ᠤᠷᠭᠤᠮᠠᠯ ᠢ ᠬᠠᠮᠠᠭᠠᠯᠠᠬᠤ ᠵᠢᠯᠣᠭᠤᠴᠢ ᠦᠭᠡᠢ ᠨᠢᠰᠬᠡᠯ ᠢᠶᠠᠷ ᠡᠮ ᠣᠷᠣᠭᠤᠯᠬᠤ ᠳᠤ ᠲᠥᠬᠦᠮ ᠲᠦᠳᠡ᠂ | ᠠᠵᠢᠯ ᠤᠨ ᠦᠷ᠎ᠡ ᠪᠦᠲᠦᠮᠵᠢ ᠥᠨᠳᠥᠷ ᠪᠠᠶᠢᠵᠤ᠂ ᠨᠢᠭᠡᠨᠲᠡ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ | ᠰᠡᠷᠭᠡᠶᠢᠯᠡᠨ ᠡᠵᠡᠮᠳᠡᠬᠦ ᠴᠢᠬᠤᠯᠠ ᠠᠷᠭ᠎ᠠ ᠪᠠᠷᠢᠯ ᠪᠣᠯᠤᠭᠰᠠᠨ ᠪᠣᠯᠪᠠᠴᠤ ᠬᠡᠷᠡᠭᠯᠡᠬᠦ ᠳᠤᠮᠳᠠ ᠪᠠᠨ ᠳᠣᠣᠷᠠᠬᠢ | ᠠᠰᠠᠭᠤᠳᠠᠯ ᠢ ᠠᠩᠬᠠᠷᠬᠤ ᠬᠡᠷᠡᠭᠲᠡᠢ᠄ | 1.ᠡᠮ ᠣᠷᠣᠭᠤᠯᠬᠤ ᠣᠷᠴᠢᠨ ᠲᠣᠭᠤᠷᠢᠨ ᠤ ᠠᠶᠤᠯ ᠦᠭᠡᠢ ᠪᠠᠶᠢᠬᠤ᠃ ᠠᠵᠢᠯᠯᠠᠬᠤ ᠠᠴᠠ ᠡᠮᠦᠨ᠎ᠡ ᠡᠷᠬᠢᠨ | ᠲᠣᠭᠤᠷᠢᠨ ᠤ ᠣᠷᠴᠢᠨ ᠲᠣᠭᠤᠷᠢᠨ ᠢ ᠪᠠᠶᠢᠴᠠᠭᠠᠵᠤ᠂ ᠪᠠᠶᠢᠭ᠎ᠠ ᠣᠷᠣᠨ ᠪᠦᠰᠡ ᠨᠢ ᠵᠢᠯᠣᠭᠤᠴᠢ ᠦᠭᠡᠢ ᠨᠢᠰᠬᠡᠯ ᠢᠶᠠᠷ | ᠠᠵᠢᠯᠯᠠᠬᠤ ᠨᠥᠬᠦᠴᠡᠯ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠳᠠᠯᠳᠠ ᠠᠶᠤᠯ ᠲᠦᠭᠰᠢᠭᠦᠷᠢ ᠶᠢ ᠶᠡᠷᠦᠩᠬᠡᠶᠢᠯᠡᠨ | ᠦᠨᠡᠯᠡᠨ ᠵᠢᠱᠢᠵᠦ᠂ ᠮᠠᠨᠠᠨ ᠤᠰᠤ ᠶᠢᠨ ᠬᠥᠪᠪᠦᠵᠦ ᠫᠠᠶᠢᠰᠠ ᠶᠢᠨ ᠪᠤᠰᠤ ᠠᠰᠢᠭᠲᠠᠢ ᠠᠮᠢᠳᠤ ᠪᠣᠳᠠᠰ ᠤᠨ ᠬᠤᠣᠷ | ᠬᠥᠨᠥᠭᠡᠯ ᠪᠠ ᠡᠷᠬᠢᠨ ᠲᠣᠭᠤᠷᠢᠨ ᠤ ᠰᠡᠷᠭᠡᠭ ᠲᠠᠷᠢᠮᠠᠯ ᠤᠨ ᠡᠮ ᠤᠨ ᠬᠤᠣᠷ ᠬᠥᠨᠥᠭᠡᠯ ᠤᠴᠠᠷᠠᠭᠤᠯᠬᠤ ᠶᠢ | ᠰᠡᠷᠭᠡᠶᠢᠯᠡᠬᠦ ᠬᠡᠷᠡᠭᠲᠡᠢ᠃ | 2.