠠᠨ ᠰᠠᠶᠢᠨ ᠪᠠᠶᠢᠨ᠎ᠠ ᠤᠤ︕ ᠡᠨᠡ ᠡᠳᠦᠷ ᠲᠣᠩ ᠢᠷᠠᠭᠤ ᠠᠯᠳᠠᠷᠲᠠᠢ ᠪᠠᠷ ᠫᠷᠣᠭ᠍ᠷᠠᠮ ᠳᠤ ᠵᠣᠴᠢᠯᠠᠵᠤ | ᠣᠯᠠᠨ ᠲᠠᠢ ᠪᠠᠨ ᠶᠠᠷᠢᠯᠴᠠᠬᠤ ᠪᠠᠷ ᠪᠠᠶᠢᠨ᠎ᠠ ᠃ ᠶᠠᠭᠤᠨ ᠤ ᠡᠮᠦᠨ᠎ᠡ ᠪᠢ ᠬᠥᠬᠡᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠡᠮᠦᠨ᠎ᠡ ᠠᠴᠠ ᠣᠷᠣᠨ ᠤ ᠲᠥᠪ ᠤᠨ ᠠᠮᠤ ᠪᠤᠳᠠᠭ᠎ᠠ ᠨᠥᠭᠡᠴᠡᠯᠡᠬᠦ ᠠᠵᠢᠯ ᠢ | ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠪᠣᠯᠣᠨ ᠥᠷᠭᠡᠨ ᠣᠯᠠᠨ ᠨᠠᠶᠢᠵᠠ ᠨᠥᠬᠦᠳ ᠲᠤ ᠴᠢᠩ | ᠰᠡᠳᠬᠢᠯ ᠤᠨ ᠲᠠᠯᠠᠷᠬᠠᠯ ᠢᠶᠠᠨ ᠢᠯᠡᠳᠭᠡᠵᠦ ᠪᠠᠶᠢᠨ᠎ᠠ︕ ᠠᠮᠤ ᠪᠤᠳᠠᠭᠠᠨ ᠤ ᠠᠮᠤᠷ ᠲᠦᠪᠰᠢᠨ ᠪᠣᠯ ᠠᠵᠤ | ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠬᠤ ᠪᠦᠬᠦ ᠲᠠᠯ᠎ᠠ ᠶᠢᠨ ᠴᠢᠨᠠᠷᠲᠠᠢ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠰᠠᠭᠤᠳᠠᠯ ᠮᠥᠨ ᠂ ᠤᠯᠤᠰ ᠤᠨ ᠠᠮᠤᠷ ᠲᠦᠪᠰᠢᠨ ᠤ ᠴᠢᠬᠤᠯᠠ | ᠰᠠᠭᠤᠷᠢ ᠮᠥᠨ ᠃ 2023 ᠣᠨ ᠤ 12 ᠰᠠᠷ᠎ᠠ ᠶᠢᠨ 29 ᠤ ᠡᠳᠦᠷ ᠂ ᠠᠷᠪᠠᠨ ᠳᠥᠷᠪᠡᠳᠦᠭᠡᠷ ᠬᠤᠭᠤᠴᠠᠭᠠᠨ ᠤ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ | ᠬᠤᠷᠠᠯᠳᠤᠭᠠᠨ ᠠᠴᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠤᠯᠢ ᠶᠢ ᠪᠠᠲᠤᠯᠠᠭᠰᠠᠨ ᠪᠥᠭᠡᠳ ᠡᠨᠡ | ᠵᠢᠯ ᠤᠨ 6 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ ᠃ ᠪᠦᠷᠢᠨ ᠲᠡᠭᠦᠯᠳᠡᠷ ᠠᠮᠤ ᠪᠤᠳᠠᠭᠠᠨ ᠤ | ᠠᠮᠤᠷ ᠲᠦᠪᠰᠢᠨ ᠤ ᠪᠠᠲᠤᠯᠠᠭ᠎ᠠ ᠶᠢᠨ ᠳᠦᠷᠢᠮ ᠤᠨ ᠰᠢᠰᠲ᠋ᠧᠮᠵᠢ ᠶᠢ ᠲᠠᠰᠤᠷᠠᠯᠳᠠ ᠦᠭᠡᠢ ᠪᠦᠷᠢᠨᠰᠢᠭᠦᠯᠦᠨ | ᠲᠡᠭᠦᠯᠳᠡᠷᠵᠢᠭᠦᠯᠵᠦ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠬᠦᠴᠦᠲᠡᠢ | ᠬᠠᠤᠯᠢᠵᠢᠯ ᠤᠨ ᠪᠠᠲᠤᠯᠠᠭ᠎ᠠ ᠬᠠᠩᠭᠠᠪᠠ ᠃ ᠮᠠᠨ ᠤ ᠣᠷᠣᠨ ᠪᠣᠯ ᠤᠯᠤᠰ ᠤᠨ ᠴᠢᠬᠤᠯᠠ ︽ ᠠᠮᠤ ᠪᠤᠳᠠᠭᠠᠨ ᠤ | ᠬᠥᠮᠥᠷᠭᠡ ︾ ᠪᠣᠯᠬᠤ ᠪᠥᠭᠡᠳ ᠪᠦᠬᠦ ᠤᠯᠤᠰ ᠤᠨ ᠲᠠᠷᠢᠶᠠᠨ ᠭᠠᠵᠠᠷ ᠤᠨ ᠪᠠᠲᠤᠯᠠᠭ᠎ᠠ ᠨᠢ ᠳ᠋ᠦᠩᠰᠢᠭᠤᠷ ᠮᠦ ᠠᠴᠠ | ᠬᠡᠲᠦᠷᠡᠭᠰᠡᠨ 4 ᠮᠤᠵᠢ ᠣᠷᠣᠨ ᠤ ᠨᠢᠭᠡ ᠪᠣᠯᠬᠤ ᠪᠥᠭᠡᠳ ᠮᠥᠨᠴᠦ ᠪᠦᠬᠦ ᠤᠯᠤᠰ ᠤᠨ ᠠᠮᠤ ᠪᠤᠳᠠᠭᠠᠨ ᠤ 13 | ᠭᠤᠣᠯ ᠭᠠᠷᠤᠯᠲᠠ ᠶᠢᠨ ᠣᠷᠣᠨ ᠪᠣᠯᠣᠨ ᠠᠮᠤ ᠪᠤᠳᠠᠭ᠎ᠠ ᠶᠢ ᠴᠡᠪᠡᠷ ᠰᠢᠯᠵᠢᠭᠦᠯᠦᠨ ᠭᠠᠷᠭᠠᠬᠤ 5 ᠮᠤᠵᠢ ᠣᠷᠣᠨ ᠤ | ᠨᠢᠭᠡ ᠪᠣᠯᠣᠨ᠎ᠠ ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠣᠨ᠎ᠠ ᠂ ᠥᠪᠡᠷᠲᠡᠭᠡᠨ ᠵᠠᠰᠠᠬᠤ ᠣᠷᠣᠨ ᠤ | ᠲᠥᠪ ᠬᠤᠲᠠ ᠪᠣᠯᠤᠭᠰᠠᠨ ᠤ ᠬᠤᠪᠢ ᠳᠤ ᠂ ᠬᠥᠬᠡᠬᠤᠲᠠ ᠶᠠᠭ ︽ ᠠᠮᠤ ᠪᠤᠳᠠᠭᠠᠨ ᠤ ᠬᠥᠮᠥᠷᠭᠡ ︾ ᠳᠤ ᠠᠮᠤ | ᠪᠤᠳᠠᠭ᠎ᠠ ᠢᠯᠡᠭᠦᠦ ᠰᠠᠪᠠᠯᠠᠵᠤ ᠂ ᠠᠮᠤ ᠪᠤᠳᠠᠭ᠎ᠠ ᠰᠠᠶᠢᠨ ᠰᠠᠪᠠᠯᠠᠬᠤ ᠪᠠᠷ ᠴᠢᠷᠮᠠᠶᠢᠵᠤ ᠪᠠᠶᠢᠨ᠎ᠠ ᠃ ᠣᠳᠣᠬᠠᠨ ᠳᠤ ᠂ | ᠬᠥᠬᠡᠬᠤᠲᠠ ᠶᠢᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠨᠡᠯᠢᠶᠡᠳ ᠰᠠᠶᠢᠨ ᠪᠠᠶᠢᠵᠤ ᠂ | 2023 ᠣᠨ ᠳᠤ ᠠᠮᠤ ᠪᠤᠳᠠᠭᠠᠨ ᠤ ᠶᠡᠷᠦᠩᠬᠡᠢ ᠤᠨᠠᠯᠲᠠ 189 ᠲᠦᠮᠡᠨ ᠲᠣᠨ ᠳᠤ ᠬᠦᠷᠴᠦ ᠂ ︽ ᠬᠤᠷᠢᠨ ᠵᠢᠯ | ᠳᠠᠷᠠᠭᠠᠯᠠᠨ ᠡᠯᠪᠡᠭ ᠬᠤᠷᠢᠶᠠᠯᠲᠠ︾ ᠣᠯᠵᠤ ᠂ ᠠᠮᠤ ᠪᠤᠳᠠᠭᠠᠨ ᠤ ᠨᠥᠭᠡᠴᠡ ᠭᠦᠢᠴᠡᠳ ᠂ ᠵᠠᠬ᠎ᠠ ᠳᠡᠯᠭᠡᠭᠦᠷ ᠤᠨ | ᠬᠠᠩᠭᠠᠯᠭ᠎ᠠ ᠭᠦᠢᠴᠡᠳ ᠪᠠᠶᠢᠵᠤ ᠂ ᠠᠮᠤ ᠪᠤᠳᠠᠭᠠᠨ ᠤ ᠬᠠᠷᠢᠴᠠᠯᠠᠰᠢᠭᠦᠢ ᠠᠮᠤᠷ ᠲᠦᠪᠰᠢᠨ ᠢ ᠪᠡᠶᠡᠯᠡᠭᠦᠯᠵᠦ ᠂ ᠡᠯ᠎ᠡ | ᠲᠥᠷᠥᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠢᠳᠡ ᠬᠦᠴᠦᠨ ᠢ ᠴᠢᠩᠭᠠᠷᠠᠭᠤᠯᠤᠭᠰᠠᠨ | ᠪᠠᠶᠢᠨ᠎ᠠ ᠃ | ᠬᠥᠲᠥᠯᠥᠭᠴᠢ ᠄ ᠣᠶᠢᠷ᠎ᠠ ᠶᠢᠨ ᠵᠢᠯ ᠳᠤ ᠂ ᠬᠥᠬᠡᠬᠤᠲᠠ ᠶᠢᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠴᠢᠳᠠᠪᠤᠷᠢ ᠢᠯᠡᠳᠲᠡ ᠳᠡᠭᠡᠭᠰᠢᠯᠡᠵᠦ ᠂ ᠲᠠᠷᠠᠭᠠᠴᠢ ᠶᠢᠨ ᠠᠯᠬᠤᠮ ᠤᠨ ᠠᠮᠤ ᠪᠤᠳᠠᠭᠠᠨ ᠤ ᠠᠵᠢᠯ ᠳᠤ ᠶᠠᠮᠠᠷ | ᠰᠢᠨ᠎ᠡ ᠰᠡᠳᠬᠢᠴᠡ ᠪᠠᠶᠢᠬᠤ ᠪᠣᠶ ︖ | ᠬᠦᠨᠳᠦᠲᠦ ᠵᠣᠴᠢᠨ ︱ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠬᠤᠩ ᠯᠦᠩ ᠄ 2024 ᠣᠨ ᠪᠣᠯ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠮᠦᠨ᠂ ︽ ᠠᠷᠪᠠᠨ | ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ | ᠨᠢᠭᠡ ᠵᠢᠯ ᠪᠣᠯᠣᠨ᠎ᠠ ᠃ ᠪᠦᠬᠦ ᠬᠤᠳᠠ ᠶᠢᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠠᠵᠢᠯ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠮᠤ ᠪᠤᠳᠠᠭ᠎ᠠ ᠨᠥᠭᠡᠴᠡᠯᠡᠬᠦ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ︽ ᠲᠦᠷᠪᠡᠨ ᠨᠢᠭᠡ ︾ ᠶᠢ ᠬᠦᠴᠦᠯᠡᠨ ᠴᠣᠭᠴᠠᠯᠠᠵᠤ ᠂ | ᠨᠡᠩ ᠥᠨᠳᠥᠷ ᠲᠡᠰ ᠳᠠᠪᠬᠤᠷᠭ᠎ᠠ ᠂ ᠨᠡᠩ ᠴᠢᠨᠠᠷ ᠰᠠᠶᠢᠲᠠᠢ ᠂ ᠨᠡᠩ ᠦᠷ᠎ᠡ ᠪᠦᠲᠦᠮᠵᠢᠲᠡᠢ ᠂ ᠠᠮᠤ ᠪᠤᠳᠠᠭᠠᠨ ᠤ ᠠᠮᠤᠷ | ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢ ᠲᠦᠷᠭᠡᠨ ᠪᠠᠶᠢᠭᠤᠯᠪᠠ᠃ ᠨᠢᠭᠡ ᠳᠤ ᠨᠢᠭᠡ ᠪᠦᠯᠦᠭ ᠴᠢᠬᠤᠯᠠ ᠶᠡᠭᠡ | ᠠᠵᠢᠯᠯᠠᠭ᠎ᠠ ᠶᠢ ᠵᠣᠬᠢᠶᠠᠨ ᠪᠠᠶᠢᠭᠤᠯᠪᠠ᠂ ᠡᠨᠡ ᠵᠢᠯ ᠂ ᠪᠢᠳᠡ ᠠᠮᠤ ᠪᠤᠳᠠᠭᠠᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠂ ᠳᠡᠯᠡᠬᠡᠢ ᠶᠢᠨ ᠠᠮᠤ ᠪᠤᠳᠠᠭᠠᠨ ᠤ ᠡᠳᠦᠷᠯᠢᠭ ᠪᠠ ᠠᠮᠤ ᠪᠤᠳᠠᠭᠠᠨ ᠤ ᠠᠮᠤᠷ | ᠲᠦᠪᠰᠢᠨ ᠤ ᠤᠬᠠᠭᠤᠯᠭ᠎ᠠ ᠶᠢᠨ ᠭᠠᠷᠠᠭ ᠵᠡᠷᠭᠡ ᠴᠢᠬᠤᠯᠠ ᠶᠡᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠪᠠᠷ | ᠳᠠᠮᠵᠢᠭᠤᠯᠤᠨ ᠂ ᠢᠯᠠᠩᠭᠤᠶ᠎ᠠ ᠡᠨᠡ ᠵᠢᠯ ᠤᠨ 5 ᠰᠠᠷ᠎ᠠ ᠶᠢᠨ 31 ᠤ ᠡᠳᠦᠷ ᠬᠥᠬᠡᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠨᠢ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠂ ᠬᠤᠲᠣᠩ | ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠳᠠᠭᠠᠭᠠᠴᠢᠯᠠᠨ ᠡᠷᠭᠢᠯᠡᠭᠰᠡᠨ ᠪᠥᠬᠦ ᠣᠷᠣᠨ ᠤ ᠠᠮᠤ ᠪᠤᠳᠠᠭᠠᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠲᠠᠢ ᠬᠠᠮᠲᠤᠷᠠᠨ ᠂ | ᠲᠤᠬᠠᠢ ᠶᠢᠨ ᠲᠠᠯᠠᠪᠤᠷ ᠲᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠮᠡᠳᠡᠯᠭᠡ ᠶᠢ ᠤᠬᠠᠭᠤᠯᠤᠨ | ᠲᠠᠶᠢᠯᠪᠤᠷᠢᠯᠠᠵᠤ ᠂ ᠲᠦᠮᠡᠳ ᠵᠡᠭᠦᠨ ᠬᠤᠰᠢᠭᠤᠨ ᠤ ᠲᠠᠪᠤᠰᠠᠶᠢᠨ ᠰᠢᠶᠠᠩ ᠤᠨ ᠺᠧ ᠴᠢᠨ ᠲᠣᠰᠬᠤᠨ ᠤ ᠲᠠᠷᠢᠶᠠᠴᠢᠨ | ᠡᠷᠦᠬᠡ ᠳᠤ 200 ᠭᠠᠷᠤᠢ ᠠᠮᠤ ᠪᠤᠳᠠᠭ᠎ᠠ ᠨᠥᠭᠡᠴᠡᠯᠡᠬᠦ ᠪᠠᠭᠠᠵᠢ ᠬᠠᠨᠳᠢᠪᠯᠡᠵᠤ ᠂ ᠠᠮᠤ ᠪᠤᠳᠠᠭᠠᠨ ᠤ ᠬᠠᠤᠯᠢ ᠴᠠᠭᠠᠵᠠ | ᠬᠠᠤᠯᠢ ᠲᠣᠭᠲᠠᠭᠠᠯ ᠂ ᠠᠮᠤ ᠪᠤᠳᠠᠭᠠᠨ ᠤ ᠬᠤᠬᠢᠷᠠᠯ ᠢ ᠪᠠᠭᠠᠰᠬᠠᠬᠤ ᠵᠡᠷᠭᠡ ᠤᠬᠠᠭᠤᠯᠭ᠎ᠠ ᠶᠢᠨ ᠳᠡᠪᠲᠡᠷ ᠢ 600 | ᠭᠠᠷᠤᠢ ᠬᠤᠪᠢ ᠲᠠᠷᠬᠠᠭᠠᠵᠤ ᠂ ᠲᠤᠬᠠᠢ ᠶᠢᠨ ᠲᠠᠯᠠᠪᠤᠷ ᠲᠤ ᠣᠷᠣᠯᠴᠠᠭᠰᠠᠨ ᠬᠥᠮᠥᠨ ᠤ ᠲᠤᠭ᠎ᠠ 200 ᠭᠠᠷᠤᠢ | ᠬᠥᠮᠥᠨ ᠳᠤ ᠬᠦᠷᠴᠦ ᠂ ᠪᠥᠬᠦ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢᠨ | ᠤᠬᠠᠭᠤᠯᠤᠨ ᠲᠠᠨᠢᠯᠴᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠳᠤ ᠠᠩᠬᠠᠷᠤᠯ ᠢᠶᠠᠨ ᠲᠥᠪᠯᠡᠷᠡᠭᠦᠯᠵᠦ ᠂ ᠠᠮᠤ ᠪᠤᠳᠠᠭ᠎ᠠ ᠠᠷᠪᠢᠯᠠᠬᠤ ᠭᠦᠨ ᠵᠤᠵᠠᠭᠠᠨ ᠠᠭᠤᠷ ᠠᠮᠢᠰᠬᠤᠯ ᠢ | ᠪᠣᠶ ᠪᠣᠯᠭᠠᠪᠠ ᠃ ᠬᠤᠶᠠᠷ ᠲᠤ ᠤᠯᠤᠰ ᠤᠨ ᠲᠠᠰ ᠤᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠪᠠ ᠂ ᠪᠢᠳᠡ | ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠂ ᠥᠪᠥᠷ ᠮᠣᠩᠭᠤᠯ ᠤᠨ | ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠬᠤᠯᠪᠤᠭᠠᠯᠠᠨ ᠱᠠᠨᠳᠦ᠋ᠩ ᠤᠨ | ᠬᠤᠳᠠᠯᠳᠤᠭᠠᠨ ᠤ ᠶᠠᠪᠤᠳᠠᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠰᠢᠨᠵᠢᠯᠡᠨ ᠪᠠᠶᠢᠴᠠᠭᠠᠵᠤ | ᠰᠤᠷᠤᠯᠴᠠᠵᠤ ᠂ ᠲᠡᠭᠦᠨ ᠤ ᠪᠠᠶᠢᠭᠤᠯᠤᠯᠲᠠ ᠶᠢᠨ ᠲᠤᠷᠰᠢᠯᠭ᠎ᠠ ᠶᠢ ᠨᠠᠷᠢᠨ ᠣᠶᠢᠯᠠᠭᠠᠬᠤ ᠶᠢᠨ ᠬᠠᠮᠲᠤ ᠬᠠᠮᠲᠤᠷᠠᠯᠴᠠᠬᠤ | ᠰᠠᠨᠠᠮᠵᠢ ᠲᠠᠢ ᠪᠣᠯᠵᠤ ᠂ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠡᠭᠦᠳᠦᠨ ᠪᠠᠶᠢᠭᠤᠯᠬᠤ | ᠵᠠᠭᠪᠤᠷ ᠢᠶᠠᠷ ᠤᠯᠤᠰ ᠤᠨ ᠲᠠᠰ ᠤᠨ ᠠᠮᠤ ᠪᠤᠳᠠᠭ᠎ᠠ ᠨᠥᠭᠡᠴᠡᠯᠡᠬᠦ ᠬᠥᠮᠦᠵᠢᠯ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠢ ᠭᠤᠶᠤᠴᠢᠯᠠᠨ ᠮᠡᠳᠡᠭᠦᠯᠪᠡ ᠃ ᠣᠳᠣᠬᠠᠨ ᠳᠤ ᠂ ᠤᠯᠤᠰ ᠤᠨ ᠲᠠᠰ ᠤᠨ ᠰᠤᠷᠭᠠᠨ ᠬᠥᠮᠦᠵᠢᠯ ᠤᠨ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢᠶᠠᠷ ᠭᠤᠶᠤᠴᠢᠯᠠᠨ ᠮᠡᠳᠡᠭᠦᠯᠬᠦ ᠪᠦᠬᠦᠯᠢ ᠴᠣᠭᠴᠠ ᠶᠢᠨ ᠠᠵᠢᠯ ᠤᠨ | ᠲᠥᠰᠥᠯ ᠢ ᠲᠡᠭᠦᠯᠳᠡᠷᠵᠢᠭᠦᠯᠬᠦ ᠶᠢᠨ ᠬᠠᠮᠲᠤ ᠪᠥᠬᠦ ᠣᠷᠣᠨ ᠤ ᠠᠮᠤ ᠪᠤᠳᠠᠭᠠᠨ ᠤ ᠠᠵᠢᠯ ᠲᠥᠷᠥᠯ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠭᠢᠯᠡᠬᠦ ᠶᠢ ᠰᠦᠪᠡᠭᠴᠢᠯᠡᠨ ᠡᠷᠭᠢᠯᠡᠵᠦ ᠂ ᠰᠢᠯᠢᠳᠡᠭ ᠱᠠᠩᠨᠠᠯ | ᠬᠦᠷᠲᠡᠭᠰᠡᠳ ᠢ ᠰᠣᠩᠭᠤᠨ ᠭᠠᠷᠭᠠᠵᠤ 2025 ᠣᠨ ᠤ ᠪᠥᠬᠦ ᠤᠯᠤᠰ ᠤᠨ ᠠᠮᠤ ᠪᠤᠳᠠᠭᠠᠨ ᠤ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠤᠷᠤᠯᠳᠤᠭᠠᠨ ᠳᠤ ᠪᠡᠯᠡᠳᠬᠡᠵᠦ ᠪᠠᠶᠢᠨ᠎ᠠ ᠃ ᠭᠤᠷᠪᠠ ᠳᠤ ᠨᠢᠭᠡ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠂ ᠡᠨᠡ ᠵᠢᠯ ᠠᠴᠠ ᠨᠠᠭᠠᠰᠢ᠂ ᠬᠥᠬᠡᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠱᠠᠭᠠᠷᠳᠠᠯᠭ᠎ᠠ | ᠶᠣᠰᠣᠭᠠᠷ ᠂ ᠰᠢᠨ᠎ᠡ ᠬᠤᠲᠠ ᠲᠣᠭᠤᠷᠢᠭ ᠤᠨ ᠦᠨᠡᠯᠡᠨ ᠵᠢᠱᠢᠬᠦ ᠺᠣᠮᠫᠠᠨᠢ ᠶᠢ ᠵᠣᠬᠢᠴᠠᠭᠤᠯᠵᠤ ᠂ ︽ ᠬᠤᠲᠠ ᠠᠴᠠ | ᠭᠠᠷᠴᠤ ᠬᠦᠷᠢᠶᠡᠯᠡᠩ ᠳᠤ ᠣᠷᠣᠬᠤ ︾ ᠪᠦᠬᠦᠯᠢ ᠴᠣᠭᠴᠠ ᠶᠢᠨ ᠲᠥᠷᠥᠯ ᠵᠦᠢᠯ ᠢ ᠦᠨᠡᠯᠡᠨ ᠵᠢᠱᠢᠬᠦ ᠠᠵᠢᠯ ᠢ | ᠪᠡᠶᠡᠯᠡᠭᠦᠯᠵᠦ ᠂ ᠦᠨᠡᠯᠡᠨ ᠵᠢᠱᠢᠭᠰᠡᠨ ᠦᠷ᠎ᠡ ᠳ᠋ᠦᠩ ᠢ ᠨᠢᠭᠡᠨᠲᠡ ᠬᠤᠲᠠ ᠶᠢᠨ ᠵᠠᠰᠠᠭ ᠤᠨ ᠣᠷᠳᠣᠨ ᠳᠤ ᠲᠤᠰᠢᠶᠠᠪᠠ ᠃ | ᠳᠥᠷᠪᠡ ᠳᠤ ᠪᠥᠬᠦ ᠣᠷᠣᠨ ᠤ ᠠᠩᠬᠠᠳᠠᠭᠴᠢ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠪᠠ᠂ | ᠣᠳᠣᠬᠠᠨ ᠳᠤ ᠂ ᠬᠥᠬᠡᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠤ | ᠠᠬᠤᠶᠢᠯᠠᠯ ᠨᠡᠶᠢᠲᠡ 180 ᠪᠠᠶᠢᠵᠤ ᠂ ᠡᠭᠦᠨ ᠳᠤ ᠂ 1 ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠥᠪ ᠂ 138 ᠬᠠᠩᠭᠠᠯᠭ᠎ᠠ ᠶᠢᠨ ᠲᠣᠣᠷ ᠴᠡᠭ ᠂ 18 ᠡᠳ᠋ᠰᠢᠭᠦᠯᠬᠦ ᠠᠵᠤ | ᠠᠬᠤᠶᠢᠯᠠᠯ ᠂ 12 ᠬᠠᠳᠠᠭᠠᠯᠠᠨ ᠲᠡᠭᠡᠭᠡᠪᠦᠷᠢᠯᠡᠬᠦ ᠠᠵᠤ ᠠᠬᠤᠶᠢᠯᠠᠯ᠂ 11 ᠲᠣᠬᠢᠷᠠᠭᠤᠯᠤᠨ ᠬᠦᠷᠭᠡᠬᠦ ᠲᠥᠪ ᠪᠣᠶ ᠃ | ᠣᠲᠣ ᠶᠢᠨ ᠪᠠᠶᠢᠭ᠎ᠠ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠰᠠᠭᠤᠷᠢ ᠶᠢ ᠭᠦᠢᠴᠡᠳ ᠴᠢᠩᠭᠠᠳᠬᠠᠨ | ᠰᠠᠶᠢᠲᠤᠷ ᠬᠡᠷᠡᠭᠯᠡᠵᠦ ᠂ ᠤᠮᠠᠷᠠᠲᠤ ᠬᠢᠯᠢ ᠳᠤ ᠦᠢᠯᠡᠴᠢᠯᠡᠬᠦ ᠣᠷᠣᠨ ᠪᠦᠰᠡ ᠶᠢᠨ ᠴᠢᠨᠠᠷᠲᠠᠢ ᠠᠮᠤ ᠪᠤᠳᠠᠭᠠᠨ ᠤ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠥᠪ ᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠵᠦ ᠂ ᠪᠥᠬᠦ | ᠣᠷᠣᠨ ᠤ ᠠᠩᠬᠠᠳᠠᠭᠴᠢ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠪᠠ᠃ | ᠬᠦᠨᠳᠦᠲᠦ ᠵᠣᠴᠢᠨ ︱ ᠠᠮᠤ ᠪᠤᠳᠠᠭ᠎ᠠ ᠲᠣᠬᠢᠷᠠᠭᠤᠯᠤᠨ ᠡᠵᠡᠮᠳᠡᠬᠦ ᠰᠠᠯᠠᠭᠠᠨ ᠤ ᠳᠠᠷᠤᠭ᠎ᠠ ᠢᠦᠢ ᠲᠤᠤ ᠄ | 2023 ᠣᠨ ᠳᠤ ᠬᠦᠬᠡᠬᠤᠲᠠ ᠶᠢᠨ ᠠᠮᠤ ᠪᠤᠳᠠᠭ᠎ᠠ ᠲᠠᠷᠢᠬᠤ ᠲᠠᠯᠠᠪᠠᠢ 565.09 ᠲᠦᠮᠡᠨ ᠮᠦ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 0.47 ᠲᠦᠮᠡᠨ ᠮᠦ ᠨᠡᠮᠡᠭᠳᠡᠵᠦ᠂ ᠡᠷᠳᠡᠨᠢ ᠰᠢᠰᠢ ᠲᠠᠷᠢᠬᠤ ᠲᠠᠯᠠᠪᠠᠢ 375.02 | ᠲᠦᠮᠡᠨ ᠮᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.05 ᠲᠦᠮᠡᠨ ᠮᠦ ᠨᠡᠮᠡᠭᠳᠡᠵᠡᠢ ᠃ 2023 ᠣᠨ ᠳᠤ | ᠬᠦᠬᠡᠬᠤᠲᠠ ᠶᠢᠨ ᠠᠮᠤ ᠪᠤᠳᠠᠭᠠᠨ ᠤ ᠶᠡᠷᠦᠩᠬᠡᠢ ᠬᠤᠷᠢᠶᠠᠯᠲᠠ 189 ᠲᠦᠮᠡᠨ ᠲᠣᠨ ᠳᠤ ᠬᠦᠷᠴᠦ ᠂ ᠨᠡᠶᠢᠲᠡ | 176.09 ᠲᠦᠮᠡᠨ ᠲᠣᠨ ᠡᠷᠳᠡᠨᠢ ᠰᠢᠰᠢ ᠬᠤᠳᠠᠯᠳᠤᠨ ᠠᠪᠴᠤ ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ 