ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 24 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ | ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ︿ ᠨᠢᠭᠡ ᠪᠦᠰᠡ ᠨᠢᠭᠡ ᠵᠠᠮ ﹀ ᠤᠨ ᠲᠤᠬᠠᠢ ᠶᠠᠷᠢᠭᠰᠠᠨ ᠨᠢ ︵2023 ᠣᠨ ᠤ | ᠬᠡᠪᠯᠡᠯ︶︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠂ ᠪᠦᠭᠦ ᠤᠯᠤᠰ ᠲᠤ ᠲᠠᠷᠬᠠᠭᠠᠪᠠ ᠃ | ᠡᠨᠡ ᠬᠦ ᠲᠤᠰᠬᠠᠢ ᠰᠡᠳᠦᠪᠲᠦ ᠵᠣᠬᠢᠶᠠᠯ ᠤᠨ ᠲᠡᠭᠦᠪᠦᠷᠢ ᠳᠤ ᠰᠢ ᠶᠢᠨ ᠫᠢᠩ ᠨᠥᠬᠦᠷ ᠤᠨ 2013 ᠣᠨ ᠤ 9 ᠰᠠᠷ᠎ᠠ ᠠᠴᠠ 2023 ᠣᠨ ᠤ 11 ᠰᠠᠷ᠎ᠠ | ᠪᠤᠯᠲᠠᠯᠠᠭᠢ ᠬᠤᠭᠤᠴᠠᠭᠠᠨ ᠳᠠᠬᠢ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠲᠤᠬᠠᠢ 78 ᠴᠢᠬᠤᠯᠠ ᠵᠣᠬᠢᠶᠠᠯ ᠢ ᠣᠷᠣᠭᠤᠯᠵᠠᠢ ᠃ | ︽ ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠠᠴᠠ ᠢᠷᠡᠯᠲᠡ ᠲᠠᠢ ᠂ ᠦᠷ᠎ᠡ ᠪᠦᠲᠦᠭᠡᠯ ᠪᠠ ᠠᠵᠠ | ᠲᠣᠭᠢᠶᠠᠯ ᠨᠢ ᠳᠡᠯᠡᠬᠡᠢ ᠳ᠋ᠠᠬᠢᠨ ᠳᠤ ᠬᠠᠷᠢᠶᠠᠯᠠᠭᠳᠠᠨ᠎ᠠ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ᠰᠢ ᠶᠢᠨ ᠫᠢᠩ ᠨᠥᠬᠦᠷ ︽ᠨᠢᠭᠡ ᠪᠦᠰᠡ | ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠪᠦᠲᠦᠭᠡᠯᠴᠢ ᠴᠢᠨᠠᠷᠲᠠᠢ ᠪᠠᠷ ᠳᠤᠷᠠᠳᠴᠤ ᠂ ᠡᠯ᠎ᠡ ᠤᠯᠤᠰ ᠤᠨ ᠠᠷᠠᠳ ᠲᠦᠮᠡᠨ ᠤ ᠡᠩᠬᠡ | ᠲᠠᠶᠢᠪᠤᠩ ᠪᠣᠯᠣᠨ ᠬᠥᠭᠵᠢᠯᠲᠡ ᠶᠢ ᠬᠥᠭᠡᠭᠡᠴᠡᠯᠳᠦᠬᠦ ᠬᠠᠮᠲᠤ ᠶᠢᠨ ᠬᠦᠰᠡᠯ ᠵᠡᠭᠦᠳᠦ ᠳᠤ ᠠᠩᠬᠠᠷᠤᠯ ᠢᠶᠠᠨ ᠬᠠᠨᠳᠤᠭᠤᠯᠵᠤ ᠂ ᠳᠡᠯᠡᠬᠡᠢ ᠳ᠋ᠠᠬᠢᠨ ᠳᠤ ᠳᠣᠷᠣᠨᠠᠳᠠᠬᠢᠨ ᠤ | ᠤᠶᠤᠨ ᠤᠬᠠᠭᠠᠨ ᠢᠶᠠᠷ ᠪᠢᠯᠬᠠᠭᠰᠠᠨ ᠬᠠᠮᠲᠤ ᠪᠠᠷ ᠴᠡᠴᠡᠭᠯᠡᠨ ᠬᠥᠭᠵᠢᠬᠦ ᠨᠢᠭᠡᠨ ᠲᠥᠰᠥᠯ ᠢ ᠬᠠᠩᠭᠠᠵᠤ ᠂ ᠳᠡᠯᠡᠬᠡᠢ ᠨᠡᠶᠢᠭᠡᠮ ᠢᠯᠠᠩᠭᠤᠶ᠎ᠠ ᠬᠠᠮᠲᠤ ᠪᠠᠷ ᠪᠦᠲᠦᠭᠡᠨ | ᠪᠠᠶᠢᠭᠤᠯᠬᠤ ᠤᠯᠤᠰ ᠤᠨ ᠢᠳᠡᠪᠬᠢᠲᠡᠢ ᠴᠤᠤᠷᠢᠶᠠᠲᠤᠯ ᠢ ᠣᠯᠵᠠᠢ ᠃ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠬᠠᠮᠲᠤ ᠪᠠᠷ | ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ ᠂ ᠠᠳᠠᠯᠢ ᠪᠤᠰᠤ ᠪᠣᠯᠪᠠᠰᠤᠨ ᠂ ᠰᠣᠶᠣᠯ ᠂ ᠨᠡᠶᠢᠭᠡᠮ ᠤᠨ ᠪᠠᠶᠢᠭᠤᠯᠤᠯ ᠂ | ᠬᠥᠭᠵᠢᠯᠲᠡ ᠶᠢᠨ ᠱᠠᠲᠤᠨ ᠤ ᠵᠥᠷᠢᠶ᠎ᠡ ᠶᠢ ᠳᠠᠪᠠᠵᠤ ᠂ ᠡᠯ᠎ᠡ ᠤᠯᠤᠰ ᠤᠨ ᠶᠠᠪᠤᠯᠴᠠᠭᠠᠨ ᠤ ᠰᠢᠨ᠎ᠡ ᠵᠠᠮ ᠢ ᠨᠡᠭᠡᠭᠡᠵᠦ ᠂ ᠤᠯᠠᠨ ᠤᠯᠤᠰ ᠤᠨ ᠬᠠᠮᠲᠤᠷᠠᠯᠴᠠᠭᠠᠨ ᠤ | ᠰᠢᠨ᠎ᠡ ᠪᠦᠳᠦᠭᠦᠪᠴᠢ ᠲᠥᠰᠥᠪ ᠢ ᠪᠠᠶᠢᠭᠤᠯᠵᠤ ᠂ ᠬᠥᠮᠥᠨ ᠲᠥᠷᠥᠯᠬᠢᠲᠡᠨ ᠤ ᠬᠠᠮᠲᠤ ᠶᠢᠨ ᠬᠥᠭᠵᠢᠯᠲᠡ ᠶᠢᠨ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ | ᠲᠥᠪᠯᠡᠷᠡᠭᠦᠯᠵᠦ ᠂ ᠥᠷᠭᠡᠨ ᠬᠦᠷᠢᠶᠡᠯᠡᠯ ᠢ ᠣᠯᠣᠭᠰᠠᠨ ᠪᠦᠭᠦ ᠪᠥᠮᠪᠥᠷᠴᠡᠭ ᠤᠨ ᠤᠯᠠᠨ ᠨᠡᠶᠢᠲᠡ ᠶᠢᠨ ᠦᠢᠯᠡᠳᠬᠦᠨ ᠪᠠ ᠤᠯᠠᠨ ᠤᠯᠤᠰ ᠤᠨ ᠬᠠᠮᠲᠤᠷᠠᠯᠴᠠᠭᠠᠨ ᠤ | ᠲᠠᠪᠴᠠᠩ ᠪᠣᠯᠵᠤ ᠂ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠵᠦ ᠂ ᠳᠡᠯᠡᠬᠡᠢ ᠶᠢᠨ ᠡᠯ᠎ᠡ | ᠤᠯᠤᠰ ᠤᠨ ᠬᠥᠭᠵᠢᠯᠲᠡ ᠳᠤ ᠰᠢᠨ᠎ᠡ ᠠᠵᠠ ᠲᠣᠭᠢᠶᠠᠯ ᠬᠠᠩᠭᠠᠭᠰᠠᠨ ᠢᠶᠠᠷ ᠪᠠᠷᠠᠬᠤ ᠦᠭᠡᠢ ᠪᠠᠰᠠ ᠳᠤᠮᠳᠠᠳᠤ ᠤᠯᠤᠰ ᠤᠨ ᠨᠡᠭᠡᠭᠡᠯᠲᠡᠲᠤ ᠬᠥᠭᠵᠢᠯᠲᠡ ᠳᠤ ᠰᠢᠨ᠎ᠡ | ᠣᠷᠣᠨ ᠵᠠᠢ ᠶᠢ ᠨᠡᠭᠡᠭᠡᠵᠦ ᠥᠭᠴᠡᠢ ᠃ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠲᠡᠦᠬᠡ ᠶᠢᠨ ᠵᠥᠪ ᠲᠠᠯ᠎ᠠ ᠳᠤ ᠵᠣᠭᠰᠣᠵᠤ ᠂ ᠴᠠᠭ | ᠦᠶ᠎ᠡ ᠶᠢᠨ ᠲᠠᠪᠰᠢᠯᠳᠠ ᠶᠢᠨ ᠯᠣᠭᠢᠭ ᠲᠠᠢ ᠨᠡᠶᠢᠴᠡᠵᠦ ᠂ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠭᠰᠠᠨ ᠢ ᠪᠣᠳᠠᠲᠤ ᠶᠠᠪᠤᠳᠠᠯ ᠭᠡᠷᠡᠴᠢᠯᠡᠪᠡ ᠃ ᠰᠢ ᠶᠢᠨ | ᠫᠢᠩ ᠨᠥᠬᠦᠷ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠵᠢᠯᠤᠭᠤᠳᠬᠤ ᠵᠠᠷᠴᠢᠮ ᠂ ᠪᠠᠶᠠᠯᠢᠭ ᠠᠭᠤᠯᠤᠭᠳᠠᠬᠤᠨ ᠂ ᠬᠠᠷᠠᠯᠲᠠ ᠠᠷᠭ᠎ᠠ | ᠵᠠᠮ ᠵᠡᠷᠭᠡ ᠶᠢᠨ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠭᠰᠡᠨ ᠨᠢ ︽ᠨᠢᠭᠡ ᠪᠦᠰᠡ ᠨᠢᠭᠡ ᠵᠠᠮ ︾ ᠤᠨ ᠤᠯᠠᠨ ᠤᠯᠤᠰ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠂ ᠳᠡᠯᠡᠬᠡᠢ ᠶᠢᠨ | ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠬᠤ ᠂ ᠨᠡᠭᠡᠭᠡᠯᠲᠡᠲᠡᠢ ᠪᠠᠭᠲᠠᠭᠠᠮᠵᠢᠲᠠᠢ ᠂ ᠬᠤᠯᠪᠣᠯᠳᠤᠨ ᠨᠡᠪᠲᠡᠷᠡᠯᠴᠡᠬᠦ ᠂ ᠬᠠᠮᠲᠤ ᠪᠠᠷ ᠬᠥᠭᠵᠢᠬᠦ | ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ | ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠃ | |