ᠵᠣᠨ ᠤ ᠤᠯᠠᠷᠢᠯ ᠤᠨ ᠠᠭᠠᠷ ᠤᠨ ᠳᠤᠯᠠᠭᠠᠨ ᠨᠡᠯᠢᠶᠡᠳ ᠥᠨᠳᠥᠷ ᠪᠠᠶᠢᠬᠤ ᠨᠢ ᠠᠯᠠᠰᠢᠨ ᠦᠬᠡᠷ ᠲᠤ ᠠᠪᠴᠤ | ᠬᠡᠯᠡᠪᠡᠯ ᠮᠠᠰᠢ ᠶᠡᠭᠡ ᠰᠢᠯᠭᠠᠯᠲᠠ ᠪᠣᠯᠣᠨ᠎ᠠ᠂ ᠤᠴᠢᠷ ᠨᠢ ᠵᠣᠨ ᠤ ᠤᠯᠠᠷᠢᠯ ᠤᠨ ᠥᠨᠳᠥᠷ ᠳᠤᠯᠠᠭᠠᠨ᠂ ᠢᠯᠠᠭ᠎ᠠ | ᠪᠠᠲᠠᠭᠠᠨ᠎ᠠ ᠵᠡᠷᠭᠡ ᠠᠴᠠ ᠠᠯᠠᠰᠢᠨ ᠦᠬᠡᠷ ᠤᠨ ᠢᠳᠡᠭᠡᠨ ᠤ ᠳᠤᠷᠠᠰᠢᠯ ᠮᠠᠭᠤᠳᠠᠳᠠᠭ᠂ ᠡᠶᠢᠮᠦ ᠠᠴᠠ ᠵᠣᠨ ᠤ | ᠤᠯᠠᠷᠢᠯ ᠳᠤ ᠬᠠᠮᠢᠶᠠᠷᠤᠯᠲᠠ ᠵᠣᠬᠢᠰ ᠦᠭᠡᠢ ᠪᠣᠯ ᠠᠯᠠᠰᠢᠨ ᠦᠬᠡᠷ ᠠᠮᠠᠷᠬᠠᠨ ᠡᠴᠡᠳᠡᠭ᠂ ᠳᠣᠣᠷ᠎ᠠ ᠪᠢᠳᠡ ᠵᠣᠨ ᠤ | ᠤᠯᠠᠷᠢᠯ ᠳᠤ ᠠᠯᠠᠰᠢᠨ ᠦᠬᠡᠷ ᠤᠨ ᠪᠣᠷᠳᠣᠵᠤ ᠲᠠᠷᠭᠤᠯᠠᠭᠤᠯᠬᠤ ᠠᠷᠭ᠎ᠠ ᠶᠢ ᠲᠠᠨᠢᠯᠴᠠᠭᠤᠯᠵᠤ ᠣᠯᠠᠨ ᠳᠤ ᠯᠠᠪᠯᠠᠯᠲᠠ | ᠪᠣᠯᠭᠠᠶ᠎ᠠ᠃ | 5. ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠨᠡᠮᠡᠨ᠎ᠡ | ᠲᠡᠵᠢᠭᠡᠯ ᠪᠣᠷᠳᠣᠭᠠᠨ ᠤ ᠨᠡᠮᠡᠯᠲᠡ ᠡᠳ᠋ ᠨᠢ ᠵᠤᠨ ᠤ ᠤᠯᠠᠷᠢᠯ ᠤᠨ ᠬᠠᠯᠠᠭᠤᠨ ᠢ ᠡᠰᠡᠷᠭᠦᠴᠡᠬᠦ ᠰᠡᠷᠡᠯᠵᠢᠯ ᠤᠨ | ᠬᠡᠯᠪᠡᠷᠢ ᠲᠠᠢ᠂ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠨᠠᠲᠷᠢ᠂ ᠾᠯᠣᠷᠲᠤ ᠨᠠᠲᠷᠢ᠂ ᠨᠢᠮᠪᠡᠭᠡ ᠶᠢᠨ ᠬᠦᠴᠢᠯ ᠤᠨ | ᠨᠠᠲᠷᠢ᠂ ᠾᠯᠣᠷᠲᠤ ᠺᠠᠯᠢ ᠵᠡᠷᠭᠡ ᠤᠯᠠᠨ ᠸᠢᠲ᠋ᠠᠮᠢᠨ ᠲᠠᠢ ᠨᠡᠮᠡᠯᠲᠡ ᠡᠳ᠋ ᠤᠨ ᠴᠠᠬᠢᠯᠭᠠᠨ ᠵᠠᠳᠠᠯᠤᠭᠳᠠᠬᠤᠨ ᠢ | ᠴᠢᠩᠭᠠᠳᠬᠠᠵᠤ᠂ ᠥᠨᠳᠥᠷ ᠳᠤᠯᠠᠭᠠᠨ ᠳᠤ ᠠᠮᠢᠳᠠᠨ ᠢ ᠵᠤᠨ ᠤ ᠴᠠᠭ ᠲᠤ ᠰᠡᠷᠢᠭᠦᠨ ᠲᠠᠭᠠᠯᠠᠮᠵᠢᠲᠠᠢ ᠪᠣᠯᠭᠠᠳᠠᠭ᠃ | 6. ᠬᠠᠯᠠᠭᠤᠨ ᠡᠳᠦᠷ ᠲᠤᠭᠤᠯᠯᠠᠬᠤ ᠠᠴᠠ ᠪᠣᠯᠭᠤᠮᠵᠢᠯᠠᠵᠤ᠂ ᠬᠤᠶᠢᠲᠤᠬᠢ ᠨᠢ ᠪᠠᠭᠤᠬᠤ ᠦᠭᠡᠢ ᠠᠴᠠ | ᠪᠣᠯᠭᠤᠮᠵᠢᠯᠠᠬᠤ ᠬᠡᠷᠡᠭᠲᠡᠢ | ᠠᠷᠪᠢᠨ ᠲᠤᠭᠤᠯᠯᠠᠭᠰᠠᠨ ᠦᠨᠢᠶᠡᠨ ᠤ ᠵᠤᠨ ᠤ ᠤᠯᠠᠷᠢᠯ ᠳᠤ ᠲᠤᠭᠤᠯᠯᠠᠬᠤ ᠠᠴᠠ ᠠᠯᠢ ᠴᠢᠳᠠᠬᠤ ᠪᠠᠷ | ᠵᠠᠶᠢᠯᠠᠰᠬᠢᠬᠦ ᠬᠡᠷᠡᠭᠲᠡᠢ᠂ ᠲᠤᠭᠤᠯᠯᠠᠬᠤ ᠪᠠ ᠥᠨᠳᠥᠷ ᠬᠠᠯᠠᠭᠤᠨ ᠤ ᠳᠠᠪᠬᠤᠷ ᠰᠡᠷᠡᠯᠵᠢᠯ ᠨᠢ ᠦᠨᠢᠶ᠎ᠡ ᠪᠠ ᠲᠤᠭᠤᠯ ᠤᠨ | ᠡᠷᠡᠭᠦᠯ ᠴᠢᠭᠢᠷᠠᠭ ᠢ ᠨᠥᠯᠥᠭᠡᠯᠡᠨ᠎ᠡ᠃ ᠬᠡᠷᠪᠡ ᠬᠤᠶᠢᠲᠤᠬᠢ ᠨᠢ ᠪᠠᠭᠤᠬᠤ ᠦᠭᠡᠢ ᠪᠣᠯ ᠬᠢᠲᠠᠳ ᠡᠮ ᠢᠶᠠᠷ ᠵᠠᠰᠠᠵᠤ | ᠪᠣᠯᠣᠨ᠎ᠠ᠂ ᠵᠢᠱᠢᠶᠡᠯᠡᠪᠡᠯ ︽ᠠᠮᠲᠠ ᠣᠷᠣᠭᠤᠯᠤᠭᠰᠠᠨ ᠴᠢᠰᠤ ᠲᠥᠯᠵᠢᠭᠦᠯᠵᠦ ᠮᠠᠭᠤ ᠴᠢᠰᠤ ᠶᠢ ᠭᠠᠳᠠᠭᠰᠢᠯᠠᠭᠤᠯᠬᠤ | ᠲᠠᠩ ᠡᠮ︾᠄ ᠳᠥᠷᠪᠡᠯᠵᠢ ᠡᠪᠡᠰᠦ 90 ᠭᠷᠡᠮ᠂ ᠳ᠋ᠠᠩᠭᠦᠨ 100 ᠭᠷᠡᠮ᠂ ᠳᠣᠯᠣᠨᠤ 60 ᠭᠷᠡᠮ᠂ ᠰᠧᠴᠤᠸᠠᠨ ᠴᠠᠨ᠎ᠠ 60 | ᠭᠷᠡᠮ᠂ ᠬᠤᠨᠴᠢᠷ 50 ᠭᠷᠡᠮ᠂ ᠲᠤᠭᠤᠷ ᠤᠨ ᠴᠥᠮ᠎ᠡ 30 ᠭᠷᠡᠮ᠂ ᠰᠦᠨ ᠣᠷᠬᠤᠳᠠᠢ 50 ᠭᠷᠡᠮ᠂ ᠭᠦᠷᠭᠦᠮ 25 ᠭᠷᠡᠮ᠂ | ᠴᠠᠭᠠᠨ ᠵᠠᠰᠠᠯ 60 ᠭᠷᠡᠮ᠂ ᠳᠥᠷᠪᠡᠯᠵᠢ ᠡᠪᠡᠰᠦ 90 ᠭᠷᠡᠮ᠂ ᠬᠠᠭᠰᠠᠭᠠᠭᠰᠠᠨ ᠰᠢᠬᠢᠷ ᠡᠪᠡᠰᠦ 15 ᠭᠷᠡᠮ᠂ ᠪᠦᠯᠢᠶᠡᠨ | ᠤᠰᠤᠨ ᠳᠤ ᠪᠤᠷᠠᠮ ᠲᠠᠢ ᠴᠢᠨᠠᠵᠤ ᠤᠤᠭᠤᠯᠭᠠᠨ᠎ᠠ᠃ | 7. ᠤᠬᠢᠶᠠᠵᠤ ᠴᠡᠪᠡᠷᠯᠡᠨ ᠠᠷᠢᠭᠤᠨ ᠴᠡᠪᠡᠷ ᠢ ᠡᠷᠬᠢᠮᠯᠡᠨ᠂ ᠢᠯᠠᠭ᠎ᠠ ᠪᠠᠲᠠᠭᠠᠨ᠎ᠠ ᠶᠢ ᠠᠷᠢᠯᠭᠠᠨ᠎ᠠ | ᠦᠬᠡᠷ ᠤᠨ ᠬᠠᠰᠢᠶ᠎ᠠ ᠶᠢ ᠦᠷᠭᠦᠯᠵᠢ ᠱᠦᠭᠦᠷᠳᠡᠨ ᠴᠡᠪᠡᠷᠯᠡᠵᠦ᠂ ᠪᠠᠭᠠᠰᠤ ᠰᠢᠭᠡᠰᠦ ᠶᠢ ᠴᠡᠪᠡᠷᠯᠡᠵᠦ᠂ ᠰᠠᠯᠬᠢ | ᠵᠢᠪᠠᠷ ᠨᠡᠪᠲᠡᠷᠡᠭᠦᠯᠦᠨ᠂ ᠦᠬᠡᠷ ᠤᠨ ᠣᠷᠣ ᠶᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷ ᠤᠰᠤ ᠪᠠᠷ ᠤᠬᠢᠶᠠᠵᠤ᠂ | ᠦᠬᠡᠷ ᠤᠨ ᠪᠡᠶ᠎ᠡ᠂ ᠬᠤᠶᠢᠲᠤ ᠪᠡᠶ᠎ᠡ ᠵᠡᠷᠭᠡ ᠴᠡᠪᠡᠷ ᠪᠤᠰᠤ ᠬᠡᠰᠡᠭ ᠢ ᠴᠠᠭ ᠲᠤᠬᠠᠢ ᠳᠤᠨᠢ ᠴᠡᠪᠡᠷ ᠤᠰᠤ ᠪᠠᠷ ᠤᠬᠢᠶᠠᠨ | ᠴᠡᠪᠡᠷᠯᠡᠵᠦ᠂ ᠬᠠᠯᠠᠭᠤᠨ ᠤ ᠰᠡᠷᠡᠯᠲᠡ ᠶᠢ ᠪᠠᠭᠠᠰᠬᠠᠨ᠎ᠠ᠃ ᠦᠬᠡᠷ ᠤᠨ ᠪᠡᠶ᠎ᠡ ᠶᠢ ᠤᠬᠢᠶᠠᠬᠤ ᠳᠠᠭᠠᠨ ᠲᠡᠵᠢᠭᠡᠬᠦ ᠠᠴᠠ | ᠡᠮᠦᠨ᠎ᠡ ᠲᠣᠬᠢᠷᠠᠭᠤᠯᠵᠤ᠂ ᠲᠡᠵᠢᠭᠡᠭᠰᠡᠨ ᠤ ᠳᠠᠷᠠᠭ᠎ᠠ 30 ᠮᠢᠨᠦ᠋ᠲ ᠤᠨ ᠳᠣᠲᠣᠷ᠎ᠠ ᠤᠬᠢᠶᠠᠵᠤ ᠪᠣᠯᠬᠤ ᠦᠭᠡᠢ᠂ | ᠨᠡᠩ ᠴᠤ ᠤᠰᠤ ᠪᠠᠷ ᠦᠬᠡᠷ ᠤᠨ ᠲᠣᠯᠣᠭᠠᠢ ᠶᠢ ᠴᠣᠴᠢᠮᠠᠭ ᠤᠬᠢᠶᠠᠵᠤ ᠪᠣᠯᠬᠤ ᠦᠭᠡᠢ᠂ ᠦᠬᠡᠷ ᠤᠨ ᠲᠣᠯᠣᠭᠠᠢ ᠶᠢᠨ | ᠬᠡᠰᠡᠭ ᠤᠨ ᠴᠢᠰᠤᠨ ᠰᠤᠳᠠᠯ ᠬᠦᠴᠦᠲᠡᠢ ᠠᠪᠴᠢᠵᠤ ᠮᠠᠨᠠᠷᠠᠬᠤ ᠠᠴᠠ ᠰᠡᠷᠭᠡᠶᠢᠯᠡᠬᠦ ᠬᠡᠷᠡᠭᠲᠡᠢ᠃ ᠡᠳᠦᠷ ᠪᠦᠷᠢ ᠶᠢᠨ | ᠦᠳᠡ ᠳᠤ ᠦᠬᠡᠷ ᠢᠶᠠᠨ ᠬᠠᠰᠢᠶᠠᠯᠠᠨ ᠠᠷᠢᠭᠤᠳᠬᠠᠵᠤ ᠬᠢᠵᠢᠭ ᠢ ᠰᠡᠷᠭᠡᠶᠢᠯᠡᠬᠦ ᠮᠥᠷᠲᠡᠭᠡᠨ ᠠᠷᠢᠭᠤᠳᠬᠠᠨ᠎ᠠ᠃ | ᠦᠬᠡᠷ ᠤᠨ ᠰᠠᠷᠠᠪᠴᠢ ᠶᠢᠨ ᠡᠷᠬᠢᠨ ᠲᠣᠭᠤᠷᠢᠨ ᠳᠤ ᠱᠠ ᠡᠭᠦᠳᠡ᠂ ᠱᠠ ᠴᠣᠩᠬᠤ ᠨᠡᠮᠡᠵᠦ᠂ ᠢᠯᠠᠭ᠎ᠠ ᠪᠠᠲᠠᠭᠠᠨ᠎ᠠ | ᠦᠬᠡᠷ ᠤᠨ ᠪᠡᠶ᠎ᠡ ᠶᠢ ᠬᠠᠵᠠᠬᠤ ᠠᠴᠠ ᠰᠡᠷᠭᠡᠶᠢᠯᠡᠬᠦ ᠶᠢᠨ ᠬᠠᠮᠲᠤ ᠪᠠᠰᠠ 1% ᠶᠢᠨ ᠳ᠋ᠢ ᠪᠠᠢ ᠴᠥᠩ ᠡᠮ ᠤᠨ | ᠰᠢᠩᠭᠡᠨ ᠢᠶᠠᠷ ᠦᠬᠡᠷ ᠢ ᠰᠦᠷᠴᠢᠵᠦ ᠪᠣᠯᠣᠨ᠎ᠠ᠂ ᠪᠠᠰᠠ ᠲᠣᠭᠲᠠᠭᠰᠠᠨ ᠬᠤᠭᠤᠴᠠᠭᠠᠨ ᠳᠤ ᠠᠯᠠᠰᠢᠨ ᠦᠬᠡᠷ ᠲᠤ | ᠵᠣᠬᠢᠬᠤ ᠬᠡᠮᠵᠢᠶᠡᠨ ᠤ ᠮᠠᠯ ᠳᠤ ᠬᠡᠷᠡᠭᠯᠡᠬᠦ ᠲᠦ᠋ ᠮᠸᠢ ᠰᠦ᠋ ᠢᠳᠡᠭᠦᠯᠵᠦ᠂ ᠡᠳᠦᠷ ᠪᠦᠷᠢ ᠲᠡᠵᠢᠭᠡᠯ ᠤᠨ ᠪᠠᠭᠠᠵᠢ | ᠬᠡᠷᠡᠭᠰᠡᠯ ᠢ ᠤᠬᠢᠶᠠᠬᠤ ᠪᠠ ᠠᠯᠠᠰᠢᠨ ᠦᠬᠡᠷ ᠤᠨ ᠬᠠᠰᠢᠶ᠎ᠠ ᠶᠢ ᠴᠡᠪᠡᠷᠯᠡᠬᠦ ᠠᠵᠢᠯ ᠢ ᠰᠠᠶᠢᠲᠤᠷ ᠬᠢᠵᠦ᠂ ᠡᠪᠡᠳᠴᠢᠨ ᠤ | ᠪᠠᠺᠲ᠋ᠧᠷᠢ ᠶᠢᠨ ᠬᠠᠯᠳᠠᠪᠤᠷᠢᠯᠠᠬᠤ ᠠᠴᠠ ᠰᠡᠷᠭᠡᠶᠢᠯᠡᠨ᠎ᠡ᠃ ᠰᠥᠨᠢ ᠳᠡᠭᠡᠨ ᠠᠯᠠᠰᠢᠨ ᠦᠬᠡᠷ ᠤᠨ ᠬᠠᠰᠢᠶᠠᠨ ᠳᠤ ᠰᠢᠮᠠᠭᠤᠯ | ᠤᠲᠤᠬᠤ ᠬᠦᠵᠢ ᠶᠢ ᠠᠰᠠᠭᠠᠬᠤ ᠪᠤᠶᠤ ᠱᠠ ᠪᠥᠰ ᠢᠶᠠᠷ ᠪᠠᠭᠯᠠᠭᠰᠠᠨ ᠲᠠᠯᠠᠰᠲᠤ ᠳ᠋ᠢ ᠪᠠᠢ ᠴᠦᠩ ᠢ ᠡᠯᠭᠦᠵᠦ | ᠬᠠᠵᠠᠭᠳᠠᠬᠤ ᠠᠴᠠ ᠰᠡᠷᠭᠡᠶᠢᠯᠡᠨ᠎ᠡ᠃ | 8. ᠡᠷᠲᠡ ᠣᠷᠣᠢ ᠳᠠᠭᠠᠨ ᠵᠥᠭᠡᠭᠡᠪᠦᠷᠢᠯᠡᠵᠦ᠂ ᠵᠠᠮ ᠵᠠᠭᠤᠷ᠎ᠠ ᠪᠠᠨ ᠠᠮᠠᠷᠠᠨ᠎ᠠ | ᠠᠯᠠᠰᠢᠨ ᠦᠬᠡᠷ ᠤᠨ ᠲᠡᠭᠡᠭᠡᠪᠦᠷᠢ ᠶᠢᠨ ᠦᠢᠯᠡᠳᠪᠦᠷᠢᠯᠡᠯ ᠤᠨ ᠲᠥᠯᠦᠪᠵᠢᠭᠦᠯᠭᠡ ᠶᠢ ᠬᠠᠬᠢᠷ ᠬᠦᠢᠲᠡᠨ | ᠠᠭᠠᠭᠢᠮ᠎ᠠ ᠬᠠᠯᠠᠭᠤᠨ ᠠᠴᠠ ᠵᠠᠶᠢᠯᠠᠭᠤᠯᠬᠤ ᠬᠡᠷᠡᠭᠲᠡᠢ᠃ ᠵᠣᠨ ᠤ ᠤᠯᠠᠷᠢᠯ ᠳᠤ ᠠᠯᠠᠰᠢᠨ ᠦᠬᠡᠷ ᠵᠥᠭᠡᠭᠡᠪᠦᠷᠢᠯᠡᠬᠦ ᠳᠡᠭᠡᠨ | ᠡᠷᠲᠡ ᠣᠷᠣᠢ ᠶᠠᠪᠤᠵᠤ᠂ ᠲᠡᠷᠭᠡᠨ ᠣᠷᠣᠢ ᠳᠤ ᠰᠢᠷᠠᠭᠳᠠᠬᠤ ᠠᠴᠠ ᠰᠡᠷᠭᠡᠶᠢᠯᠡᠬᠦ ᠲᠣᠣᠷ ᠪᠤᠶᠤ ᠨᠣᠶᠢᠲᠠᠨ ᠬᠥᠰᠢᠭᠡ | ᠲᠠᠯᠪᠢᠵᠤ᠂ ᠳᠥᠷᠪᠡᠨ ᠲᠠᠯ᠎ᠠ ᠪᠠᠷ ᠨᠢ ᠰᠠᠯᠬᠢ ᠨᠡᠪᠲᠡᠷᠡᠭᠦᠯᠬᠦ ᠪᠤᠶᠤ ᠨᠣᠶᠢᠲᠠᠨ ᠬᠥᠰᠢᠭᠡ ᠲᠠᠭᠠᠷᠠᠭᠤᠯᠤᠨ᠎ᠠ᠃ ᠬᠤᠯᠠ | ᠵᠠᠮ ᠤᠨ ᠲᠡᠭᠡᠭᠡᠪᠦᠷᠢ ᠶᠢᠨ ᠶᠠᠪᠤᠴᠠ ᠳᠤ ᠮᠣᠳᠣᠨ ᠤ ᠰᠡᠭᠦᠳᠡᠷ ᠲᠤ ᠲᠡᠷᠭᠡ ᠪᠠᠨ ᠵᠣᠭᠰᠣᠭᠠᠵᠤ ᠠᠮᠠᠷᠠᠭᠤᠯᠤᠨ᠂ | 0.5% ᠶᠢᠨ ᠳᠠᠪᠤᠰᠤ ᠲᠠᠢ ᠤᠰᠤ ᠪᠤᠶᠤ ᠴᠠᠬᠢᠯᠭᠠᠨ ᠵᠠᠳᠠᠯᠤᠭᠳᠠᠬᠤᠨ ᠲᠠᠢ ᠤᠰᠤᠨ ᠤ ᠠᠭᠤᠰᠤᠮᠠᠯ ᠢᠶᠠᠷ ᠤᠰᠤᠯᠠᠵᠤ᠂ | ᠪᠠᠰᠠ ᠨᠣᠭᠤᠭᠠᠨ ᠪᠣᠷᠳᠤᠭ᠎ᠠ ᠶᠢ ᠪᠠᠭ᠎ᠠ ᠲᠡᠵᠢᠭᠡᠵᠦ᠂ ᠬᠠᠯᠠᠭᠤᠨ ᠤ ᠰᠡᠷᠡᠯᠲᠡ ᠠᠴᠠ ᠪᠣᠯᠵᠤ ᠬᠤᠬᠢᠷᠠᠯ ᠭᠠᠷᠬᠤ ᠠᠴᠠ | ᠰᠡᠷᠭᠡᠶᠢᠯᠡᠨ᠎ᠡ᠃ |