ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠤᠷᠢᠬᠤ ᠠᠵᠢᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/7/26
      ︽ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯ ᠤᠨ ᠪᠠᠶᠢᠷᠢ ᠶᠢ ᠨᠡᠭᠡᠭᠡᠬᠦ ᠪᠠ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠤᠬᠠᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠲᠦᠯᠦᠪᠵᠢᠭᠦᠯᠭᠡ ᠵᠠᠬᠢᠳᠠᠯ ﹇2020﹈ 253 ᠳ᠋ᠤᠭᠠᠷ ᠲᠣᠭᠠᠲᠤ︶ ᠪᠠ ︽ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠠᠵᠢᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠮᠡᠳᠡᠭᠳᠡᠯ︾ ︵ᠥᠪᠥᠷ ᠰᠢᠨᠵᠢᠯᠡᠬᠦ ᠦᠰᠦᠭ ﹇2020﹈ 48 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ  ᠨᠢ ᠡᠳᠦᠭᠡ ᠨᠡᠶᠢᠭᠡᠮ ᠳᠤ ᠬᠠᠨᠳᠤᠭᠤᠯᠤᠨ 2 ᠨᠡᠷᠡᠰ ᠣᠷᠣᠨ ᠲᠤᠭ᠎ᠠ ᠶᠢᠨ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢ ᠢᠯᠡ ᠪᠠᠷ ᠤᠷᠢᠵᠤ ᠪᠠᠶᠢᠨ᠎ᠠ᠃      ᠨᠢᠭᠡ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ      ᠭᠤᠣᠯ ᠡᠭᠦᠷᠭᠡ ᠬᠠᠷᠢᠭᠤᠴᠠᠯᠭ᠎ᠠ ᠨᠢ ᠰᠤᠳᠤᠯᠭᠠᠨ ᠤ ᠪᠦᠯᠬᠦᠮ ᠢ ᠬᠠᠮᠵᠢᠨ ᠲᠥᠮᠥᠰᠥ ᠶᠢᠨ ᠤᠳᠤᠮᠰᠢᠯ ᠤᠨ ᠡᠭᠦᠯᠳᠡᠷ ᠪᠣᠶᠢᠵᠢᠭᠤᠯᠬᠤ ᠰᠤᠳᠤᠯᠭᠠᠨ ᠤ ᠠᠵᠢᠯ ᠢ ᠪᠡᠶᠡᠯᠡᠭᠦᠯᠵᠦ᠂ ᠰᠤᠳᠤᠯᠭᠠᠨ ᠤ ᠲᠤᠭ᠎ᠠ ᠪᠠᠷᠢᠮᠲᠠ ᠶᠢ ᠴᠤᠭᠯᠠᠭᠤᠯᠬᠤ᠂ ᠡᠮᠬᠢᠯᠡᠬᠦ᠂ ᠵᠠᠳᠠᠯᠬᠤ ᠪᠠ ᠰᠢᠢᠳᠪᠦᠷᠢᠯᠡᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠵᠣᠬᠢᠶᠠᠨ ᠪᠠᠶᠢᠭᠤᠯᠬᠤ ᠪᠠ ᠬᠠᠮᠢᠶᠠᠷᠬᠤ ᠵᠡᠷᠭᠡ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠤᠷᠢᠭᠳᠠᠬᠤ ᠦᠨᠳᠦᠰᠦᠨ ᠱᠠᠭᠠᠷᠳᠠᠯᠭ᠎ᠠ      ︵ᠨᠢᠭᠡ︶ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠢᠶᠠᠷ ᠴᠢᠩᠭ᠎ᠠ᠂ ᠰᠢᠨᠵᠢᠯᠡᠬᠦ ᠤᠬᠠᠭᠠᠨ ᠢ ᠡᠷᠬᠢᠮᠯᠡᠬᠦ ᠵᠣᠷᠢᠭ ᠰᠠᠨᠠᠭ᠎ᠠ ᠲᠠᠢ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠲᠠᠢ ᠪᠠᠶᠢᠵᠤ᠂ ᠤᠷᠤᠭᠰᠢᠯᠠᠨ ᠲᠠᠪᠰᠢᠬᠤ ᠰᠡᠳᠬᠢᠯ ᠲᠠᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠪᠠᠶᠢᠬᠤ ᠬᠡᠷᠡᠭᠲᠡᠢ︔      ︵ᠬᠤᠶᠠᠷ︶ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠣᠯᠣᠨ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠦᠮᠯᠡᠬᠤ ᠬᠡᠷᠡᠭᠲᠡᠢ︔      ︵ᠭᠤᠷᠪᠠ︶ ᠵᠣᠬᠢᠴᠠᠩᠭᠤᠢ ᠠᠵᠢᠯ ᠤᠨ ᠪᠠᠶᠢᠷᠢ ᠶᠢᠨ ᠠᠵᠢᠯ ᠢ ᠡᠭᠦᠷᠭᠡᠯᠡᠬᠦ ᠳᠤ ᠬᠡᠷᠡᠭᠰᠡᠬᠦ ᠲᠤᠰᠬᠠᠢ ᠮᠡᠷᠭᠡᠵᠢᠯ ᠤᠨ ᠮᠡᠳᠡᠯᠭᠡ ᠪᠠ ᠴᠢᠳᠠᠪᠤᠷᠢ ᠬᠡᠪ ᠪᠣᠯᠪᠠᠰᠤᠷᠠᠯ  ᠲᠠᠢ ᠪᠦᠭᠡᠳ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠵᠣᠬᠢᠴᠠᠭᠰᠠᠨ ᠪᠡᠶ᠎ᠡ ᠮᠠᠬᠠᠪᠤᠳ ᠤᠨ ᠨᠥᠬᠦᠴᠡᠯ ᠲᠠᠢ ᠪᠠᠶᠢᠬᠤ ᠬᠡᠷᠡᠭᠲᠡᠢ︔      ︵ᠳᠥᠷᠪᠡ︶ ︽2 ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ︾ ᠠᠵᠢᠯ ᠤᠨ ᠪᠠᠶᠢᠷᠢ ᠶᠢᠨ ᠤᠷᠢᠭᠳᠠᠭᠰᠠᠳ ᠨᠢ 2024 ᠣᠨ ᠤ ᠲᠤᠰ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠳ ᠪᠠᠶᠢᠵᠤ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠠᠵᠢᠯ ᠣᠯᠣᠭᠰᠠᠨ ᠦᠭᠡᠢ ᠭᠡᠷ ᠪᠦᠯᠢ ᠵᠢᠴᠢ ᠲᠤᠰ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠬᠦ ᠵᠡᠮᠳᠡᠭ ᠤᠶᠤᠲᠠᠨ ᠢ ᠡᠩ ᠲᠡᠷᠢᠭᠦᠨ ᠳᠤ ᠪᠣᠳᠤᠯᠬᠢᠯᠠᠨ᠎ᠠ᠃      ᠭᠤᠷᠪᠠ᠂ ᠠᠵᠢᠯ ᠤᠨ ᠪᠠᠶᠢᠷᠢ ᠶᠢᠨ ᠱᠠᠭᠠᠷᠳᠠᠯᠭ᠎ᠠ      ︵ᠨᠢᠭᠡ︶ ᠨᠡᠯᠢᠶᠡᠳ ᠰᠠᠶᠢᠨ ᠦᠰᠦᠭ ᠪᠢᠴᠢᠭ ᠤᠨ ᠴᠢᠳᠠᠪᠤᠷᠢ ᠲᠠᠢ ᠪᠠᠶᠢᠵᠤ᠂ Excel᠂ Word᠂ PowerPoint ᠵᠡᠷᠭᠡ ᠠᠯᠪᠠᠨ ᠠᠵᠢᠯ ᠤᠨ ᠵᠥᠭᠡᠯᠡᠨ ᠲᠣᠨᠤᠭ ᠢ ᠪᠣᠯᠪᠠᠰᠤᠷᠠᠩᠭᠤᠢ ᠬᠡᠷᠡᠭᠯᠡᠵᠦ ᠴᠢᠳᠠᠬᠤ ᠬᠡᠷᠡᠭᠲᠡᠢ᠃      ︵ᠬᠤᠶᠠᠷ︶ ᠰᠠᠶᠢᠨ ᠰᠠᠶᠢᠬᠠᠨ ᠰᠤᠷᠤᠯᠴᠠᠬᠤ ᠴᠢᠳᠠᠪᠤᠷᠢ ᠲᠠᠢ ᠪᠠᠶᠢᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠮᠡᠳᠡᠯᠭᠡ ᠪᠠ ᠲᠤᠷᠰᠢᠯᠲᠠ ᠶᠢᠨ ᠤᠷ᠎ᠠ ᠴᠢᠳᠠᠪᠤᠷᠢ ᠶᠢ ᠪᠦᠷᠢᠯᠳᠦᠭᠦᠯᠵᠦ᠂ ᠰᠠᠶᠢᠨ ᠰᠠᠶᠢᠬᠠᠨ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠵᠣᠷᠢᠭ ᠰᠠᠨᠠᠭ᠎ᠠ ᠪᠠ ᠨᠡᠪᠲᠡᠷᠡᠯᠴᠡᠬᠦ ᠴᠢᠳᠠᠪᠤᠷᠢ ᠲᠠᠢ ᠪᠠᠶᠢᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠡᠳᠦᠷ ᠲᠤᠳᠤᠮ ᠤᠨ ᠠᠵᠢᠯ ᠢ ᠪᠡᠶ᠎ᠡ ᠪᠠᠨ ᠳᠠᠭᠠᠭᠠᠵᠤ ᠪᠡᠶᠡᠯᠡᠭᠦᠯᠵᠦ ᠴᠢᠳᠠᠬᠤ ᠬᠡᠷᠡᠭᠲᠡᠢ᠃      ︵ᠭᠤᠷᠪᠠ︶ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠲᠤᠷᠰᠢᠯᠲᠠ ᠶᠢᠨ ᠰᠤᠳᠤᠯᠤᠯᠲᠠ ᠬᠢᠬᠦ ᠠᠵᠢᠯ ᠢ ᠬᠦᠯᠢᠶᠡᠨ ᠠᠪᠬᠤ ᠶᠢᠨ ᠬᠠᠮᠲᠤ ᠵᠣᠬᠢᠴᠠᠵᠤ᠂ ᠲᠥᠮᠥᠰᠥ ᠶᠢᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠠᠰᠠᠭᠤᠳᠠᠯ ᠪᠠ ᠬᠠᠨᠳᠤᠰᠢ ᠶᠢ ᠣᠶᠢᠯᠠᠭᠠᠭᠰᠠᠳ ᠢ ᠤᠷᠢᠳᠠᠪᠠᠷ ᠪᠣᠳᠤᠯᠬᠢᠯᠠᠨ᠎ᠠ᠃      ᠳᠥᠷᠪᠡ᠂ ᠠᠵᠢᠯᠲᠠᠨ ᠡᠯᠰᠡᠬᠦ ᠠᠵᠢᠯ ᠤᠨ ᠪᠠᠶᠢᠷᠢ᠂ ᠬᠥᠮᠥᠨ ᠤ ᠲᠤᠭ᠎ᠠ ᠵᠢᠴᠢ ᠲᠤᠰᠢᠶᠠᠯ ᠡᠭᠦᠷᠭᠡᠯᠡᠬᠦ ᠨᠥᠬᠦᠴᠡᠯ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ︾ ︵ᠳᠠᠭᠠᠯᠳᠤᠭᠤᠯᠤᠯ 1︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 2︶ ᠳᠤ ᠨᠠᠷᠢᠨ ᠦᠵᠡᠭᠡᠷᠡᠢ᠃      ᠲᠠᠪᠤ᠂ ᠨᠡᠷ᠎ᠡ ᠮᠡᠳᠡᠭᠦᠯᠬᠦ ᠬᠤᠭᠤᠴᠠᠭ᠎ᠠ ᠬᠢᠭᠡᠳ ᠠᠷᠭ᠎ᠠ      ︵ᠨᠢᠭᠡ︶ ᠨᠡᠷ᠎ᠡ ᠮᠡᠳᠡᠭᠦᠯᠬᠦ ᠬᠤᠭᠤᠴᠠᠭ᠎ᠠ᠄ ᠲᠣᠰ ᠡᠳᠦᠷ ᠠᠴᠠ ᠡᠬᠢᠯᠡᠨ 2024 ᠣᠨ ᠤ 8 ᠰᠠᠷ᠎ᠠ ᠶᠢᠨ 8 ᠤ ᠡᠳᠦᠷ ᠪᠣᠯᠲᠠᠯ᠎ᠠ᠃      ︵ᠬᠤᠶᠠᠷ︶ ᠨᠡᠷ᠎ᠡ ᠮᠡᠳᠡᠭᠦᠯᠬᠦ ᠠᠷᠭ᠎ᠠ᠄ ︽ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯ ᠤᠨ ᠪᠠᠶᠢᠷᠢ ᠳᠤ ᠤᠷᠢᠬᠤ ᠨᠡᠷ᠎ᠡ ᠮᠡᠳᠡᠭᠦᠯᠬᠦ ᠬᠦᠰᠦᠨᠦᠭᠲᠦ︾ ᠶᠢ ᠲᠠᠭᠯᠠᠬᠤ ᠶᠢᠨ ᠬᠠᠮᠲᠤ ᠬᠠᠮᠢᠶ᠎ᠠ ᠪᠦᠬᠦᠢ ᠤᠷᠢᠭᠳᠠᠬᠤ ᠮᠠᠲ᠋ᠧᠷᠢᠶᠠᠯ ︵ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ᠂ ᠬᠠᠮᠢᠶ᠎ᠠ ᠪᠦᠬᠦᠢ ᠬᠢᠷᠢ ᠬᠡᠮ ᠤᠨ ᠦᠨᠡᠮᠯᠡᠯ ᠪᠠ ᠭᠡᠷᠡᠴᠢᠯᠡᠬᠦ ᠮᠠᠲ᠋ᠧᠷᠢᠶᠠᠯ︶ ᠰᠢᠷᠪᠢᠯᠲᠡ ᠶᠢᠨ ᠵᠦᠢᠯ ᠢ ᠠᠵᠢᠯᠲᠠᠨ ᠡᠯᠰᠡᠬᠦ ᠠᠵᠢᠯ ᠤᠨ ᠪᠠᠶᠢᠷᠢ ᠳᠤ ᠤᠷᠢᠬᠤ ᠲᠣᠭᠳᠠᠭᠰᠠᠨ ᠢᠮᠧᠯ ᠳᠤ ᠶᠠᠪᠤᠭᠤᠯᠠᠭᠠᠷᠠᠢ᠂ ᠰᠢᠤᠳᠠᠨ ᠤ ᠭᠠᠷᠴᠠᠭ ᠢ ᠨᠢᠭᠡᠳᠦᠯᠲᠡᠢ᠄ 2024 ᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ + ᠣᠪᠣᠭ ᠨᠡᠷ᠎ᠡ᠃      ᠮᠠᠨ ᠤ ᠨᠢᠭᠡᠴᠡ ᠤᠷᠢᠭᠳᠠᠭᠰᠠᠳ ᠤᠨ ᠤᠷᠢᠭᠳᠠᠬᠤ ᠨᠥᠬᠦᠴᠡᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠳ ᠢ ᠨᠢᠭᠤᠷᠲᠠᠨ ᠰᠢᠯᠭᠠᠬᠤ ᠴᠠᠭ ᠲᠤ ᠠᠰ ᠲᠤᠨᠢ ᠮᠡᠳᠡᠭᠳᠡᠵᠦ᠂ ᠨᠢᠭᠤᠷᠲᠠᠨ ᠰᠢᠯᠭᠠᠬᠤ ᠭᠤᠭᠴᠤᠭ᠎ᠠ ᠳᠤ ᠣᠷᠣᠭᠰᠠᠨ ᠦᠭᠡᠢ ᠬᠥᠮᠥᠰ ᠢ ᠳᠠᠬᠢᠵᠤ ᠠᠰ ᠲᠤᠨᠢ ᠮᠡᠳᠡᠭᠳᠡᠬᠦ ᠦᠭᠡᠢ᠃      ᠵᠢᠷᠭᠤᠭ᠎ᠠ᠂ ᠠᠵᠢᠯ ᠤᠨ ᠪᠠᠶᠢᠷᠢ ᠶᠢᠨ ᠣᠯᠭᠤᠮᠵᠢ ᠵᠢᠴᠢ ᠬᠠᠮᠢᠶᠠᠷᠤᠯᠲᠠ      ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯ ᠤᠨ ᠪᠠᠶᠢᠷᠢ  ᠨᠢ ᠲᠦᠷ ᠴᠠᠭ ᠤᠨ ᠴᠢᠨᠠᠷᠲᠠᠢ ᠠᠵᠢᠯ ᠤᠨ ᠪᠠᠶᠢᠷᠢ ᠪᠠᠶᠢᠵᠤ᠂ ᠠᠵᠢᠯ ᠦᠢᠯᠡᠰ ᠤᠨ ᠪᠤᠰᠤ ᠣᠷᠣᠨ ᠲᠤᠭ᠎ᠠ︔ ᠤᠷᠢᠵᠤ ᠬᠡᠷᠡᠭᠯᠡᠬᠦ ᠴᠠᠯᠢᠩ ᠨᠢ ᠲᠤᠬᠠᠢ ᠶᠢᠨ ᠵᠢᠯ ᠤᠨ ᠬᠥᠬᠡᠬᠤᠲᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠯᠭᠠᠬᠤ ᠦᠭᠡᠢ᠃      ᠳᠣᠯᠤᠭ᠎ᠠ᠂ ᠪᠤᠰᠤᠳ ᠵᠦᠢᠯ      ︵ᠨᠢᠭᠡ︶ ᠤᠷᠢᠭᠳᠠᠬᠤ ᠬᠥᠮᠥᠰ ᠤᠨ ᠬᠢᠷᠢ ᠭᠡᠮ ᠤᠨ ᠬᠢᠨᠠᠨ ᠪᠠᠶᠢᠴᠠᠭᠠᠯᠲᠠ ᠶᠢ ᠢᠯᠡ ᠪᠠᠷ ᠤᠷᠢᠬᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠤᠷᠢᠨ ᠡᠯᠰᠡᠬᠦ ᠶᠠᠮᠠᠷᠪᠠ ᠱᠠᠲᠤ ᠦᠶ᠎ᠡ ᠵᠢᠴᠢ ᠲᠤᠷᠰᠢᠨ ᠬᠡᠷᠡᠭᠯᠡᠬᠦ ᠬᠤᠭᠤᠴᠠᠭᠠᠨ ᠳᠤ ᠤᠷᠢᠭᠳᠠᠬᠤ ᠬᠥᠮᠥᠰ ᠨᠢ ᠤᠷᠢᠭᠳᠠᠬᠤ ᠨᠥᠬᠦᠴᠡᠯ ᠯᠦᠭᠡ ᠨᠡᠶᠢᠴᠡᠬᠦ ᠦᠭᠡᠢ ᠪᠤᠶᠤ ᠬᠤᠳᠠᠯ ᠬᠡᠯᠡᠵᠦ ᠬᠠᠭᠤᠷᠮᠠᠭ ᠬᠢᠭᠰᠡᠨ ᠢ ᠣᠯᠵᠤ ᠮᠡᠳᠡᠪᠡᠯ᠂ ᠤᠷᠢᠨ ᠬᠡᠷᠡᠭᠯᠡᠬᠦ ᠬᠢᠷᠢ ᠭᠡᠮ ᠢ ᠨᠢ ᠴᠥᠮ ᠬᠦᠴᠦᠨ ᠦᠭᠡᠢ ᠪᠣᠯᠭᠠᠨ᠎ᠠ᠃      ︵ᠬᠤᠶᠠᠷ︶ ᠡᠯᠰᠡᠭᠰᠡᠨ ᠦᠷ᠎ᠡ ᠳ᠋ᠦᠩ ᠢ ᠤᠲᠠᠰᠤ ᠪᠠᠷ ᠮᠡᠳᠡᠭᠳᠡᠨ᠎ᠡ᠂ ᠴᠢᠮᠡᠭᠡ ᠨᠡᠪᠲᠡᠷᠡᠯᠭᠡ ᠶᠢᠨ ᠠᠷᠭ᠎ᠠ ᠪᠠᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠭᠠᠷᠠᠢ᠃ ᠬᠡᠷᠪᠡ ᠤᠷᠢᠭᠳᠠᠭᠰᠠᠳ ᠨᠢ ᠲᠣᠭᠲᠠᠭᠰᠠᠨ ᠴᠠᠭ ᠤᠨ ᠳᠣᠲᠣᠷ᠎ᠠ ᠬᠤᠯᠪᠣᠭᠳᠠᠯ ᠪᠦᠬᠦᠢ ᠳᠡᠰ ᠳᠠᠷᠠᠭᠠᠯᠠᠯ ᠢᠶᠠᠨ ᠪᠡᠶᠡᠯᠡᠭᠦᠯᠦᠭᠰᠡᠨ ᠦᠭᠡᠢ ᠪᠣᠯ ᠡᠷᠬᠡ ᠪᠠᠨ ᠬᠠᠶᠠᠭᠰᠠᠨ ᠢᠶᠠᠷ ᠦᠵᠡᠨ᠎ᠡ᠃      ︵ᠭᠤᠷᠪᠠ︶ ᠲᠣᠰ ᠤᠳᠠᠭᠠᠨ ᠤ ᠤᠷᠢᠵᠤ ᠡᠯᠰᠡᠬᠦ ᠡᠷᠬᠡ ᠶᠢ ᠣᠷᠣᠭᠤᠯᠤᠨ ᠠᠪᠴᠢᠷᠠᠬᠤ ᠭᠤᠣᠯ ᠴᠣᠭᠴᠠ᠂ ᠠᠯᠪᠠᠨ ᠵᠠᠷ ᠲᠤ ᠳᠠᠭᠤᠰᠤᠭᠠᠳᠤᠢ ᠤᠴᠢᠷ ᠶᠠᠪᠤᠳᠠᠯ ᠵᠢᠴᠢ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠢ  ᠳᠤᠨᠢ ᠠᠰᠠᠭᠤᠨ ᠯᠠᠪᠯᠠᠭᠠᠷᠠᠢ᠃      ᠨᠠᠢᠮᠠ᠂ ᠬᠠᠷᠢᠯᠴᠠᠬᠤ ᠠᠷᠭ᠎ᠠ      ᠬᠠᠷᠢᠯᠴᠠᠬᠤ ᠤᠲᠠᠰᠤ᠄ 13948433812      ᠢᠮᠧᠯ᠄ 294181309@qq.com       ᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠲᠤᠰᠠᠯᠠᠬᠤ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠬᠢ ᠶᠢᠨ ᠬᠦᠰᠦᠨᠦᠭᠲᠦ      ᠳᠠᠭᠠᠯᠳᠤᠭᠤᠯᠤᠯ 2᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠲᠤᠰᠠᠯᠠᠬᠤ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠬᠦ ᠬᠦᠰᠦᠨᠦᠭᠲᠦ                     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                     ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ                          2024 ᠣᠨ ᠤ 7 ᠰᠠᠷ᠎ᠠ ᠶᠢᠨ 25 ᠤ ᠡᠳᠦᠷ
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map