1. ᠭᠠᠵᠠᠷ ᠰᠢᠷᠣᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ᠃ | ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢᠨ ᠥᠪᠡᠷ ᠤᠨ ᠬᠢᠨᠢ ᠭᠠᠵᠠᠷ ᠰᠢᠷᠣᠢ᠂ ᠠᠵᠤ ᠦᠢᠯᠡᠰ ᠤᠨ ᠬᠦᠷᠢᠶᠡᠯᠡᠩ ᠤᠨ ᠢᠵᠢ | ᠪᠦᠷᠢᠳᠦᠭᠦᠯᠦᠨ ᠬᠡᠷᠡᠭᠯᠡᠬᠦ ᠭᠠᠵᠠᠷ ᠰᠢᠷᠣᠢ᠂ ᠰᠢᠨ᠎ᠡ ᠪᠠᠷ ᠬᠠᠩᠭᠠᠬᠤ ᠤᠯᠤᠰ ᠤᠨ ᠥᠮᠴᠢᠯᠡᠯᠲᠦ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ᠂ ᠦᠯᠡᠳᠡᠭᠡᠯ ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ ᠢ ᠠᠰᠢᠭᠯᠠᠨ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶᠢᠭᠤᠯᠬᠤ ᠶᠢ ᠳᠡᠮᠵᠢᠨ᠎ᠡ᠃ ︽ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹2021︺22 ᠳ᠋ᠤᠭᠠᠷ ᠲᠣᠭᠠᠲᠤ︶᠂ ︽ᠪᠠᠲᠤᠯᠠᠭ᠎ᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠵᠢᠯ ᠢ ᠲᠦᠷᠭᠡᠳᠬᠡᠨ ᠬᠥᠭᠵᠢᠭᠦᠯᠬᠦ ᠬᠤᠯᠪᠣᠭᠳᠠᠯ ᠪᠦᠬᠦᠢ ᠶᠠᠪᠤᠳᠠᠯ ᠤᠨ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2021︺53 ᠳ᠋ᠤᠭᠠᠷ ᠲᠣᠭᠠᠲᠤ︶ ᠵᠡᠷᠭᠡ ᠠᠯᠢ ᠣᠯᠠᠨ | ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠭᠠᠵᠠᠷ ᠰᠢᠷᠣᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠨ᠎ᠡ᠃ | 2. ᠨᠥᠬᠦᠪᠦᠷᠢ ᠪᠡᠯᠡ ᠮᠥᠩᠭᠦ ᠶᠢ ᠬᠥᠷᠳᠡᠨ᠎ᠠ᠃ | ᠤᠯᠤᠰ᠂ ᠥᠪᠡᠷᠲᠡᠭᠡᠨ ᠵᠠᠰᠠᠬᠤ ᠣᠷᠣᠨ ᠠᠴᠠ ᠨᠥᠬᠦᠴᠡᠯ ᠳᠤ ᠨᠡᠶᠢᠴᠡᠭᠰᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ | ᠣᠷᠣᠨ ᠰᠠᠭᠤᠴᠠ ᠶᠢᠨ ᠣᠨ ᠤ ᠲᠥᠯᠥᠪᠯᠡᠭᠡ ᠶᠢᠨ ᠲᠥᠷᠥᠯ ᠵᠦᠢᠯ ᠳᠤ ᠵᠣᠬᠢᠬᠤ ᠪᠡᠯᠡ ᠮᠥᠩᠭᠦ ᠶᠢᠨ ᠨᠥᠬᠦᠪᠦᠷᠢ ᠣᠯᠭᠤᠨ᠎ᠠ | ᠃ | 3. ᠭᠠᠶᠢᠯᠢ ᠰᠦᠢᠳᠬᠡᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ︽ᠣᠷᠣᠨ ᠰᠠᠭᠤᠴᠠ ᠲᠦᠷᠢᠶᠡᠰᠦᠯᠡᠬᠦ ᠬᠤᠯᠪᠣᠭᠳᠠᠯ ᠪᠦᠬᠦᠢ ᠭᠠᠶᠢᠯᠢ | ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ | ᠠᠯᠪᠠᠨ ᠵᠠᠷ︾ ︵2021 ᠣᠨ ᠤ 24 