ᠲᠥᠮᠥᠰᠥᠨ ᠤ ᠡᠪᠡᠳᠴᠢᠨ ᠬᠤᠷᠣᠬᠠᠢ ᠶᠢᠨ ᠬᠦᠨᠦᠭᠡᠯ ᠤᠨ ᠰᠡᠷᠭᠡᠶᠢᠯᠡᠨ ᠵᠠᠰᠠᠯᠲᠠ
ᠨᠡᠶᠢᠲᠡᠯᠡᠭᠰᠡᠨ ᠴᠠᠭ᠄
2024/8/21
      ᠡᠷᠲᠡ ᠶᠢᠨ ᠬᠢᠵᠢᠭ ᠡᠪᠡᠳᠴᠢᠨ᠄ ᠤᠰᠤ ᠪᠣᠷᠳᠣᠭᠤᠷ ᠤᠨ ᠬᠠᠮᠢᠶᠠᠷᠤᠯᠲᠠ ᠶᠢ ᠴᠢᠩᠭᠠᠳᠬᠠᠵᠤ᠂ ᠡᠪᠡᠳᠴᠢᠨ ᠤ ᠡᠬᠢᠨ ᠤ ᠬᠤᠭᠤᠴᠠᠭᠠᠨ ᠳᠤ ᠹᠧᠨᠽᠧᠨ• ᠫᠷᠣᠫᠠ ᠴᠠᠭᠠᠷᠢᠭ ᠠᠽᠤᠯ ︵苯甲·丙环唑︶᠂ ᠫᠢᠷᠢᠮᠢᠳᠢᠨ ᠪᠠᠺᠲ᠋ᠧᠷᠢ ᠶᠢᠨ ᠡᠰᠲ᠋ᠧᠷ ︵嘧菌酯︶᠂ ᠫᠢᠷᠢᠳᠢᠨ ᠠᠼᠢᠯ ᠪᠠᠺᠲ᠋ᠧᠷᠢ ᠶᠢᠨ ᠠᠮᠢᠨ ︵啶酰菌胺︶᠂ ᠠᠯᠺᠧᠨ•ᠫᠢᠷᠠᠽᠤᠯ ᠤᠨ ᠡᠰᠲ᠋ᠧᠷ ︵烯酰·吡唑酯︶᠂ ᠹᠧᠨᠽᠧᠨ•ᠫᠢᠷᠢᠮᠢᠳᠢᠨ ᠪᠠᠺᠲ᠋ᠧᠷᠢ ᠶᠢᠨ ᠡᠰᠲ᠋ᠧᠷ ︵苯甲·嘧菌酯︶᠂ ᠤᠺᠰᠠᠳᠤᠨ• ᠹᠯᠣᠷᠲᠤ ᠲᠢᠶᠠᠽᠤᠯ ︵噁酮·氟噻唑︶ ᠵᠡᠷᠭᠡ ᠡᠮ ᠨᠠᠶᠢᠷᠠᠯᠭ᠎ᠠ ᠶᠢ ᠵᠢᠭᠳᠡ ᠮᠠᠨᠠᠨᠳᠠᠭᠤᠯᠤᠨ ᠰᠦᠷᠴᠢᠵᠦ᠂ ᠶᠡᠷᠦ ᠳᠡᠭᠡᠨ 5-7 ᠡᠳᠦᠷ ᠠᠯᠤᠰᠯᠠᠵᠤ᠂ ᠦᠷᠭᠦᠯᠵᠢᠯᠡᠨ 2-3 ᠤᠳᠠᠭ᠎ᠠ ᠰᠦᠷᠴᠢᠵᠦ ᠣᠷᠣᠭᠤᠯᠤᠨ᠎ᠠ᠃ ᠡᠮ ᠤᠨ ᠨᠠᠶᠢᠷᠠᠯᠭ᠎ᠠ ᠶᠢ ᠡᠭᠡᠯᠵᠢᠯᠡᠨ ᠬᠡᠷᠡᠭᠯᠡᠬᠦ ᠬᠡᠷᠡᠭᠲᠡᠢ᠃ 
图片1.png
       ᠣᠷᠣᠢ ᠶᠢᠨ ᠬᠢᠵᠢᠭ ᠡᠪᠡᠳᠴᠢᠨ᠄ ᠴᠣᠮᠣᠷᠯᠢᠭ ᠢᠯᠡᠷᠡᠬᠦ  ᠠᠴᠠ ᠡᠬᠢᠯᠡᠨ ᠲᠥᠮᠥᠰᠥ ᠶᠢᠨ ᠣᠷᠣᠢ ᠶᠢᠨ ᠬᠢᠵᠢᠭ ᠡᠪᠡᠳᠴᠢᠨ ᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠤᠷᠢᠳᠴᠢᠯᠠᠭᠰᠠᠨ ᠮᠡᠳᠡᠭᠡ ᠪᠣᠯᠣᠨ ᠲᠠᠷᠢᠶᠠᠨ ᠭᠠᠵᠠᠷ ᠤᠨ ᠬᠥᠷᠥᠰᠥᠨ ᠤ ᠴᠢᠭᠢᠭ ᠤᠨ ᠬᠡᠮᠵᠢᠶ᠎ᠡ ᠶᠢ ᠦᠨᠳᠦᠰᠦᠯᠡᠨ ᠬᠡᠮᠵᠢᠨ ᠮᠡᠳᠡᠭᠦᠯᠵᠦ᠂ ᠵᠢᠴᠢ ᠴᠠᠭ ᠠᠭᠤᠷ ᠤᠨ ᠪᠠᠶᠢᠳᠠᠯ ︵ᠢᠷᠡᠭᠡᠳᠦᠢ ᠶᠢᠨ 24 ᠴᠠᠭ ᠤᠨ ᠳᠤᠯᠠᠭᠠᠨ ᠤ ᠬᠡᠮᠵᠢᠶ᠎ᠡ ᠨᠢ 15 — 21℃᠂ ᠬᠠᠷᠢᠴᠠᠩᠭᠤᠢ ᠴᠢᠭᠢᠭᠲᠦᠴᠡ ᠨᠢ 85% ᠠᠴᠠ ᠳᠡᠭᠡᠭᠰᠢ︶᠂ ᠠᠩᠬ᠎ᠠ ᠤᠳᠠᠭ᠎ᠠ ᠡᠬᠢᠯᠡᠵᠦ ᠡᠮ ᠬᠡᠷᠡᠭᠯᠡᠬᠦ ᠬᠡᠷᠡᠭᠲᠡᠢ᠄ ᠡᠮ ᠤᠨ ᠨᠠᠶᠢᠷᠠᠯᠭ᠎ᠠ  ᠨᠢ ᠬᠠᠮᠠᠭᠠᠯᠠᠬᠤ ᠡᠮ ᠪᠠ ᠳᠣᠲᠣᠭᠰᠢ ᠰᠣᠷᠣᠬᠤ ᠵᠠᠰᠠᠯᠭ᠎ᠠ ᠶᠢᠨ ᠡᠮ ᠢ ᠰᠣᠩᠭᠤᠵᠤ ᠡᠭᠡᠯᠵᠢᠯᠡᠨ ᠬᠡᠷᠡᠭᠯᠡᠵᠦ᠂ ᠳ᠋ᠸᠢᠢᠰᠧᠨ ᠮᠠᠩᠭᠠᠨ ᠴᠠᠶᠢᠷ ︵代森锰锌︶᠂ ᠠᠯᠺᠢᠯ ᠮᠤᠷᠹᠢᠨ ︵烯酰吗啉︶᠂ ᠱᠦᠸᠠᠩ ᠨᠢᠶᠣᠣ ᠼᠢᠶᠠᠨ•ᠳ᠋ᠸᠢᠢᠰᠧᠨ ᠮᠠᠩᠭᠠᠨ ᠴᠠᠶᠢᠷ ︵霜脲氰·代森锰锌︶᠂ ᠹᠯᠣᠷᠲᠤ ᠪᠠᠺᠲ᠋ᠧᠷᠢ•ᠱᠦᠸᠠᠩ ᠮᠸᠢ ᠸᠧᠢ ︵氟菌•霜霉威︶᠂ ᠳ᠋ᠢᠩ ᠽᠢ ᠰᠢᠶᠠᠩᠹᠧᠨᠤᠯ ︵丁子香酚︶ ᠵᠡᠷᠭᠡ ᠶᠢ ᠰᠣᠩᠭᠤᠨ ᠬᠡᠷᠡᠭᠯᠡᠵᠦ ᠪᠣᠯᠣᠨ᠎ᠠ᠂ ᠶᠡᠷᠦ ᠳᠡᠭᠡᠨ 5—7 ᠡᠳᠦᠷ ᠠᠯᠤᠰᠯᠠᠵᠤ᠂ ᠠᠳᠠᠯᠢ ᠪᠤᠰᠤ ᠲᠦᠷᠦᠯ ᠤᠨ ᠡᠮ ᠢ ᠡᠭᠡᠯᠵᠢᠯᠡᠨ ᠬᠡᠷᠡᠭᠯᠡᠨ᠂ ᠨᠢᠭᠡ ᠵᠦᠢᠯ ᠤᠨ ᠡᠮ ᠢ ᠦᠷᠭᠦᠯᠵᠢᠯᠡᠨ ᠬᠡᠷᠡᠭᠯᠡᠬᠦ ᠶᠢ ᠴᠢᠩᠭ᠎ᠠ ᠴᠡᠭᠡᠷᠯᠡᠵᠦ᠂ ᠡᠮ ᠰᠦᠷᠴᠢᠭᠰᠡᠨ ᠤ ᠳᠠᠷᠠᠭ᠎ᠠ 4 ᠴᠠᠭ ᠤᠨ ᠳᠣᠲᠣᠷ᠎ᠠ ᠪᠣᠷᠣᠭᠠᠨ ᠣᠷᠣᠪᠠᠯ ᠴᠠᠭ ᠲᠤᠬᠠᠢ ᠳᠤᠨᠢ ᠨᠥᠬᠦᠵᠦ ᠰᠦᠷᠴᠢᠬᠦ ᠬᠡᠷᠡᠭᠲᠡᠢ᠃ 
图片2.png
       ᠡᠰᠢ ᠢᠯᠵᠢᠷᠡᠬᠦ ᠡᠪᠡᠳᠴᠢᠨ᠄ ᠲᠠᠷᠢᠶᠠᠨ ᠳᠤ ᠭᠤᠣᠯ ᠪᠣᠯᠬᠤ ᠡᠪᠡᠳᠴᠢᠨ ᠤ ᠰᠠᠭᠤᠷᠢ ᠢᠯᠡᠷᠡᠬᠦ ᠦᠶ᠎ᠡ ᠳᠤ᠂ ᠲᠢᠶᠠᠨᠤᠺᠧᠲ᠋ᠤᠨ ᠤ ᠤᠰᠤᠨ ᠤ ᠴᠡᠶᠢᠳᠡᠮᠯᠢᠭ ᠡᠳ᠋ ︵噻霉酮水乳剂︶ ᠪᠤᠶᠤ ᠺᠤᠶᠢᠨᠣᠯᠢᠨ ᠵᠡᠰ ᠤᠨ ᠬᠥᠪᠥᠮᠡᠯ ᠡᠳ᠋ ︵喹啉铜悬浮剂︶ ᠢ ᠰᠣᠩᠭᠤᠨ ᠤᠰᠤ ᠬᠤᠯᠢᠵᠤ ᠪᠦᠬᠦ ᠰᠠᠭᠤᠷᠢ ᠳᠤ ᠰᠦᠷᠴᠢᠬᠦ ︵ᠡᠰᠢᠨ ᠤ ᠤᠭ ᠤᠨ ᠬᠡᠰᠡᠭ ᠲᠤ ᠭᠤᠣᠯᠳᠠᠯᠭ᠎ᠠ ᠲᠠᠢ ᠰᠦᠷᠴᠢᠨ ᠣᠷᠤᠭᠤᠯᠤᠨ︶ ᠪᠤᠶᠤ ᠳᠤᠰᠤᠯᠭᠠᠨ ᠤᠰᠤᠯᠠᠵᠤ ᠨᠡᠬᠡᠨ ᠣᠷᠣᠭᠤᠯᠤᠨ᠎ᠠ᠂ 7 ᠡᠳᠦᠷ ᠠᠴᠠ 10 ᠡᠳᠦᠷ ᠠᠯᠤᠰᠯᠠᠬᠤ ᠪᠦᠷᠢ ᠨᠢᠭᠡ ᠤᠳᠠᠭ᠎ᠠ ᠰᠦᠷᠴᠢᠵᠦ᠂ ᠦᠷᠭᠦᠯᠵᠢᠯᠡᠨ 2-3 ᠤᠳᠠᠭ᠎ᠠ ᠡᠮ ᠰᠦᠷᠴᠢᠬᠦ ᠬᠡᠷᠡᠭᠲᠡᠢ᠃ 
图片3.png
       ᠵᠢᠶᠠᠩᠴᠠ ︵芫菁︶ ︵ᠲᠣᠯᠪᠣᠲᠤ ᠪᠠᠮᠪᠤ 斑蝥︶᠄ ᠭᠠᠵᠠᠷ ᠤᠨ ᠡᠷᠬᠢᠨ ᠲᠤᠭᠤᠷᠢᠨ ᠳᠤ ᠪᠤᠵᠠᠷ ᠡᠪᠡᠰᠦ ᠢᠯᠡᠷᠡᠬᠦ ᠦᠶ᠎ᠡ ᠳᠤ᠂ ᠴᠠᠭ ᠲᠤᠬᠠᠢ ᠳᠤᠨᠢ ᠥᠨᠳᠥᠷ ᠦᠷ᠎ᠡ ᠠᠰᠢᠭ ᠲᠠᠢ ᠾᠯᠣᠷᠲᠤ ᠼᠢᠶᠠᠨ ᠪᠠᠺᠲ᠋ᠧᠷᠢ ᠶᠢᠨ ᠡᠰᠲ᠋ᠧᠷ ᠤᠨ ᠴᠢᠢᠳᠡᠮᠯᠢᠭ ᠲᠣᠰᠣ ︵氯氰菌酯乳油︶ ᠪᠤᠶᠤ ᠠᠸᠢᠼᠢᠨ ᠤ ᠴᠢᠢᠳᠡᠮᠯᠢᠭ ᠲᠣᠰᠣ ︵阿维菌素乳油︶ ᠶᠢ ᠰᠣᠩᠭᠤᠨ ᠤᠰᠤ ᠬᠤᠯᠢᠵᠤ ᠰᠦᠷᠴᠢᠵᠦ᠂ ᠵᠢᠶᠠᠩᠴᠠ ᠲᠥᠮᠥᠰᠥ ᠶᠢᠨ ᠲᠠᠷᠢᠶᠠᠨ ᠳᠤ ᠰᠢᠷᠭᠤᠨ ᠣᠷᠣᠬᠤ ᠠᠴᠠ ᠵᠠᠶᠢᠯᠠᠰᠭᠢᠬᠤ ᠬᠡᠷᠡᠭᠲᠡᠢ᠃      ᠪᠠᠭᠠᠷᠠᠩ ᠬᠤᠷᠣᠬᠠᠢ᠄ ᠡᠷᠦᠳᠡᠰᠦ ᠶᠢᠨ ᠲᠣᠰᠣ ᠪᠤᠶᠤ ᠪᠢ ᠴᠥᠩ ᠯᠢᠨ ᠤ ᠴᠢᠭᠢᠭᠰᠡᠭ ᠨᠤᠨᠳᠠᠭ ᠡᠳ᠋ ︵吡虫啉可湿性粉剂︶ ᠢ ᠰᠣᠩᠭᠤᠵᠤ ᠤᠰᠤ ᠬᠤᠯᠢᠨ ᠨᠠᠪᠴᠢᠨ ᠤ ᠭᠠᠳᠠᠷᠭᠤ ᠳᠤ ᠵᠢᠭᠳᠡ ᠰᠦᠷᠴᠢᠵᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map