ᠬᠤᠭᠤᠴᠠᠭ᠎ᠠ ᠬᠤᠪᠢᠶᠠᠨ ᠨᠡᠭᠡᠭᠡᠨ ᠬᠥᠭᠵᠢᠭᠦᠯᠬᠦ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠬᠡᠷᠬᠢᠨ ᠲᠣᠬᠢᠷᠠᠭᠤᠯᠤᠨ ᠪᠠᠶᠢᠭᠤᠯᠬᠤ ᠪᠤᠢ︖
ᠨᠡᠶᠢᠲᠡᠯᠡᠭᠰᠡᠨ ᠴᠠᠭ᠄
2022/11/21
    ︽ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠠᠬᠢ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠪᠠ ᠬᠠᠷᠰᠢ ᠰᠠᠭᠠᠳ ᠦᠭᠡᠢ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ︹2022︺44 ᠳ᠋ᠤᠭᠡᠷ ᠲᠣᠭᠠᠲᠤ︶ ᠢ ᠦᠨᠳᠦᠰᠦᠯᠡᠪᠡᠯ᠂ ᠬᠤᠭᠤᠴᠠᠭ᠎ᠠ ᠬᠤᠪᠢᠶᠠᠨ ᠨᠡᠭᠡᠭᠡᠨ ᠬᠥᠭᠵᠢᠭᠦᠯᠬᠦ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠲᠣᠬᠢᠷᠠᠭᠤᠯᠤᠨ ᠪᠠᠶᠢᠭᠤᠯᠬᠤ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠬᠡᠷᠡᠭᠯᠡᠬᠦ ᠭᠡᠷ ᠪᠠᠶᠢᠰᠢᠩ ᠢ ᠠᠩᠬᠠᠨ ᠤ ᠬᠤᠭᠤᠴᠠᠭᠠᠨ ᠳᠤ ᠲᠣᠬᠢᠷᠠᠭᠤᠯᠬᠤ ᠶᠢᠨ ᠬᠠᠮᠲᠤ ᠰᠠᠯᠭᠠᠵᠤ ᠪᠣᠯᠬᠤ ᠦᠭᠡᠢ︔ ᠠᠩᠬᠠᠨ ᠤ ᠬᠤᠭᠤᠴᠠᠭᠠᠨ ᠳᠤ ᠦᠨᠡᠨ ᠬᠦ ᠲᠣᠬᠢᠷᠠᠭᠤᠯᠬᠤ ᠶᠢᠨ ᠠᠷᠭ᠎ᠠ ᠦᠭᠡᠢ ᠲᠥᠷᠥᠯ ᠵᠦᠢᠯ ᠳᠤ᠂ ᠲᠣᠬᠢᠷᠠᠭᠤᠯᠤᠨ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠬᠡᠷᠡᠭᠯᠡᠬᠦ ᠭᠡᠷ ᠪᠠᠶᠢᠰᠢᠩ ᠢ ᠡᠷᠬᠡᠪᠰᠢ ᠣᠷᠣᠨ ᠰᠠᠭᠤᠴᠠ ᠶᠢᠨ ᠶᠡᠷᠦᠩᠬᠡᠢ ᠬᠡᠪᠴᠢᠶ᠎ᠡ ᠶᠢᠨ 50% ᠶᠢ ᠪᠡᠶᠡᠯᠡᠭᠦᠯᠬᠦ ᠠᠴᠠ ᠡᠮᠦᠨ᠎ᠡ ᠵᠡᠷᠭᠡ ᠳᠤ ᠨᠢ ᠪᠠᠶᠢᠭᠤᠯᠵᠤ ᠳᠠᠭᠤᠰᠬᠠᠬᠤ ᠬᠡᠷᠡᠭᠲᠡᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map