ᠵᠣᠨ ᠤ ᠤᠯᠠᠷᠢᠯ ᠤᠨ ᠠᠭᠠᠷ ᠤᠨ ᠳᠤᠯᠠᠭᠠᠨ ᠨᠡᠯᠢᠶᠡᠳ ᠥᠨᠳᠥᠷ ᠪᠠᠶᠢᠬᠤ ᠨᠢ ᠠᠯᠠᠰᠢᠨ ᠦᠬᠡᠷ ᠲᠤ ᠠᠪᠴᠤ | ᠬᠡᠯᠡᠪᠡᠯ ᠮᠠᠰᠢ ᠶᠡᠭᠡ ᠰᠢᠯᠭᠠᠯᠲᠠ ᠪᠣᠯᠣᠨ᠎ᠠ᠂ ᠤᠴᠢᠷ ᠨᠢ ᠵᠣᠨ ᠤ ᠤᠯᠠᠷᠢᠯ ᠤᠨ ᠥᠨᠳᠥᠷ ᠳᠤᠯᠠᠭᠠᠨ᠂ ᠢᠯᠠᠭ᠎ᠠ | ᠪᠠᠲᠠᠭᠠᠨ᠎ᠠ ᠵᠡᠷᠭᠡ ᠰᠢᠯᠲᠠᠭᠠᠨ ᠠᠴᠠ ᠠᠯᠠᠰᠢᠨ ᠦᠬᠡᠷ ᠤᠨ ᠢᠳᠡᠭᠡᠨ ᠤ ᠳᠤᠷᠠᠰᠢᠯ ᠮᠠᠭᠤᠳᠠᠳᠠᠭ᠂ ᠡᠶᠢᠮᠦ ᠠᠴᠠ ᠵᠣᠨ ᠤ | ᠤᠯᠠᠷᠢᠯ ᠳᠤ ᠬᠠᠮᠢᠶᠠᠷᠤᠯᠲᠠ ᠵᠣᠬᠢᠰ ᠦᠭᠡᠢ ᠪᠣᠯ ᠠᠯᠠᠰᠢᠨ ᠦᠬᠡᠷ ᠠᠮᠠᠷᠬᠠᠨ ᠡᠴᠡᠳᠡᠭ᠂ ᠳᠣᠣᠷ᠎ᠠ ᠪᠢᠳᠡ ᠵᠣᠨ ᠤ | ᠤᠯᠠᠷᠢᠯ ᠳᠤ ᠠᠯᠠᠰᠢᠨ ᠦᠬᠡᠷ ᠤᠨ ᠪᠣᠷᠳᠣᠵᠤ ᠲᠠᠷᠭᠤᠯᠠᠭᠤᠯᠬᠤ ᠠᠷᠭ᠎ᠠ ᠶᠢ ᠲᠠᠨᠢᠯᠴᠠᠭᠤᠯᠵᠤ ᠣᠯᠠᠨ ᠳᠤ ᠯᠠᠪᠯᠠᠯᠲᠠ | ᠪᠣᠯᠭᠠᠶ᠎ᠠ᠃ | 1. ᠮᠣᠳᠣᠨ ᠤ ᠰᠡᠭᠦᠳᠡᠷ ᠢᠶᠠᠷ ᠬᠠᠯᠠᠭᠤᠨ ᠢ ᠬᠠᠯᠬᠠᠯᠠᠨ᠂ ᠰᠠᠯᠬᠢ ᠵᠢᠪᠠᠷ ᠨᠡᠪᠲᠡᠷᠡᠭᠦᠯᠦᠨ ᠤᠰᠤ ᠰᠦᠷᠴᠢᠵᠦ | ᠤᠬᠢᠶᠠᠨ᠎ᠠ | ᠤᠮᠠᠷᠠᠲᠤ ᠣᠷᠣᠨ ᠳᠤ ᠠᠯᠠᠰᠢᠨ ᠦᠬᠡᠷ ᠤᠨ ᠬᠠᠰᠢᠶ᠎ᠠ ᠶᠢᠨ ᠣᠯᠠᠩᠬᠢ ᠨᠢ ᠬᠠᠭᠠᠰ ᠪᠢᠲᠡᠭᠦᠮᠵᠢᠯᠡᠭᠰᠡᠨ | ᠬᠡᠯᠪᠡᠷᠢ ᠲᠠᠢ ᠪᠠᠶᠢᠵᠤ᠂ ᠲᠡᠭᠦᠨ ᠤ ᠬᠡᠷᠡᠯ ᠬᠠᠯᠬᠠᠯᠠᠬᠤ ᠦᠢᠯᠡᠳᠦᠯ ᠨᠢ ᠨᠡᠯᠢᠶᠡᠳ ᠰᠠᠶᠢᠨ ᠪᠠᠶᠢᠳᠠᠭ᠃ ᠦᠬᠡᠷ ᠤᠨ | ᠬᠠᠰᠢᠶᠠᠨ ᠤ ᠬᠤᠭᠤᠷᠣᠨᠳᠤ ᠮᠣᠳᠣ ᠵᠠᠶᠢᠯᠠᠬᠤ ᠪᠤᠶᠤ ᠵᠡᠯ᠎ᠡ ᠤᠷᠭᠤᠮᠠᠯ ᠢ ᠳᠠᠷᠢᠪᠠᠯ ᠬᠠᠯᠠᠭᠤᠨ ᠢ ᠬᠠᠯᠬᠠᠯᠠᠳᠠᠭ᠃ ᠰᠠᠯᠬᠢ | ᠨᠡᠪᠲᠡᠷᠡᠬᠦ ᠴᠢᠨᠠᠷ ᠢ ᠨᠡᠮᠡᠭᠳᠡᠭᠦᠯᠬᠦ ᠶᠢᠨ ᠲᠥᠯᠥᠭᠡ᠂ ᠬᠠᠰᠢᠶ᠎ᠠ ᠰᠠᠷᠠᠪᠴᠢᠨ ᠳᠤ ᠰᠡᠩᠰᠡ ᠤᠭᠰᠠᠷᠠᠵᠤ᠂ ᠠᠭᠠᠷ ᠤᠨ | ᠤᠷᠤᠰᠬᠠᠯ ᠢ ᠨᠡᠮᠡᠭᠳᠡᠭᠦᠯᠦᠨ᠂ ᠰᠠᠷᠠᠪᠴᠢ ᠶᠢᠨ ᠳᠤᠯᠠᠭᠠᠨ ᠢ ᠳᠣᠷᠣᠭᠰᠢᠯᠠᠭᠤᠯᠤᠨ᠎ᠠ᠃ ᠪᠠᠰᠠ ᠤᠰᠤᠨ ᠰᠦᠷᠴᠢᠭᠦᠷ ᠤᠨ | ᠲᠥᠬᠦᠭᠡᠷᠦᠮᠵᠢ ᠶᠢ ᠤᠭᠰᠠᠷᠠᠵᠤ᠂ ᠠᠭᠠᠷ ᠤᠨ ᠳᠤᠯᠠᠭᠠᠨ ᠥᠨᠳᠥᠷ ᠮᠥᠷᠲᠡᠭᠡᠨ ᠬᠠᠭᠤᠷᠠᠢ ᠦᠶ᠎ᠡ ᠳᠤ ᠤᠰᠤᠨ | ᠰᠦᠷᠴᠢᠭᠦᠷ ᠢ ᠰᠡᠩᠰᠡ ᠲᠠᠢ ᠬᠠᠮᠲᠤ ᠳᠤᠨᠢ ᠬᠡᠷᠡᠭᠯᠡᠨ᠎ᠡ᠃ | 2. ᠡᠳᠦᠷ ᠤᠨ ᠲᠡᠵᠢᠭᠡᠯ ᠪᠣᠷᠳᠣᠭᠠᠨ ᠳᠤ ᠲᠣᠬᠢᠷᠠᠭᠤᠯᠤᠯᠲᠠ ᠬᠢᠵᠦ᠂ ᠴᠠᠬᠢᠯᠭᠠᠨ ᠵᠠᠳᠠᠯᠤᠭᠳᠠᠬᠤᠨ ᠢ | ᠵᠣᠬᠢᠰᠲᠠᠢ ᠨᠥᠬᠦᠪᠦᠷᠢᠯᠡᠬᠦ ᠬᠡᠷᠡᠭᠲᠡᠢ | ᠠᠭᠠᠭᠢᠮ᠎ᠠ ᠬᠠᠯᠠᠭᠤᠨ ᠵᠤᠨ ᠤ ᠤᠯᠠᠷᠢᠯ ᠳᠤ ᠡᠳᠦᠷ ᠤᠨ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠤᠨ | ᠠᠭᠤᠯᠤᠭᠳᠠᠴᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ᠂ ᠪᠦᠳᠦᠭᠦᠨ ᠰᠢᠷᠬᠡᠭᠯᠢᠭ ᠲᠡᠵᠢᠭᠡᠯ ᠤᠨ ᠬᠡᠮᠵᠢᠶ᠎ᠡ ᠶᠢ | ᠪᠠᠭᠠᠰᠬᠠᠵᠤ᠂ ᠤᠭᠤᠷᠠᠭ ᠪᠣᠯᠣᠨ ᠴᠡᠪᠡᠷ ᠡᠨᠧᠷᠭᠢ ᠶᠢ ᠰᠢᠩᠭᠡᠬᠡᠨ ᠠᠪᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠡᠳᠦᠷ ᠤᠨ ᠲᠡᠵᠢᠭᠡᠯ ᠪᠣᠷᠳᠣᠭᠠᠨ ᠳᠠᠬᠢ ᠤᠭᠤᠷᠠᠭ ᠤᠨ ᠠᠭᠤᠯᠤᠭᠳᠠᠴᠠ ᠶᠢ 1%—2% ᠢᠶᠠᠷ ᠨᠡᠮᠡᠭᠳᠡᠭᠦᠯᠵᠦ᠂ | ᠡᠨᠧᠷᠭᠢ ᠶᠢᠨ ᠲᠡᠵᠢᠭᠡᠯ ᠪᠣᠷᠳᠤᠭ᠎ᠠ ᠶᠢ ᠬᠠᠷᠢᠴᠠᠩᠭᠤᠢ ᠪᠠᠷ ᠪᠠᠭᠠᠰᠬᠠᠵᠤ᠂ ᠴᠢᠳᠠᠬᠤ ᠶᠢᠨ ᠬᠢᠷᠢ ᠪᠠᠷ ᠨᠣᠭᠤᠭᠠᠨ | ᠰᠢᠭᠦᠰᠦᠯᠢᠭ ᠲᠡᠵᠢᠭᠡᠯ ᠪᠣᠷᠳᠤᠭ᠎ᠠ ᠪᠠᠷ ᠢᠯᠡᠭᠦᠬᠡᠨ ᠲᠡᠵᠢᠭᠡᠵᠦ᠂ ᠢᠯᠴᠢ ᠶᠢᠨ ᠬᠤᠷᠣᠭᠳᠠᠯ ᠢ ᠪᠠᠭᠠᠰᠬᠠᠨ᠎ᠠ᠃ | ᠠᠮᠢᠰᠬᠤᠭ᠎ᠠ ᠪᠠ ᠬᠥᠯᠥᠰᠦ ᠭᠠᠷᠬᠤ ᠬᠡᠮᠵᠢᠶ᠎ᠡ ᠨᠡᠮᠡᠭᠳᠡᠳᠡᠭ ᠠᠴᠠ ᠴᠠᠬᠢᠯᠭᠠᠨ ᠵᠠᠳᠠᠯᠤᠭᠳᠠᠬᠤᠨ ᠪᠠ ᠸᠢᠲ᠋ᠠᠮᠢᠨ ᠢ | ᠵᠣᠬᠢᠬᠤ ᠬᠡᠮᠵᠢᠶ᠎ᠡ ᠪᠠᠷ ᠨᠥᠬᠦᠪᠦᠷᠢᠯᠡᠪᠡᠯ ᠵᠣᠬᠢᠨ᠎ᠠ᠃ ᠵᠣᠨ ᠤ ᠤᠯᠠᠷᠢᠯ ᠤᠨ ᠥᠨᠳᠥᠷ ᠬᠠᠯᠠᠭᠤᠨ ᠳᠤ᠂ ᠠᠯᠠᠰᠢᠨ | ᠦᠬᠡᠷ ᠤᠨ ᠣᠯᠠᠩᠬᠢ ᠨᠢ ᠰᠥᠨᠢ ᠳᠤᠯᠠᠭᠠᠨ ᠤ ᠬᠡᠮᠵᠢᠶ᠎ᠡ ᠨᠡᠯᠢᠶᠡᠳ ᠳᠣᠣᠷ᠎ᠠ ᠦᠶ᠎ᠡ ᠳᠤ ᠬᠥᠳᠡᠯᠭᠡᠭᠡᠨ ᠬᠢᠵᠦ | ᠢᠳᠡᠰᠢᠯᠡᠨ᠎ᠡ᠂ ᠣᠷᠣᠢ ᠠᠮᠠᠷᠠᠬᠤ ᠠᠴᠠ ᠡᠮᠦᠨ᠎ᠡ᠂ ᠠᠯᠠᠰᠢᠨ ᠦᠬᠡᠷ ᠤᠨ ᠬᠠᠰᠢᠶᠠᠨ ᠳᠤ ᠲᠡᠵᠢᠭᠡᠯ ᠪᠣᠷᠳᠣᠭᠠᠨ ᠤ | ᠵᠦᠢᠯ ᠢᠶᠠᠨ ᠭᠦᠢᠴᠡᠳ ᠬᠢᠪᠡᠯ ᠪᠣᠯᠴᠢᠬᠠᠨ᠎ᠠ᠃ ᠠᠯᠠᠰᠢᠨ ᠦᠬᠡᠷ ᠢᠳᠡᠭᠰᠡᠨ ᠤ ᠳᠠᠷᠠᠭ᠎ᠠ᠂ ᠨᠢᠭᠡ ᠡᠳᠦᠷ ᠲᠤ 18 ᠴᠠᠭ | ᠤᠨᠲᠠᠵᠤ ᠲᠠᠶᠢᠯᠤᠨ᠎ᠠ᠂ ᠡᠨᠡ ᠨᠢ ᠠᠯᠠᠰᠢᠨ ᠦᠬᠡᠷ ᠤᠨ ᠬᠦᠨᠳᠦ ᠶᠢᠨ ᠨᠡᠮᠡᠭᠳᠡᠯ ᠳᠤ ᠠᠰᠢᠭᠲᠠᠢ᠃ ᠠᠯᠠᠰᠢᠨ ᠦᠬᠡᠷ ᠢ | ᠵᠣᠨ ᠤ ᠤᠯᠠᠷᠢᠯ ᠤᠨ ᠥᠨᠳᠥᠷ ᠬᠠᠯᠠᠭᠤᠨ ᠳᠤ ᠮᠠᠰᠢ ᠲᠦᠷᠭᠡᠨ ᠢᠶᠠᠷ ᠲᠠᠷᠭᠤᠯᠠᠭᠤᠯᠤᠶᠠ ᠭᠡᠪᠡᠯ᠂ ᠣᠷᠣᠢ ᠪᠦᠷᠢ 3 | ᠤᠳᠠᠭ᠎ᠠ ᠲᠡᠵᠢᠭᠡᠬᠦ ᠠᠷᠭ᠎ᠠ ᠶᠢ ᠬᠡᠷᠡᠭᠯᠡᠵᠦ᠂ ᠣᠷᠣᠢ ᠶᠢᠨ 7 ᠴᠠᠭ᠂ ᠰᠥᠨᠢ ᠶᠢᠨ 11 ᠴᠠᠭ᠂ ᠥᠷᠯᠥᠭᠡ ᠶᠢᠨ 4 | ᠴᠠᠭ ᠲᠤ ᠲᠣᠰ ᠪᠦᠷᠢ ᠨᠢᠭᠡ ᠤᠳᠠᠭ᠎ᠠ ᠲᠡᠵᠢᠭᠡᠯ ᠪᠣᠷᠳᠤᠭ᠎ᠠ ᠢᠳᠡᠭᠦᠯᠵᠦ᠂ ᠡᠳᠦᠷ ᠲᠡᠭᠡᠨ ᠦᠳᠡ ᠶᠢᠨ ᠡᠮᠦᠨᠡᠬᠢ 10 | ᠴᠠᠭ ᠪᠠ ᠦᠳᠡ ᠶᠢᠨ ᠬᠤᠶᠢᠨᠠᠬᠢ 