ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠲᠥᠷᠥᠯ ᠵᠦᠢᠯ ᠢ ᠬᠢᠨᠠᠨ ᠲᠣᠭᠲᠠᠭᠠᠬᠤ᠂ ᠲᠥᠷᠥᠯ | ᠵᠦᠢᠯ ᠢ ᠨᠤᠲᠠᠯᠠᠬᠤ᠂ ᠠᠳᠠᠯᠢᠳᠬᠠᠨ ᠰᠢᠯᠭᠠᠨ ᠠᠪᠬᠤ᠂ ᠱᠠᠩᠨᠠᠨ ᠰᠢᠯᠭᠠᠷᠠᠭᠤᠯᠵᠤ ᠰᠢᠯᠢᠳᠡᠭ ᠢ ᠲᠠᠨᠢᠯᠴᠠᠭᠤᠯᠬᠤ᠂ | ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠵᠡᠷᠭᠡ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠨ ᠲᠡᠭᠦᠯᠳᠡᠷᠵᠢᠭᠦᠯᠵᠦ᠂ ᠡᠯ᠎ᠡ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠳ ᠤᠨ ᠲᠠᠷᠢᠶᠠᠯᠠᠩ ᠮᠠᠯ ᠠᠵᠤ | ᠠᠬᠤᠢ ᠶᠢᠨ ᠬᠥᠭᠵᠢᠯᠲᠡ ᠳᠤᠮᠳᠠᠬᠢ ᠯᠠᠪᠯᠠᠭ᠎ᠠ ᠪᠠ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ | ᠲᠤᠰᠬᠠᠢ ᠮᠡᠷᠭᠡᠵᠢᠯᠲᠡᠨ ᠤ ᠬᠥᠮᠥᠷᠭᠡ ᠵᠢᠴᠢ ᠲᠤᠰᠬᠠᠢ ᠮᠡᠷᠭᠡᠵᠢᠯᠲᠡᠨ ᠤ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠤᠨ | ᠴᠢᠩᠭᠠᠳᠬᠠᠵᠤ᠂ ᠲᠤᠰᠬᠠᠢ ᠮᠡᠷᠭᠡᠵᠢᠯᠲᠡᠳ ᠤᠨ ᠡᠭᠦᠷᠭᠡ ᠪᠠᠨ ᠭᠦᠢᠴᠡᠳᠬᠡᠬᠦ ᠶᠢ ᠦᠨᠡᠨᠬᠦ ᠪᠠᠲᠤᠯᠠᠵᠤ᠂ ᠲᠤᠰᠬᠠᠢ | ᠮᠡᠷᠭᠡᠵᠢᠯᠲᠡᠳ ᠤᠨ ᠡᠷᠬᠡ ᠠᠰᠢᠭ ᠢ ᠦᠨᠡᠨᠬᠦ ᠬᠠᠮᠠᠭᠠᠯᠠᠨ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ | ᠲᠥᠷᠥᠯ ᠵᠦᠢᠯ ᠢ ᠬᠢᠨᠠᠨ ᠲᠣᠭᠲᠠᠭᠠᠬᠤ ᠵᠡᠷᠭᠡ ᠠᠵᠢᠯ ᠤᠨ ᠲᠥᠪ ᠭᠤᠥᠯᠴᠢ ᠴᠢᠨᠠᠷ ᠪᠠ ᠵᠢᠷᠤᠮᠵᠢᠯᠳᠤ ᠴᠢᠨᠠᠷ ᠢ | ᠭᠦᠢᠴᠡᠳ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ ᠤ ᠬᠥᠮᠥᠷᠭᠡ | ᠪᠣᠯᠣᠨ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ︾ ᠶᠢ ᠰᠣᠳᠣᠯᠣᠨ ᠲᠤᠭᠤᠷᠪᠢᠪᠠ᠃ ᠡᠳᠦᠭᠡ ᠨᠡᠶᠢᠭᠡᠮ | ᠨᠡᠶᠢᠲᠡ ᠳᠤ ᠬᠠᠨᠳᠤᠭᠤᠯᠤᠨ ᠢᠯᠡ ᠪᠠᠷ ᠰᠠᠨᠠᠯ ᠬᠤᠷᠢᠶᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠪᠠ | ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠣᠳᠠᠲᠠᠢ ᠰᠠᠨᠠᠯ ᠢ ᠳᠣᠣᠷᠠᠬᠢ ᠠᠷᠭ᠎ᠠ ᠵᠠᠮ ᠢᠶᠠᠷ | ᠬᠠᠷᠢᠭᠤ ᠲᠤᠰᠬᠠᠵᠤ ᠪᠣᠯᠣᠨ᠎ᠠ᠄ | 1.ᠵᠠᠬᠢᠳᠠᠯ ᠤᠨ ᠬᠡᠯᠪᠡᠷᠢ ᠪᠠᠷ ᠰᠠᠨᠠᠯ ᠢᠶᠠᠨ ᠰᠢᠤᠳᠠᠨ ᠳᠤ ᠢᠯᠡᠭᠡᠬᠦ ᠨᠢ᠄ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ | ᠨᠤᠮᠧᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ︵ᠰᠢᠤᠳᠠᠨ ᠤ ᠳ᠋ᠤᠭᠠᠷ | 010010︶᠃ ᠢᠷᠡᠭᠦᠯᠦᠭᠰᠡᠨ ᠵᠠᠬᠢᠳᠠᠯ ᠳᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ ᠤ ᠬᠥᠮᠥᠷᠭᠡ ᠪᠣᠯᠤᠨ ᠲᠤᠰᠬᠠᠢ | ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ﹀ ᠶᠢᠨ ᠰᠠᠨᠠᠯ ᠬᠤᠷᠢᠶᠠᠬᠤ︾ ᠭᠡᠰᠡᠨ ᠥᠰᠥᠭ ᠢ ᠲᠣᠳᠣᠷᠬᠠᠶᠢᠯᠠᠭᠠᠷᠠᠢ᠃ | 2.ᠢᠮᠧᠯ ᠤᠨ ᠬᠡᠯᠪᠡᠷᠢ ᠪᠠᠷ ᠰᠠᠨᠠᠯ ᠢᠶᠠᠨ ᠬᠦᠷᠭᠡᠬᠦ ᠨᠢ᠄ LMJ999999@163.com᠃ ᠰᠠᠨᠠᠯ ᠤᠨ | ᠬᠠᠷᠢᠭᠤ ᠲᠤᠰᠬᠠᠯ ᠤᠨ ᠳᠠᠭᠤᠰᠬᠤ ᠡᠳᠦᠷ ᠨᠢ 2024 ᠣᠨ ᠤ 8 ᠰᠠᠷ᠎ᠠ ᠶᠢᠨ 16 ᠤ ᠡᠳᠦᠷ ᠪᠣᠯᠲᠠᠯ᠎ᠠ᠃ | | ᠳᠠᠭᠠᠯᠳᠤᠭᠤᠯᠤᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ ᠤ ᠬᠥᠮᠥᠷᠭᠡ ᠪᠣᠯᠤᠨ ᠲᠤᠰᠬᠠᠢ ᠮᠡᠷᠭᠡᠵᠢᠯᠲᠡᠨ ᠤ | ᠬᠠᠮᠢᠶᠠᠷᠤᠯᠲᠠ ᠶᠢᠨ ᠠᠷᠭ᠎ᠠ ︵ᠰᠠᠨᠠᠯ ᠬᠤᠷᠢᠶᠠᠬᠤ ᠨᠣᠣᠷᠠᠭ︶︾ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2024 ᠣᠨ ᠤ 8 ᠰᠠᠷ᠎ᠠ ᠶᠢᠨ 2 ᠤᠨ ᠡᠳᠦᠷ |