1. ᠪᠣᠷᠳᠤᠭ᠎ᠠ ᠲᠡᠵᠢᠭᠡᠬᠦ ᠬᠡᠮᠵᠢᠶ᠎ᠡ ᠬᠦᠷᠦᠯᠴᠡᠬᠦ ᠦᠭᠡᠢ | ᠨᠠᠶᠢᠷᠠᠯᠭ᠎ᠠ ᠨᠢ ᠵᠣᠬᠢᠰ ᠦᠭᠡᠢ᠂ ᠰᠢᠮ᠎ᠡ ᠲᠡᠵᠢᠭᠡᠯ ᠳᠤᠲᠠᠭᠳᠠᠬᠤ ᠦᠶ᠎ᠡ ᠳᠤ ᠡᠮ᠎ᠡ ᠬᠤᠨᠢ ᠨᠢ | ᠣᠯᠠᠩᠬᠢ ᠳᠠᠭᠠᠨ ᠡᠴᠡᠩᠬᠡᠢ ᠪᠠᠭᠤᠷᠠᠢ ᠪᠣᠯᠵᠤ᠂ ᠪᠡᠶ᠎ᠡ ᠶᠢᠨ ᠡᠯ᠎ᠡ ᠵᠦᠢᠯ ᠤᠨ ᠴᠢᠳᠠᠪᠤᠷᠢ ᠨᠢ ᠮᠠᠭᠤᠳᠠᠳᠠᠭ᠃ | ᠦᠷᠡᠵᠢᠯ ᠤᠨ ᠴᠢᠳᠠᠪᠤᠷᠢ ᠨᠢ ᠰᠠᠭᠠᠳᠤᠯ ᠳᠤ ᠤᠴᠠᠷᠠᠵᠤ᠂ ᠵᠠᠷᠢᠮ ᠳᠠᠭᠠᠨ ᠣᠷᠤᠭ᠎ᠠ ᠣᠷᠣᠬᠤ ᠪᠣᠯᠪᠠᠴᠤ ᠥᠨᠳᠡᠭᠡᠪᠴᠢ | ᠢᠯᠭᠠᠷᠠᠭᠤᠯᠬᠤ ᠦᠭᠡᠢ᠂ ᠡᠭᠦᠨ ᠠᠴᠠ ᠪᠣᠯᠵᠤ ᠬᠠᠭᠤᠷᠮᠠᠭ ᠣᠷᠤᠭ᠎ᠠ ᠣᠷᠣᠳᠠᠭ ᠪᠠᠶᠢᠨ᠎ᠠ᠃ | 2. ᠡᠮ᠎ᠡ ᠬᠤᠨᠢ ᠬᠡᠳᠦ ᠲᠠᠷᠭᠤᠨ ᠠᠴᠠ ᠪᠣᠯᠵᠤ ᠬᠡᠭᠡᠯ ᠲᠣᠭᠲᠠᠳᠠᠭ ᠦᠭᠡᠢ | ᠬᠡᠳᠦ ᠲᠠᠷᠭᠤᠨ ᠪᠣᠯᠪᠠᠯ ᠥᠭᠡᠬᠦᠨ ᠨᠡᠬᠡᠳᠡᠰᠦ ᠨᠢ ᠥᠨᠳᠡᠭᠡᠪᠴᠢ ᠶᠢᠨ ᠳᠡᠭᠡᠷ᠎ᠡ ᠲᠤᠨᠵᠤ᠂ ᠥᠨᠳᠡᠭᠡᠪᠴᠢ ᠶᠢᠨ | ᠥᠭᠡᠬᠦ ᠶᠢᠨ ᠬᠤᠪᠢᠷᠠᠯᠲᠠ ᠶᠢ ᠡᠭᠦᠰᠬᠡᠨ᠎ᠡ᠃ ᠡᠮ᠎ᠡ ᠬᠤᠨᠢ ᠣᠷᠳᠣ ᠬᠤᠭᠤᠴᠠᠭ᠎ᠠ ᠪᠠᠷ ᠣᠷᠤᠭ᠎ᠠ ᠣᠷᠣᠬᠤ ᠦᠭᠡᠢ ᠪᠣᠯ | ᠡᠷᠬᠡᠪᠰᠢ ᠠᠷᠠᠴᠢᠯᠠᠵᠤ ᠳᠣᠳᠣᠮᠳᠠᠭᠰᠠᠨ ᠪᠠᠶᠢᠳᠠᠯ ᠢᠶᠠᠨ ᠦᠨᠳᠦᠰᠦᠯᠡᠨ ᠲᠡᠵᠢᠭᠡᠯ ᠪᠣᠷᠳᠣᠭᠠᠨ ᠤ ᠪᠦᠷᠢᠯᠳᠦᠭᠦᠨ ᠢ | ᠵᠠᠳᠠᠯᠵᠤ᠂ ᠰᠢᠯᠲᠠᠭᠠᠨ ᠢ ᠨᠢ ᠣᠯᠵᠤ᠂ ᠲᠣᠬᠢᠷᠠᠭᠤᠯᠤᠯᠲᠠ ᠬᠢᠳᠡᠭ ᠯᠡ ᠶᠤᠮ ᠪᠣᠯ ᠡᠩ ᠤᠨ ᠪᠠᠶᠢᠳᠠᠯ ᠳᠤ ᠪᠠᠰᠠ | ᠡᠳᠡᠭᠡᠷᠡᠵᠦ ᠲᠠᠶᠢᠯᠤᠨ᠎ᠠ᠃ ᠪᠡᠶ᠎ᠡ ᠮᠠᠭᠤᠲᠠᠢ ᠬᠤᠨᠢ ᠶᠢ ᠠᠷᠠᠴᠢᠯᠠᠭᠰᠠᠨ ᠨᠢ ᠵᠣᠬᠢᠰ ᠦᠭᠡᠢ ᠠᠴᠠ ᠪᠣᠯᠵᠤ ᠲᠠᠷᠭᠤᠯᠠᠬᠤ | ᠦᠭᠡᠢ ᠪᠠᠶᠢᠪᠠᠯ᠂ ᠲᠡᠵᠢᠭᠡᠯ ᠪᠣᠷᠳᠤᠭ᠎ᠠ ᠪᠠᠨ ᠰᠠᠶᠢᠵᠢᠷᠠᠭᠤᠯᠤᠭᠰᠠᠨ ᠤ ᠳᠠᠷᠠᠭ᠎ᠠ ᠶᠡᠷᠦ ᠨᠢ ᠬᠡᠪ ᠤᠨ ᠪᠠᠶᠢᠳᠠᠯ ᠳᠠᠭᠠᠨ | ᠣᠷᠣᠳᠠᠭ᠃ | 3. ᠤᠷᠲᠤ ᠬᠤᠭᠤᠴᠠᠭ᠎ᠠ ᠪᠠᠷ ᠳᠠᠩ ᠭᠠᠭᠴᠠ ᠨᠣᠭᠤᠭᠠᠨ ᠲᠡᠵᠢᠭᠡᠯ ᠪᠣᠷᠳᠤᠭ᠎ᠠ ᠪᠠᠷ ᠲᠡᠵᠢᠭᠡᠭᠰᠡᠨ ᠠᠴᠠ | ᠪᠤᠯᠳᠠᠭ | ᠡᠨᠡ ᠨᠢ ᠭᠦᠵᠡᠭᠡᠨ ᠤ PH ᠬᠡᠮᠵᠢᠭᠳᠡᠯ ᠢ ᠳᠣᠷᠣᠭᠰᠢᠯᠠᠭᠤᠯᠵᠤ᠂ ᠭᠦᠵᠡᠭᠡᠨ ᠤ ᠮᠢᠺᠷᠣᠪ ᠤᠨ ᠠᠵᠢᠯᠯᠠᠭ᠎ᠠ ᠳᠤ | ᠠᠰᠢᠭ ᠦᠭᠡᠢ᠂ ᠡᠭᠦᠨ ᠤ ᠤᠯᠠᠮ ᠠᠴᠠ ᠤᠭᠤᠷᠠᠭ ᠳᠤᠲᠠᠭᠳᠠᠬᠤ ᠪᠤᠶᠤ ᠸᠢᠲ᠋ᠠᠮᠢᠨ ᠳᠤᠲᠠᠭᠳᠠᠬᠤ ᠠᠴᠠ ᠪᠣᠯᠵᠤ ᠬᠤᠨᠢ | ᠣᠷᠤᠭ᠎ᠠ ᠣᠷᠣᠬᠤ ᠦᠭᠡᠢ ᠪᠤᠯᠵᠤ ᠮᠡᠳᠡᠨ᠎ᠡ᠂ ᠡᠮ᠎ᠡ ᠬᠤᠨᠢ ᠳᠤ ᠨᠣᠭᠤᠭᠠᠨ ᠳᠠᠷᠤᠰᠢ ᠪᠠᠷ ᠭᠤᠣᠯ ᠲᠡᠵᠢᠭᠡᠯ ᠪᠣᠯᠭᠠᠵᠤ | ᠪᠠᠶᠢᠭ᠎ᠠ ᠬᠤᠨᠢ ᠲᠡᠵᠢᠭᠡᠵᠦ ᠪᠠᠶᠢᠭ᠎ᠠ ᠡᠷᠦᠭᠡ ᠳᠤ ᠰᠠᠨᠠᠭᠤᠯᠬᠤ ᠢ ᠲᠡᠵᠢᠭᠡᠯ ᠳᠤ ᠵᠠᠪᠠᠯ ᠪᠠᠭ᠎ᠠ ᠰᠤᠳᠠ ᠨᠡᠮᠡᠵᠦ᠂ ᠪᠠᠰᠠ | ᠬᠠᠭᠤᠷᠠᠢ ᠡᠪᠡᠰᠦ ᠢᠳᠡᠭᠦᠯᠵᠦ᠂ ᠮᠢᠺᠷᠣᠪ ᠤᠨ ᠲᠡᠩᠴᠡᠭᠦᠷᠢ ᠶᠢ ᠪᠠᠲᠤᠯᠠᠵᠤ᠂ ᠬᠤᠨᠢᠨ ᠤ ᠤᠭᠤᠷᠠᠭ ᠪᠣᠯᠣᠨ | ᠸᠢᠲ᠋ᠠᠮᠢᠨ ᠤ ᠰᠢᠩᠭᠡᠭᠡᠯᠲᠡ ᠶᠢ ᠠᠬᠢᠭᠤᠯᠬᠤ ᠬᠡᠷᠡᠭᠲᠡᠢ᠃ | 4. ᠬᠤᠬᠢᠷᠠᠯ ᠵᠢᠴᠢ ᠦᠷᠪᠢᠰᠦᠯ | ᠵᠠᠷᠢᠮ ᠡᠮ᠎ᠡ ᠬᠤᠨᠢ ᠨᠢ ᠳᠡᠭᠡᠷ᠎ᠡ ᠤᠳᠠᠭ᠎ᠠ ᠬᠤᠷᠠᠭᠠᠯᠠᠬᠤ ᠳᠠᠭᠠᠨ ᠰᠠᠪᠠᠨ ᠤ ᠵᠠᠮ ᠨᠢ ᠲᠠᠲᠠᠭᠳᠠᠨ | ᠰᠢᠷᠬᠠᠲᠤᠭᠰᠠᠨ ᠪᠤᠶᠤ ᠬᠤᠶᠢᠲᠤᠬᠢ ᠨᠢ ᠪᠠᠭᠤᠭᠰᠠᠨ ᠦᠭᠡᠢ ᠠᠴᠠ ᠪᠣᠯᠵᠤ᠂ ᠴᠠᠭ ᠲᠤᠬᠠᠢ ᠳᠤᠨᠢ ᠡᠮᠨᠡᠨ ᠵᠠᠰᠠᠭᠰᠠᠨ | ᠦᠭᠡᠢ ᠠᠴᠠ ᠰᠠᠪᠠᠨ ᠤ ᠳᠣᠲᠣᠷ ᠪᠦᠷᠬᠦᠪᠴᠢ ᠶᠢᠨ ᠦᠷᠪᠢᠰᠦᠯ᠂ ᠥᠨᠳᠡᠭᠡᠪᠴᠢ ᠶᠢᠨ ᠤᠭᠤᠲᠠᠯᠢᠭ ᠬᠠᠪᠤᠳᠠᠷ ᠢ | ᠡᠭᠦᠰᠬᠡᠳᠡᠭ ᠪᠠᠶᠢᠨ᠎ᠠ᠃ ᠡᠨᠡ ᠨᠢ ᠮᠥᠨ ᠴᠦ ᠬᠤᠨᠢᠨ ᠤ ᠦᠷᠭᠦᠯᠵᠢ ᠲᠣᠬᠢᠶᠠᠯᠳᠤᠳᠠᠭ ᠬᠤᠷᠠᠭᠠᠯᠠᠬᠤ ᠦᠭᠡᠢ | ᠪᠠᠶᠢᠳᠠᠭ ᠤᠨ ᠰᠢᠯᠲᠠᠭᠠᠨ ᠪᠣᠯᠣᠨ᠎ᠠ᠃ ᠡᠭᠦᠨ ᠢ ᠨᠠᠷᠢᠨ ᠬᠢᠨᠠᠮᠠᠭᠠᠢ ᠪᠠᠶᠢᠴᠠᠭᠠᠵᠤ᠂ ᠠᠷᠢᠭᠤᠳᠬᠠᠨ ᠴᠡᠪᠡᠷᠯᠡᠬᠦ ᠪᠠ ᠡᠮᠨᠡᠨ | ᠵᠠᠰᠠᠬᠤ ᠬᠡᠷᠡᠭᠲᠡᠢ᠃ ᠤᠴᠢᠷ ᠰᠢᠯᠲᠠᠭᠠᠨ ᠢ ᠨᠢ ᠡᠷᠢᠵᠦ ᠣᠯᠪᠠᠯ᠂ ᠶᠡᠷᠦ ᠳᠡᠭᠡᠨ ᠪᠠᠰᠠ ᠬᠤᠷᠠᠭᠠᠯᠠᠵᠤ ᠳᠡᠶᠢᠯᠦᠨ᠎ᠡ᠃ |