ᠮᠠᠨ ᠤ ᠣᠷᠣᠨ ᠬᠠᠮᠠᠭᠠᠯᠠᠵᠤ ᠠᠰᠢᠭᠯᠠᠬᠤ ᠶᠢ ᠵᠡᠷᠭᠡ ᠪᠠᠷ ᠴᠢᠬᠤᠯᠠᠴᠢᠯᠠᠨ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠰᠢᠮ᠎ᠡ ᠬᠦᠴᠦ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/8/20
      ᠣᠶᠢᠷ᠎ᠠ ᠶᠢᠨ ᠵᠢᠯ ᠤᠨ ᠲᠤᠷᠰᠢ᠂ ᠪᠦᠭᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠤᠳᠤᠯᠭᠠᠨ ᠤ ᠨᠢᠭᠡᠴᠢ ᠲᠠᠢ ᠬᠠᠮᠲᠤᠷᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠦᠯᠭᠦᠮ ᠨᠡᠶᠢᠲᠡ ᠶᠢ ᠵᠣᠬᠢᠶᠠᠨ ᠪᠠᠶᠢᠭᠤᠯᠵᠤ᠂ ᠵᠡᠭᠦᠨ ᠬᠤᠶᠢᠲᠤ ᠣᠷᠣᠨ ᠤ ᠬᠠᠷ᠎ᠠ ᠬᠥᠷᠥᠰᠥ ᠶᠢ ᠬᠠᠮᠠᠭᠠᠯᠠᠬᠤ᠂ ᠤᠰᠤ ᠰᠢᠷᠣᠢ ᠶᠢᠨ ᠢᠳᠡᠭᠳᠡᠯ ᠢ ᠵᠠᠰᠠᠬᠤ᠂ ᠬᠥᠷᠥᠰᠥ ᠰᠢᠷᠣᠢ ᠶᠢᠨ ᠰᠢᠮ᠎ᠡ ᠬᠦᠴᠦ ᠶᠢ ᠲᠡᠩᠴᠡᠭᠦᠷᠢᠰᠢᠭᠦᠯᠬᠦ ᠵᠡᠷᠭᠡ ᠠᠰᠠᠭᠤᠳᠠᠯ ᠤᠨ ᠲᠣᠭᠤᠷᠢᠨ ᠳᠤ ᠮᠡᠷᠭᠡᠵᠢᠯ ᠤᠨ ᠰᠤᠳᠤᠯᠤᠨ ᠨᠡᠭᠡᠭᠡᠬᠦ ᠪᠠ ᠨᠡᠶᠢᠳᠬᠡᠨ ᠰᠢᠨ᠎ᠡ ᠶᠢ ᠡᠭᠦᠳᠬᠦ ᠠᠵᠢᠯ ᠥᠷᠨᠢᠭᠦᠯᠵᠦ᠂ ᠮᠠᠨ ᠤ ᠣᠷᠣᠨ ᠤ ᠪᠣᠳᠠᠲᠤ ᠪᠠᠶᠢᠳᠠᠯ  ᠳᠤ ᠨᠡᠶᠢᠴᠡᠭᠰᠡᠨ᠂ ᠳᠡᠯᠭᠡᠷᠡᠭᠦᠯᠵᠦ ᠪᠤᠯᠬᠤ᠂ ᠬᠠᠭᠤᠯᠪᠤᠷᠢᠯᠠᠵᠤ ᠪᠤᠯᠬᠤ᠂ ᠪᠣᠳᠠᠲᠠᠶᠢᠵᠢᠭᠤᠯᠵᠤ ᠪᠤᠯᠬᠤ ᠵᠡᠭᠦᠨ ᠬᠤᠶᠢᠲᠤ ᠣᠷᠣᠨ ᠤ ᠬᠠᠷ᠎ᠠ ᠬᠥᠷᠥᠰᠥ ᠶᠢ ᠬᠠᠮᠠᠭᠠᠯᠠᠬᠤ ᠠᠯᠢ ᠣᠯᠠᠨ ᠮᠡᠷᠭᠡᠵᠢᠯ ᠤᠨ ᠵᠠᠭᠪᠤᠷ ᠢ ᠳ᠋ᠦᠩᠨᠡᠨ ᠳᠡᠯᠭᠡᠷᠡᠭᠦᠯᠪᠡ᠃      ︽ᠲᠠᠷᠢᠶᠠᠨ ᠭᠠᠵᠠᠷ ᠤᠨ ᠳᠣᠲᠣᠷᠠᠬᠢ ᠮᠠᠯᠤᠷ ᠥᠲᠡᠭᠡ︾ ᠬᠡᠮᠡᠭᠳᠡᠭᠰᠡᠨ ᠬᠠᠷ᠎ᠠ ᠬᠥᠷᠥᠰᠥ ᠪᠣᠯ ᠳᠡᠯᠡᠬᠡᠢ ᠳᠡᠭᠡᠷᠡᠬᠢ ᠬᠠᠮᠤᠭ ᠤᠨ ᠥᠩ ᠰᠢᠮᠡᠯᠢᠭ ᠬᠥᠷᠥᠰᠥ ᠰᠢᠷᠣᠢ ᠮᠥᠨ᠃ ᠭᠡᠪᠡᠴᠦ ᠣᠶᠢᠷ᠎ᠠ ᠶᠢᠨ ᠬᠡᠳᠦᠨ ᠠᠷᠪᠠᠨ ᠵᠢᠯ ᠳᠤ ᠵᠣᠬᠢᠰ ᠦᠭᠡᠢ ᠲᠠᠷᠢᠶᠠᠯᠠᠭᠰᠠᠨ ᠵᠡᠷᠭᠡ ᠰᠢᠯᠲᠠᠭᠠᠨ ᠠᠴᠠ ᠪᠣᠯᠵᠤ᠂ ᠵᠡᠭᠦᠨ ᠬᠤᠶᠢᠲᠤ ᠣᠷᠣᠨ ᠤ ᠬᠠᠷ᠎ᠠ ᠬᠥᠷᠥᠰᠥ ︽ᠬᠤᠵᠢᠷᠰᠢᠬᠤ᠂ ᠬᠠᠲᠠᠭᠤᠷᠠᠬᠤ᠂ ᠨᠢᠮᠭᠡᠷᠡᠬᠦ︾ ᠵᠡᠷᠭᠡ ᠠᠰᠠᠭᠤᠳᠠᠯ ᠳᠤ ᠲᠤᠯᠭᠠᠷᠠᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠰᠤᠳᠤᠯᠤᠭᠴᠢ ᠸᠠᠩ ᠵᠢᠶᠠᠨ ᠭᠦᠸᠧ ᠶᠢᠨ ᠪᠦᠯᠭᠦᠮ ᠤᠨ ᠬᠢᠨ ᠣᠯᠠᠨ ᠵᠢᠯ ᠤᠨ ᠰᠤᠳᠤᠯᠭᠠᠨ ᠢᠶᠠᠷ ᠳᠡᠮᠵᠢᠨ ᠲᠠᠷᠢᠶᠠᠨ ᠭᠠᠵᠠᠷ ᠤᠨ ᠰᠠᠯᠬᠢᠨ ᠳᠤ ᠢᠳᠡᠭᠳᠡᠬᠦ ᠶᠢ ᠰᠡᠷᠭᠡᠶᠢᠯᠡᠨ ᠵᠠᠰᠠᠬᠤ᠂ ᠭᠠᠵᠠᠷ ᠤᠨ ᠰᠢᠮ᠎ᠡ ᠬᠦᠴᠦ ᠶᠢ ᠪᠣᠶᠢᠵᠢᠭᠤᠯᠬᠤ ᠪᠠ ᠲᠠᠷᠢᠮᠠᠯ ᠤᠨ ᠤᠨᠠᠯᠲᠠ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠭᠤᠷᠪᠠᠨ ᠶᠡᠭᠡ ᠦᠢᠯᠡᠳᠪᠦᠷᠢᠯᠡᠯ ᠤᠨ ᠠᠮᠢ ᠠᠬᠤᠢ ᠶᠢᠨ ᠪᠡᠷᠬᠡ ᠰᠡᠳᠦᠪ ᠤᠨ ᠲᠣᠭᠤᠷᠢᠨ ᠳᠤ ᠪᠣᠭᠤᠮᠲᠠ ᠰᠢᠪᠲᠤᠯᠬᠤ ᠰᠤᠳᠤᠯᠭᠠᠨ ᠥᠷᠨᠢᠭᠦᠯᠦᠭᠡᠳ ᠢᠯᠡᠷᠬᠡᠢ ᠠᠮᠵᠢᠯᠲᠠ ᠣᠯᠵᠤ᠂ ᠣᠳᠣᠬᠠᠨ ᠪᠤᠯᠳᠠᠯ᠎ᠠ ᠰᠤᠳᠤᠯᠭᠠᠨ ᠤ ᠦᠷ᠎ᠡ ᠪᠦᠲᠦᠭᠡᠯ ᠢ ᠨᠡᠶᠢᠲᠡ 2 ᠳ᠋ᠦᠩᠰᠢᠭᠤᠷ ᠭᠠᠷᠤᠢ ᠮᠦ ᠲᠠᠷᠢᠶᠠᠨ ᠭᠠᠵᠠᠷ ᠲᠤ ᠳᠡᠯᠭᠡᠷᠡᠭᠦᠯᠵᠦ᠂ ᠠᠮᠤ ᠪᠤᠳᠠᠭᠠᠨ ᠤ ᠤᠨᠠᠯᠲᠠ ᠶᠢ 200 ᠭᠠᠷᠤᠢ ᠳ᠋ᠦᠩᠰᠢᠭᠤᠷ ᠵᠢᠩ ᠨᠡᠮᠡᠭᠳᠡᠭᠦᠯᠪᠡ᠃      ᠮᠠᠨ ᠤ ᠣᠷᠣᠨ ᠬᠠᠷ᠎ᠠ ᠬᠥᠷᠥᠰᠥ ᠶᠢ ᠬᠠᠮᠠᠭᠠᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠶᠢᠨ ᠬᠠᠮᠲᠤ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠬᠤᠵᠢᠷᠯᠢᠭ ᠲᠠᠷᠢᠶᠠᠨ ᠭᠠᠵᠠᠷ ᠢ ᠰᠠᠶᠢᠵᠢᠷᠠᠭᠤᠯᠵᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠳᠤ ᠨᠠᠩ ᠶᠡᠭᠡ ᠪᠠᠲᠤᠯᠠᠭ᠎ᠠ ᠬᠠᠩᠭᠠᠪᠠ᠃ ᠲᠦᠷᠦᠭᠦᠬᠡᠨ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠪᠦᠭᠦ ᠣᠷᠣᠨ ᠳᠤ 542 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠯᠤᠰ ᠤᠨ ᠵᠢᠭᠡᠯᠡᠯᠭᠡ  ᠶᠢᠨ ᠲᠥᠷᠥᠯ ᠵᠦᠢᠯ ᠢ ᠠᠵᠢᠯ ᠡᠬᠢᠯᠡᠭᠦᠯᠵᠦ᠂ 2130 ᠲᠦᠮᠡᠨ ᠮᠦ ᠬᠠᠷ᠎ᠠ ᠬᠥᠷᠥᠰᠥᠨ ᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠡᠭᠦᠷᠭᠡ ᠶᠢ ᠪᠦᠭᠦᠨ ᠢ ᠪᠡᠶᠡᠯᠡᠭᠦᠯᠵᠦ᠂ ᠤᠯᠤᠰ ᠤᠨ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ 3 ᠲᠤᠷᠰᠢᠯᠲᠠ ᠶᠢᠨ ᠴᠡᠭ ᠨᠢᠭᠡᠨᠲᠡ ᠤᠯᠤᠰ ᠤᠨ ᠬᠠᠮᠢᠶ᠎ᠠ ᠪᠦᠬᠦᠢ ᠵᠥᠪᠰᠢᠶᠡᠷᠡᠯ ᠢ ᠣᠯᠪᠠ᠃ 
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map