ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠲᠠᠯ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠰᠤᠨ ᠠᠰᠢᠭᠯᠠᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ ᠲᠠᠢ ᠬᠠᠮᠲᠤᠷᠠᠨ ︽ᠬᠤᠲᠠ ᠶᠢᠨ ᠤᠰᠤ ᠠᠷᠪᠢᠯᠠᠬᠤ ᠶᠢ ᠴᠢᠩᠭᠠᠳᠬᠠᠬᠤ ᠲᠤᠬᠠᠶ ᠲᠤᠰᠬᠠᠶ ᠲᠥᠰᠦᠯ︾ ︵ᠳᠣᠷᠣᠭᠰᠢ ︽ᠲᠤᠰᠬᠠᠶ | ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ᠲᠤᠰᠬᠠᠶ ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠶᠢ | ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ | ᠬᠢᠬᠦ ᠶᠢᠨ ᠲᠥᠯᠥᠭᠡ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠡ᠄ | ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠪᠣᠯᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ | ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ︽ᠤᠰᠤ ᠪᠠᠷ ᠬᠤᠲᠠ᠂ ᠭᠠᠵᠠᠷ᠂ ᠬᠦᠮᠦᠨ᠂ ᠭᠠᠷᠣᠯᠲᠠ ᠶᠢ ᠲᠣᠭᠲᠠᠭᠠᠬᠤ︾ ᠶᠢ ᠪᠠᠷᠢᠮᠲᠠᠯᠠᠵᠤ᠂ ᠬᠤᠳᠠ ᠶᠢᠨ ᠤᠰᠤᠨ ᠤ ᠡᠬᠢ ᠪᠠᠶᠠᠯᠢᠭ ᠢ | ᠠᠷᠪᠢᠯᠠᠨ ᠡᠷᠴᠢᠮᠵᠢᠭᠦᠯᠬᠦ ᠲᠦᠪᠰᠢᠨ ᠢ ᠳᠡᠭᠡᠭᠰᠢᠯᠡᠭᠦᠯᠵᠦ᠂ ᠪᠦᠬᠦ ᠣᠷᠣᠨ ᠤ ᠬᠤᠳᠠ ᠶᠢᠨ ᠤᠰᠤ ᠠᠷᠪᠢᠯᠠᠬᠤ ᠠᠵᠢᠯ ᠢ ᠴᠢᠩᠭᠠᠳᠬᠠᠵᠤ᠂ ᠪᠣᠳᠠᠲᠤ | ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠳᠤ ᠰᠠᠭᠤᠷᠢ ᠲᠠᠯᠪᠢᠵᠤ ᠡᠨᠧᠷᠭᠢ ᠣᠯᠭᠤᠨ᠎ᠠ᠃ | ᠬᠤᠶᠠᠷ᠂ ᠠᠵᠢᠯ ᠤᠨ ᠬᠠᠷᠠᠯᠲᠠ | 2025 ᠣᠨ ᠪᠣᠯᠬᠤ ᠳᠤ᠂ ᠪᠥᠬᠦ ᠣᠷᠣᠨ ᠤ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠵᠤ ᠰᠦᠢᠳᠬᠦ | ᠨᠣᠷᠮ᠎ᠠ ᠶᠢ 9% ᠶᠢᠨ ᠳᠣᠲᠣᠷ᠎ᠠ ᠬᠢᠵᠠᠭᠠᠷᠯᠠᠬᠤ ᠪᠠᠷ ᠴᠢᠷᠮᠠᠶᠢᠵᠤ᠂ ᠪᠥᠬᠦ ᠣᠷᠣᠨ ᠤ ᠲᠤᠰᠬᠠᠶ ᠣᠷᠣᠨ ᠤ ᠲᠠᠰ ᠤᠨ ᠤᠰᠤ ᠳᠤᠲᠠᠭᠳᠠᠵᠤ ᠪᠠᠶᠢᠭ᠎ᠠ ᠬᠤᠲᠠ ᠶᠢᠨ | ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 35% ᠠᠴᠠ ᠳᠡᠭᠡᠭᠰᠢ ᠳᠤ ᠬᠦᠷᠭᠡᠵᠦ᠂ ᠬᠠᠲᠤᠨ ᠭᠤᠤᠯ ᠤᠨ ᠰᠠᠪᠠ ᠭᠠᠵᠠᠷ ᠤᠨ ᠬᠤᠲᠠ ᠪᠠᠯᠭᠠᠰᠤ ᠶᠢᠨ | ᠠᠮᠢᠳᠤᠷᠠᠯ ᠤᠨ ᠪᠣᠬᠢᠷ ᠤᠰᠤᠨ ᠤ ᠳᠠᠬᠢᠨ ᠡᠭᠦᠰᠴᠦ ᠪᠣᠯᠬᠤ ᠤᠰᠤ ᠶᠢ ᠬᠡᠷᠡᠭᠯᠡᠵᠦ ᠳᠠᠭᠤᠰᠬᠠᠬᠤ ᠪᠠᠷ ᠴᠢᠷᠮᠠᠶᠢᠨ᠎ᠠ᠃ ᠤᠰᠤ ᠳᠤᠲᠠᠭᠳᠠᠵᠤ ᠪᠠᠶᠢᠭ᠎ᠠ ᠬᠤᠳᠠ ᠪᠦᠬᠦᠨ | ᠴᠥᠮ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠬᠤᠳᠠ ᠶᠢ ᠦᠨᠡᠯᠡᠬᠦ ᠪᠠᠷᠢᠮᠵᠢᠶ᠎ᠠ ᠳᠤ ᠬᠦᠷᠦᠨ᠎ᠡ᠃ 2035 ᠣᠨ ᠪᠣᠯᠬᠤ ᠳᠤ ᠬᠤᠲᠠ ᠶᠢᠨ ᠬᠥᠭᠵᠢᠯᠲᠡ | ᠦᠨᠳᠦᠰᠦᠨ ᠳᠤ ᠪᠠᠨ ᠤᠰᠤᠨ ᠤ ᠡᠬᠢ ᠪᠠᠶᠠᠯᠢᠭ ᠤᠨ ᠳᠠᠭᠠᠭᠠᠴᠠ ᠶᠢ ᠳᠣᠬᠢᠷᠠᠭᠤᠯᠤᠨ᠎ᠠ᠃ | ᠭᠤᠷᠪᠠ᠂ ᠲᠥᠷᠥ ᠶᠢᠨ ᠪᠣᠳᠣᠯᠭ᠎ᠠ ᠶᠢᠨ ᠠᠭᠤᠯᠭ᠎ᠠ | ︽ᠲᠤᠰᠬᠠᠶ ᠲᠥᠰᠦᠯ︾ ᠨᠢ ᠬᠤᠲᠠ ᠶᠢᠨ ᠡᠷᠡᠭᠦᠯ ᠮᠡᠨᠳᠦ ᠤᠰᠤᠨ ᠤ ᠡᠷᠭᠢᠯᠲᠡ ᠶᠢᠨ ᠲᠣᠭᠲᠠᠯᠴᠠᠭ᠎ᠠ ᠶᠢ ᠪᠠᠶᠢᠭᠤᠯᠬᠤ᠂ ᠬᠤᠲᠠ ᠶᠢᠨ ᠤᠰᠤ ᠬᠡᠷᠡᠭᠯᠡᠬᠦ ᠦᠷ᠎ᠡ | ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ᠂ ᠬᠤᠲᠠ ᠶᠢᠨ ᠤᠰᠤ ᠠᠷᠪᠢᠯᠠᠬᠤ ᠵᠣᠬᠢᠴᠠᠮᠵᠢ ᠶᠢ ᠲᠡᠭᠦᠯᠳᠡᠷᠵᠢᠭᠦᠯᠬᠦ ᠵᠡᠷᠭᠡ ᠭᠤᠷᠪᠠᠨ ᠵᠦᠢᠯ ᠤᠨ ᠭᠤᠤᠯᠳᠠᠯᠭ᠎ᠠ ᠲᠠᠢ | ᠡᠭᠦᠷᠭᠡ ᠳᠤ ᠬᠤᠯᠪᠣᠭᠳᠠᠨ᠎ᠠ᠃ ᠭᠤᠣᠯᠳᠠᠭᠤ ᠰᠢᠨ᠎ᠡ ᠬᠥᠭᠵᠢᠯᠲᠡ ᠶᠢᠨ ᠣᠨᠣᠯᠵᠢᠬᠤᠨ ᠨᠢ ᠬᠤᠲᠠ ᠶᠢᠨ ᠤᠰᠤ ᠠᠷᠪᠢᠯᠠᠬᠤ ᠳᠤ ᠦᠵᠡᠭᠦᠯᠬᠦ ᠬᠥᠲᠥᠯᠥᠨ ᠳᠠᠭᠠᠭᠤᠯᠬᠤ | ᠦᠢᠯᠡᠳᠦᠯ ᠢ ᠳᠣᠪᠤᠶᠢᠯᠭᠠᠵᠤ᠂ ᠮᠠᠨ ᠤ ᠣᠷᠣᠨ ᠤ ᠬᠤᠲᠠ ᠶᠢᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠬᠦ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠂ ᠬᠤᠲᠠ ᠶᠢᠨ ᠤᠰᠤ ᠬᠠᠩᠭᠠᠵᠤ ᠭᠠᠳᠠᠭᠰᠢᠯᠠᠭᠤᠯᠬᠤ ᠰᠠᠭᠤᠷᠢ ᠲᠥᠬᠦᠭᠡᠷᠦᠮᠵᠢ ᠶᠢᠨ ᠲᠤᠳᠠᠭᠳᠠᠯ ᠢ ᠨᠥᠬᠦᠪᠥᠷᠢᠯᠡᠵᠦ᠂ ᠬᠤᠲᠠ ᠶᠢᠨ ᠤᠰᠤ | ᠬᠡᠷᠡᠭᠯᠡᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠂ ᠬᠤᠲᠠ ᠶᠢᠨ ᠤᠰᠤ ᠠᠷᠪᠢᠯᠠᠬᠤ ᠳᠦᠷᠢᠮ ᠢ ᠲᠡᠭᠦᠯᠳᠡᠷᠵᠢᠭᠦᠯᠵᠦ᠂ ᠪᠦᠬᠦ ᠣᠷᠣᠨ ᠤ ᠬᠤᠲᠠ ᠶᠢᠨ | ᠤᠰᠤ ᠠᠷᠪᠢᠯᠠᠬᠤ ᠠᠵᠢᠯ ᠢ ᠴᠢᠩᠭᠠᠳᠬᠠᠨ᠎ᠠ᠃ | ᠳᠥᠷᠪᠡ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ | ᠭᠢᠯᠠᠰ ᠴᠡᠭ ᠨᠢᠭᠡ᠄ ᠬᠠᠶᠢᠮᠢᠶᠠᠨ ᠬᠤᠲᠠ ᠶᠢᠨ ᠪᠦᠲᠦᠭᠡᠨ ᠪᠠᠢᠭᠤᠯᠤᠯᠲᠠ ᠶᠢ ᠠᠬᠢᠭᠤᠯᠤᠨ᠎ᠠ᠃ ᠬᠠᠭᠤᠴᠢᠨ ᠬᠤᠲᠠ ᠶᠢᠨ ᠲᠣᠭᠤᠷᠢᠭ ᠢ ᠥᠭᠡᠷᠡᠴᠢᠯᠡᠨ | ᠰᠢᠨᠡᠳᠬᠡᠬᠦ ᠨᠢ ᠠᠮᠠᠷᠬᠠᠨ ᠤᠰᠤᠲᠤᠬᠤ ᠭᠠᠵᠠᠷ ᠪᠠ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ᠂ | ᠬᠠᠶᠢᠮᠢᠶᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠪᠣᠷᠣᠭᠠᠨ ᠤ | ᠤᠰᠤ ᠶᠢ ᠠᠰᠢᠭᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ | ᠬᠤᠲᠠ ᠶᠢᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠵᠢᠵᠢᠭ ᠲᠣᠭᠤᠷᠢᠭ ᠬᠢᠭᠡᠳ ᠣᠯᠠᠨ ᠨᠡᠶᠢᠲᠡ ᠶᠢᠨ ᠪᠠᠷᠢᠯᠭ᠎ᠠ᠂ ᠵᠠᠮ᠂ ᠵᠦᠯᠭᠡ ᠭᠠᠵᠠᠷ᠂ | ᠠᠭᠤᠳᠠᠮ ᠲᠠᠯᠠᠪᠠᠶ ᠵᠡᠷᠭᠡ ᠲᠥᠷᠥᠯ ᠵᠦᠢᠯ ᠳᠤ ᠪᠣᠷᠣᠭᠠᠨ ᠤ ᠤᠰᠤ ᠶᠢ ᠬᠤᠷᠠᠮᠳᠤᠭᠤᠯᠤᠨ ᠬᠠᠳᠠᠭᠠᠯᠠᠬᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠪᠦᠲᠦᠭᠡᠨ | ᠪᠠᠶᠢᠭᠤᠯᠬᠤ ᠬᠡᠷᠡᠭᠲᠡᠶ᠃ ᠳᠡᠭᠢᠯᠳᠡ ᠤᠰᠤ ᠶᠢ ᠠᠰᠢᠭᠯᠠᠬᠤ ᠲᠥᠬᠦᠭᠡᠷᠦᠮᠵᠢ ᠶᠢ ᠵᠦᠢ ᠵᠣᠬᠢᠰᠲᠠᠶ ᠪᠠᠶᠢᠷᠢᠰᠢᠭᠤᠯᠵᠤ᠂ ᠳᠡᠭᠢᠯᠳᠡ ᠤᠰᠤᠨ ᠤ ᠬᠤᠭᠤᠯᠠᠶ ᠶᠢᠨ ᠲᠣᠤᠷ ᠢ | ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠬᠡᠷᠡᠭᠲᠡᠶ᠃ ᠳᠡᠭᠢᠯᠳᠡ ᠤᠰᠤ᠂ ᠪᠣᠷᠣᠭᠠᠨ ᠤ ᠤᠰᠤ ᠵᠡᠷᠭᠡ ᠡᠩ ᠤᠨ ᠪᠤᠰᠤ ᠤᠰᠤᠨ ᠤ ᠡᠬᠢ ᠪᠠᠶᠠᠯᠢᠭ ᠢ | ᠬᠤᠲᠠ ᠶᠢᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠳᠤ ᠨᠢᠭᠡᠳᠦᠯᠲᠡᠶ ᠣᠷᠣᠭᠤᠯᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠬᠤᠲᠠ ᠶᠢᠨ | ᠶᠠᠪᠤᠳᠠᠯ ᠤᠨ ᠬᠤᠯᠢᠯᠳᠤᠨ ᠬᠡᠷᠡᠭᠯᠡᠬᠦ᠂ ᠠᠮᠢ ᠠᠬᠤᠶ ᠶᠢᠨ ᠤᠰᠤ ᠨᠥᠬᠦᠪᠥᠷᠢᠯᠡᠬᠦ ᠵᠡᠷᠭᠡ ᠲᠠᠯ᠎ᠠ ᠳᠤ ᠬᠡᠷᠡᠭᠯᠡᠨ᠎ᠡ᠃ | ᠭᠢᠯᠠᠰ ᠴᠡᠭ ᠬᠤᠶᠠᠷ᠄ ᠬᠤᠲᠠ ᠪᠠᠯᠭᠠᠰᠤᠨ ᠤ ᠳᠠᠬᠢᠯᠲᠠ ᠤᠰᠤ ᠶᠢ ᠣᠶᠢᠷ᠎ᠠ ᠬᠠᠪᠢ ᠳᠤ ᠪᠠᠨ ᠠᠰᠢᠭᠯᠠᠬᠤ᠂ ᠠᠮᠢ ᠠᠬᠤᠶ ᠳᠤ ᠠᠰᠢᠭᠯᠠᠬᠤ᠂ ᠡᠷᠭᠢᠯᠳᠦᠭᠦᠯᠦᠨ | ᠠᠰᠢᠭᠯᠠᠬᠤ ᠶᠢ ᠠᠬᠢᠭᠤᠯᠤᠨ᠎ᠠ᠃ ᠬᠠᠲᠤᠨ ᠭᠤᠤᠯ ᠤᠨ ᠰᠠᠪᠠ ᠭᠠᠵᠠᠷ ᠲᠤ ᠳᠠᠬᠢᠯᠲᠠ ᠤᠰᠤ ᠶᠢ ᠡᠷᠭᠢᠯᠳᠦᠭᠦᠯᠦᠨ ᠠᠰᠢᠭᠯᠠᠬᠤ ᠠᠵᠢᠯ ᠢ ᠭᠤᠤᠯᠳᠠᠯᠭ᠎ᠠ ᠲᠠᠢ | ᠶᠠᠪᠤᠭᠳᠠᠭᠤᠯᠬᠤ ᠬᠡᠷᠡᠭᠲᠡᠶ᠃ ᠣᠳᠣ ