ᠪᠥᠬᠦ ᠤᠯᠤᠰ ᠲᠤ 100 ᠣᠷᠴᠢᠮ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ | ︽ᠳᠠᠭᠠᠭᠤᠯᠤᠭᠴᠢ ᠰᠢᠶᠠᠨ︾ ᠢ ᠪᠣᠶᠢᠵᠢᠭᠤᠯᠵᠤ᠂ 1000 ᠣᠷᠴᠢᠮ ᠰᠢᠶᠠᠨ ᠤ ᠬᠡᠪᠴᠢᠶᠡᠨ ᠳᠠᠬᠢ ᠳ᠋ᠢᠭᠢᠲ᠋ᠠᠯᠴᠢᠯᠠᠭᠰᠠᠨ | ᠭᠦᠢᠯᠭᠡᠭᠡᠨ ᠤ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ᠂ 1000 ᠣᠷᠴᠢᠮ ᠰᠢᠶᠠᠨ ᠤ ᠬᠡᠪᠴᠢᠶᠡᠨ ᠳᠠᠬᠢ | ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠰᠠᠭᠤᠷᠢᠨ ᠢ ᠪᠠᠶᠢᠭᠤᠯᠵᠤ᠂ 10000 ᠣᠷᠴᠢᠮ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠳᠠᠭᠠᠭᠤᠯᠤᠭᠴᠢ ᠶᠢ ᠪᠣᠶᠢᠵᠢᠭᠤᠯᠤᠨ᠎ᠠ ᠁ | ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 9 ᠰᠠᠯᠠᠭ᠎ᠠ ᠮᠥᠴᠢᠷ ᠣᠶᠢᠷ᠎ᠠ ᠳᠤ ︽ᠬᠥᠳᠡᠭᠡ ᠲᠣᠰᠬᠤᠨ ᠤ | ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ | ︵ᠳᠣᠷᠣᠭᠰᠢ ︽ᠰᠠᠨᠠᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠵᠤ᠂ ᠳᠡᠭᠡᠷᠡᠬᠢ 5 ᠵᠢᠯ ᠤᠨ ᠬᠤᠭᠤᠴᠠᠭᠠᠲᠤ | ᠡᠭᠦᠷᠭᠡ ᠶᠢᠨ ᠬᠠᠷᠠᠯᠲᠠ ᠶᠢ ᠳᠤᠷᠠᠳᠪᠠ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠤᠯᠪᠣᠭᠳᠠᠯ ᠪᠦᠬᠦᠢ | ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠭᠠᠵᠠᠷ ᠣᠷᠣᠨ ᠲᠠᠢ | ᠬᠠᠮᠲᠤ ᠪᠠᠷ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢᠨ | ᠢᠨᠵᠧᠨᠧᠷᠢᠩ ᠢ ᠬᠡᠷᠡᠭᠵᠢᠭᠦᠯᠵᠦ᠂ ᠰᠢᠶᠠᠨ ᠰᠢᠶᠠᠩ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠪᠠ | ᠲᠦᠷᠭᠡᠨ ᠢᠯᠡᠭᠡᠯᠲᠡ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠲᠦᠷᠭᠡᠳᠬᠡᠨ | ᠨᠠᠪᠲᠠᠷᠡᠭᠦᠯᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠬᠢᠭᠡᠳ ᠬᠥᠳᠡᠭᠡ ᠲᠣᠰᠬᠤᠨ ᠤ ᠣᠨᠴᠠᠯᠢᠭᠲᠤ | ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠬᠥᠲᠥᠯᠥᠨ ᠵᠢᠯᠤᠭᠤᠳᠴᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ ᠭᠡᠵᠡᠢ᠃ | 3000 ᠰᠢᠬᠠᠮ ᠰᠢᠶᠠᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠢ | ᠪᠠᠶᠢᠭᠤᠯᠪᠠ | ᠬᠤᠳᠠᠯᠳᠤᠭᠠᠨ ᠤ ᠶᠠᠪᠤᠳᠠᠯ ᠤᠨ ᠲᠣᠮᠣ ᠳ᠋ᠠᠶᠢᠲ᠋ᠠ ᠶᠢᠨ ᠬᠢᠨᠠᠨ ᠬᠡᠮᠵᠢᠯᠲᠡ ᠶᠢ ᠦᠨᠳᠦᠰᠦᠯᠡᠪᠡᠯ᠂ 2023 | ᠣᠨ ᠳᠤ᠂ ᠪᠥᠬᠦ ᠤᠯᠤᠰ ᠤᠨ ᠬᠥᠳᠡᠭᠡ ᠲᠣᠰᠬᠤᠨ ᠤ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠲᠤᠭ᠎ᠠ 2.5 | ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.9% ᠪᠠᠷ ᠨᠡᠮᠡᠭᠳᠡᠨ᠂ | 2014 ᠣᠨ ᠤ ᠬᠢ ᠠᠴᠠ 13 ᠳᠠᠬᠢᠨ ᠰᠢᠬᠠᠮ ᠨᠡᠮᠡᠭᠳᠡᠵᠡᠢ︔ ᠪᠥᠬᠦ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠲᠤᠭ᠎ᠠ 5870.3 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.5% ᠪᠠᠷ ᠨᠡᠮᠡᠭᠳᠡᠨ᠂ ᠪᠠᠷᠤᠭ 2014 ᠣᠨ ᠤ | 5 ᠳᠠᠬᠢᠨ ᠪᠣᠯᠵᠠᠢ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠦᠢᠯᠭᠡᠭᠡᠨ ᠤ ᠬᠥᠭᠵᠢᠭᠦᠯᠦᠯᠲᠡ ᠶᠢᠨ ᠵᠤᠷᠭᠠᠨ ᠤ | ᠬᠠᠷᠢᠭᠤᠴᠠᠯᠭᠠᠲᠠᠨ ᠤ ᠬᠡᠯᠡᠬᠦ ᠪᠠᠷ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢ ᠬᠥᠭᠵᠢᠭᠦᠯᠬᠦ ᠨᠢ | ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ᠂ ᠬᠥᠳᠡᠭᠡ ᠲᠣᠰᠬᠤᠨ ᠤ ᠤᠳᠤ ᠦᠶ᠎ᠡ ᠶᠢᠨ ᠭᠦᠢᠯᠭᠡᠭᠡᠨ ᠤ | ᠲᠣᠭᠲᠠᠯᠴᠠᠭ᠎ᠠ ᠶᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠲᠠᠷᠢᠶᠠᠯᠠᠩ ᠠᠵᠤ ᠠᠬᠤᠢ ᠶᠢᠨ ᠬᠥᠭᠵᠢᠯᠲᠡ ᠶᠢᠨ | ᠬᠡᠯᠪᠡᠷᠢ ᠶᠢ ᠬᠤᠪᠢᠷᠠᠭᠤᠯᠬᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠪᠦᠲᠦᠮᠵᠢᠲᠡᠢ ᠭᠠᠷᠳᠠᠴᠠ | ᠮᠥᠨ᠂ ᠬᠥᠳᠡᠭᠡ ᠲᠣᠰᠬᠤᠨ ᠤ ᠬᠡᠷᠡᠭᠯᠡᠭᠡ ᠶᠢ ᠠᠬᠢᠭᠤᠯᠬᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠬᠦᠰᠡᠯ ᠡᠷᠡᠮᠡᠯᠵᠡᠯ ᠢ ᠬᠠᠩᠭᠠᠬᠤ ᠬᠦᠴᠦᠲᠡᠢ ᠲᠤᠰᠠᠯᠠᠮᠵᠢ ᠮᠥᠨ ᠭᠡᠵᠡᠢ᠃ ᠣᠶᠢᠷ᠎ᠠ ᠶᠢᠨ ᠵᠢᠯ ᠤᠳ ᠲᠤ᠂ | ᠬᠤᠳᠠᠯᠳᠤᠭᠠᠨ ᠤ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠨ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ | ᠦᠵᠡᠭᠦᠯᠦᠯᠲᠡ ᠶᠢ ᠬᠡᠷᠡᠭᠵᠢᠭᠦᠯᠵᠦ᠂ ᠨᠡᠶᠢᠲᠡ 1489 ᠰᠢᠶᠠᠨ ᠳᠤ ᠰᠢᠶᠠᠨ ᠤ ᠱᠠᠲᠤᠨ ᠤ ᠡᠯᠧᠺᠲᠷᠣᠨ | ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ | ᠬᠦᠷᠭᠡᠬᠦ ᠲᠥᠪ 3000 ᠰᠢᠬᠠᠮ ᠪᠠᠶᠢᠭᠤᠯᠵᠤ᠂ ᠲᠣᠰᠬᠤᠨ ᠤ ᠱᠠᠲᠤᠨ ᠤ ᠡᠯᠧᠺᠲᠷᠣᠨ ᠬᠤᠳᠠᠯᠳᠤᠭᠠᠨ ᠤ | ᠦᠢᠯᠡᠴᠢᠯᠡᠭᠡᠨ ᠤ ᠥᠷᠲᠡᠭᠡ 15.8 ᠲᠦᠮᠡ ᠶᠢ ᠳᠠᠪᠠᠵᠤ᠂ ᠰᠢᠶᠠᠨ ᠬᠥᠳᠡᠭᠡ ᠲᠣᠰᠬᠤᠨ ᠢ ᠬᠠᠮᠤᠷᠤᠭᠰᠠᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡ ᠪᠠ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠪᠠᠶᠢᠭᠤᠯᠪᠠ᠃ ︽ᠰᠠᠨᠠᠯ︾ ᠢ ᠳᠠᠷᠤᠮᠠᠯᠯᠠᠨ ᠲᠠᠷᠬᠠᠭᠠᠭᠰᠠᠨ ᠨᠢ ᠬᠥᠳᠡᠭᠡ | ᠲᠣᠰᠬᠤᠨ ᠤ ᠡᠯᠧᠺᠲᠷᠣᠨ ᠬᠤᠳᠠᠯᠳᠤᠭ᠎ᠠ ᠶᠢ ᠬᠥᠲᠥᠯᠥᠨ ᠵᠢᠯᠤᠭᠤᠳᠴᠤ ᠪᠠᠶᠢᠭᠠᠳ ᠳ᠋ᠢᠭᠢᠲ᠋ᠠᠯᠴᠢᠯᠠᠭᠰᠠᠨ ᠲᠡᠶᠢᠰᠢ | ᠬᠡᠯᠪᠡᠷᠢ ᠪᠠᠨ ᠬᠤᠪᠢᠷᠠᠭᠤᠯᠤᠨ ᠢᠭᠲᠤᠷᠢᠭᠤᠯᠬᠤ ᠶᠢ ᠪᠡᠶᠡᠯᠡᠭᠦᠯᠬᠦ ᠳᠤ ᠠᠰᠢᠭᠲᠠᠢ᠂ ᠪᠠᠰᠠ ᠲᠠᠷᠢᠶᠠᠴᠢᠳ ᠤᠨ ᠣᠷᠣᠯᠭ᠎ᠠ | ᠪᠠ ᠬᠥᠳᠡᠭᠡ ᠲᠣᠰᠬᠤᠨ ᠤ ᠬᠡᠷᠡᠭᠯᠡᠭᠡ ᠬᠤᠣᠰ ᠳᠡᠭᠡᠭᠰᠢᠯᠡᠯᠲᠡ ᠳᠤ ᠬᠦᠴᠦᠨ ᠨᠡᠮᠡᠷᠢᠯᠡᠬᠦ ᠳᠤ ᠠᠰᠢᠭᠲᠠᠢ ᠶᠤᠮ᠃ | ︽ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢᠨ ᠬᠥᠭᠵᠢᠯᠲᠡ ᠨᠢ ᠲᠥᠷᠥ ᠶᠢᠨ ᠪᠣᠳᠣᠯᠭ᠎ᠠ ᠶᠢᠨ | ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃︾ ᠬᠤᠳᠠᠯᠳᠤᠭᠠᠨ ᠤ ᠶᠠᠪᠤᠳᠠᠯ ᠤᠨ ᠶᠠᠮᠤᠨ ᠤ ᠤᠯᠠᠨ ᠤᠯᠤᠰ ᠤᠨ | ᠠᠷᠠᠯᠵᠢᠶ᠎ᠠ ᠠᠵᠤ ᠠᠬᠤᠢ ᠶᠢᠨ ᠬᠠᠮᠲᠤᠷᠠᠯᠴᠠᠭᠠᠨ ᠤ ᠰᠤᠳᠤᠯᠭᠠᠨ ᠤ ᠬᠦᠷᠢᠶᠡᠯᠡᠩ ᠤᠨ ᠭᠦᠢᠯᠭᠡᠭᠡ ᠬᠢᠭᠡᠳ | ᠬᠡᠷᠡᠭᠯᠡᠭᠡᠨ ᠤ ᠰᠤᠳᠤᠯᠭᠠᠨ ᠤ ᠭᠠᠵᠠᠷ ᠤᠨ ᠳᠠᠷᠤᠭ᠎ᠠ ᠳ᠋ᠦᠩ ᠴᠤᠤ ᠶᠢᠨ ᠦᠵᠡᠬᠦ ᠪᠠᠷ᠂ ᠣᠶᠢᠷ᠎ᠠ ᠶᠢᠨ ᠵᠢᠯ ᠤᠳ ᠠᠴᠠ | ᠨᠠᠭᠠᠰᠢ ᠤᠯᠤᠰ ᠠᠴᠠ ᠵᠠᠯᠭᠠᠭ᠎ᠠ ᠪᠠᠷ ᠤᠯᠠᠨ ᠵᠦᠢᠯ ᠤᠨ ᠲᠦᠷᠦ ᠶᠢᠨ ᠪᠣᠳᠣᠯᠭ᠎ᠠ ᠶᠢᠨ ᠠᠷᠭ᠎ᠠ ᠪᠠᠷᠢᠯ ᠲᠣᠭᠲᠠᠭᠠᠵᠤ | ᠬᠥᠳᠡᠭᠡ ᠲᠣᠰᠬᠤᠨ ᠤ ᠭᠠᠵᠠᠷ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ | ᠬᠥᠭᠵᠢᠯᠲᠡ ᠶᠢ ᠠᠬᠢᠭᠤᠯᠵᠤ᠂ ᠪᠡᠯᠡ ᠮᠥᠩᠭᠦ᠂ ᠮᠡᠷᠭᠡᠵᠢᠯ ᠤᠷᠠᠯᠠᠯ᠂ ᠪᠡᠯᠡᠳᠬᠡᠮᠵᠢ ᠲᠥᠬᠦᠭᠡᠷᠦᠮᠵᠢ᠂ ᠮᠡᠷᠭᠡᠵᠢᠯᠲᠡᠨ ᠵᠡᠷᠭᠡ | ᠤᠯᠠᠨ ᠲᠠᠯ᠎ᠠ ᠪᠠᠷ ᠪᠦᠬᠦ ᠲᠠᠯ᠎ᠠ ᠶᠢᠨ ᠳᠡᠮᠵᠢᠯᠭᠡ ᠬᠠᠩᠭᠠᠵᠠᠢ᠃ ︽ᠲᠥᠷᠥ ᠶᠢᠨ ᠪᠣᠳᠣᠯᠭ᠎ᠠ ᠶᠢᠨ ᠠᠰᠢᠭ ᠲᠠᠰᠤᠯᠳᠠᠯ | ᠦᠭᠡᠢ ᠪᠠᠶᠢᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠳᠤ ᠴᠤ ᠮᠠᠰᠢ ᠣᠯᠠᠨ ᠰᠢᠨ᠎ᠡ ᠣᠨᠴᠠᠯᠢᠭ ᠪᠠ | ᠬᠢᠯᠠᠰ ᠴᠡᠭ ᠢᠯᠡᠷᠡᠵᠡᠢ᠂ ᠵᠢᠱᠢᠶᠡᠯᠡᠪᠡᠯ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠨᠤᠭᠤᠳ ᠲᠤ ᠪᠥᠬᠦ | ᠲᠠᠯ᠎ᠠ ᠪᠠᠷ ᠬᠥᠭᠵᠢᠭᠰᠡᠨ᠂ ᠡᠯᠧᠺᠲᠷᠣᠨ ᠬᠤᠳᠠᠯᠳᠤᠭ᠎ᠠ ᠶᠢᠨ ᠪᠣᠭᠤᠮᠢ ᠶᠢ ᠲᠠᠰᠤᠷᠠᠯᠲᠠ ᠦᠭᠡᠢ ᠰᠢᠪᠲᠤᠯᠤᠭᠰᠠᠨ᠂ | ᠰᠢᠨ᠎ᠡ ᠬᠡᠯᠪᠡᠷᠢ ᠶᠢᠨ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠨᠠᠶᠢᠳᠠᠪᠤᠷᠢᠵᠢᠭᠤᠯᠤᠭᠰᠠᠨ᠂ ᠨᠠᠷᠠᠲᠤ | ᠲᠡᠮᠳᠡᠭᠲᠦ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠤᠭᠰᠠᠨ ᠵᠡᠷᠭᠡ ᠪᠣᠯᠣᠨ᠎ᠠ᠃︾ ᠭᠡᠵᠦ ᠳ᠋ᠦᠩ ᠴᠤᠤ ᠬᠡᠯᠡᠪᠡ᠃ | ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠲᠣᠭᠲᠠᠯᠴᠠᠭ᠎ᠠ ᠶᠢ ᠪᠦᠷᠢᠨᠰᠢᠭᠦᠯᠪᠡ | ︽ᠰᠠᠨᠠᠯ︾ ᠳᠤ᠂ 5 ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠪᠡᠯᠡᠳᠬᠡᠮᠵᠢ ᠨᠢ ᠪᠦᠷᠢᠨ ᠲᠡᠭᠦᠯᠳᠡᠷ᠂ | ᠭᠤᠣᠯ ᠴᠣᠭᠴᠠ ᠨᠢ ᠬᠥᠭᠵᠢᠶᠡᠨᠲᠡᠢ᠂ ᠭᠦᠢᠯᠭᠡᠭᠡ ᠨᠢ ᠤᠷᠤᠭᠰᠢᠲᠠᠢ᠂ ᠦᠢᠯᠡᠴᠢᠯᠡᠭᠡ ᠨᠢ ᠥᠨᠳᠥᠷ ᠪᠦᠲᠦᠮᠵᠢᠲᠡᠶ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ | ᠪᠠᠶᠢᠭᠤᠯᠤᠨ᠎ᠠ ᠭᠡᠵᠦ ᠲᠣᠳᠣᠷᠬᠠᠶᠢᠯᠠᠵᠠᠢ᠃ ᠪᠣᠳᠠᠲᠠᠢ ᠪᠠᠷ ᠶᠠᠭᠠᠬᠢᠵᠤ ᠬᠢᠬᠦ ᠪᠣᠶ︖ ᠬᠥᠳᠡᠭᠡ ᠲᠣᠰᠬᠤᠨ ᠤ ᠤᠳᠤ | ᠦᠶ᠎ᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠲᠦᠷᠭᠡᠳᠬᠡᠬᠦ ᠨᠢ ᠵᠠᠩᠭᠢᠯᠠᠭ᠎ᠠ ᠪᠣᠯᠣᠨ᠎ᠠ᠃ | ︱ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠣᠳᠣᠬᠢᠴᠢᠯᠠᠯᠲᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ ︽ᠰᠠᠨᠠᠯ︾ ᠳᠤ ᠳᠤᠷᠠᠳᠤᠭᠰᠠᠨ ᠨᠢ᠂ ᠰᠢᠶᠠᠨ ᠤ ᠱᠠᠲᠤᠨ ᠤ ᠪᠠᠷᠠᠭᠠᠨ ᠤ | ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ︵ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ︶᠂ ᠰᠢᠶᠠᠩ | ᠪᠠᠯᠭᠠᠰᠤᠨ ᠤ ᠲᠦᠷᠭᠡᠨ ᠢᠯᠡᠭᠡᠯᠲᠡ ᠶᠢᠨ ᠲᠣᠣᠷ ᠴᠡᠭ ᠤᠨ ᠳ᠋ᠢᠭᠢᠲ᠋ᠠᠯᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ | ᠣᠶᠤᠨᠲᠤ ᠬᠥᠮᠥᠷᠭᠡᠯᠡᠨ ᠬᠠᠳᠠᠭᠠᠯᠠᠬᠤ᠂ ᠠᠦ᠋ᠲ᠋ᠣ᠋ ᠢᠯᠭᠠᠬᠤ᠂ ᠷᠠᠳᠢᠣ᠋ ᠳᠠᠪᠲᠠᠮᠵᠢ ᠪᠠᠷ ᠢᠯᠭᠠᠨ ᠲᠠᠨᠢᠬᠤ᠂ ᠰᠢᠨ᠎ᠡ | ᠡᠨᠧᠷᠭᠢ ᠶᠢᠨ ᠲᠣᠬᠢᠷᠠᠭᠤᠯᠤᠨ ᠬᠦᠷᠭᠡᠬᠦ ᠲᠡᠷᠭᠡ ᠵᠡᠷᠭᠡ ᠪᠡᠯᠡᠳᠬᠡᠮᠵᠢ ᠶᠢ ᠲᠡᠭᠦᠯᠳᠡᠷᠵᠢᠭᠦᠯᠵᠦ᠂ ᠲᠣᠰᠬᠤᠨ ᠤ ᠱᠠᠲᠤᠨ ᠤ | ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠳᠥᠭᠦᠮ ᠳᠥᠲᠡ᠂ ᠡᠯ᠎ᠡ | ᠭᠦᠢᠯᠭᠡᠭᠡᠨ ᠤ ᠭᠤᠣᠯ ᠴᠣᠭᠴᠠ ᠶᠢᠨ ᠠᠭᠤᠰᠤᠯᠴᠠᠨ ᠬᠥᠭᠵᠢᠬᠦ ᠳᠤ ᠠᠰᠢᠭᠲᠠᠢ ᠣᠷᠣᠨ ᠪᠠᠶᠢᠷᠢ ᠳᠤ ᠰᠢᠶᠠᠨ ᠤ | ᠱᠠᠲᠤᠨ ᠳᠤ ᠢᠯᠡᠭᠡᠬᠦ ᠣᠯᠠᠨ ᠨᠡᠶᠢᠲᠡ ᠶᠢᠨ ᠲᠣᠬᠢᠷᠠᠭᠤᠯᠤᠨ ᠬᠦᠷᠭᠡᠬᠦ ᠲᠥᠪ ᠪᠠᠶᠢᠭᠤᠯᠬᠤ ᠶᠢ ᠳᠡᠮᠵᠢᠨ᠎ᠡ᠃ ᠡᠭᠦᠨ ᠤ | ᠬᠠᠮᠲᠤ᠂ ᠬᠥᠳᠡᠭᠡ ᠲᠣᠰᠬᠤᠨ ᠤ ᠠᠶᠠᠨᠴᠢᠳ ᠪᠠᠷᠠᠭ᠎ᠠ ᠰᠢᠤᠳᠠᠨ ᠠᠭᠤᠰᠤᠯᠴᠠᠭᠰᠠᠨ ᠥᠷᠲᠡᠭᠡᠨ ᠤ ᠪᠠᠶᠢᠭᠤᠯᠤᠯᠲᠠ ᠶᠢ | ᠠᠬᠢᠭᠤᠯᠵᠤ᠂ ︽ᠨᠢᠭᠡ ᠥᠷᠲᠡᠭᠡ ᠳᠤ ᠣᠯᠠᠨ ᠴᠢᠳᠠᠪᠤᠷᠢ ᠲᠠᠢ᠂ ᠨᠢᠭᠡ ᠲᠣᠣᠷ ᠲᠤ ᠣᠯᠠᠨ ᠬᠡᠷᠡᠭᠴᠡᠭᠡ ᠲᠠᠢ︾ | ᠪᠠᠶᠢᠬᠤ ᠶᠢ ᠪᠡᠶᠡᠯᠡᠭᠦᠯᠦᠨ᠎ᠡ᠃ ︽ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠣᠶᠤᠨᠲᠤ ᠢᠯᠡᠭᠡᠯᠲᠡ ᠶᠢᠨ | ᠬᠤᠷᠭᠤ ᠶᠢᠨ ᠪᠠᠶᠢᠷᠢᠯᠠᠭᠤᠯᠤᠯᠲᠠ ᠪᠠᠨ ᠲᠡᠭᠦᠯᠳᠡᠷᠵᠢᠭᠦᠯᠬᠦ ᠶᠢ ᠳᠡᠮᠵᠢᠵᠦ᠂ ᠬᠥᠳᠡᠭᠡ ᠲᠣᠰᠬᠤᠨ ᠤ ᠪᠠᠷᠠᠭᠠᠨ ᠤ | ᠭᠦᠢᠯᠭᠡᠭᠡᠨ ᠤ ᠳᠦᠭᠦᠮ ᠤᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃︾ ᠭᠡᠵᠦ ᠳ᠋ᠦᠩ ᠴᠤᠤ ᠬᠡᠯᠡᠪᠡ᠃ | ︱ᠬᠥᠳᠡᠭᠡ ᠲᠣᠰᠬᠤᠨ ᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ | ᠰᠢᠨᠡᠴᠢᠯᠡᠯᠲᠡ ᠬᠥᠭᠵᠢᠯᠲᠡ ᠶᠢ ᠠᠬᠢᠭᠤᠯᠤᠨ᠎ᠠ᠃ ︽ᠰᠠᠨᠠᠯ︾ ᠳᠤ᠂ ᠰᠢᠶᠠᠨ ᠤ ᠬᠡᠪᠴᠢᠶᠡᠨ ᠤ ᠲᠣᠮᠣ ᠬᠡᠯᠪᠡᠷᠢ ᠶᠢᠨ | ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠠᠵᠤ ᠠᠬᠤᠶᠢᠯᠠᠯ ᠵᠡᠷᠭᠡ ᠥᠪᠡᠰᠦᠪᠡᠨ ᠪᠠᠶᠢᠭᠤᠯᠤᠭᠰᠠᠨ ᠪᠠᠷᠠᠭᠠᠨ ᠤ | ᠭᠦᠢᠯᠭᠡᠭᠡᠨ ᠤ ᠳᠠᠪᠠᠭᠤᠯᠢᠭ ᠢ ᠪᠠᠳᠠᠷᠠᠭᠤᠯᠵᠤ᠂ ᠡᠯᠧᠺᠲᠷᠣᠨ ᠬᠤᠳᠠᠯᠳᠤᠭᠠᠨ ᠤ ᠲᠠᠪᠴᠠᠩ ᠪᠠ ᠳᠤᠮᠳᠠ ᠵᠢᠵᠢᠭ | ᠬᠤᠳᠠᠯᠳᠤᠭᠠᠨ ᠤ ᠡᠷᠦᠬᠡ ᠳᠤ ᠬᠠᠨᠳᠤᠭᠤᠯᠤᠨ᠂ ᠭᠡᠷ ᠤᠨ ᠴᠠᠬᠢᠯᠭᠠᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ᠂ | ᠲᠠᠷᠢᠶᠠᠯᠠᠩ ᠤᠨ ᠬᠡᠷᠡᠭᠰᠡᠯ᠂ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠭᠤᠷᠪᠠᠳᠠᠭᠢ ᠡᠲᠡᠭᠡᠳ ᠤᠨ ᠲᠣᠬᠢᠷᠠᠭᠤᠯᠤᠨ | ᠬᠦᠷᠭᠡᠯᠲᠡ ᠶᠢ ᠬᠠᠩᠭᠠᠬᠤ ᠬᠡᠷᠡᠭᠲᠡᠢ᠃ ᠡᠯᠧᠺᠲᠷᠣᠨ ᠬᠤᠳᠠᠯᠳᠤᠭᠠᠨ ᠤ ᠲᠠᠪᠴᠠᠩ᠂ ᠲᠣᠮᠣ ᠬᠡᠯᠪᠡᠷᠢ ᠶᠢᠨ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠨᠥᠬᠦᠴᠡᠯ ᠪᠦᠷᠢᠳᠦᠭᠰᠡᠨ ᠰᠢᠶᠠᠨ ᠤ ᠬᠤᠲᠠ ᠳᠤ ᠲᠡᠷᠡ | ᠳᠠᠷᠤᠢ ᠳᠤ ᠨᠢ ᠵᠢᠵᠢᠭᠯᠡᠨ ᠪᠣᠷᠣᠯᠠᠭᠤᠯᠬᠤ ᠶᠢ ᠬᠥᠭᠵᠢᠭᠦᠯᠵᠦ᠂ ᠲᠤᠬᠠᠢ ᠶᠢᠨ ᠭᠠᠵᠠᠷ ᠤᠨ ᠬᠤᠳᠠᠯᠳᠤᠭᠠᠨ ᠤ ᠬᠡᠲᠦ | ᠳᠡᠯᠭᠡᠭᠦᠷ᠂ ᠲᠥᠬᠦᠮ ᠳᠡᠯᠭᠡᠭᠦᠷ ᠲᠠᠢ ᠵᠣᠯᠭᠠᠭᠤᠯᠤᠨ᠂ ᠡᠷᠬᠢᠨ ᠲᠣᠭᠤᠷᠢᠨ ᠤ ᠵᠠᠬᠢᠶᠠᠯᠠᠭ᠎ᠠ ᠶᠢᠨ ᠬᠡᠷᠡᠭᠴᠡᠭᠡ ᠯᠦᠭᠡ | ᠨᠠᠷᠢᠯᠢᠭ ᠣᠨᠣᠴᠠᠲᠠᠢ ᠪᠠᠷ ᠲᠣᠬᠢᠷᠠᠭᠤᠯᠵᠤ᠂ ᠭᠡᠷ ᠲᠤ ᠨᠢ ᠬᠦᠷᠭᠡᠬᠦ ᠥᠨᠳᠥᠷ ᠪᠦᠲᠦᠮᠵᠢᠲᠡᠶ ᠪᠥᠭᠡᠳ ᠳᠥᠭᠦᠮ | ᠳᠥᠲᠡ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ | ᠵᠢᠶᠠᠩᠰᠤ ᠮᠤᠵᠢ ᠶᠢᠨ ᠰᠢᠦ᠋ᠢᠵᠧᠦ ᠬᠤᠲᠠ ᠶᠢᠨ ᠹᠧᠩ ᠰᠢᠶᠠᠨ ᠤ ᠵᠦ ᠶᠣᠣ ᠰᠢᠨ ᠲᠣᠰᠬᠤᠨ ᠳᠤ ᠪᠠᠶᠢᠭ᠎ᠠ | ᠨᠢᠭᠡᠨ ᠳᠥᠭᠦᠮ ᠳᠡᠯᠭᠡᠭᠦᠷ ᠤᠨ ᠡᠵᠡᠨ ᠶᠠᠩ ᠠᠪᠠᠭ᠋ᠠᠢ ᠰᠤᠷᠪᠤᠯᠵᠢᠯᠠᠭᠴᠢ ᠳᠤ ᠬᠡᠯᠡᠬᠦ ᠳᠤ ᠪᠠᠨ᠂ ᠳᠡᠯᠭᠡᠭᠦᠷ ᠲᠤ ᠪᠠᠨ | ᠬᠤᠳᠠᠯᠳᠤᠭ᠎ᠠ ᠬᠢᠬᠦ ᠶᠢᠨ ᠳᠠᠭᠠᠤ ᠣᠶᠢᠷ᠎ᠠ ᠬᠠᠪᠢ ᠶᠢᠨ ᠢᠯᠡᠭᠡᠯᠲᠡ ᠶᠢᠨ ᠥᠷᠲᠡᠭᠡ ᠪᠣᠯᠵᠤ ᠪᠠᠶᠢᠨ᠎ᠠ ᠭᠡᠵᠡᠢ᠃ ︽ᠮᠠᠨ ᠤ | ᠳᠡᠯᠭᠡᠭᠦᠷ ᠭᠤᠣᠯᠳᠠᠭᠤ ᠱᠦᠨ ᠹᠧᠩ ᠬᠢᠭᠡᠳ ᠵᠢᠩ ᠳ᠋ᠦᠩ ᠤᠨ ᠢᠯᠡᠭᠡᠯᠲᠡ ᠲᠠᠢ ᠵᠣᠯᠭᠠᠯᠳᠤᠳᠠᠭ᠂ ᠣᠶᠢᠷ᠎ᠠ | ᠬᠠᠪᠢ ᠶᠢᠨ ᠰᠠᠭᠤᠭᠠᠯᠢ ᠲᠣᠭᠤᠷᠢᠭ᠂ ᠲᠣᠰᠬᠤᠨ ᠤ ᠰᠠᠭᠤᠭᠠᠯᠢ ᠢᠷᠭᠡᠨ ᠢᠯᠡᠭᠡᠯᠲᠡ ᠪᠠᠨ ᠠᠪᠬᠤ ᠳᠤ ᠴᠥᠮ ᠮᠠᠨ ᠤ | ᠠᠳᠡ ᠢᠷᠡᠵᠦ ᠳ᠋ᠤᠭᠠᠷ ᠢᠶᠠᠷ ᠢᠶᠠᠨ ᠠᠪᠬᠤ ᠪᠣᠯᠬᠤᠷ ᠳᠥᠭᠦᠮ ᠮᠥᠷᠲᠡᠭᠡᠨ ᠪᠤᠷᠤᠭᠤ ᠠᠮᠠᠷᠬᠠᠨ ᠭᠠᠷᠬᠤ ᠦᠭᠡᠢ | ᠶᠤᠮ᠃︾ ᠭᠡᠵᠦ ᠶᠠᠩ ᠠᠪᠠᠭ᠋ᠠᠢ ᠬᠡᠯᠡᠪᠡ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠦᠢᠯᠭᠡᠭᠡᠨ ᠤ ᠬᠥᠭᠵᠢᠭᠦᠯᠦᠯᠲᠡ ᠶᠢᠨ ᠵᠤᠷᠭᠠᠨ ᠤ | ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ︽ᠰᠠᠨᠠᠯ︾ ᠨᠢ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠳᠤ | ᠲᠤᠯᠭᠠᠷᠠᠵᠤ ᠪᠠᠶᠢᠭ᠎ᠠ ᠰᠠᠭᠤᠷᠢ ᠪᠡᠯᠡᠳᠬᠡᠮᠵᠢ ᠪᠦᠷᠢᠨ ᠪᠤᠰᠤ᠂ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ | ᠬᠤᠴᠤᠷᠤᠩᠭᠤᠢ ᠪᠠᠶᠢᠬᠤ ᠵᠡᠷᠭᠡ ᠪᠣᠳᠠᠲᠠᠢ ᠠᠰᠠᠭᠤᠳᠠᠯ ᠠᠴᠠ ᠡᠭᠦᠰᠴᠦ᠂ ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠶᠢ | ᠬᠠᠨᠳᠤᠯᠭ᠎ᠠ ᠲᠠᠢ ᠪᠠᠷ ᠳᠤᠷᠠᠳᠤᠨ ᠭᠠᠷᠭᠠᠭᠰᠠᠨ ᠨᠢ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠶᠢ ᠡᠷᠴᠢᠮᠵᠢᠭᠦᠯᠬᠦ ᠲᠦᠪᠰᠢᠨ ᠢ ᠰᠠᠶᠢᠵᠢᠷᠠᠭᠤᠯᠬᠤ ᠳᠤ ᠠᠰᠢᠭᠲᠠᠢ ᠮᠥᠷᠲᠡᠭᠡᠨ ᠨᠠᠩ ᠴᠤ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠳᠤᠲᠠᠭᠳᠠᠯ ᠢ ᠴᠢᠷᠮᠠᠶᠢᠨ ᠨᠥᠬᠦᠪᠦᠷᠢᠯᠡᠵᠦ᠂ ᠬᠥᠳᠡᠭᠡ | ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠳᠤ | ᠠᠰᠢᠭᠲᠠᠢ ᠶᠤᠮ ᠭᠡᠵᠡᠢ᠃ | ᠬᠥᠳᠡᠭᠡ ᠲᠣᠰᠬᠤᠨ ᠤ ᠳ᠋ᠢᠭᠢᠲ᠋ᠠᠯᠴᠢᠯᠠᠭᠰᠠᠨ ᠬᠡᠷᠡᠭᠯᠡᠭᠡᠨ ᠤ ᠪᠠᠶᠢᠳᠠᠯ ᠢ ᠲᠦᠷᠭᠡᠳᠬᠡᠨ ᠪᠣᠶᠢᠵᠢᠭᠤᠯᠤᠨ᠎ᠠ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠬᠥᠭᠵᠢᠯᠲᠡ ᠳᠤ ᠨᠡᠩ ᠬᠦᠴᠦᠨ ᠨᠡᠮᠡᠷᠢᠯᠡᠬᠦ ᠶᠢᠨ | ᠲᠥᠯᠥᠭᠡ᠂ ︽ᠰᠠᠨᠠᠯ︾ ᠳᠤ ᠪᠠᠰᠠ ᠬᠥᠳᠡᠭᠡ ᠲᠣᠰᠬᠤᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ | ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠢᠭᠲᠤᠷᠢᠬᠤ ᠶᠢ ᠠᠬᠢᠭᠤᠯᠵᠤ᠂ ᠡᠯᠧᠺᠲᠷᠣᠨ ᠬᠤᠳᠠᠯᠳᠤᠭ᠎ᠠ ᠬᠢᠭᠡᠳ | ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠪᠥᠬᠦ ᠲᠠᠯ᠎ᠠ ᠶᠢᠨ᠂ ᠪᠥᠬᠦ | ᠬᠡᠯᠬᠢᠶᠡᠨ ᠤ ᠭᠦᠨᠵᠡᠭᠡᠢ ᠠᠭᠤᠰᠤᠯᠴᠠᠯ ᠢ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ | ︽ᠰᠠᠨᠠᠯ︾ ᠳᠤ᠂ ᠰᠢᠶᠠᠨ ᠤ ᠬᠡᠪᠴᠢᠶᠡᠨ ᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ | ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ ᠭᠡᠵᠦ ᠳᠤᠷᠠᠳᠪᠠ᠃ ᠰᠢᠭᠤᠳ ᠨᠡᠪᠲᠡᠷᠡᠭᠦᠯᠭᠡ ᠶᠢᠨ ᠡᠯᠧᠺᠲᠷᠣᠨ | ᠬᠤᠳᠠᠯᠳᠤᠭᠠᠨ ᠤ ᠲᠠᠪᠴᠠᠩ᠂ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢ ᠲᠡᠳᠡᠨ ᠣᠷᠣᠭᠤᠯᠵᠤ᠂ ᠪᠠᠷᠠᠭ᠎ᠠ | ᠰᠣᠩᠭᠤᠵᠤ ᠳᠡᠯᠭᠡᠨ ᠦᠵᠡᠭᠦᠯᠬᠦ᠂ ᠠᠭᠤᠯᠭ᠎ᠠ ᠦᠢᠯᠡᠳᠬᠦ᠂ ᠳ᠋ᠠᠶᠢᠲ᠋ᠠ ᠵᠠᠳᠠᠯᠬᠤ᠂ ᠰᠢᠭᠤᠳ ᠨᠡᠪᠲᠡᠷᠡᠭᠦᠯᠭᠡ ᠶᠢᠨ ᠠᠬᠤᠢ | ᠲᠠᠯᠠᠪᠠᠶ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ ᠲᠠᠢ ᠬᠤᠯᠪᠤᠭᠠᠯᠠᠨ ᠰᠢᠭᠤᠳ ᠨᠡᠪᠲᠡᠷᠡᠭᠦᠯᠭᠡ ᠶᠢᠨ ᠪᠦᠯᠬᠦᠮ ᠨᠡᠶᠢᠲᠡ ᠶᠢᠨ ᠨᠡᠪᠴᠢᠭᠦᠯᠦᠯᠲᠡ ᠶᠢ | ᠴᠢᠩᠭᠠᠳᠬᠠᠵᠤ᠂ ᠨᠢᠭᠡ ᠪᠦᠯᠦᠭ ᠴᠢᠳᠠᠮᠵᠢ ᠪᠠᠷ ᠪᠦᠷᠢᠨ ᠲᠡᠭᠦᠯᠳᠡᠷ᠂ ᠣᠨᠴᠠᠯᠢᠭ ᠢᠶᠠᠷ ᠲᠣᠪᠣᠶᠢᠮ᠎ᠠ᠂ ᠳᠠᠶᠢᠴᠢᠯᠠᠬᠤ | ᠬᠦᠴᠦᠨ ᠢᠶᠠᠷ ᠴᠢᠩᠭ᠎ᠠ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠰᠠᠭᠤᠷᠢᠨ ᠭᠠᠵᠠᠷ ᠢ | ᠪᠠᠶᠢᠭᠤᠯᠤᠨ᠎ᠠ᠃ | ︽ᠰᠠᠨᠠᠯ︾ ᠳᠤ᠂ ᠬᠥᠳᠡᠭᠡ ᠲᠣᠰᠬᠤᠨ ᠤ ᠳ᠋ᠢᠭᠢᠲ᠋ᠠᠯ ᠬᠡᠷᠡᠭᠯᠡᠭᠡᠨ ᠤ ᠠᠬᠤᠢ ᠪᠠᠶᠢᠳᠠᠯ ᠢ ᠪᠣᠶᠢᠵᠢᠭᠤᠯᠬᠤ ᠬᠡᠷᠡᠭᠲᠡᠢ | ᠭᠡᠵᠦ ᠱᠠᠭᠠᠷᠳᠠᠪᠠ᠃ 5G᠂ ᠬᠢᠮᠡᠯ ᠣᠶᠤᠨ᠂ ᠰᠦᠯᠵᠢᠶ᠎ᠡ ᠪᠠᠷ ᠲᠥᠯᠥᠬᠦ ᠵᠡᠷᠭᠡ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ | ᠨᠥᠬᠦᠴᠡᠯ ᠪᠦᠷᠢᠳᠦᠭᠰᠡᠨ ᠬᠥᠳᠡᠭᠡ ᠲᠣᠰᠬᠤᠨ ᠤ ᠬᠤᠳᠠᠯᠳᠤᠭᠠᠨ ᠤ ᠲᠣᠣᠷ ᠴᠡᠭ ᠲᠤ ᠳ᠋ᠢᠭᠢᠲ᠋ᠠᠯᠴᠢᠯᠠᠭᠰᠠᠨ | ᠥᠭᠡᠷᠡᠴᠢᠯᠡᠯᠲᠡ ᠬᠢᠵᠦ᠂ ᠣᠯᠠᠨ ᠵᠦᠢᠯ ᠤᠨ ᠬᠡᠷᠡᠭᠯᠡᠭᠡᠨ ᠤ ᠠᠬᠤᠢ ᠪᠠᠶᠢᠳᠠᠯ ᠢ ᠪᠣᠶ ᠪᠣᠯᠭᠠᠨ᠂ ᠰᠦᠯᠵᠢᠶ᠎ᠡ ᠪᠠᠷ | ᠵᠠᠬᠢᠶᠠᠯᠠᠵᠤ ᠳᠡᠯᠭᠡᠭᠦᠷ ᠠᠴᠠ ᠠᠪᠬᠤ᠂ ᠲᠦᠭᠦᠬᠡᠢ᠂ ᠰᠣᠷᠭᠤᠭ ᠢᠳᠡᠭᠡᠨ ᠢ ᠰᠢᠭᠤᠳ ᠬᠦᠷᠭᠡᠬᠦ ᠵᠡᠷᠭᠡ ᠦᠢᠯᠡᠴᠢᠯᠡᠭᠡ ᠶᠢ | ᠥᠷᠨᠢᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠣᠶᠢᠯᠠᠭᠠᠯᠲᠠ ᠶᠢ ᠪᠠᠶᠠᠯᠢᠭᠵᠢᠭᠤᠯᠤᠨ᠎ᠠ᠃ | ︽ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠯᠤᠰ | ᠢᠷᠡᠭᠡᠳᠦᠢ ᠲᠠᠢ ᠶᠤᠮ᠂ ᠳ᠋ᠢᠭᠢᠲ᠋ᠠᠯ ᠠᠵᠤ ᠠᠬᠤᠢ ᠶᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠨᠢ ︿ᠲᠠᠷᠢᠶᠠᠴᠢᠨ᠂ ᠲᠠᠷᠢᠶᠠᠯᠠᠩ᠂ ᠬᠥᠳᠡᠭᠡ ᠲᠣᠰᠬᠤᠨ﹀ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠵᠠᠢ᠃︾ ᠳ᠋ᠦᠩ ᠴᠤᠤ᠂ ᠬᠥᠳᠡᠭᠡ ᠲᠣᠰᠬᠤᠨ ᠤ ᠡᠯᠧᠺᠲᠷᠣᠨ | ᠬᠤᠳᠠᠯᠳᠤᠭᠠᠨ ᠤ ᠬᠥᠭᠵᠢᠯᠲᠡ ᠶᠢ ᠳ᠋ᠢᠭᠢᠲ᠋ᠠᠯ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ︽ᠳ᠋ᠢᠭᠢᠲ᠋ᠠᠯ | ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ︾ ᠢᠨᠵᠧᠨᠧᠷᠢᠩ ᠵᠡᠷᠭᠡ ᠲᠠᠢ ᠪᠦᠲᠦᠮᠵᠢᠲᠡᠢ ᠤᠶᠠᠯᠳᠤᠭᠤᠯᠵᠤ᠂ ᠨᠢᠭᠡ | ᠴᠣᠭᠴᠠᠵᠢᠭᠤᠯᠤᠨ ᠬᠡᠷᠡᠭᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠬᠥᠳᠡᠭᠡ ᠲᠣᠰᠬᠤᠨ ᠤ ᠡᠯᠧᠺᠲᠷᠣᠨ | ᠬᠤᠳᠠᠯᠳᠤᠭᠠᠨ ᠤ ᠬᠥᠭᠵᠢᠯᠲᠡ ᠶᠢᠨ ᠬᠤᠯᠪᠣᠯᠳᠤᠬᠤ ᠴᠢᠨᠠᠷ᠂ ᠲᠣᠬᠢᠷᠠᠯᠴᠠᠬᠤ ᠴᠢᠨᠠᠷ ᠢ ᠴᠢᠩᠭᠠᠳᠬᠠᠵᠤ᠂ ᠬᠥᠳᠡᠭᠡ | ᠲᠣᠰᠬᠤᠨ ᠤ ᠡᠯᠧᠺᠲᠷᠣᠨ ᠬᠤᠳᠠᠯᠳᠤᠭᠠᠨ ᠤ ᠶᠡᠭᠡ ᠬᠥᠭᠵᠢᠯᠲᠡ ᠪᠠᠷ ᠬᠥᠳᠡᠭᠡ ᠲᠣᠰᠬᠤᠨ ᠤ ᠶᠡᠭᠡ ᠵᠠᠬ᠎ᠠ | ᠳᠡᠯᠭᠡᠭᠦᠷ ᠢ ᠬᠥᠭᠵᠢᠭᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠦᠷ᠎ᠡ | ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ |