ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠥᠪᠡᠷᠳᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠴᠢᠨᠠᠷᠲᠠᠢ ᠥᠪᠡᠷᠳᠡᠭᠡᠨ | ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠬᠡᠷᠡᠭᠵᠢᠭᠦᠯᠬᠦ ᠨᠠᠷᠢᠨ ᠳᠦᠷᠢᠮ︾ ︵ᠳᠣᠷᠣᠭᠰᠢ ︽ᠬᠡᠷᠡᠭᠵᠢᠭᠦᠯᠬᠦ | ᠨᠠᠷᠢᠨ ᠳᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠮᠡᠳᠡᠭᠦᠯᠬᠦ ᠪᠠ | ᠵᠥᠪ ᠲᠠᠶᠢᠯᠪᠤᠷᠢᠯᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ | 2023 ᠣᠨ ᠤ 3 ᠳ᠋ᠤᠭᠠᠷ ᠰᠠᠷ᠎ᠠ ᠶᠢᠨ 21 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ 15 | ᠰᠠᠯᠠᠭ᠎ᠠ ᠮᠥᠴᠢᠷ ︽ᠡᠵᠡᠩᠨᠡᠯᠲᠡ ᠶᠢᠨ ᠴᠢᠨᠠᠷᠲᠠᠶ ᠥᠪᠡᠷᠳᠡᠭᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ | ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠨᠢᠭᠡᠨᠲᠡ ᠪᠠᠶᠢᠭᠤᠯᠤᠭᠰᠠᠨ ᠡᠵᠡᠩᠨᠡᠯᠲᠡ ᠶᠢᠨ ᠴᠢᠨᠠᠷᠲᠠᠶ | ᠥᠪᠡᠷᠳᠡᠭᠡᠨ ᠪᠠᠶᠢᠭᠤᠯᠤᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ᠂ ᠡᠵᠡᠩᠨᠡᠯᠲᠡ ᠶᠢᠨ ᠴᠢᠨᠠᠷᠲᠠᠶ ᠥᠪᠡᠷᠳᠡᠭᠡᠨ | ᠪᠠᠶᠢᠭᠤᠯᠤᠭᠰᠠᠨ ᠬᠡᠷ ᠪᠠᠶᠢᠰᠢᠩ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠬᠤ᠂ ᠬᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠭᠤᠯᠤᠯ | ᠵᠣᠬᠢᠴᠠᠮᠵᠢ ᠶᠢ ᠪᠦᠷᠢᠨᠰᠢᠬᠦᠯᠬᠦ 3 ᠲᠠᠯ᠎ᠠ ᠶᠢᠨ 12 ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃ ᠡᠯ᠎ᠡ ᠭᠠᠵᠠᠷ ᠤᠨ ᠬᠢᠨ ᠡᠵᠡᠩᠨᠡᠯᠲᠡ ᠶᠢᠨ | ᠴᠢᠨᠠᠷᠲᠠᠶ ᠥᠪᠡᠷᠳᠡᠭᠡᠨ ᠪᠠᠶᠢᠭᠤᠯᠤᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠬᠠᠮᠢᠶ᠎ᠠ ᠪᠥᠬᠦᠶ ᠬᠡᠷᠡᠭᠵᠢᠭᠦᠯᠬᠦ | ᠨᠠᠷᠢᠨ ᠲᠦᠷᠢᠮ ᠪᠠ ᠪᠣᠳᠠᠲᠠᠶ ᠠᠷᠭ᠎ᠠ ᠬᠡᠮᠵᠢᠶ᠎ᠡ ᠶᠢ ᠱᠠᠯᠠᠪᠳᠠᠨ ᠲᠣᠭᠲᠠᠭᠠᠵᠤ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ | ᠡᠵᠡᠩᠨᠡᠯᠲᠡ ᠶᠢᠨ ᠴᠢᠨᠠᠷᠲᠠᠶ ᠥᠪᠡᠷᠳᠡᠭᠡᠨ ᠪᠠᠶᠢᠭᠤᠯᠤᠭᠰᠠᠨ ᠬᠡᠷ ᠪᠠᠶᠢᠰᠢᠩ ᠤᠨ ᠬᠡᠷᠡᠭᠯᠡᠬᠦ ᠭᠠᠵᠠᠷ᠂ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠪᠠ | ᠡᠵᠡᠩᠨᠡᠯᠲᠡ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠪᠠᠯᠠ ᠮᠥᠩᠭᠦ᠂ ᠠᠵᠢᠯᠲᠠᠨ ᠪᠠ ᠮᠡᠷᠭᠡᠵᠢᠯ ᠵᠡᠷᠭᠡ ᠲᠤᠯᠭᠠᠭᠤᠷᠢᠯᠠᠯ ᠪᠠᠲᠤᠯᠠᠭ᠎ᠠ ᠶᠢᠨ | ᠡᠷᠴᠢᠮ ᠢᠶᠠᠨ ᠴᠢᠩᠭᠠᠷᠠᠭᠤᠯᠤᠨ᠂ ᠡᠵᠡᠩᠨᠡᠯᠲᠡ ᠶᠢᠨ ᠴᠢᠨᠠᠷᠲᠠᠶ ᠥᠪᠡᠷᠳᠡᠭᠡᠨ ᠪᠠᠶᠢᠭᠤᠯᠤᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠴᠠᠭ | ᠲᠤᠬᠠᠶ ᠳᠤ ᠨᠢ ᠠᠷᠢᠯᠭᠠᠵᠤ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ | ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠨᠠᠷᠢᠨ ᠲᠦᠷᠢᠮ︾ ᠨᠢ ︽ᠮᠡᠳᠡᠭᠳᠡᠯ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠮᠡᠳᠡᠭᠳᠡᠯ︾ ᠤᠨ 3 ᠲᠠᠯ᠎ᠠ ᠶᠢᠨ 12 | ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ 29 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠬᠡᠷ ᠪᠠᠶᠢᠰᠢᠩ ᠤᠨ | ᠥᠮᠴᠢᠯᠡᠯ ᠤᠨ ᠡᠷᠬᠡᠲᠦ ᠬᠥᠮᠦᠨ ᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ | ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ᠂ ᠬᠠᠮᠢᠶ᠎ᠠ ᠪᠥᠬᠦᠶ ᠪᠠᠶᠢᠭᠤᠯᠤᠮᠵᠢ ᠶᠢᠨ ᠠᠮᠤᠷ ᠲᠦᠪᠰᠢᠨ ᠤ | ᠬᠠᠷᠢᠭᠤᠴᠠᠯᠭ᠎ᠠ ᠵᠡᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | ᠭᠤᠷᠪᠠ᠂ ᠰᠤᠳᠤᠯᠤᠨ ᠮᠠᠭᠠᠳᠯᠠᠭᠰᠠᠨ ᠶᠠᠪᠤᠴᠠ | ︽ᠬᠡᠷᠡᠭᠵᠢᠭᠦᠯᠬᠦ ᠨᠠᠷᠢᠨ ᠲᠦᠷᠢᠮ︾ ᠨᠢ ᠡᠯ᠎ᠡ ᠠᠶᠢᠮᠠᠭ ᠬᠤᠲᠠ ᠶᠢᠨ ᠥᠪᠡᠷᠳᠡᠭᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ | ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠶ ᠠᠩᠭᠢ ᠵᠡᠷᠭᠡ 23 | ᠨᠢᠭᠡᠴᠢ ᠶᠢᠨ ᠰᠠᠨᠠᠯ ᠢ 2 ᠤᠳᠠᠭ᠎ᠠ ᠬᠤᠷᠢᠶᠠᠭᠰᠠᠨ ᠪᠥᠭᠡᠳ ᠨᠡᠶᠢᠭᠡᠮ ᠳᠤ ᠬᠠᠨᠳᠤᠭᠤᠯᠤᠨ ᠢᠯᠡ ᠪᠠᠷ ᠰᠠᠨᠠᠯ ᠬᠤᠷᠢᠶᠠᠵᠤ᠂ ᠬᠤᠷᠢᠶᠠᠭᠰᠠᠨ ᠰᠠᠨᠠᠯ ᠢ ᠦᠨᠳᠦᠰᠦᠯᠡᠨ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ | ᠳᠥᠷᠪᠡ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ | ︽ᠬᠡᠷᠡᠭᠵᠢᠭᠦᠯᠬᠦ ᠨᠠᠷᠢᠨ ᠳᠦᠷᠢᠮ︾ ᠨᠢ ︽ᠬᠡᠨ ᠥᠮᠴᠢᠯᠡᠪᠡᠯ ᠬᠡᠨ ᠬᠠᠷᠢᠭᠤᠴᠠᠬᠤ᠂ ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ | ᠡᠵᠡᠩᠨᠡᠯᠲᠡ ᠶᠢᠨ ᠴᠢᠨᠠᠷᠲᠠᠢ ᠥᠪᠡᠷᠳᠡᠭᠡᠨ ᠪᠠᠷᠢᠭᠰᠠᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠡᠷᠬᠡᠲᠡᠨ ᠨᠢ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ | ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠲᠣᠳᠣᠷᠬᠠᠶᠢᠯᠠᠵᠤ᠂ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | ︽ᠬᠡᠷᠡᠭᠵᠢᠭᠦᠯᠬᠦ ᠨᠠᠷᠢᠨ ᠲᠦᠷᠢᠮ︾ ᠳᠤ ᠵᠢᠭᠠᠵᠤ ᠭᠠᠷᠭᠠᠭᠰᠠᠨ ᠨᠢ᠂ ᠡᠵᠡᠩᠨᠡᠯᠲᠡ ᠶᠢᠨ ᠴᠢᠨᠠᠷᠲᠠᠶ ᠥᠪᠡᠷᠳᠡᠭᠡᠨ ᠪᠠᠷᠢᠭᠰᠠᠨ ᠬᠡᠷ ᠪᠠᠶᠢᠰᠢᠩ ᠢ ᠬᠡᠷᠡᠭᠯᠡᠬᠦ ᠳᠤ | ᠠᠮᠤᠷ ᠲᠦᠪᠰᠢᠨ ᠤ ᠬᠠᠷᠢᠭᠤᠴᠠᠯᠭ᠎ᠠ ᠡᠭᠦᠷᠭᠡᠯᠡᠭᠴᠢ ᠲᠣᠭᠲᠠᠮᠠᠯ ᠬᠤᠭᠤᠴᠠᠭ᠎ᠠ ᠲᠠᠢ ᠪᠠᠷ ᠥᠪᠡᠷᠳᠡᠭᠡᠨ ᠪᠠᠶᠢᠴᠠᠭᠠᠬᠤ ᠬᠡᠷᠡᠭᠲᠡᠶ᠃ ᠭᠡᠷ ᠪᠠᠶᠢᠰᠢᠩ ᠤᠨ | ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠬᠡᠷᠡᠭᠴᠡᠭᠡ ᠪᠤᠶᠤ ᠬᠠᠤᠯᠢ ᠶᠣᠰᠣᠭᠠᠷ ᠵᠥᠪᠰᠢᠶᠡᠷᠡᠭᠰᠡᠨ ᠬᠡᠷᠡᠭᠴᠡᠭᠡ ᠶᠣᠰᠣᠭᠠᠷ ᠵᠦᠶ ᠵᠣᠬᠢᠰᠲᠠᠶ ᠪᠦᠲᠦᠭᠡᠨ | ᠪᠠᠶᠢᠭᠤᠯᠵᠤ᠂ ᠭᠡᠷ ᠪᠠᠶᠢᠰᠢᠩ ᠢ ᠬᠡᠷᠡᠭᠯᠡᠨ᠎ᠡ᠃ ᠭᠡᠷ ᠪᠠᠶᠢᠰᠢᠩ ᠳᠤ ᠠᠮᠤᠷ ᠲᠦᠪᠰᠢᠨ ᠤ ᠪᠠᠶᠢᠴᠠᠭᠠᠯᠲᠠ᠂ ᠬᠠᠮᠠᠭᠠᠯᠠᠯᠲᠠ ᠪᠠ ᠰᠡᠯᠪᠢᠨ ᠵᠠᠰᠠᠯᠲᠠ ᠬᠢᠵᠦ᠂ ᠠᠮᠤᠷ | ᠲᠦᠪᠰᠢᠨ ᠤ ᠳᠠᠯᠳᠠ ᠭᠡᠮ ᠢ ᠴᠠᠭ ᠲᠤᠬᠠᠶ ᠳᠤ ᠨᠢ ᠵᠢᠭᠰᠠᠭᠠᠨ ᠪᠠᠶᠢᠴᠠᠭᠠᠵᠤ᠂ ᠨᠤᠷᠠᠬᠤ ᠠᠶᠤᠯᠲᠠᠶ ᠭᠡᠷ ᠪᠠᠶᠢᠰᠢᠩ ᠢ ᠪᠢᠲᠡᠭᠦᠮᠵᠢᠯᠡᠨ ᠬᠡᠷᠡᠭᠯᠡᠬᠦ᠂ ᠪᠠᠬᠢᠵᠢᠭᠦᠯᠬᠦ᠂ | ᠨᠤᠷᠠᠭᠠᠬᠤ ᠵᠡᠷᠭᠡ ᠠᠶᠤᠯ ᠲᠦᠭᠰᠢᠭᠦᠷᠢ ᠶᠢ ᠠᠷᠢᠯᠭᠠᠬᠤ ᠠᠷᠭ᠎ᠠ ᠬᠡᠮᠵᠢᠶ᠎ᠡ ᠠᠪᠬᠤ ᠵᠡᠷᠭᠡ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ | ᠭᠡᠵᠡᠢ᠃ | ︽ᠬᠡᠷᠡᠭᠵᠢᠭᠦᠯᠬᠦ ᠨᠠᠷᠢᠨ ᠳᠦᠷᠢᠮ︾ ᠳᠤ ᠱᠠᠭᠠᠷᠳᠠᠭᠰᠠᠨ ᠨᠢ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠬᠤ ᠵᠣᠬᠢᠴᠠᠮᠵᠢ ᠶᠢ ᠪᠦᠷᠢᠨᠰᠢᠭᠦᠯᠦᠨ᠂ | ᠬᠤᠲᠠ ᠪᠠᠯᠭᠠᠰᠤ ᠶᠢᠨ ᠭᠡᠷ ᠪᠠᠶᠢᠰᠢᠩ ᠪᠠ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠ | ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ ᠭᠡᠵᠡᠢ᠃ | ︽ᠬᠡᠷᠡᠭᠵᠢᠭᠦᠯᠬᠦ ᠨᠠᠷᠢᠨ ᠲᠦᠷᠢᠮ︾ ᠳᠤ ᠴᠢᠬᠤᠯᠠᠴᠢᠯᠠᠭᠰᠠᠨ ᠨᠢ᠂ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠵᠦ᠂ ᠰᠠᠨᠠᠭᠠᠰᠢᠷᠠᠨ ᠵᠣᠪᠠᠨᠢᠬᠤ ᠤᠬᠠᠮᠰᠠᠷ | ᠪᠠ ᠠᠶᠤᠯ ᠲᠦᠭᠰᠢᠭᠦᠷᠢ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠤᠬᠠᠮᠰᠠᠷ ᠪᠠ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠡᠭᠦᠷᠭᠡ ᠪᠠᠨ ᠨᠠᠷᠢᠯᠢᠬᠵᠢᠭᠤᠯᠵᠤ᠂ | ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃ | ᠲᠠᠶᠢᠯᠤᠮᠵᠢ ᠬᠢᠭᠴᠢ᠄ ᠵᠢᠶᠠᠩ ᠴᠦᠨ ᠺᠠᠶ᠂ ᠬᠠᠷᠢᠯᠴᠠᠬᠤ ᠤᠲᠠᠰᠤ᠄ 0471-6610269 | |