2 ᠴᠠᠭ ᠬᠠᠭᠠᠰ ᠲᠤ ᠲᠣᠰ ᠪᠦᠷᠢ 0.5% ᠶᠢᠨ ᠳᠠᠪᠤᠰᠤ ᠲᠠᠢ ᠤᠰᠤ ᠪᠠᠷ ᠨᠢᠭᠡ | ᠤᠳᠠᠭ᠎ᠠ ᠤᠰᠤᠯᠠᠪᠠᠯ ᠪᠣᠯᠴᠢᠬᠠᠨ᠎ᠠ᠃ | 3. ᠥᠨᠳᠥᠷ ᠬᠠᠯᠠᠭᠤᠨ ᠠᠴᠠ ᠵᠠᠶᠢᠯᠠᠵᠤ ᠲᠡᠵᠢᠭᠡᠨ ᠠᠷᠠᠴᠢᠯᠠᠵᠤ᠂ ᠣᠯᠠᠨ ᠲᠡᠵᠢᠭᠡᠵᠦ ᠣᠯᠠᠨ ᠤᠰᠤᠯᠠᠨ᠎ᠠ | ᠦᠬᠡᠷ ᠤᠨ ᠢᠳᠡᠰᠢ ᠠᠪᠤᠭᠰᠠᠨ ᠤ ᠳᠠᠷᠠᠭᠠᠬᠢ 2—3 ᠴᠠᠭ ᠪᠣᠯ ᠢᠯᠴᠢ ᠶᠢᠨ ᠡᠨᠧᠷᠭᠢ ᠶᠢᠨ | ᠦᠢᠯᠡᠳᠪᠦᠷᠢᠯᠡᠯ ᠤᠨ ᠣᠷᠭᠢᠯ ᠤᠨ ᠬᠤᠭᠤᠴᠠᠭ᠎ᠠ ᠮᠥᠨ᠂ ᠡᠶᠢᠮᠦ ᠠᠴᠠ ᠲᠡᠵᠢᠭᠡᠬᠦ ᠴᠠᠭ ᠤᠨ ᠲᠠᠯ᠎ᠠ ᠪᠠᠷ ᠢᠯᠴᠢ ᠶᠢᠨ | ᠡᠨᠧᠷᠭᠢ ᠶᠢᠨ ᠦᠢᠯᠡᠳᠪᠦᠷᠢᠯᠡᠯ ᠤᠨ ᠣᠷᠭᠢᠯ ᠤᠨ ᠬᠤᠭᠤᠴᠠᠭ᠎ᠠ ᠪᠠ ᠠᠭᠠᠷ ᠤᠨ ᠳᠤᠯᠠᠭᠠᠨ ᠤ ᠣᠷᠭᠢᠯ ᠤᠨ | ᠬᠤᠭᠤᠴᠠᠭ᠎ᠠ ᠳᠠᠪᠬᠤᠴᠠᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠨᠢᠭᠡ ᠡᠳᠦᠷ ᠤᠨ ᠳᠣᠲᠣᠷᠠᠬᠢ ᠳᠤᠯᠠᠭᠠᠨ ᠤ | ᠬᠡᠮᠵᠢᠶ᠎ᠡ ᠬᠠᠷᠢᠴᠠᠩᠭᠤᠢ ᠳᠣᠣᠷ᠎ᠠ ᠴᠠᠭ ᠢ ᠰᠣᠩᠭᠤᠵᠤ ᠲᠡᠵᠢᠭᠡᠬᠦ ᠬᠡᠷᠡᠭᠲᠡᠢ᠃ 60%—70% ᠶᠢᠨ ᠡᠳᠦᠷ ᠤᠨ | ᠲᠡᠵᠢᠭᠡᠯ ᠪᠣᠷᠳᠤᠭ᠎ᠠ ᠶᠢ ᠣᠷᠣᠢ ᠶᠢᠨ 8 ᠴᠠᠭ ᠠᠴᠠ ᠬᠤᠶᠠᠳᠤᠭᠠᠷ ᠡᠳᠦᠷ ᠤᠨ ᠥᠷᠯᠥᠭᠡ ᠶᠢᠨ 8 ᠴᠠᠭ ᠤᠨ | ᠬᠤᠭᠤᠷᠣᠨᠳᠤ ᠲᠡᠵᠢᠭᠡᠵᠦ ᠪᠣᠯᠣᠨ᠎ᠠ᠂ ᠢᠯᠠᠩᠭᠤᠶ᠎ᠠ ᠪᠦᠳᠦᠭᠦᠯᠢᠭ ᠪᠣᠷᠳᠤᠭ᠎ᠠ ᠶᠢ ᠣᠷᠣᠢ ᠶᠢᠨ 8 ᠴᠠᠭ᠂ ᠥᠷᠯᠥᠭᠡ ᠶᠢᠨ | 5 ᠴᠠᠭ ᠠᠴᠠ ᠡᠮᠦᠨ᠎ᠡ ᠲᠣᠬᠢᠷᠠᠭᠤᠯᠵᠤ ᠪᠣᠯᠣᠨ᠎ᠠ᠃ ᠡᠭᠦᠨ ᠤ ᠬᠠᠮᠲᠤ 3 ᠤᠳᠠᠭ᠎ᠠ ᠲᠡᠵᠢᠭᠡᠵᠦ ᠪᠠᠶᠢᠭᠰᠠᠨ ᠢᠶᠠᠨ 4 | ᠤᠳᠠᠭ᠎ᠠ ᠲᠡᠵᠢᠭᠡᠬᠦ ᠪᠣᠯᠭᠠᠨ ᠥᠭᠡᠷᠡᠴᠢᠯᠡᠵᠦ᠂ ᠰᠥᠨᠢ ᠳᠡᠭᠡᠨ ᠨᠢᠭᠡ ᠤᠳᠠᠭ᠎ᠠ ᠨᠥᠬᠦᠵᠦ ᠲᠡᠵᠢᠭᠡᠨ᠎ᠡ᠃ ᠣᠯᠠᠨ | ᠤᠳᠠᠭ᠎ᠠ ᠤᠰᠤᠯᠠᠬᠤ ᠦᠶ᠎ᠡ ᠳᠤ 0.5% ᠶᠢᠨ ᠳᠠᠪᠤᠰᠤ ᠨᠡᠮᠡᠨ᠎ᠡ᠃ ᠵᠣᠨ ᠤ ᠤᠯᠠᠷᠢᠯ ᠳᠤ ᠠᠯᠠᠰᠢᠨ ᠦᠬᠡᠷ ᠤᠨ | ᠤᠤᠭᠤᠬᠤ ᠤᠰᠤ ᠨᠢ ᠨᠡᠯᠢᠶᠡᠳ ᠠᠷᠪᠢᠨ ᠪᠠᠶᠢᠳᠠᠭ᠂ ᠡᠭᠦᠨ ᠤ ᠳᠣᠲᠣᠷ᠎ᠠ ᠬᠥᠬᠦᠭᠦᠯᠵᠦ ᠪᠠᠶᠢᠭ᠎ᠠ ᠠᠯᠠᠰᠢᠨ ᠦᠨᠢᠶ᠎ᠡ | ᠪᠠ ᠲᠤᠭᠤᠯ ᠤᠨ ᠬᠡᠷᠡᠭᠰᠡᠬᠦ ᠤᠰᠤᠨ ᠤ ᠬᠡᠮᠵᠢᠶ᠎ᠡ ᠨᠢ ᠨᠠᠩ ᠶᠡᠭᠡ ᠪᠠᠶᠢᠳᠠᠭ᠂ ᠡᠶᠢᠮᠦ ᠠᠴᠠ ᠵᠣᠨ ᠤ ᠤᠯᠠᠷᠢᠯ ᠳᠤ | ᠰᠢᠩᠭᠡᠨ ᠲᠡᠵᠢᠭᠡᠯ ᠢᠶᠠᠷ ᠲᠡᠵᠢᠭᠡᠪᠡᠯ ᠬᠠᠮᠤᠭ ᠤᠨ ᠰᠠᠶᠢᠨ ᠪᠠᠶᠢᠳᠠᠭ᠃ ᠬᠠᠰᠢᠶᠠᠨ ᠳᠠᠭᠠᠨ ᠰᠠᠪᠠ ᠪᠤᠶᠤ ᠤᠰᠤᠨ | ᠣᠩᠭᠤᠴᠠ ᠲᠠᠯᠪᠢᠵᠤ᠂ ᠴᠠᠭ ᠲᠤᠬᠠᠢ ᠳᠤᠨᠢ ᠴᠡᠪᠡᠷ ᠤᠰᠤ ᠬᠠᠩᠭᠠᠨ᠎ᠠ᠃ ᠥᠨᠳᠥᠷ ᠬᠠᠯᠠᠭᠤᠨ ᠤ ᠪᠠᠶᠢᠳᠠᠯ ᠳᠣᠣᠷ᠎ᠠ᠂ | ᠠᠯᠠᠰᠢᠨ ᠦᠬᠡᠷ ᠤᠨ ᠬᠠᠰᠢᠶᠠᠨ ᠳᠤ ᠨᠢᠭᠡ ᠨᠦᠬᠡ ᠮᠠᠯᠲᠠᠵᠤ᠂ ᠬᠤᠳᠳᠤᠭ ᠤᠨ ᠬᠦᠢᠲᠡᠨ ᠤᠰᠤ ᠶᠢ ᠭᠦᠢᠴᠡᠳ | ᠴᠢᠳᠬᠤᠵᠤ᠂ ᠦᠬᠡᠷ ᠤᠨ ︽ᠬᠥᠯᠪᠡᠷᠢᠬᠦ ᠰᠢᠪᠠᠷ︾ ᠢ ᠬᠠᠩᠭᠠᠨ᠎ᠠ᠂ ᠭᠡᠪᠡᠴᠦ ᠬᠤᠳᠳᠤᠭ ᠤᠨ ᠬᠦᠢᠲᠡᠨ ᠤᠰᠤ ᠶᠢ | ᠰᠢᠭᠤᠳ ᠠᠯᠠᠰᠢᠨ ᠦᠬᠡᠷ ᠤᠨ ᠪᠡᠶ᠎ᠡ ᠳᠡᠭᠡᠷ᠎ᠡ ᠠᠰᠬᠠᠵᠤ ᠶᠠᠭᠠᠬᠢᠭᠰᠠᠨ ᠴᠤ ᠪᠣᠯᠬᠤ ᠦᠭᠡᠢ᠃ | 4. ᠬᠠᠯᠠᠭᠤᠨ ᠢ ᠠᠷᠢᠯᠭᠠᠬᠤ ᠴᠡᠪᠡᠷ ᠪᠣᠷᠳᠤᠭ᠎ᠠ ᠪᠠᠷ ᠢᠯᠡᠭᠦᠬᠡᠨ ᠲᠡᠵᠢᠭᠡᠨ᠎ᠡ | ᠦᠷᠭᠦᠯᠵᠢ ᠲᠣᠬᠢᠶᠠᠯᠳᠤᠳᠠᠭ ᠨᠢ ᠪᠤᠭᠤᠳᠠᠢ ᠶᠢᠨ ᠬᠡᠪᠡᠭ᠂ ᠪᠤᠷᠴᠠᠭ ᠤᠨ ᠪᠣᠣᠪᠤ᠂ ᠯᠣᠬᠠᠱᠧᠩ ᠤᠨ ᠪᠣᠣᠪᠤ᠂ ᠬᠢᠮᠡᠯ | ᠳᠠᠪᠤᠰᠤ᠂ ᠯᠠᠩᠭᠤᠸᠠ ᠵᠡᠷᠭᠡ ᠶᠢ ᠨᠥᠬᠦᠴᠡᠯ ᠢᠶᠠᠨ ᠦᠨᠳᠦᠰᠦᠯᠡᠵᠦ ᠳᠤᠷ᠎ᠠ ᠪᠠᠷ ᠢᠶᠠᠨ ᠨᠡᠮᠡᠵᠦ᠂ ᠰᠢᠰᠢ᠂ ᠬᠠᠲᠠᠭᠠᠮᠠᠯ᠂ | ᠬᠥᠪᠥᠩ ᠤᠨ ᠰᠦᠷᠡᠯ ᠪᠠ ᠪᠠᠵᠢᠮᠠᠭ ᠵᠡᠷᠭᠡ ᠬᠠᠯᠠᠭᠤᠨ ᠴᠢᠨᠠᠷ ᠲᠠᠢ ᠪᠣᠷᠳᠤᠭ᠎ᠠ ᠶᠢ ᠴᠢᠳᠠᠬᠤ ᠶᠢᠨ ᠬᠢᠷᠢ ᠪᠠᠷ ᠪᠠᠭ᠎ᠠ | ᠲᠡᠵᠢᠭᠡᠨ᠎ᠡ᠃ |