ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠨᠢ ᠴᠠᠩᠴᠦ᠋ᠨ ᠤ ᠣᠯᠠᠨ ᠤᠯᠤᠰ ᠤᠨ ᠲᠠᠷᠢᠶᠠᠯᠠᠩ ᠤᠨ ᠦᠵᠡᠭᠦᠯᠭᠡ ᠶᠢᠨ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2024/8/17
      8 ᠰᠠᠷ᠎ᠠ ᠶᠢᠨ 16 ᠤ ᠡᠳᠦᠷ᠂ 2024 ᠣᠨ ᠤ 23 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠴᠠᠩᠴᠦ᠋ᠨ ᠤ ᠣᠯᠠᠨ ᠤᠯᠤᠰ ᠤᠨ ᠲᠠᠷᠢᠶᠠᠯᠠᠩ · ᠢᠳᠡᠭᠡᠨ ᠤ ᠵᠦᠢᠯ ᠤᠨ ᠦᠵᠡᠭᠦᠯᠭᠡ ︵ᠠᠷᠠᠯᠵᠢᠶ᠎ᠠ︶ ᠶᠢᠨ ᠴᠤᠭᠯᠠᠭᠠᠨ ᠦᠪᠡᠳᠡᠭᠰᠢ ᠶᠡᠭᠡ ᠪᠠᠷ ᠡᠬᠢᠯᠡᠪᠡ᠂ ᠥᠪᠥᠷ ᠮᠣᠩᠭᠤᠯ ᠠᠴᠠ ᠢᠷᠡᠭᠰᠡᠨ ᠰᠢᠯᠢᠳᠡᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠲᠣᠰ ᠤᠳᠠᠭᠠᠨ ᠤ ᠦᠵᠡᠭᠦᠯᠭᠡ ᠶᠢᠨ ᠴᠤᠭᠯᠠᠭᠠᠨ ᠳᠡᠭᠡᠷ᠎ᠡ ᠭᠤᠶᠢᠳᠠ ᠰᠠᠶᠢᠬᠠᠨ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠰᠢᠦᠢ ᠳ᠋ᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ 
图片1.png
       ᠲᠤᠰ ᠬᠤᠭᠤᠴᠠᠭᠠᠨ ᠤ ᠴᠠᠩᠴᠦ᠋ᠨ ᠤ ᠲᠠᠷᠢᠶᠠᠯᠠᠩ ᠤᠨ ᠦᠵᠡᠭᠦᠯᠭᠡ ᠶᠢᠨ ᠴᠤᠭᠯᠠᠭᠠᠨ ᠨᠢ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠲᠤᠯ ᠦᠭᠡᠢ ᠬᠥᠭᠵᠢᠯᠲᠡ᠂ ᠰᠣᠯᠢᠯᠴᠠᠭ᠎ᠠ ᠬᠠᠮᠲᠤᠷᠠᠯᠴᠠᠭ᠎ᠠ︾ ᠭᠡᠬᠦ ᠪᠠᠷ ᠭᠤᠣᠯ ᠰᠡᠳᠦᠪ ᠪᠣᠯᠭᠠᠵᠤ᠂ ᠦᠵᠡᠰᠬᠦᠯᠡᠩ ᠤᠨ ᠴᠤᠭᠯᠠᠭᠠᠨ ᠨᠢ ᠠᠷᠪᠠᠨ ᠡᠳᠦᠷ ᠤᠨ ᠬᠤᠭᠤᠴᠠᠭ᠎ᠠ ᠲᠠᠢ ᠪᠠᠷ ᠴᠠᠩᠴᠦ᠋ᠨ ᠤ ᠲᠠᠷᠢᠶᠠᠯᠠᠩ ᠤᠨ ᠦᠵᠡᠭᠦᠯᠭᠡ ᠶᠢᠨ ᠬᠦᠷᠢᠶᠡᠯᠡᠩ ᠳᠤ ᠶᠠᠪᠤᠭᠳᠠᠨ᠎ᠠ᠃ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ᠂ ᠲᠠᠷᠢᠶᠠᠯᠠᠩ ᠤᠨ ᠦᠵᠡᠭᠦᠯᠭᠡ ᠶᠢ ᠳᠡᠯᠭᠡᠨ ᠦᠵᠡᠭᠦᠯᠬᠦ ᠪᠠ ᠲᠠᠷᠢᠶᠠᠯᠠᠩ ᠤᠨ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ ᠲᠦᠭᠡᠮᠡᠯᠵᠢᠭᠦᠯᠬᠦ ᠵᠡᠷᠭᠡ ᠬᠤᠯᠪᠣᠭᠳᠠᠯ ᠪᠦᠬᠦᠢ ᠠᠵᠢᠯᠯᠠᠭ᠎ᠠ ᠪᠠᠷ ᠳᠠᠮᠵᠢᠭᠤᠯᠤᠨ᠂ ᠪᠦᠬᠦ ᠤᠯᠤᠰ ᠤᠨ ᠴᠢᠨᠠᠷ ᠰᠠᠶᠢᠲᠠᠢ ᠲᠠᠷᠢᠶᠠᠯᠠᠩ ᠤᠨ ᠦᠷ᠎ᠡ ᠪᠦᠲᠦᠭᠡᠯ ᠢ ᠳᠡᠯᠭᠡᠷᠡᠭᠦᠯᠵᠦ᠂ ᠬᠢᠷᠢᠨ ᠮᠤᠵᠢ ᠶᠢᠨ ᠭᠠᠳᠠᠨᠠᠬᠢ ᠴᠢᠨᠠᠷ ᠰᠠᠶᠢᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠢ ᠲᠠᠳᠠᠨ ᠣᠷᠣᠭᠤᠯᠤᠨ᠎ᠠ᠃ 20 ᠮᠤᠵᠢ ᠣᠷᠣᠨ ᠬᠤᠳᠠ ᠶᠢᠨ 215 ᠠᠵᠤ ᠠᠬᠤᠶᠢᠯᠠᠯ ᠤᠨ 900 ᠭᠠᠷᠤᠢ ᠲᠦᠷᠦᠯ ᠵᠦᠢᠯ ᠦᠵᠡᠰᠬᠦᠯᠡᠩ ᠳᠤ ᠣᠷᠣᠯᠴᠠᠵᠤ᠂ ᠪᠦᠲᠦᠭᠡᠭᠳᠡᠭᠦᠨ  ᠨᠢ ᠲᠦᠷᠪᠡᠨ ᠵᠦᠭ ᠨᠠᠢᠮᠠᠨ ᠵᠤᠪᠬᠢᠰ ᠢ ᠬᠠᠮᠤᠷᠴᠤ᠂ ᠭᠤᠸᠠᠩᠳᠦ᠋ᠩ  ᠤᠨ ᠰᠢᠷᠢᠰ ᠪᠡᠯᠡᠨ ᠵᠠᠭᠤᠰᠢ ᠪᠠᠶᠢᠬᠤ ᠪᠥᠭᠡᠳ ᠰᠧᠴᠤᠸᠠᠨ ᠴᠦᠩᠴᠢᠩ ᠤᠨ ᠯᠠᠳᠠᠭᠰᠠᠨ ᠠᠮᠳᠠᠳᠤ ᠢᠳᠡᠭᠡᠨ᠂ ᠪᠠᠷᠠᠭᠤᠨ ᠬᠤᠶᠢᠲᠤ ᠶᠢᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠪᠠᠶᠢᠵᠤ᠂ ᠥᠷᠭᠡᠨ ᠤᠯᠠᠨ ᠬᠤᠳᠠ ᠶᠢᠨ ᠠᠷᠠᠳ ᠪᠣᠯᠣᠨ ᠲᠤᠰᠬᠠᠢ ᠮᠡᠷᠭᠡᠵᠢᠯ ᠤᠨ ᠦᠵᠡᠭᠴᠢᠳ ᠤᠨ ᠬᠡᠷᠡᠭᠴᠡᠭᠡ ᠶᠢ ᠬᠠᠩᠭᠠᠵᠤ ᠴᠢᠳᠠᠨ᠎ᠠ᠃ 
图片2.png
       ᠪᠥᠬᠦ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭᠲᠦ ᠰᠣᠳᠣᠨ ᠪᠦᠲᠦᠭᠡᠯ ᠤᠨ ᠣᠷᠳᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨ ︿ᠰᠠᠶᠢᠨ ᠤ ᠳᠣᠲᠣᠷ᠎ᠠ ᠠᠴᠠ ᠰᠢᠯᠢᠳᠡᠭ ᠢ ᠨᠢ ᠰᠣᠩᠭᠤᠬᠤ᠂ ᠰᠢᠯᠢᠳᠡᠭ ᠤᠨ ᠳᠣᠲᠣᠷ᠎ᠠ ᠠᠴᠠ ᠣᠬᠢ ᠶᠢ  ᠨᠢ ᠰᠣᠩᠭᠤᠬᠤ﹀ ᠶᠢ ᠪᠠᠷᠢᠮᠲᠠᠯᠠᠵᠤ᠂ ᠲᠠᠯ᠎ᠠ ᠨᠤᠲᠤᠭ ᠤᠨ ᠵᠠᠩ ᠦᠶᠯᠡ ᠪᠠᠷ ᠪᠢᠯᠬᠠᠭᠰᠠᠨ 60 ᠭᠠᠷᠤᠢ ᠵᠦᠢᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠰᠣᠩᠭᠤᠵᠤ ᠳᠡᠯᠭᠡᠨ ᠦᠵᠡᠭᠦᠯᠪᠡ᠃ ᠲᠣᠰ ᠤᠳᠠᠭᠠᠨ ᠤ ᠦᠵᠡᠰᠬᠦᠯᠡᠩ ᠳᠤ ᠣᠷᠣᠯᠴᠠᠭᠰᠠᠨ ᠪᠦᠲᠦᠭᠡᠭᠳᠡᠬᠦᠨ ᠳᠤ ᠦᠬᠡᠷ ᠬᠤᠨᠢᠨ ᠮᠢᠬ᠎ᠠ᠂ ᠴᠠᠭᠠᠨ ᠢᠳᠡᠭᠡ᠂ ᠣᠨᠴᠠᠯᠢᠭᠲᠤ ᠪᠦᠲᠦᠭᠡᠭᠳᠡᠬᠦᠨ ᠵᠡᠷᠭᠡ ᠣᠯᠠᠨ ᠲᠥᠷᠥᠯ ᠵᠦᠢᠯ ᠪᠠᠭᠲᠠᠵᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ ᠬᠤᠳᠠᠯᠳᠤᠨ ᠠᠪᠬᠤ ᠬᠤᠳᠠᠯᠳᠤᠭᠠᠴᠢᠨ ᠪᠠ ᠦᠵᠡᠰᠬᠦᠯᠡᠩ ᠢ ᠰᠤᠨᠢᠷᠬᠠᠭᠰᠠᠨ ᠦᠵᠡᠭᠴᠢᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃
图片3.png
 
图片4.png
      ᠡᠨᠡ ᠤᠳᠠᠭ᠎ᠠ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠴᠠᠩᠴᠦ᠋ᠨ ᠤ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠭᠰᠠᠨ ᠨᠢ ᠨᠢᠭᠡ ᠤᠳᠠᠭᠠᠨ ᠤ ᠪᠦᠲᠦᠭᠡᠭᠳᠡᠬᠦᠨ ᠤ ᠦᠵᠡᠭᠦᠯᠭᠡ ᠪᠣᠯᠬᠤ ᠪᠠᠷ ᠪᠠᠷᠠᠬᠤ ᠦᠭᠡᠢ᠂ ᠨᠠᠩ ᠴᠤ ᠨᠢᠭᠡ ᠤᠳᠠᠭᠠᠨ ᠤ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠳᠡᠯᠭᠡᠷᠡᠭᠦᠯᠦᠯᠲᠡ ᠪᠠ ᠰᠣᠯᠢᠯᠴᠠᠭ᠎ᠠ ᠬᠠᠮᠲᠤᠷᠠᠯᠴᠠᠭ᠎ᠠ ᠶᠢᠨ ᠠᠵᠠ ᠲᠣᠬᠢᠶᠠᠯ ᠪᠣᠯᠬᠤ ᠶᠤᠮ᠃ ᠡᠯ᠎ᠡ ᠭᠠᠵᠠᠷ ᠤᠨ ᠦᠵᠡᠰᠬᠦᠯᠡᠩ ᠳᠤ ᠣᠷᠣᠯᠴᠠᠭᠰᠠᠨ ᠬᠤᠳᠠᠯᠳᠤᠭᠠᠴᠢᠨ ᠪᠣᠯᠣᠨ ᠦᠵᠡᠭᠴᠢᠳ ᠲᠠᠢ ᠰᠠᠨᠠᠯ ᠢᠶᠠᠨ ᠰᠣᠯᠢᠯᠴᠠᠬᠤ ᠪᠠᠷ ᠳᠡᠮᠵᠢᠨ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠳ ᠵᠠᠬ᠎ᠠ ᠳᠡᠯᠭᠡᠭᠦᠷ ᠢᠶᠠᠨ ᠤᠯᠠᠮ ᠨᠢᠭᠡ ᠠᠯᠬᠤᠮ ᠥᠷᠭᠡᠳᠬᠡᠵᠦ᠂ ᠨᠠᠷᠠᠲᠤ ᠲᠡᠮᠳᠡᠭᠲᠦ ᠶᠢᠨ ᠠᠯᠳᠠᠷᠰᠢᠯ ᠪᠣᠯᠣᠨ ᠨᠥᠯᠥᠭᠡᠯᠡᠬᠦ ᠬᠦᠴᠦᠨ ᠢᠶᠠᠨ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map