ᠪᠤᠭᠤᠲᠤ ᠬᠤᠲᠠ ᠶᠢᠨ ᠭᠦᠶᠠᠩ ᠰᠢᠶᠠᠨ ᠤ ᠡᠨᠡ ᠵᠢᠯ ᠰᠢᠨ᠎ᠡ ᠪᠠᠷ ᠨᠡᠮᠡᠭᠳᠡᠭᠰᠡᠨ 5 ᠲᠥᠷᠥᠯ ᠤᠨ ᠦᠢᠯᠡᠳᠬᠦᠨ‌ᠨᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠰᠤᠩᠭᠤᠭᠳᠠᠪᠠ
ᠨᠡᠶᠢᠲᠡᠯᠡᠭᠰᠡᠨ ᠴᠠᠭ᠄
2024/8/19
      ᠣᠶᠢᠷ᠎ᠠ ᠳᠤ᠂ ᠰᠢᠶᠠᠨ ᠤ ᠱᠠᠲᠤᠨ ᠤ ᠨᠡᠷᠡᠲᠦ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠶᠤᠴᠢᠯᠠᠯ᠂ ᠣᠷᠣᠨ ᠬᠤᠲᠠ ᠶᠢᠨ ᠱᠠᠲᠤ᠂ ᠮᠤᠵᠢ ᠶᠢᠨ ᠱᠠᠲᠤᠨ ᠤ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠪᠠ ᠴᠢᠨᠠᠷᠵᠢᠭᠤᠯᠬᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠪᠠᠶᠢᠭᠤᠯᠤᠮᠵᠢ ᠶᠢᠨ ᠬᠢᠨᠠᠨ ᠬᠠᠷᠭᠤᠭᠤᠯᠤᠯᠲᠠ ᠪᠠᠷ ᠳᠠᠮᠵᠢᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠮᠡᠷᠭᠡᠵᠢᠯ ᠤᠨ ᠬᠢᠨᠠᠨ ᠰᠢᠯᠭᠠᠷᠠᠭᠤᠯᠵᠤ᠂ ᠭᠦᠶᠠᠩ ᠰᠢᠶᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠭᠤᠶᠤᠴᠢᠯᠠᠭᠰᠠᠨ ︽ᠭᠦᠶᠠᠩ ᠤᠨ ᠶᠤᠤᠮᠠᠢ ᠶᠢᠨ ᠭᠤᠯᠢᠷ︾᠂ ︽ᠭᠦᠶᠠᠩ ᠤᠨ ᠰᠠᠭᠠᠭ ᠤᠨ ᠭᠤᠯᠢᠷ︾᠂ ︽ᠭᠦᠶᠠᠩ ᠤᠨ ᠬᠠᠭᠤᠷᠠᠭᠰᠠᠨ ᠪᠤᠳᠠᠭ᠎ᠠ︾᠂ ︽ᠭᠦᠶᠠᠩ ᠤᠨ ᠬᠠᠷ᠎ᠠ ᠭᠠᠭ᠋ᠠᠢ ᠶᠢᠨ ᠮᠢᠬ᠎ᠠ︾᠂ ︽ᠭᠦᠶᠠᠩ ᠤᠨ ᠦᠬᠡᠷ ᠤᠨ ᠪᠣᠷᠴᠠ︾ ᠵᠡᠷᠭᠡ 5 ᠲᠥᠷᠥᠯ ᠤᠨ ᠪᠦᠲᠦᠭᠡᠭᠳᠡᠬᠦᠨ ᠨᠢ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠶᠢ ᠴᠤᠭᠯᠠᠭᠤᠯᠤᠨ ᠲᠡᠮᠳᠡᠭᠯᠡᠬᠦ ᠵᠢᠷᠤᠮᠵᠢᠯ︾ ᠤᠨ ᠱᠠᠭᠠᠷᠳᠠᠯᠭ᠎ᠠ ᠳᠤ ᠨᠡᠶᠢᠴᠡᠬᠦ ᠶᠢ ᠨᠤᠲᠠᠯᠠᠵᠤ᠂ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ︾ ᠤ ᠨᠡᠷᠡᠰ ᠤᠨ ᠵᠢᠭᠰᠠᠭᠠᠯᠲᠠ ᠳᠤ ᠣᠷᠣᠭᠤᠯᠬᠤ ᠪᠠᠷ ᠪᠣᠶ᠃      ᠣᠶᠢᠷ᠎ᠠ ᠶᠢᠨ ᠵᠢᠯ ᠤᠳ ᠲᠤ᠂ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠨᠢ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠨᠢᠭᠡᠨ ᠰᠢᠨ᠎ᠡ ᠨᠡᠷ᠎ᠡ ᠶᠢᠨ ᠬᠠᠭᠤᠳᠠᠰᠤ ᠪᠣᠯᠤᠭᠰᠠᠨ ᠤ ᠬᠤᠪᠢ ᠳᠤ᠂ ᠠᠭᠠᠵᠢᠮ ᠢᠶᠠᠷ ᠬᠡᠷᠡᠭᠯᠡᠭᠴᠢᠳ ᠤᠨ ᠲᠠᠷᠢᠶᠠᠯᠠᠩ ᠤᠨ ᠪᠦᠲᠦᠭᠡᠭᠳᠡᠬᠦᠨ ᠢ ᠰᠣᠩᠭᠤᠬᠤ ᠪᠠᠷᠢᠮᠵᠢᠶ᠎ᠠ ᠶᠢᠨ ᠨᠢᠭᠡ ᠪᠣᠯᠵᠠᠢ᠃ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠭᠡᠳᠡᠭ ᠨᠢ ᠣᠨᠴᠠ ᠲᠣᠭᠲᠠᠭᠰᠠᠨ ᠣᠷᠣᠨ ᠪᠦᠰᠡ ᠶᠢᠨ ᠳᠣᠲᠣᠷ᠎ᠠ ᠦᠢᠯᠡᠳᠪᠦᠷᠢᠯᠡᠵᠦ᠂ ᠵᠣᠬᠢᠬᠤ ᠦᠢᠯᠡᠳᠪᠦᠷᠢᠯᠡᠯ ᠤᠨ ᠬᠡᠪᠴᠢᠶ᠎ᠡ ᠪᠠ ᠲᠠᠸᠠᠷ ᠤᠨ ᠬᠡᠮᠵᠢᠶ᠎ᠡ ᠶᠢ ᠪᠦᠷᠢᠳᠦᠭᠦᠯᠵᠦ᠂ ᠢᠯᠡᠷᠬᠡᠢ ᠣᠷᠣᠨ ᠪᠦᠰᠡ ᠶᠢᠨ ᠣᠨᠴᠠᠯᠢᠭ ᠪᠠ ᠥᠪᠡᠷᠮᠢᠴᠡ ᠰᠢᠮ᠎ᠡ ᠲᠡᠵᠢᠭᠡᠯ ᠤᠨ ᠴᠢᠨᠠᠷ ᠴᠢᠨᠰᠠᠭ᠎ᠠ ᠶᠢᠨ ᠣᠨᠴᠠᠯᠢᠭ ᠲᠠᠢ᠂ ᠲᠣᠭᠲᠠᠪᠤᠷᠢᠲᠠᠢ ᠬᠠᠩᠭᠠᠯᠭ᠎ᠠ ᠶᠢᠨ ᠬᠡᠮᠵᠢᠶ᠎ᠡ ᠪᠠ ᠬᠡᠷᠡᠭᠯᠡᠭᠡᠨ ᠤ ᠵᠠᠬ᠎ᠠ ᠳᠡᠯᠭᠡᠭᠦᠷ ᠲᠠᠢ᠂ ᠤᠯᠠᠨ ᠨᠡᠶᠢᠲᠡ ᠶᠢᠨ ᠮᠡᠳᠡᠷᠡᠮᠵᠢ ᠶᠢᠨ ᠬᠡᠮᠵᠢᠶ᠎ᠡ ᠪᠠ ᠨᠡᠷ᠎ᠡ ᠠᠯᠳᠠᠷ ᠤᠨ ᠬᠡᠮᠵᠢᠶ᠎ᠡ ᠪᠠᠷ ᠥᠨᠳᠥᠷ ᠪᠠᠶᠢᠵᠤ᠂ ᠡᠭᠦᠨ ᠤ ᠬᠠᠮᠲᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠢᠶᠠᠷ ᠳᠠᠮᠵᠢᠭᠤᠯᠤᠨ ᠠᠯᠪᠠᠨ ᠵᠠᠷ ᠨᠡᠶᠢᠲᠡᠯᠡᠭᠦᠯᠦᠭᠰᠡᠨ ᠪᠠ ᠦᠨᠡᠮᠯᠡᠯ ᠣᠯᠭᠤᠭᠰᠠᠨ ᠠᠶᠤᠯᠭᠦᠢ ᠪᠠᠶᠢᠬᠤ᠂ ᠴᠢᠨᠠᠷ ᠰᠠᠶᠢᠲᠠᠢ᠂ ᠰᠢᠮ᠎ᠡ ᠲᠡᠵᠢᠭᠡᠯ ᠲᠠᠢ᠂ ᠡᠷᠡᠭᠦᠯ ᠴᠢᠭᠢᠷᠠᠭ ᠲᠠᠷᠢᠶᠠᠯᠠᠩ ᠤᠨ ᠪᠦᠲᠦᠭᠡᠭᠳᠡᠬᠦᠨ ᠢ ᠵᠢᠭᠠᠵᠤ ᠪᠠᠶᠢᠨ᠎ᠠ᠃ ᠣᠲᠣ ᠪᠣᠯᠲᠠᠯ᠎ᠠ᠂ ᠡᠨᠡ ᠵᠢᠯ ᠰᠢᠨ᠎ᠡ ᠪᠠᠷ 5 ᠨᠡᠮᠡᠭᠳᠡᠵᠦ᠂ ᠮᠠᠨ ᠤ ᠰᠢᠶᠠᠨ ᠨᠢᠭᠡᠨᠲᠡ ᠨᠡᠶᠢᠲᠡ 14 ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠭᠡᠷᠡᠴᠢᠯᠡᠭᠰᠡᠨ ᠪᠠᠶᠢᠨ᠎ᠠ᠃      ᠥᠷᠭᠡᠨ ᠠᠭᠤᠳᠠᠮ ᠭᠦᠶᠠᠩ ᠤᠨ ᠬᠡᠭᠡᠷ᠎ᠡ ᠲᠠᠯ᠎ᠠ ᠳᠤ ᠲᠤᠭ᠎ᠠ ᠲᠣᠮᠰᠢ ᠦᠭᠡᠢ ᠬᠤᠪᠣᠷ ᠡᠷᠳᠡᠨᠢ ᠬᠠᠳᠠᠭᠠᠯᠠᠭᠳᠠᠵᠤ ᠪᠠᠶᠢᠳᠠᠭ᠃ ᠭᠦᠶᠠᠩ ᠰᠢᠶᠠᠨ ᠤ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠨᠢ ᠨᠡᠩ ᠴᠤ ᠶᠡᠭᠡ ᠪᠠᠶᠢᠭᠠᠯᠢ ᠶᠢᠨ ᠪᠢᠳᠡᠨ ᠳᠤ ᠥᠭᠭᠦᠭᠰᠡᠨ ᠬᠤᠪᠣᠷ ᠨᠠᠨᠳᠢᠨ ᠪᠡᠯᠡᠭ ᠪᠣᠯᠬᠤ ᠶᠤᠮ᠃ ᠡᠨᠡ ᠤᠳᠠᠭ᠎ᠠ ᠶᠢᠨ ᠰᠢᠨ᠎ᠡ ᠪᠠᠷ ᠨᠡᠮᠡᠭᠳᠡᠭᠰᠡᠨ 5 ᠪᠦᠲᠦᠭᠡᠭᠳᠡᠬᠦᠨ ᠨᠢ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠳᠤ ᠰᠣᠩᠭᠤᠭᠳᠠᠵᠤ᠂ ᠭᠦᠶᠠᠩ ᠰᠢᠶᠠᠨ ᠤ ᠣᠨᠴᠠᠯᠢᠭᠲᠤ ᠨᠡᠷᠡᠲᠦ ᠲᠡᠮᠳᠡᠭᠲᠦ ᠶᠢ ᠦᠷᠭᠦᠯᠵᠢᠯᠡᠨ ᠡᠭᠦᠳᠴᠦ᠂ ︽ᠤᠮᠠᠷᠠᠲᠤ ᠥᠷᠭᠡᠷᠢᠭ ᠤᠨ 41° ᠤᠨ ᠭᠦᠶᠠᠩ ᠤᠨ ᠡᠷᠭᠦᠯᠲᠡ︾ ᠲᠠᠷᠢᠶᠠᠯᠠᠩ ᠤᠨ ᠨᠡᠷᠡᠲᠦ ᠲᠡᠮᠳᠡᠭᠲᠦ ᠶᠢᠨ ᠪᠣᠳᠠᠲᠠᠢ ᠦᠷ᠎ᠡ ᠪᠦᠲᠦᠭᠡᠯ ᠢ ᠭᠠᠶᠢᠬᠠᠭᠤᠯᠵᠤ᠂ ᠪᠣᠬᠢᠷᠲᠤᠯ ᠦᠭᠡᠢ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map