ᠳ᠋ᠤᠭᠡᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ︵ᠰᠢᠨ᠎ᠡ ᠪᠠᠷ | ᠪᠠᠶᠢᠭᠤᠯᠤᠭᠰᠠᠨ ᠡᠩ ᠤᠨ ᠲᠠᠸᠠᠷ ᠤᠨ ᠭᠡᠷ ᠪᠠᠶᠢᠰᠢᠩ ᠤᠨ ᠣᠷᠣᠨ ᠰᠠᠭᠤᠴᠠ ᠶᠢᠨ ᠲᠥᠷᠥᠯ ᠵᠦᠢᠯ ᠳᠤ ᠲᠣᠬᠢᠷᠠᠭᠤᠯᠤᠨ | ᠪᠠᠶᠢᠭᠤᠯᠤᠭᠰᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠭᠲᠠᠨ᠎ᠠ︶ ᠳᠤ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠶ ᠪᠠᠷ ᠬᠤᠲᠠ ᠶᠢᠨ ᠰᠠᠭᠤᠷᠢ ᠲᠦᠭᠦᠭᠡᠷᠦᠮᠵᠢ ᠶᠢᠨ ᠢᠵᠢ | ᠪᠦᠷᠢᠳᠦᠭᠦᠯᠬᠦ ᠰᠦᠢᠳᠬᠡᠯ ᠬᠤᠷᠢᠶᠠᠬᠤ ᠦᠭᠡᠢ᠃ ᠣᠷᠣᠨ ᠰᠠᠭᠤᠴᠠ ᠶᠢᠨ ᠪᠤᠰᠤ ᠦᠯᠡᠳᠡᠭᠡᠯ ᠭᠠᠵᠠᠷ ᠰᠢᠷᠣᠢ ᠪᠠ ᠣᠷᠣᠨ | ᠰᠠᠭᠤᠴᠠ ᠶᠢᠨ ᠪᠤᠰᠤ ᠦᠯᠡᠳᠡᠭᠡᠯ ᠭᠡᠷ ᠪᠠᠶᠢᠰᠢᠩ ᠢ ᠠᠰᠢᠭᠯᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢ ᠪᠦᠲᠦᠭᠡᠨ ᠪᠠᠶᠢᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ | ᠵᠦᠢᠯ ᠤᠨ ᠨᠤᠳᠠᠯᠠᠯᠳᠠ ᠶᠢᠨ ᠪᠢᠴᠢᠭ ᠢ ᠣᠯᠣᠭᠰᠠᠨ ᠤ ᠳᠠᠷᠠᠭ᠎ᠠ᠂ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠶᠢᠨ ᠦᠨ᠎ᠡ | ᠬᠠᠩᠰᠢ ᠶᠢ ᠰᠠᠭᠤᠭᠠᠯᠢ ᠠᠷᠠᠳ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ | 4. ᠮᠥᠩᠭᠦᠨ ᠭᠦᠢᠯᠭᠡᠭᠡᠨ ᠤ ᠳᠡᠮᠵᠢᠯᠭᠡ ᠶᠢ ᠭᠥᠷᠳᠡᠨ᠎ᠡ᠃ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠨᠢ ᠳᠤᠮᠳᠠ ᠣᠷᠳᠣ | ᠬᠤᠭᠤᠴᠠᠭᠠᠨ ᠤ ᠵᠢᠭᠡᠯᠡᠯᠭᠡ ᠶᠢᠨ ᠳᠡᠮᠵᠢᠯᠭᠡ ᠶᠢ ᠬᠦᠷᠲᠡᠵᠦ᠂ ᠡᠯ᠎ᠡ ᠬᠤᠳᠠᠯᠳᠤᠭᠠᠨ ᠤ ᠪᠠᠩᠬᠢ ᠨᠢ ᠴᠢᠭᠯᠡᠯᠲᠦ ᠴᠢᠨᠠᠷᠲᠠᠢ | ᠮᠥᠩᠭᠦᠨ ᠭᠦᠢᠯᠭᠡᠭᠡᠨ ᠤ ᠨᠡᠷᠡᠳᠬᠦᠨ ᠪᠠ ᠦᠢᠯᠡᠴᠢᠯᠡᠭᠡ ᠬᠠᠩᠭᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠲᠥᠷᠥᠯ ᠵᠦᠢᠯ ᠳᠤ ᠰᠠᠭᠤᠷᠢ ᠲᠦᠭᠦᠭᠡᠷᠦᠮᠵᠢ ᠶᠢᠨ ᠬᠦᠷᠢᠶ᠎ᠡ ᠴᠠᠷᠠᠭ᠎ᠠ ᠳᠠᠬᠢ ᠥᠯᠥ ᠬᠥᠳᠡᠯᠬᠦ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ᠪᠠ ᠭᠡᠷ ᠪᠠᠶᠢᠰᠢᠩ ᠭᠠᠵᠠᠷ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ︵RE-ITS︶ ᠶᠢᠨ | ᠲᠤᠷᠰᠢᠯᠳᠠ ᠶᠢᠨ ᠴᠡᠭ ᠥᠷᠨᠢᠭᠦᠯᠬᠦ ᠶᠢ ᠲᠡᠮᠵᠢᠨ᠎ᠡ᠃ | |