ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠤ᠄ | ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ | ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ | ᠪᠠᠷᠢᠮᠲᠠᠯᠠᠨ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ | ᠰᠢᠨᠡᠳᠬᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ᠂ | ᠲᠠᠷᠢᠶᠠᠯᠠᠩ ᠤᠨ ᠮᠠᠰᠢᠨ ᠤ ᠥᠨᠳᠥᠷ ᠲᠡᠰᠴᠢᠯᠡᠬᠦ᠂ ᠣᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ᠂ ᠡᠳ᠋ ᠤᠨ ᠵᠠᠰᠠᠭ ᠤᠨ | ᠶᠠᠮᠤᠨ ᠤ ᠠᠯᠪᠠᠨ ᠲᠢᠩᠬᠢᠮ ᠤᠨ ︽ᠠᠵᠢᠯ ᠤᠨ ᠡᠷᠴᠢᠮ ᠢᠶᠠᠨ ᠴᠢᠩᠭᠠᠷᠠᠭᠤᠯᠵᠤ ᠲᠠᠷᠢᠶᠠᠯᠠᠩ ᠮᠠᠯ ᠠᠵᠤ ᠠᠬᠤᠢ ᠶᠢᠨ | ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠰᠠᠶᠢᠲᠤᠷ ᠬᠡᠷᠡᠭᠵᠢᠭᠦᠯᠬᠦ ᠲᠤᠬᠠᠢ ᠮᠡᠳᠡᠭᠳᠡᠯ︾ ︵ᠲᠠᠷᠢᠶᠠᠯᠠᠩ ᠠᠯᠪᠠᠨ ᠲᠢᠩᠬᠢᠮ ﹇2024﹈ 4 ᠳ᠋ᠦ᠋ᠭᠡᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ | ᠰᠢᠨᠡᠳᠬᠡᠬᠦ ᠳᠤ ᠨᠥᠬᠦᠪᠦᠷᠢ ᠥᠭᠬᠦ ᠠᠵᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃ ᠡᠳᠦᠭᠡ ᠲᠠᠨᠠᠷ ᠲᠤ | ᠳᠠᠷᠤᠮᠠᠯᠯᠠᠨ ᠲᠠᠷᠬᠠᠭᠠᠯ᠎ᠠ᠂ ᠵᠢᠷᠤᠮᠯᠠᠨ ᠬᠡᠷᠡᠭᠵᠢᠭᠦᠯᠲᠦᠭᠡᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | 2024 ᠣᠨ ᠤ 8 ᠰᠠᠷ᠎ᠠ ᠶᠢᠨ 5 ᠤ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ | ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠠᠵᠢᠯ ᠤᠨ ᠬᠡᠷᠡᠭᠵᠢᠭᠦᠯᠬᠦ ᠲᠥᠰᠥᠯ |