ᠠᠵᠢᠯ ᠤᠨ ᠫᠠᠷᠠᠮᠧᠲᠷ ᠤᠨ ᠪᠠᠶᠢᠷᠢᠯᠠᠭᠤᠯᠤᠯᠲᠠ᠃ ᠡᠪᠡᠳᠴᠢᠨ ᠬᠤᠷᠣᠬᠠᠢ ᠶᠢᠨ ᠭᠠᠮᠰᠢᠭ ᠡᠭᠦᠰᠬᠦ ᠲᠥᠷᠥᠯ | ᠵᠦᠢᠯ᠂ ᠣᠷᠣᠨ ᠪᠠᠶᠢᠷᠢ ᠵᠢᠴᠢ ᠬᠥᠨᠥᠭᠡᠯ ᠤᠨ ᠬᠡᠮᠵᠢᠶ᠎ᠡ᠂ ᠲᠠᠷᠢᠮᠠᠯ ᠤᠨ ᠲᠥᠷᠥᠯ ᠵᠦᠢᠯ ᠪᠣᠯᠣᠨ ᠦᠷᠡᠵᠢᠯ ᠤᠨ | ᠬᠤᠭᠤᠴᠠᠭ᠎ᠠ᠂ ᠡᠮ ᠤᠨ ᠲᠤᠰᠠᠯᠠᠬᠤ ᠡᠮ ᠤᠨ ᠲᠥᠷᠥᠯ ᠵᠦᠢᠯ ᠵᠡᠷᠭᠡ ᠶᠢ ᠦᠨᠳᠦᠰᠦᠯᠡᠨ᠂ ᠲᠠᠯᠠᠪᠠᠶ ᠨᠢᠭᠡᠴᠢ ᠶᠢᠨ ᠡᠮ | ᠣᠷᠣᠭᠤᠯᠬᠤ ᠰᠢᠩᠭᠡᠨ ᠪᠡᠶᠡᠲᠦ ᠶᠢᠨ ᠬᠡᠮᠵᠢᠶ᠎ᠡ ᠶᠢ ᠲᠣᠭᠲᠠᠭᠠᠵᠤ᠂ ᠤᠷᠭᠤᠮᠠᠯ ᠢ ᠬᠠᠮᠠᠭᠠᠯᠠᠬᠤ ᠳᠤ ᠲᠣᠬᠢᠷᠠᠬᠤ | ᠵᠢᠯᠣᠭᠤᠴᠢ ᠦᠭᠡᠢ ᠨᠢᠰᠬᠡᠯ ᠤᠨ ᠬᠡᠯᠪᠡᠷᠢ ᠶᠢ ᠰᠤᠩᠭᠤᠵᠤ᠂ ᠰᠣᠩᠭᠤᠬᠤ ᠳᠤ ᠲᠣᠬᠢᠷᠠᠬᠤ ᠨᠢᠰᠬᠡᠯ ᠤᠨ ᠬᠡᠯᠪᠡᠷᠢ ᠳᠤ | ᠣᠯᠠᠨ ᠡᠷᠭᠢᠯᠳᠦᠭᠡ ᠵᠢᠭᠦᠷ ᠪᠣᠯᠣᠨ ᠳᠠᠩ ᠡᠷᠭᠢᠯᠳᠦᠭᠡ ᠵᠢᠭᠦᠷ ᠢ ᠪᠠᠭᠲᠠᠭᠠᠵᠤ᠂ ᠲᠣᠬᠢᠷᠠᠮᠵᠢᠲᠠᠢ ᠨᠢᠰᠦᠯᠲᠡ ᠶᠢᠨ | ᠥᠨᠳᠥᠷ᠂ ᠬᠤᠷᠳᠤᠴᠠ ᠪᠣᠯᠣᠨ ᠪᠦᠲᠦᠮᠵᠢᠲᠡᠶ ᠰᠦᠷᠴᠢᠭᠦᠷ ᠵᠡᠷᠭᠡ ᠪᠣᠯᠵᠣᠯᠲᠤ ᠲᠤᠭ᠎ᠠ ᠶᠢ ᠲᠣᠭᠲᠠᠭᠠᠬᠤ ᠶᠢᠨ ᠬᠠᠮᠲᠤ | ᠲᠥᠯᠦᠪᠵᠢᠭᠦᠯᠭᠡ ᠶᠢᠨ ᠠᠶᠠᠯᠠᠯ ᠤᠨ ᠱᠤᠭᠤᠮ ᠢ ᠲᠥᠯᠥᠪᠵᠢᠭᠦᠯᠬᠦ ᠬᠡᠷᠡᠭᠲᠡᠢ᠃ | 3.