21% ᠪᠠᠷ ᠨᠡᠮᠡᠭᠳᠡᠪᠡ ᠃ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠪᠥᠬᠦ ᠲᠠᠯ᠎ᠠ ᠪᠠᠷ ᠰᠠᠶᠢᠲᠤᠷ | ᠠᠳᠬᠤᠵᠤ ᠂ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠲᠤᠰᠠ ᠶᠢ ᠦᠨᠡᠨ ᠬᠦ ᠬᠠᠮᠠᠭᠠᠯᠠᠬᠤ ᠶᠢᠨ ᠲᠥᠯᠥᠭᠡ ᠂ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠤᠯᠤᠰ ᠤᠨ ᠠᠮᠤ ᠪᠤᠳᠠᠭ᠎ᠠ | ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ | ᠣᠷᠳᠣᠨ ᠂ ᠬᠥᠬᠡᠬᠤᠲᠠ ᠶᠢᠨ ᠨᠠᠮ ᠤᠨ ᠬᠤᠷᠢᠶ᠎ᠠ ᠂ ᠬᠥᠬᠡᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠷᠲᠡᠬᠡᠨ | ᠲᠥᠯᠥᠪᠵᠢᠭᠦᠯᠦᠨ ᠪᠠᠶᠢᠷᠢᠯᠠᠭᠤᠯᠵᠤ ᠂ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠲᠣᠭᠲᠠᠭᠤᠨ ᠪᠥᠭᠡᠳ ᠡᠮᠬᠢ | ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ ᠃ ᠨᠢᠭᠡ ᠳᠤ ᠨᠠᠮ ᠵᠠᠰᠠᠭ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠨᠠᠷᠢᠨ ᠬᠢᠨᠠᠮᠠᠭᠠᠢ ᠪᠠᠶᠢᠷᠢᠯᠠᠭᠤᠯᠪᠠ ᠃ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ ᠬᠥᠬᠡᠬᠤᠲᠠ ᠶᠢᠨ 2023 ᠣᠨ ᠤ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠲᠥᠰᠥᠯ ︾ ᠢ ᠴᠠᠭ ᠲᠤᠬᠠᠢ ᠳᠤᠨᠢ ᠲᠣᠭᠲᠠᠭᠠᠨ | ᠳᠠᠷᠤᠮᠠᠯᠯᠠᠨ ᠲᠠᠷᠬᠠᠭᠠᠵᠤ ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠶᠠᠪᠤᠴᠠ ᠳᠤ ᠢᠯᠡᠷᠡᠭᠰᠡᠨ ᠴᠢᠬᠤᠯᠠ | ᠶᠡᠭᠡ ᠠᠰᠠᠭᠤᠳᠠᠯ ᠢ ᠤᠷᠢᠳᠴᠢᠯᠠᠨ ᠮᠠᠭᠠᠳᠯᠠᠬᠤ ᠶᠢᠨ ᠬᠠᠮᠲᠤ ᠰᠢᠢᠳᠪᠦᠷᠢᠯᠡᠬᠦ ᠠᠷᠭ᠎ᠠ ᠵᠠᠮ ᠳᠤᠷᠠᠳᠴᠤ ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠮᠤ ᠪᠤᠳᠠᠭ᠎ᠠ ᠂ ᠲᠠᠷᠢᠶᠠᠯᠠᠩ ᠵᠡᠷᠭᠡ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠪᠠ ᠃ ᠬᠤᠶᠠᠷ ᠲᠤ ︽ ᠳᠥᠷᠪᠡᠨ ᠢᠳᠡᠪᠬᠢᠲᠡᠢ ︾ ᠳᠤ ᠠᠩᠬᠠᠷᠤᠯ ᠢᠶᠠᠨ ᠲᠥᠪᠯᠡᠷᠡᠭᠦᠯᠵᠦ ᠂ ᠣᠯᠠᠨ | ᠡᠰᠢᠵᠢᠭᠰᠡᠨ ᠪᠡᠶᠡᠴᠢ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠬᠤᠳᠠᠯᠳᠤᠨ ᠠᠪᠬᠤ ᠠᠵᠢᠯ ᠢ | ᠥᠷᠨᠢᠭᠦᠯᠪᠡ ᠃ ᠬᠥᠬᠡᠬᠤᠲᠠ ᠶᠢᠨ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠪᠠ ᠲᠡᠵᠢᠭᠡᠯ ᠪᠣᠷᠳᠤᠭ᠎ᠠ ᠲᠡᠵᠢᠭᠡᠨ | ᠦᠷᠡᠵᠢᠭᠦᠯᠬᠦ ᠠᠵᠤ ᠠᠬᠤᠶᠢᠯᠠᠯ ᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠭᠤᠣᠯ ᠡᠭᠦᠷᠭᠡ ᠶᠢ | ᠡᠭᠦᠷᠭᠡᠯᠡᠬᠦ ᠶᠢ ᠢᠳᠡᠪᠬᠢᠲᠡᠢ ᠳᠡᠮᠵᠢᠵᠦ ᠂ ᠴᠢᠨᠠᠷ ᠰᠠᠶᠢᠲᠠᠢ ᠠᠮᠤ ᠪᠤᠳᠠᠭᠠᠨ ᠤ ᠠᠵᠤ ᠠᠬᠤᠶᠢᠯᠠᠯ ᠤᠨ ᠨᠠᠷᠠᠲᠤ | ᠲᠡᠮᠳᠡᠭᠲᠦ ᠶᠢ ᠪᠣᠶᠢᠵᠢᠭᠤᠯᠬᠤ ᠳᠤ ᠬᠦᠴᠦᠨ ᠨᠡᠮᠡᠷᠢᠯᠡᠵᠦ ᠂ ᠦᠢᠯᠡᠳᠬᠦᠨ ᠤ ᠨᠡᠮᠡᠯᠲᠡ ᠥᠷᠲᠡᠭ ᠪᠠ ᠶᠡᠷᠦᠩᠬᠡᠶᠢᠯᠡᠭᠰᠡᠨ | ᠦᠷ᠎ᠡ ᠠᠰᠢᠭ ᠢ ᠳᠡᠭᠡᠭᠰᠢᠯᠡᠭᠦᠯᠪᠡ᠃ ᠤᠯᠤᠰ ᠤᠨ ᠥᠮᠴᠢᠯᠡᠯ ᠤᠨ ᠠᠮᠤ ᠪᠤᠳᠠᠭᠠᠨ ᠤ ᠠᠵᠤ ᠠᠬᠤᠶᠢᠯᠠᠯ ᠢᠯᠠᠩᠭᠤᠶ᠎ᠠ | ᠲᠥᠪ ᠤᠨ ᠠᠵᠤ ᠠᠬᠤᠶᠢᠯᠠᠯ ᠢ ᠢᠳᠡᠪᠬᠢᠲᠡᠢ ᠳᠡᠮᠵᠢᠵᠦ ᠂ ᠳᠠᠭᠠᠭᠤᠯᠤᠭᠴᠢ ᠦᠢᠯᠡᠳᠦᠯ ᠢᠶᠠᠨ ᠪᠠᠳᠠᠷᠠᠭᠤᠯᠤᠨ ᠂ ᠲᠤᠰ | ᠪᠡᠶ᠎ᠡ ᠶᠢᠨ ᠠᠷᠭ᠎ᠠ ᠵᠠᠮ ᠪᠣᠯᠣᠨ ᠪᠡᠯᠡ ᠮᠥᠩᠭᠦ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ ᠂ ᠵᠠᠬ᠎ᠠ | ᠳᠡᠯᠭᠡᠭᠦᠷᠴᠢᠯᠡᠨ ᠬᠤᠳᠠᠯᠳᠤᠨ ᠠᠪᠬᠤ ᠶᠢ ᠢᠳᠡᠪᠬᠢᠲᠡᠢ ᠪᠠᠷ ᠦᠷᠭᠡᠳᠭᠡᠪᠡ︔ ᠬᠠᠷᠢᠶ᠎ᠠ ᠣᠷᠣᠨ ᠤ ᠳᠣᠲᠣᠷᠠᠬᠢ ᠠᠮᠤ | ᠪᠤᠳᠠᠭ᠎ᠠ ᠨᠥᠭᠡᠴᠡᠯᠡᠬᠦ ᠰᠢᠭᠤᠳ ᠬᠠᠷᠢᠶ᠎ᠠ ᠬᠥᠮᠥᠷᠭᠡ ᠂ ᠬᠥᠬᠡᠬᠤᠲᠠ ᠶᠢᠨ ᠠᠮᠤ ᠲᠣᠰᠣ ᠬᠤᠳᠠᠯᠳᠤᠨ ᠠᠪᠴᠤ | ᠬᠠᠳᠠᠭᠠᠯᠠᠬᠤ ᠺᠣᠮᠫᠠᠨᠢ ᠶᠢ ᠢᠳᠡᠪᠬᠢᠲᠡᠢ ᠵᠢᠯᠤᠭᠤᠳᠴᠤ ᠪᠠᠶᠢᠭᠠᠳ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ | ᠬᠤᠭᠤᠴᠠᠭᠠᠨ ᠳᠤ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠲᠥᠯᠥᠪᠯᠡᠭᠡ ᠶᠣᠰᠣᠭᠠᠷ ᠥᠷᠨᠢᠭᠦᠯᠵᠦ ᠂ | ᠡᠭᠡᠯᠵᠢᠯᠡᠭᠦᠯᠬᠦ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠪᠡ︔ ᠠᠮᠤ ᠪᠤᠳᠠᠭᠠᠨ ᠤ ᠠᠷᠠᠯᠵᠢᠶᠠᠨ ᠤ ᠠᠵᠤ | ᠠᠬᠤᠶᠢᠯᠠᠯ ᠂ ᠠᠮᠤ ᠪᠤᠳᠠᠭᠠᠨ ᠤ ᠵᠠᠭᠤᠴᠢᠯᠠᠭᠴᠢ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠵᠠᠬ᠎ᠠ | ᠳᠡᠯᠭᠡᠭᠦᠷ ᠲᠤ ᠣᠷᠣᠭᠤᠯᠤᠨ ᠬᠤᠳᠠᠯᠳᠤᠨ ᠠᠪᠤᠭᠤᠯᠪᠠ᠃ ᠭᠤᠷᠪᠠ ᠳᠤ ᠪᠡᠯᠡ ᠮᠥᠩᠭᠦ ᠶᠢᠨ ᠪᠠᠲᠤᠯᠠᠭ᠎ᠠ ᠶᠢ | ᠴᠢᠩᠭᠠᠳᠬᠠᠵᠤ ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ | ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠢᠴᠢ ᠬᠤᠳᠠᠯᠳᠤᠭᠠᠨ ᠤ ᠪᠠᠩᠬᠢ ᠶᠢᠨ ᠪᠠᠶᠢᠭᠤᠯᠤᠮᠵᠢ ᠶᠢ | ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠵᠣᠯᠭᠠᠭᠤᠯᠵᠤ ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠤᠳᠠᠯᠳᠤᠨ | ᠠᠪᠬᠤ ᠪᠠ ᠡᠭᠡᠯᠵᠢᠯᠡᠭᠦᠯᠬᠦ ᠪᠡᠯᠡ ᠮᠥᠩᠭᠦ ᠶᠢ ᠪᠦᠲᠦᠮᠵᠢᠲᠡᠶ ᠨᠠᠶᠢᠳᠠᠪᠤᠷᠢᠵᠢᠭᠤᠯᠵᠤ ᠂ ᠨᠠᠮᠤᠷ ᠤᠨ ᠠᠮᠤ ᠪᠤᠳᠠᠭ᠎ᠠ | ᠬᠤᠳᠠᠯᠳᠤᠨ ᠠᠪᠬᠤ ᠪᠠ ᠣᠷᠣᠨ ᠨᠤᠲᠤᠭ ᠤᠨ ᠨᠥᠭᠡᠴᠡᠯᠡᠬᠦ ᠬᠡᠷᠡᠭᠴᠡᠭᠡ ᠶᠢ ᠬᠠᠩᠭᠠᠪᠠ᠃ ᠠᠮᠤ ᠪᠤᠳᠠᠭ᠎ᠠ | ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠳᠤ ᠢᠲᠡᠭᠡᠮᠵᠢᠲᠦ ᠵᠢᠭᠡᠯᠡᠯᠭᠡ ᠶᠢᠨ | ᠪᠡᠯᠡ ᠮᠥᠩᠭᠦ ᠶᠢᠨ ᠪᠠᠲᠤᠯᠠᠭ᠎ᠠ ᠬᠠᠩᠭᠠᠪᠠ᠃ ᠳᠥᠷᠪᠡ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ | ᠴᠢᠩᠭᠠᠳᠬᠠᠵᠤ ᠂ ᠲᠥᠪ ᠭᠤᠣᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠪᠠ᠃ | ︽ ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ ︾ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠂ ︽ ᠳᠥᠷᠪᠡᠨ ᠦᠭᠡᠢ | ᠬᠤᠶᠠᠷ ᠰᠢᠭᠤᠳ ︾ ᠂ ︽ ᠬᠤᠶᠠᠷ ᠢ ᠰᠤᠭᠤᠴᠢᠵᠤ ᠂ ᠨᠢᠭᠡ ᠶᠢ ᠢᠯᠡ ᠪᠣᠯᠭᠠᠬᠤ ︾ ᠂ ︽ ᠰᠣᠯᠪᠢᠴᠠᠨ ᠪᠠᠶᠢᠴᠠᠭᠠᠬᠤ ︾ | ᠵᠡᠷᠭᠡ ᠣᠯᠠᠨ ᠵᠦᠢᠯ ᠤᠨ ᠠᠷᠭ᠎ᠠ ᠶᠢ ᠶᠡᠷᠦᠩᠬᠡᠶᠢᠯᠡᠨ ᠬᠡᠷᠡᠭᠯᠡᠵᠦ ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠦᠨ | ᠪᠠᠶᠢᠴᠠᠭᠠᠬᠤ ᠶᠢ ᠴᠢᠩᠭᠠᠷᠠᠭᠤᠯᠤᠨ ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ ᠂ | ᠲᠠᠷᠢᠶᠠᠴᠢᠳ ᠢᠶᠠᠷ ︽ ᠲᠣᠳᠤᠷᠬᠠᠢ ᠠᠮᠤ ᠪᠤᠳᠠᠭ᠎ᠠ ︾ ᠂ ︽ ᠰᠠᠨᠠᠭ᠎ᠠ ᠠᠮᠤᠷ ᠠᠮᠤ ᠪᠤᠳᠠᠭ᠎ᠠ ︾ ᠬᠤᠳᠠᠯᠳᠤᠭᠤᠯᠤᠭᠰᠠᠨ | ᠪᠠᠶᠢᠨ᠎ᠠ᠃ | ᠬᠥᠲᠥᠯᠥᠭᠴᠢ ᠄ ᠠᠮᠤ ᠪᠤᠳᠠᠭᠠᠨ ᠤ ᠨᠥᠭᠡᠴᠡ ᠪᠣᠯ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠪᠠ | ᠬᠤᠷᠢᠭ᠎ᠠ ᠱᠤᠭᠤᠮ ᠮᠥᠨ ᠂ ᠤᠯᠠᠨ ᠢᠶᠠᠷ ᠢᠶᠠᠨ ᠠᠮᠤ ᠪᠤᠳᠠᠭᠠᠨ ᠤ ᠨᠥᠭᠡᠴᠡ ᠶᠢᠨ ᠪᠠᠶᠢᠳᠠᠯ ᠢ ᠮᠠᠰᠢ ᠠᠩᠬᠠᠷᠴᠤ | ᠪᠠᠶᠢᠨ᠎ᠠ ᠂ ᠡᠨᠡ ᠲᠠᠯ᠎ᠠ ᠪᠠᠷ ᠪᠣᠳᠠᠲᠠᠢ ᠠᠵᠢᠯ ᠤᠨ ᠪᠠᠶᠢᠳᠠᠯ ᠶᠠᠮᠠᠷ ᠪᠤᠢ ︖ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ | ᠪᠤᠢ ︖ | ᠬᠦᠨᠳᠦᠲᠦ ᠵᠣᠴᠢᠨ ︱ ᠠᠮᠤ ᠪᠤᠳᠠᠭ᠎ᠠ ᠨᠥᠭᠡᠴᠡᠯᠡᠬᠦ ᠰᠠᠯᠠᠭᠠᠨ ᠤ ᠳᠡᠳ᠋ ᠳᠠᠷᠤᠭ᠎ᠠ ᠶᠦᠨ ᠡᠾᠦ᠋ᠢ ᠹᠧᠨ ᠄ | ᠣᠶᠢᠷ᠎ᠠ ᠶᠢᠨ ᠵᠢᠯ ᠳᠤ ᠂ ᠬᠦᠬᠡᠬᠤᠲᠠ ᠨᠢ ᠠᠮᠤ ᠪᠤᠳᠠᠭ᠎ᠠ ᠨᠥᠭᠡᠴᠡᠯᠡᠬᠦ ᠬᠠᠮᠢᠶᠠᠷᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ ᠂ ︽ ᠵᠠᠰᠠᠭ ᠤᠨ ᠣᠷᠳᠣᠨ ᠠᠴᠠ ᠠᠮᠤ ᠪᠤᠳᠠᠭᠠᠨ ᠤ ᠡᠷᠬᠡ ᠶᠢ ᠡᠵᠡᠮᠳᠡᠬᠦ ᠂ ᠰᠠᠯᠠᠭ᠎ᠠ ᠮᠥᠴᠢᠷ ᠤᠳ | ᠪᠥᠬᠦ ᠲᠠᠯ᠎ᠠ ᠪᠠᠷ ᠬᠢᠨᠠᠨ ᠬᠠᠮᠢᠶᠠᠷᠬᠤ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠭᠠᠭᠠᠨ ᠬᠠᠳᠠᠭᠠᠯᠠᠵᠤ | ᠡᠵᠡᠩᠨᠡᠬᠦ ᠂ ᠵᠥᠷᠢᠶᠡᠲᠦ ᠦᠨ᠎ᠡ ᠬᠠᠩᠰᠢ ᠶᠢ ᠡᠳ᠋ ᠤᠨ ᠵᠠᠰᠠᠭ ᠪᠠᠲᠤᠯᠠᠬᠤ ︾ ᠬᠥᠬᠡᠬᠤᠲᠠ ᠶᠢᠨ ᠠᠮᠤ ᠪᠤᠳᠠᠭᠠᠨ ᠤ | ᠨᠥᠭᠡᠴᠡᠯᠡᠯᠲᠡ ᠶᠢᠨ ᠬᠠᠮᠢᠶᠠᠷᠤᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠵᠦ ᠂ ︽ ᠭᠤᠷᠪᠠᠨ | ᠡᠷᠬᠡᠪᠰᠢ ︾ ᠪᠠ ︽ ᠨᠢᠭᠡ ᠶᠢ ᠪᠠᠲᠤᠯᠠᠬᠤ ︾ ᠪᠠᠷ ᠭᠤᠣᠯᠳᠠᠯᠭ᠎ᠠ ᠪᠣᠯᠭᠠᠨ ᠂ ᠠᠮᠤ ᠪᠤᠳᠠᠭ᠎ᠠ ᠨᠥᠭᠡᠴᠡᠯᠡᠬᠦ | ᠴᠢᠳᠠᠪᠤᠷᠢ ᠶᠢᠨ ᠪᠦᠲᠦᠮᠵᠢᠲᠡᠶ ᠳᠡᠭᠡᠭᠰᠢᠯᠡᠯᠲᠡ ᠶᠢ ᠪᠥᠬᠦ ᠲᠠᠯ᠎ᠠ ᠪᠠᠷ ᠠᠬᠢᠭᠤᠯᠪᠠ ᠃ ︽ ᠭᠤᠷᠪᠠᠨ ᠡᠷᠬᠡᠪᠰᠢ ︾ ᠄ ᠠᠮᠤ | ᠪᠤᠳᠠᠭᠠᠨ ᠤ ᠡᠷᠬᠡ ᠶᠢ ᠡᠷᠬᠡᠪᠰᠢ ᠵᠠᠰᠠᠭ ᠤᠨ ᠣᠷᠳᠣᠨ ᠤ ᠭᠠᠷ ᠲᠤ ᠪᠠᠲᠤ ᠡᠵᠡᠮᠳᠡᠵᠦ ᠂ ᠠᠮᠤ ᠪᠤᠳᠠᠭ᠎ᠠ ᠂ ᠡᠳ᠋ ᠤᠨ | ᠵᠠᠰᠠᠭ ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠡᠷᠭᠡ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠡᠷᠬᠡᠪᠰᠢ | ᠬᠢᠨᠠᠨ ᠬᠠᠮᠢᠶᠠᠷᠴᠤ ᠂ ᠠᠮᠤ ᠪᠤᠳᠠᠭᠠᠨ ᠤ ᠨᠥᠭᠡᠴᠡ ᠶᠢ ᠡᠷᠬᠡᠪᠰᠢ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ | ᠲᠤᠰᠢᠶᠠᠵᠤ ᠠᠵᠢᠯᠯᠠᠭᠤᠯᠤᠨ᠎ᠠ ︔ ︽ ᠨᠢᠭᠡ ᠶᠢ ᠪᠠᠲᠤᠯᠠᠬᠤ ︾ ᠄ ᠡᠭᠡᠯᠵᠢᠯᠡᠭᠦᠯᠬᠦ ᠦᠨ᠎ᠡ ᠶᠢᠨ ᠵᠥᠷᠢᠶ᠎ᠡ ᠶᠢ ᠡᠳ᠋ ᠤᠨ | ᠵᠠᠰᠠᠭ ᠤᠨ ᠪᠠᠲᠤᠯᠠᠬᠤ ᠃ ᠡᠭᠦᠨ ᠤ ᠬᠠᠮᠲᠤ ᠳᠣᠣᠷᠠᠬᠢ ᠪᠦᠲᠦᠮᠵᠢᠲᠡᠶ ᠠᠷᠭ᠎ᠠ ᠬᠡᠮᠵᠢᠶ᠎ᠡ ᠶᠢ ᠠᠪᠴᠠᠢ ᠄ ᠨᠢᠭᠡ ᠳᠤ | ᠨᠥᠭᠡᠴᠡᠯᠡᠬᠦ ᠬᠡᠪᠴᠢᠶ᠎ᠡ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠃ ᠭᠠᠷᠤᠯᠲᠠ ᠶᠢᠨ ᠣᠷᠣᠨ ᠤ 3 ᠰᠠᠷ᠎ᠠ ᠂ | ᠪᠣᠷᠤᠯᠠᠭᠤᠯᠭ᠎ᠠ ᠶᠢᠨ ᠣᠷᠣᠨ ᠤ 6 ᠰᠠᠷ᠎ᠠ ᠶᠢᠨ ᠱᠠᠭᠠᠷᠳᠠᠯᠭ᠎ᠠ ᠶᠣᠰᠣᠭᠠᠷ ᠂ 2021 ᠣᠨ ᠳᠤ ᠬᠥᠬᠡᠬᠤᠲᠠ | ᠪᠣᠯᠪᠠᠰᠤᠷᠠᠭᠤᠯᠤᠭᠰᠠᠨ ᠠᠮᠤ ᠲᠣᠰᠣ ᠨᠥᠭᠡᠴᠡᠯᠡᠬᠦ ᠬᠡᠪᠴᠢᠶ᠎ᠡ ᠪᠠᠨ ᠴᠠᠭ ᠲᠤᠨᠢ ᠲᠣᠬᠢᠷᠠᠭᠤᠯᠤᠨ ᠨᠡᠮᠡᠭᠳᠡᠭᠦᠯᠵᠦ ᠂ | ᠨᠥᠭᠡᠴᠡᠯᠡᠭᠰᠡᠨ ᠤ ᠳᠠᠷᠠᠭ᠎ᠠ ᠭᠤᠣᠯ ᠬᠤᠲᠠ ᠲᠣᠭᠤᠷᠢᠭ ᠤᠨ ᠬᠥᠮᠥᠨ ᠠᠮᠠ ᠶᠢᠨ 15 ᠡᠳᠦᠷ ᠤᠨ | ᠪᠣᠯᠪᠠᠰᠤᠷᠠᠭᠤᠯᠤᠭᠰᠠᠨ ᠠᠮᠤ ᠲᠣᠰᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢᠨ ᠬᠡᠷᠡᠭᠴᠡᠭᠡ ᠶᠢ | ᠬᠠᠩᠭᠠᠵᠤ ᠂ ᠡᠭᠦᠨ ᠤ ᠳᠡᠭᠡᠷ᠎ᠡ ᠬᠦᠬᠡᠬᠤᠲᠠ ᠶᠢᠨ ᠪᠣᠯᠪᠠᠰᠤᠷᠠᠭᠤᠯᠤᠭᠰᠠᠨ ᠠᠮᠤ ᠲᠣᠰᠣᠨ ᠤ ᠬᠤᠳᠠᠯᠳᠤᠭᠠᠨ ᠤ | ᠬᠥᠮᠥᠷᠭᠡ ᠶᠢᠨ ᠬᠠᠳᠠᠭᠠᠯᠠᠯᠲᠠ ᠶᠢ ᠨᠡᠮᠡᠪᠡᠯ᠂ ᠭᠤᠣᠯ ᠬᠤᠲᠠ ᠲᠣᠭᠤᠷᠢᠭ ᠤᠨ 85 ᠡᠳᠦᠷ ᠠᠴᠠ ᠳᠡᠭᠡᠭᠰᠢᠬᠢ ᠠᠮᠤ | ᠲᠣᠰᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠬᠠᠩᠭᠠᠵᠤ ᠪᠣᠯᠣᠨ᠎ᠠ ᠃ ᠬᠤᠶᠠᠷ ᠲᠤ ᠨᠥᠭᠡᠴᠡ | ᠡᠭᠡᠯᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠪᠡ᠃ ᠪᠣᠯᠪᠠᠰᠤᠷᠠᠭᠤᠯᠤᠭᠰᠠᠨ ᠠᠮᠤ ᠪᠤᠳᠠᠭᠠᠨ ᠤ ᠶᠠᠰᠤ ᠴᠢᠨᠠᠷ ᠢ | ᠪᠠᠲᠤᠯᠠᠬᠤ ᠬᠤᠭᠤᠴᠠᠭ᠎ᠠ ᠨᠢ ᠣᠬᠤᠷ ᠂ ᠡᠷᠭᠢᠯᠲᠡ ᠶᠢᠨ ᠬᠤᠷᠳᠤᠴᠠ ᠨᠢ ᠲᠦᠷᠭᠡᠨ ᠵᠡᠷᠭᠡ ᠣᠨᠴᠠᠯᠢᠭ ᠢ | ᠦᠨᠳᠦᠰᠦᠯᠡᠨ ᠂ ᠬᠤᠲᠠ ᠶᠢᠨ ᠱᠠᠲᠤᠨ ᠤ ᠪᠣᠯᠪᠠᠰᠤᠷᠠᠭᠤᠯᠤᠭᠰᠠᠨ ᠨᠥᠭᠡᠴᠡ ᠠᠮᠤ ᠪᠤᠳᠠᠭ᠎ᠠ ᠳᠤ ᠪᠠᠶᠢᠩᠭᠤ ᠶᠢᠨ | ᠬᠡᠮᠵᠢᠶ᠎ᠡ ᠶᠢ ᠪᠠᠲᠤᠯᠠᠬᠤ ᠂ ᠡᠭᠡᠯᠵᠢᠯᠡᠨ ᠰᠣᠯᠢᠬᠤ ᠠᠷᠭ᠎ᠠ ᠬᠡᠮᠵᠢᠶ᠎ᠡ ᠠᠪᠴᠤ ᠂ ᠪᠣᠯᠪᠠᠰᠤᠷᠠᠭᠤᠯᠤᠭᠰᠠᠨ ᠠᠮᠤ ᠲᠣᠰᠣ | ᠨᠥᠭᠡᠴᠡᠯᠡᠬᠦ ︽ ᠲᠤᠭ᠎ᠠ ᠬᠡᠮᠵᠢᠶ᠎ᠡ ᠦᠨᠡᠨ ᠪᠣᠳᠠᠲᠠᠢ ᠂ ᠶᠠᠰᠤ ᠴᠢᠨᠠᠷ ᠰᠠᠶᠢᠨ ᠂ ᠪᠠᠶᠢᠩᠭᠤ ᠬᠠᠳᠠᠭᠠᠯᠠᠵᠤ ᠪᠠᠶᠢᠩᠭᠤ | ᠰᠢᠨᠡᠴᠢᠯᠡᠬᠦ ︾ ᠶᠢ ᠦᠨᠡᠨ ᠬᠦ ᠪᠠᠲᠤᠯᠠᠪᠠ᠃ ᠭᠤᠷᠪᠠ ᠳᠤ ᠨᠥᠭᠡᠴᠡ ᠠᠮᠤ ᠲᠣᠰᠣᠨ ᠤ ᠪᠥᠬᠦ ᠶᠠᠪᠤᠴᠠ ᠶᠢᠨ ᠮᠡᠳᠡᠭᠡ | ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠪᠠ᠃ ᠣᠲᠣ ᠶᠢᠨ ᠪᠠᠶᠢᠭ᠎ᠠ ᠠᠮᠤ | ᠪᠤᠳᠠᠭᠠᠨ ᠤ ᠬᠥᠮᠥᠷᠭᠡ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠰᠢᠰᠲ᠋ᠧᠮ ᠂ ᠬᠥᠮᠥᠷᠭᠡ ᠠᠴᠠ ᠭᠠᠷᠭᠠᠵᠤ | ᠣᠷᠣᠭᠤᠯᠬᠤ ᠣᠶᠤᠨᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ ᠂ ᠠᠮᠤ ᠪᠤᠳᠠᠭᠠᠨ ᠤ ᠪᠠᠶᠢᠳᠠᠯ ᠢ | ᠰᠦᠯᠵᠢᠶᠡᠨ ᠳᠡᠭᠡᠷ᠎ᠡ ᠪᠠᠶᠢᠴᠠᠭᠠᠨ ᠰᠢᠯᠭᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ ᠂ ᠡᠭᠦᠨ ᠤ | ᠤᠯᠠᠮ ᠠᠴᠠ ᠬᠥᠮᠥᠷᠭᠡ ᠳᠤ ᠨᠥᠭᠡᠴᠡᠯᠡᠬᠦ ᠠᠮᠤ ᠪᠤᠳᠠᠭ᠎ᠠ ᠶᠢ ᠠᠯᠤᠰ ᠠᠴᠠ ᠴᠠᠭ ᠲᠤᠬᠠᠢ ᠳᠤᠨᠢ ᠬᠢᠨᠠᠨ | ᠬᠠᠮᠢᠶᠠᠷᠬᠤ ᠶᠢ ᠪᠡᠶᠡᠯᠡᠭᠦᠯᠵᠦ ᠂ ᠪᠣᠯᠪᠠᠰᠤᠷᠠᠭᠤᠯᠤᠭᠰᠠᠨ ᠠᠮᠤ ᠪᠤᠳᠠᠭᠠᠨ ᠤ ᠨᠥᠭᠡᠴᠡ ᠶᠢ ︽ ᠬᠦᠮᠦᠷᠭᠡᠯᠡᠵᠤ ᠳᠡᠶᠢᠯᠬᠦ ᠂ | ᠬᠠᠳᠠᠭᠠᠯᠠᠵᠤ ᠳᠡᠶᠢᠯᠬᠦ᠂ ᠲᠣᠬᠢᠷᠠᠭᠤᠯᠵᠤ ᠳᠡᠶᠢᠯᠬᠦ᠂ ᠬᠡᠷᠡᠭᠯᠡᠵᠦ ᠳᠡᠶᠢᠯᠬᠦ ︾ ᠶᠢ ᠦᠨᠡᠨ ᠬᠦ ᠪᠠᠲᠤᠯᠠᠪᠠ᠃ | ᠬᠥᠲᠥᠯᠥᠭᠴᠢ ᠄ ᠬᠦᠬᠡᠬᠤᠳᠠ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ ︖ | ᠬᠦᠨᠳᠦᠲᠦ ᠵᠣᠴᠢᠨ ︱ ᠠᠮᠤ ᠪᠤᠳᠠᠭᠠᠨ ᠤ ᠲᠥᠯᠦᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ | ᠰᠠᠯᠠᠭᠠᠨ ᠤ ᠳᠠᠷᠤᠭ᠎ᠠ ᠭᠤᠤ ᠶᠠᠩ᠄ ᠨᠢᠭᠡ ᠳᠤ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠪᠡ᠃ ᠬᠦᠬᠡᠬᠤᠲᠠ ᠶᠢᠨ ᠲᠣᠭᠲᠠᠭᠠᠨ ᠳᠠᠷᠤᠮᠠᠯᠯᠠᠨ | ᠲᠠᠷᠬᠠᠭᠠᠭᠰᠠᠨ ︽ ︿ ᠠᠷᠪᠠᠨ ᠳᠥᠷᠪᠡᠳᠦᠭᠡᠷ ᠲᠠᠪᠤᠨ ᠵᠢᠯ ﹀ ᠤᠨ ᠬᠤᠭᠤᠴᠠᠭᠠᠨ ᠳᠤ ᠴᠢᠨᠠᠷ ᠰᠠᠶᠢᠲᠠᠢ ᠠᠮᠤ | ᠪᠤᠳᠠᠭᠠᠨ ᠤ ᠢᠨᠵᠧᠨᠧᠷᠢᠩ ᠢ ᠭᠦᠨᠵᠡᠭᠡᠢ ᠲᠦᠯᠬᠢᠨ ᠠᠬᠢᠭᠤᠯᠬᠤ ᠶᠡᠷᠦᠩᠬᠡᠢ ᠬᠡᠷᠡᠭᠵᠢᠭᠦᠯᠬᠦ ᠲᠥᠰᠥᠯ ︾ ᠤᠨ ᠶᠡᠷᠦᠩᠬᠡᠢ | ᠱᠠᠭᠠᠷᠳᠠᠯᠭ᠎ᠠ ᠶᠣᠰᠣᠭᠠᠷ ᠂ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠤᠨ ︽ ᠲᠠᠪᠤᠨ ᠰᠢᠯᠢᠳᠡᠭ | ᠬᠤᠯᠪᠤᠭᠠᠯᠠᠨ ᠬᠥᠳᠡᠯᠦᠯᠴᠡᠬᠦ ︾ ᠂ ︽ ᠭᠤᠷᠪᠠᠨ ᠬᠡᠯᠬᠢᠶ᠎ᠡ ᠶᠢ ᠬᠠᠮᠵᠢᠯᠴᠠᠭᠤᠯᠬᠤ ︾ ᠂ ︽ ᠵᠢᠷᠭᠤᠭᠠᠨ ᠶᠡᠭᠡ | ᠳᠡᠭᠡᠭᠰᠢᠯᠡᠭᠦᠯᠬᠦ ᠠᠵᠢᠯᠯᠠᠭ᠎ᠠ ︾ ᠶᠢ ᠲᠣᠪᠣᠶᠢᠮ᠎ᠠ ᠰᠠᠶᠢᠲᠤᠷ ᠠᠳᠬᠤᠵᠤ ᠂ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ | 1376 ᠲᠦᠮᠡᠨ ᠲᠥᠭᠦᠷᠢᠭ ᠣᠯᠵᠤ ᠂ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠤᠨ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠭᠤᠣᠯᠳᠠᠯᠭ᠎ᠠ ᠲᠠᠢ ᠳᠡᠮᠵᠢᠵᠦ ᠂ ᠨᠡᠶᠢᠭᠡᠮ ᠤᠨ ᠬᠥᠷᠥᠩᠭᠡ ᠶᠢᠨ ᠨᠡᠶᠢᠲᠡ 4577.69 ᠲᠦᠮᠡᠨ | ᠲᠥᠭᠦᠷᠢᠭ ᠢ ᠳᠠᠶᠢᠴᠢᠯᠠᠨ ᠬᠦᠬᠡᠬᠤᠲᠠ ᠶᠢᠨ ᠠᠮᠤ ᠪᠤᠳᠠᠭᠠᠨ ᠤ ᠠᠵᠤ ᠦᠢᠯᠡᠰ ᠤᠨ ᠬᠥᠭᠵᠢᠯᠲᠡ ᠳᠤ | ᠣᠷᠣᠯᠴᠠᠭᠤᠯᠪᠠ ᠃ ᠬᠤᠶᠠᠷ ᠲᠤ ᠠᠮᠤ ᠲᠣᠰᠣᠨ ᠤ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠪᠠ ᠃ ᠴᠢᠨᠠᠷ ᠰᠠᠶᠢᠲᠠᠢ ᠠᠮᠤ ᠲᠣᠰᠣᠨ ᠤ ᠵᠢᠱᠢᠶ᠎ᠡ ᠦᠵᠡᠭᠦᠯᠬᠦ ᠠᠵᠤ ᠠᠬᠤᠶᠢᠯᠠᠯ ᠢ 25 ᠪᠠᠶᠢᠭᠤᠯᠵᠤ ᠂ | ︽ᠮᠧᠩ ᠴᠢᠩ ︾ ᠰᠢᠶᠣᠣ ᠰᠢᠶᠠᠩ ᠮᠢ᠂ ︽ ᠦᠴᠦᠸᠠᠨ ᠤ ᠠᠭᠯᠢ ᠪᠤᠭᠤᠳᠠᠢ ︾ ᠂ ︽ ᠮᠧᠩ ᠰᠢᠨ ︾ ᠡᠯᠳᠡᠪ ᠠᠮᠤ | ᠵᠡᠷᠭᠡ ᠣᠯᠠᠨ ᠭᠠᠵᠠᠷ ᠣᠷᠣᠨ ᠤ ᠨᠠᠷᠠᠲᠤ ᠲᠡᠮᠳᠡᠭᠲᠦ ᠶᠢ ᠪᠣᠶᠢᠵᠢᠭᠤᠯᠤᠨ ᠂ ᠭᠤᠣᠯᠯᠠᠬᠤ ᠦᠢᠯᠡᠳᠭᠦᠨ ᠢ ᠨᠠᠷᠠᠲᠤ | ᠲᠡᠮᠳᠡᠭᠵᠢᠭᠦᠯᠬᠦ ᠶᠢ ᠪᠡᠶᠡᠯᠡᠭᠦᠯᠬᠦ ᠶᠢᠨ ᠬᠠᠮᠲᠤ ᠠᠮᠤ ᠪᠤᠳᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠯᠠᠭᠠᠨ ᠤ ᠭᠠᠷᠠᠭ ᠤᠨ ᠳᠡᠯᠭᠡᠨ ᠦᠵᠡᠭᠦᠯᠬᠦ ᠂ ᠳᠡᠯᠭᠡᠨ ᠪᠣᠷᠣᠯᠠᠭᠤᠯᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ ᠂ | ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠢᠯᠡᠳᠭᠦᠨ ᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ ᠂ ᠴᠢᠨᠠᠷ | ᠰᠠᠶᠢᠲᠠᠢ ᠠᠮᠤ ᠲᠣᠰᠣᠨ ᠤ ᠪᠦᠲᠦᠭᠡᠭᠳᠡᠬᠦᠨ ᠤ ᠠᠯᠳᠠᠷᠰᠢᠯ ᠢ ᠥᠷᠭᠡᠳᠬᠡᠨ ᠂ ᠴᠢᠨᠠᠷ ᠰᠠᠶᠢᠲᠠᠢ ᠠᠮᠤ ᠲᠣᠰᠣᠨ ᠤ | ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠪᠠ ᠃ ᠭᠤᠷᠪᠠ ᠳᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠪᠠ᠃ ᠤᠯᠤᠰ ᠤᠨ ᠠᠮᠤ | ᠪᠤᠳᠠᠭᠠᠨ ᠤ ᠮᠡᠷᠭᠡᠵᠢᠯ ᠢ ᠰᠢᠯᠵᠢᠭᠦᠯᠬᠦ ᠲᠥᠪ ᠤᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠤᠨ ︽ ᠭᠤᠷᠪᠠ ᠶᠢ ᠵᠣᠯᠭᠠᠭᠤᠯᠬᠤ ︾ | ᠠᠵᠢᠯᠯᠠᠭ᠎ᠠ ᠶᠢ ᠦᠷᠨᠢᠭᠦᠯᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠂ ᠬᠦᠬᠡᠬᠤᠲᠠ ᠶᠢᠨ | ᠠᠮᠤ ᠲᠣᠰᠣᠨ ᠤ ᠶᠠᠰᠤ ᠴᠢᠨᠠᠷ ᠤᠨ ᠪᠠᠶᠢᠴᠠᠭᠠᠯᠲᠠ ᠶᠢᠨ ᠲᠥᠪ ᠵᠡᠷᠭᠡ ᠲᠠᠪᠴᠠᠩ ᠳᠤ ᠲᠦᠰᠢᠭᠯᠡᠨ ᠂ ᠴᠢᠨᠠᠷ ᠰᠠᠶᠢᠲᠠᠢ | ᠠᠮᠤ ᠲᠣᠰᠣᠨ ᠤ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠠᠵᠢᠯ ᠢ ᠢᠳᠡᠪᠬᠢᠲᠡᠢ | ᠥᠷᠨᠢᠭᠦᠯᠵᠦ ᠂ ᠠᠮᠤ ᠪᠤᠳᠠᠭᠠᠨ ᠤ ᠤᠨᠠᠯᠲᠠ ᠂ ᠶᠠᠰᠤ ᠴᠢᠨᠠᠷ ᠂ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠬᠦ ᠶᠢ | ᠠᠬᠢᠭᠤᠯᠪᠠ᠃ ᠳᠥᠷᠪᠡ ᠳᠤ ᠠᠵᠤ ᠦᠢᠯᠡᠰ ᠤᠨ ᠬᠡᠯᠬᠢᠶ᠎ᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ | ᠢᠳᠡᠪᠬᠢᠲᠡᠢ ᠠᠬᠢᠭᠤᠯᠪᠠ ᠃ ᠬᠥᠬᠡᠬᠤᠲᠠ ᠴᠢᠨᠠᠷ ᠰᠠᠶᠢᠲᠠᠢ ᠡᠷᠳᠡᠨᠢ ᠰᠢᠰᠢ ᠂ ︽ᠳᠤᠮᠳᠠᠳᠤ ᠤᠯᠤᠰ ᠤᠨ ᠨᠠᠷᠢᠮᠤ ᠶᠢᠨ | ᠨᠤᠲᠤᠭ︾ ᠵᠡᠷᠭᠡ ᠣᠨᠴᠠᠯᠢᠭᠲᠤ ᠡᠯᠳᠡᠪ ᠠᠮᠤ ᠪᠠ ︽ ᠦᠴᠦᠸᠠᠨ ᠤ ᠲᠥᠮᠥᠰᠥ︾ ᠵᠡᠷᠭᠡ ᠲᠥᠮᠥᠰᠥ ᠶᠢᠨ ᠤᠯᠤᠰ ᠤᠨ | ᠭᠠᠵᠠᠷ ᠵᠦᠢ ᠶᠢᠨ ᠢᠯᠡᠷᠬᠡᠶᠢᠯᠡᠯᠲᠦ ᠶᠢᠨ ᠲᠡᠮᠳᠡᠭᠲᠦ ᠦᠢᠯᠡᠳᠬᠦᠨ ᠵᠡᠷᠭᠡ ᠡᠬᠢ ᠪᠠᠶᠠᠯᠢᠭ ᠤᠨ ᠳᠠᠪᠠᠭᠤᠯᠢᠭ ᠤᠨ | ᠲᠣᠭᠤᠷᠢᠨ ᠳᠤ ᠠᠮᠤ ᠪᠤᠳᠠᠭᠠᠨ ᠤ ᠪᠥᠬᠦ ᠠᠵᠤ ᠦᠢᠯᠡᠰ ᠤᠨ ᠬᠡᠯᠬᠢᠶ᠎ᠡ ᠶᠢ ᠠᠬᠢᠭᠤᠯᠤᠨ ᠬᠥᠭᠵᠢᠭᠦᠯᠵᠦ ᠂ ᠡᠷᠳᠡᠨᠢ | ᠰᠢᠰᠢ ᠶᠢ ᠨᠠᠷᠢᠯᠢᠭ ᠡᠳ᠋ᠰᠢᠭᠦᠯᠬᠦ ᠪᠠ ᠠᠮᠢᠳᠤ ᠪᠣᠳᠠᠰ ᠤᠨ ᠡᠮ ᠦᠢᠯᠡᠳᠬᠦ ᠠᠵᠤ ᠦᠢᠯᠡᠰ ᠤᠨ ᠬᠡᠯᠬᠢᠶ᠎ᠡ ᠂ | ᠨᠣᠬᠠᠢ ᠶᠢᠨ ᠬᠤᠰᠢᠭᠤ ᠶᠢᠨ ᠪᠥᠬᠦ ᠠᠵᠤ ᠦᠢᠯᠡᠰ ᠤᠨ ᠬᠡᠯᠬᠢᠶ᠎ᠡ ᠵᠢᠴᠢ ᠨᠠᠷᠢᠯᠢᠭ ᠡᠳ᠋ᠰᠢᠭᠦᠯᠬᠦ ᠂ ︽ ᠦᠷ᠎ᠡ ᠶᠢᠨ | ᠲᠥᠮᠥᠰᠥ ᠂ ᠰᠣᠷᠭᠤᠭ ᠲᠥᠮᠥᠰᠥ ᠂ ᠡᠳ᠋ᠰᠢᠭᠦᠯᠦᠭᠰᠡᠨ ᠲᠥᠮᠥᠰᠥ ︾ ᠭᠤᠷᠪᠠᠨ ᠲᠥᠮᠥᠰᠥ ᠶᠢ ᠵᠡᠷᠭᠡ ᠪᠠᠷ | ᠴᠢᠬᠤᠯᠠᠴᠢᠯᠠᠬᠤ ᠪᠠ ︽ ᠳᠠᠷᠢᠬᠤ ᠂ ᠪᠣᠷᠣᠯᠠᠭᠤᠯᠬᠤ ᠂ ᠵᠣᠭᠤᠷᠢ ᠬᠠᠳᠠᠭᠠᠯᠠᠬᠤ ᠂ ᠡᠳ᠋ᠰᠢᠭᠦᠯᠬᠦ ᠂ ᠰᠢᠨᠵᠢᠯᠡᠨ ᠰᠣᠳᠤᠯᠬᠤ︾ | ᠭᠡᠬᠦ ᠲᠠᠪᠤᠨ ᠵᠠᠮ ᠢ ᠵᠡᠷᠭᠡ ᠪᠠᠷ ᠶᠠᠪᠤᠭᠳᠠᠭᠤᠯᠬᠤ ᠠᠵᠤ ᠦᠢᠯᠡᠰᠵᠢᠭᠰᠡᠨ ᠪᠠᠶᠢᠷᠢᠰᠢᠯ ᠢ ᠪᠠᠶᠢᠭᠤᠯᠪᠠ ᠃ ᠲᠠᠪᠤ ᠳᠤ | ᠦᠵᠦ ᠲᠥᠯᠥᠪᠯᠡᠭᠡ ᠪᠠ ᠲᠥᠷᠥ ᠶᠢᠨ ᠪᠣᠳᠣᠯᠭ᠎ᠠ ᠶᠢᠨ ᠬᠡᠯᠪᠠᠶᠢᠯᠲᠡ ᠶᠢ ᠴᠢᠩᠭᠠᠳᠬᠠᠵᠤ ᠂ ᠬᠥᠬᠡᠬᠤᠲᠠ ᠶᠢᠨ ᠠᠮᠤ | ᠪᠤᠳᠠᠭᠠᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠴᠢᠬᠤᠯᠠ ᠠᠵᠠ ᠲᠣᠬᠢᠶᠠᠯᠳᠤ ᠬᠤᠭᠤᠴᠠᠭ᠎ᠠ ᠶᠢ ᠴᠢᠩᠭ᠎ᠠ ᠠᠳᠬᠤᠵᠤ ᠂ ᠳᠤᠮᠳᠠᠳᠤ ᠤᠯᠤᠰ ᠤᠨ ᠠᠮᠤ | ᠪᠤᠳᠠᠭᠠᠨ ᠤ ᠨᠥᠭᠡᠴᠡᠯᠡᠯᠲᠡ ᠶᠢᠨ ᠬᠥᠬᠡᠬᠤᠲᠠ ᠳᠠᠬᠢ ᠰᠢᠭᠤᠳ ᠬᠠᠷᠢᠶ᠎ᠠ ᠬᠥᠮᠥᠷᠭᠡ ᠶᠢᠨ ︽ ᠬᠤᠲᠠ ᠠᠴᠠ ᠭᠠᠷᠴᠤ | ᠬᠦᠷᠢᠶᠡᠯᠡᠩ ᠳᠤ ᠣᠷᠣᠬᠤ ︾ ᠭᠤᠣᠯᠳᠠᠯᠭ᠎ᠠ ᠲᠠᠢ ᠲᠥᠷᠥᠯ ᠵᠦᠢᠯ ᠤᠨ ᠲᠤᠯᠭᠠᠭᠤᠷᠢᠯᠠᠨ ᠬᠥᠲᠥᠯᠥᠨ ᠳᠠᠭᠠᠭᠤᠯᠵᠤ | ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ ᠂ ᠣᠷᠣᠨ ᠤ ᠲᠥᠪ ᠬᠤᠲᠠ ᠶᠢᠨ ᠭᠠᠵᠠᠷ ᠣᠷᠣᠨ ᠳᠤ ᠥᠨᠳᠥᠷ | ᠬᠢᠷᠢ ᠲᠦᠪᠰᠢᠨ ᠢᠶᠠᠷ ᠴᠣᠭᠴᠠᠯᠠᠨ ᠪᠠᠶᠢᠭᠤᠯᠤᠭᠰᠠᠨ ︽ ᠵᠡᠭᠦᠨ ᠬᠡᠰᠡᠭ ᠤᠨ ᠠᠮᠤ ᠪᠤᠳᠠᠭ᠎ᠠ ᠶᠢ ᠪᠠᠷᠠᠭᠤᠨᠰᠢ | ᠣᠷᠣᠭᠤᠯᠬᠤ ︾ ᠂ ︽ ᠳᠣᠲᠣᠭᠠᠳᠤ ᠳᠠᠭᠠᠨ ᠣᠷᠤᠭᠤᠯᠤᠨ ᠭᠠᠳᠠᠭᠰᠢ ᠬᠤᠯᠪᠣᠭᠠᠯᠠᠬᠤ ︾ ᠠᠮᠤ ᠪᠤᠳᠠᠭᠠᠨ ᠤ | ᠪᠠᠷᠠᠭᠠᠨ ᠤ ᠭᠦᠢᠯᠭᠡᠭᠡᠨ ᠤ ᠬᠠᠭᠤᠷᠠᠢ ᠭᠠᠷᠠᠮ ᠂ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠭᠰᠠᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠠᠮᠤᠭ ᠤᠨ | ᠶᠡᠭᠡ ᠰᠠᠭᠤᠷᠢᠨ ᠭᠠᠵᠠᠷ ᠂ ᠴᠢᠨᠠᠷ ᠰᠠᠶᠢᠲᠠᠢ ᠬᠥᠭᠵᠢᠯᠲᠡ ᠶᠢᠨ ᠣᠳᠣ ᠦᠶ᠎ᠡ ᠶᠢᠨ ᠠᠮᠤ ᠪᠤᠳᠠᠭ᠎ᠠ ᠡᠳ᠋ᠰᠢᠭᠦᠯᠬᠦ ᠠᠵᠤ | ᠦᠢᠯᠡᠰ ᠤᠨ ᠣᠶᠤᠨᠴᠢ ᠰᠠᠭᠤᠷᠢᠨ ᠭᠠᠵᠠᠷ ᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠦᠭᠰᠡᠨ ᠣᠷᠣᠨ ᠤ ᠲᠥᠪ | ᠬᠤᠲᠠ ᠶᠢᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠰᠠᠭᠤᠷᠢᠨ ᠭᠠᠵᠠᠷ ᠂ | ᠥᠨᠳᠥᠷ ᠦᠷ᠎ᠡ ᠪᠦᠲᠦᠮᠵᠢᠲᠡᠢ ᠪᠠᠷ ᠠᠵᠢᠯᠯᠠᠭᠰᠠᠨ ᠰᠢᠨ᠎ᠡ ᠬᠡᠯᠪᠡᠷᠢ ᠶᠢᠨ ᠬᠠᠩᠭᠠᠯᠭ᠎ᠠ ᠶᠢᠨ ᠬᠡᠯᠬᠢᠶ᠎ᠡ ᠶᠢᠨ | ᠦᠢᠯᠡᠴᠢᠯᠡᠭᠡᠨ ᠤ ᠲᠠᠪᠴᠠᠩ ᠢ ᠠᠳᠬᠤᠵᠤ ᠂ ᠬᠦᠬᠡᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠪᠡ᠃ | ᠢᠷᠡᠯᠲᠡ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ |