ᠥᠪᠥᠷ ᠪᠠᠶᠢᠭᠤᠯᠤᠯᠲᠠ ᠬᠠᠤᠯᠢ 〔 2017〕622 ᠳ᠋ᠤᠭᠠᠷ ᠲᠣᠭᠠᠲᠤ | ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠵᠥᠪᠯᠡᠯ︶᠂ ᠲᠥᠯᠥᠪᠵᠢᠭᠦᠯᠭᠡ ᠶᠢᠨ | ᠲᠣᠪᠴᠢᠶ᠎ᠠ᠂ ᠣᠷᠣᠨ ᠰᠠᠭᠤᠴᠠ ᠶᠢᠨ ᠪᠠᠲᠤᠯᠠᠭ᠎ᠠ ᠪᠠ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠪᠴᠢᠶ᠎ᠠ᠂ ᠴᠡᠴᠡᠷᠯᠢᠭ ᠤᠨ ᠲᠣᠪᠴᠢᠶ᠎ᠠ᠂ ᠡᠷᠢᠶᠡᠨ ᠬᠤᠲᠠ᠂ ᠮᠠᠨᠵᠤᠤᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠡ᠄ | ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠰᠢᠢᠳᠭᠡᠯ | ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠬᠤ ᠠᠷᠭ᠎ᠠ︾ ᠶᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠥᠪᠥᠷ ᠵᠠᠰᠠᠭ ᠲᠠᠷᠬᠠᠭᠠᠭᠰᠠᠨ ﹇ | 2017﹈ 32 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠲᠢᠩᠬᠢᠮ 2013 ᠣᠨ ᠤ 12 ᠳ᠋ᠤᠭᠠᠷ ᠰᠠᠷ᠎ᠠ ᠶᠢᠨ 9 ᠤ ᠡᠳᠦᠷ ᠳᠠᠷᠤᠮᠠᠯᠯᠠᠨ | ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ | ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ | ᠵᠢᠷᠤᠮᠵᠢᠭᠤᠯᠬᠤ ᠶᠢᠨ ᠬᠡᠷᠡᠭᠵᠢᠭᠦᠯᠬᠦ ᠠᠷᠭ᠎ᠠ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ ︵ᠥᠪᠥᠷ | ᠪᠠᠶᠢᠭᠤᠯᠤᠯᠲᠠ ᠬᠠᠤᠯᠢ ﹇2013﹈ 664 ᠳ᠋ᠦ᠋ᠭᠡᠷ ᠲᠣᠭᠠᠲᠤ︶ ᠳᠤ ᠵᠠᠰᠠᠪᠤᠷᠢ ᠣᠷᠣᠭᠤᠯᠪᠠ᠂ ᠡᠳᠦᠭᠡ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ | ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ ᠶᠢ ᠨᠡᠶᠢᠲᠡᠯᠡᠪᠡ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠠᠰᠠᠭ ᠵᠠᠬᠢᠷᠭᠠᠨ ᠤ | ᠰᠢᠢᠳᠬᠡᠯ ᠤᠨ ᠲᠠᠰᠤᠯᠤᠯᠲᠠ ᠶᠢᠨ ᠠᠵᠢᠯ ᠤᠨ ᠳᠤᠮᠳᠠ ᠲᠤᠤᠱᠯᠠᠭᠤᠯᠤᠨ ᠬᠡᠷᠡᠭᠵᠢᠭᠦᠯᠲᠦᠭᠡᠶ᠃ | 2013 ᠣᠨ ᠤ 12 ᠳ᠋ᠤᠭᠠᠷ ᠰᠠᠷ᠎ᠠ ᠶᠢᠨ 9 ᠤ ᠡᠳᠦᠷ ᠳᠠᠷᠤᠮᠠᠯᠯᠠᠨ ᠶᠠᠪᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ | ᠡᠷᠬᠡ ᠶᠢ ᠵᠢᠷᠤᠮᠵᠢᠭᠤᠯᠬᠤ ᠶᠢᠨ ᠬᠡᠷᠡᠭᠵᠢᠭᠦᠯᠬᠦ ᠠᠷᠭ᠎ᠠ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ ᠶᠢᠨ | ᠲᠤᠬᠠᠶ ᠮᠡᠳᠡᠭᠳᠡᠯ ︵ᠥᠪᠥᠷ ᠪᠠᠶᠢᠭᠤᠯᠤᠯᠲᠠ ᠬᠠᠤᠯᠢ ﹇2013﹈ 664 ᠳ᠋ᠦ᠋ᠭᠡᠷ ᠲᠣᠭᠠᠲᠤ ) ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ | ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ ᠶᠢ 2017 ᠣᠨ ᠤ 12 ᠳ᠋ᠤᠭᠠᠷ ᠰᠠᠷ᠎ᠠ ᠶᠢᠨ 29 ᠤ ᠡᠳᠦᠷ | ᠠᠴᠠ ᠡᠬᠢᠯᠡᠵᠦ ᠬᠡᠷᠡᠭᠵᠢᠭᠦᠯᠦᠨ᠎ᠡ᠃ | | 2017 ᠣᠨ ᠤ 12 ᠳ᠋ᠤᠭᠠᠷ ᠰᠠᠷ᠎ᠠ ᠶᠢᠨ 29 ᠤ ᠡᠳᠦᠷ |