ᠡᠮ ᠨᠠᠶᠢᠷᠠᠯᠭ᠎ᠠ ᠶᠢᠨ ᠬᠡᠯᠪᠡᠷᠢ ᠶᠢᠨ ᠰᠣᠩᠭᠤᠯᠲᠠ᠃ ᠤᠷᠭᠤᠮᠠᠯ ᠢ ᠬᠠᠮᠠᠭᠠᠯᠠᠬᠤ ᠵᠢᠯᠣᠭᠤᠴᠢ ᠦᠭᠡᠢ | ᠨᠢᠰᠬᠡᠯ ᠤᠨ ᠲᠤᠰᠬᠠᠢ ᠬᠡᠷᠡᠭᠯᠡᠬᠦ ᠡᠮ ᠤᠨ ᠬᠡᠯᠪᠡᠷᠢ ᠶᠢ ᠤᠷᠢᠳᠠᠪᠠᠷ ᠰᠣᠩᠭᠤᠵᠤ᠂ ᠳᠠᠷᠠᠭ᠎ᠠ ᠨᠢ ᠪᠢᠴᠢᠯ ᠠᠭᠤᠷᠠᠭ ᠡᠳ᠋᠂ | ᠠᠭᠤᠰᠤᠮᠠᠬᠠᠢ ᠡᠳ᠋᠂ ᠳᠡᠭᠳᠡᠮᠡᠯ ᠬᠥᠪᠥᠮᠡᠯ ᠡᠳ᠋᠂ ᠬᠠᠭᠤᠷᠠᠢ ᠬᠥᠪᠥᠮᠡᠯ ᠡᠳ᠋᠂ ᠤᠰᠤᠨ ᠠᠭᠤᠷᠠᠭ ᠡᠳ᠋᠂ ᠠᠭᠤᠷᠠᠭ ᠲᠣᠰᠣ᠂ | ᠲᠣᠰᠣᠯᠢᠭ ᠡᠳ᠋ ᠵᠡᠷᠭᠡ ᠨᠠᠶᠢᠷᠠᠯᠭ᠎ᠠ ᠶᠢᠨ ᠬᠡᠯᠪᠡᠷᠢ ᠪᠣᠯᠣᠨ᠎ᠠ᠂ ᠡᠰᠡᠬᠦᠯ᠎ᠡ ᠦᠨᠳᠦᠷ ᠲᠠᠷᠠᠬᠠᠢ ᠴᠢᠭᠢᠭᠯᠢᠭ ᠨᠤᠨᠳᠠᠭ ᠪᠠ | ᠤᠰᠤ ᠲᠠᠷᠠᠬᠠᠢ ᠮᠥᠬᠦᠯᠢᠭ ᠡᠳ᠋ ᠢ ᠡᠩ ᠲᠡᠷᠢᠭᠦᠨ ᠳᠤ ᠰᠣᠩᠭᠤᠵᠤ᠂ ᠰᠦᠷᠴᠢᠭᠦᠷ ᠢ ᠪᠦᠭᠯᠡᠵᠦ ᠰᠦᠷᠴᠢᠬᠦ ᠪᠠ | ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠢ᠃ | 4.ᠡᠮ ᠨᠠᠶᠢᠷᠠᠭᠤᠯᠤᠨ ᠵᠣᠬᠢᠶᠠᠬᠤ᠃ ᠱᠣᠰᠢᠭ᠎ᠠ ᠲᠡᠮᠳᠡᠭ ᠢᠶᠠᠷ ᠡᠮ ᠬᠡᠷᠡᠭᠯᠡᠬᠦ ᠶᠢ ᠲᠣᠳᠣᠷᠬᠠᠶᠢᠯᠠᠵᠤ᠂ ᠬᠡᠷᠡᠭᠯᠡᠬᠦ | ᠡᠮ ᠤᠨ ᠬᠡᠮᠵᠢᠶ᠎ᠡ ᠪᠣᠯᠣᠨ ᠡᠮ ᠤᠨ ᠰᠢᠩᠭᠡᠨ ᠤ ᠥᠳᠬᠡᠴᠡ ᠶᠢ ᠳᠤᠷ᠎ᠠ ᠪᠠᠷ ᠢᠶᠠᠨ ᠨᠡᠮᠡᠭᠳᠡᠭᠦᠯᠵᠦ ᠪᠣᠯᠬᠤ ᠦᠭᠡᠢ᠂ | ᠬᠤᠶᠠᠳᠠᠭᠢ ᠤᠳᠠᠭ᠎ᠠ ᠪᠤᠯ ᠨᠠᠶᠢᠷᠠᠭᠰᠠᠨ ᠡᠮ ᠢᠶᠠᠨ ᠰᠢᠩᠭᠡᠯᠡᠬᠦ ᠶᠢᠨ ᠳᠠᠭᠠᠤ ᠳᠠᠷᠤᠢ ᠳᠤᠨᠢ ᠬᠡᠷᠡᠭᠯᠡᠬᠦ ᠬᠡᠷᠡᠭᠲᠡᠢ︔ | ᠡᠮ ᠤᠨ ᠰᠢᠩᠭᠡᠨ ᠳᠤ ᠵᠣᠬᠢᠬᠤ ᠬᠡᠮᠵᠢᠶᠡᠨ ᠤ ᠰᠦᠷᠴᠢᠬᠦ ᠲᠤᠰᠠᠯᠠᠭᠴᠢ ᠡᠮ ᠨᠡᠮᠡᠬᠦ ᠶᠢᠨ ᠬᠠᠮᠲᠤ ᠬᠤᠯᠢᠯᠳᠤᠭᠤᠯᠤᠨ | ᠵᠢᠭᠳᠡ ᠪᠠᠶᠢᠯᠭᠠᠵᠤ᠂ ᠲᠠᠷᠢᠶᠠᠨ ᠡᠮ ᠤᠨ ᠡᠮ ᠤᠨ ᠰᠢᠩᠭᠡᠨ ᠤ ᠴᠢᠳᠠᠪᠬᠢ ᠶᠢ ᠰᠠᠶᠢᠵᠢᠷᠠᠭᠤᠯᠬᠤ ᠳᠤ ᠬᠡᠷᠡᠭᠯᠡᠵᠦ᠂ ᠮᠠᠨᠠᠨ | ᠪᠠᠭᠤᠵᠤ ᠰᠠᠭᠤᠬᠤ᠂ ᠬᠡᠶᠢᠰᠴᠦ ᠰᠢᠯᠵᠢᠬᠦ ᠶᠢ ᠡᠰᠡᠷᠭᠦᠴᠡᠬᠦ᠂ ᠠᠭᠤᠷᠰᠢᠭᠤᠯᠬᠤ ᠶᠢ ᠡᠰᠡᠷᠭᠦᠴᠡᠬᠦ ᠵᠡᠷᠭᠡ ᠴᠢᠳᠠᠪᠬᠢ ᠶᠢ | ᠳᠡᠭᠡᠭᠰᠢᠯᠡᠬᠦᠯᠬᠦ ᠬᠡᠷᠡᠭᠲᠡᠢ᠃ | 5.ᠠᠵᠢᠯᠯᠠᠬᠤ ᠴᠠᠭ ᠠᠭᠤᠷ ᠤᠨ ᠨᠥᠬᠦᠴᠡᠯ᠃ ᠰᠠᠯᠬᠢᠨ ᠤ ᠬᠦᠴᠦ ᠨᠢ ᠭᠤᠷᠪᠠᠨ ᠲᠠᠰ ᠤᠨ ᠳᠣᠲᠣᠷ᠎ᠠ᠂ | ᠳᠤᠯᠠᠭᠠᠨ ᠤ ᠬᠡᠮᠵᠢᠶ᠎ᠡ ᠨᠢ 12 ~ 30 ᠭᠷᠡᠳᠦ᠋ᠰ᠂ ᠬᠠᠷᠢᠴᠠᠩᠭᠤᠢ ᠴᠢᠭᠢᠭ ᠤᠨ ᠬᠡᠮᠵᠢᠶ᠎ᠡ ᠨᠢ 40% ᠠᠴᠠ ᠳᠡᠭᠡᠭᠰᠢ | ᠡᠮ ᠣᠷᠣᠭᠤᠯᠬᠤ ᠠᠵᠢᠯ ᠥᠷᠨᠢᠭᠦᠯᠬᠦ ᠶᠢ ᠰᠠᠨᠠᠭᠤᠯᠵᠤ ᠪᠠᠶᠢᠨ᠎ᠠ᠃ | 6.ᠡᠮ ᠣᠷᠤᠭᠤᠯᠬᠤ ᠠᠵᠢᠯᠯᠠᠭᠠᠨ ᠤ ᠠᠶᠤᠯ ᠦᠭᠡᠢ ᠪᠠᠶᠢᠬᠤ᠃ ᠰᠡᠷᠡᠮᠵᠢ ᠶᠢᠨ ᠫᠠᠶᠢᠰᠠ ᠪᠣᠰᠬᠠᠵᠤ᠂ ᠷᠠᠳᠢᠣ᠋ | ᠨᠡᠪᠲᠡᠷᠡᠭᠦᠯᠭᠡ ᠪᠠᠷ ᠠᠵᠢᠯᠯᠠᠬᠤ ᠴᠠᠭ ᠢ ᠮᠡᠳᠡᠭᠳᠡᠵᠦ᠂ ᠠᠵᠢᠯᠯᠠᠬᠤ ᠭᠠᠵᠠᠷ ᠲᠤ ᠬᠠᠮᠢᠶ᠎ᠠ ᠦᠭᠡᠢ ᠬᠥᠮᠥᠨ ᠣᠷᠣᠬᠤ ᠶᠢ | ᠴᠠᠭᠠᠵᠠᠯᠠᠬᠤ ᠬᠡᠷᠡᠭᠲᠡᠢ︔ ᠵᠢᠯᠣᠭᠤᠴᠢ ᠦᠭᠡᠢ ᠨᠢᠰᠬᠡᠯ ᠨᠢᠰᠴᠦ ᠪᠠᠭᠤᠬᠤ ᠦᠶᠡᠰ ᠬᠠᠷᠰᠢ ᠰᠠᠭᠠᠳ ᠪᠠ ᠬᠥᠮᠥᠰ ᠠᠴᠠ | ᠬᠤᠯᠠ ᠵᠠᠶᠢᠳᠠᠬᠤ ᠬᠡᠷᠡᠭᠲᠡᠢ︔ ᠠᠵᠢᠯᠯᠠᠵᠤ ᠪᠠᠶᠢᠭ᠎ᠠ ᠬᠥᠮᠥᠰ ᠴᠢᠬᠤᠯᠠ ᠪᠦᠬᠦᠢ ᠬᠠᠮᠠᠭᠠᠯᠠᠯᠲᠠ ᠶᠢᠨ ᠬᠡᠷᠡᠭᠰᠡᠯ | ᠡᠮᠦᠰᠴᠦ᠂ ᠰᠦᠷᠴᠢᠬᠦ ᠳᠣᠣᠷ᠎ᠠ ᠪᠠᠶᠢᠷᠢᠨ ᠳᠤ ᠣᠷᠣᠬᠤ ᠠᠴᠠ ᠵᠠᠶᠢᠯᠠᠰᠬᠢᠵᠦ᠂ ᠠᠵᠢᠯᠯᠠᠬᠤ ᠦᠶ᠎ᠡ ᠳᠤ ᠲᠠᠮᠠᠬᠢ ᠲᠠᠲᠠᠬᠤ | ᠪᠠ ᠢᠳᠡᠭᠡᠨ ᠤᠮᠳᠠᠭᠠᠨ ᠢ ᠴᠠᠭᠠᠵᠠᠯᠠᠬᠤ ᠬᠡᠷᠡᠭᠲᠡᠢ᠃ | 7.ᠠᠵᠢᠯ ᠤᠨ ᠦᠷ᠎ᠡ ᠪᠦᠲᠦᠮᠵᠢ ᠶᠢ ᠲᠣᠭᠤᠷᠢᠨ ᠪᠠᠶᠢᠴᠠᠭᠠᠬᠤ᠃ ᠡᠮ ᠣᠷᠤᠭᠤᠯᠵᠤ ᠰᠡᠷᠭᠡᠶᠢᠯᠡᠨ ᠵᠠᠰᠠᠭᠰᠠᠨ ᠤ | ᠳᠠᠷᠠᠭ᠎ᠠ᠂ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠶᠠᠰᠤ ᠴᠢᠨᠠᠷ ᠪᠣᠯᠣᠨ ᠰᠡᠷᠭᠡᠶᠢᠯᠡᠨ ᠵᠠᠰᠠᠭᠰᠠᠨ ᠦᠷ᠎ᠡ | ᠪᠦᠲᠦᠮᠵᠢ ᠶᠢ ᠮᠥᠷᠳᠡᠨ ᠪᠠᠶᠢᠴᠠᠭᠠᠵᠤ᠂ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠪᠠᠷ ᠠᠨᠠᠢ ᠲᠠᠷᠢᠶᠠᠨ ᠭᠠᠵᠠᠷ ᠢ | ᠴᠠᠭ ᠲᠤᠬᠠᠢ ᠳᠤᠨᠢ ᠨᠥᠬᠦᠵᠦ ᠰᠡᠷᠭᠡᠶᠢᠯᠡᠬᠦ ᠬᠡᠷᠡᠭᠲᠡᠢ᠃ |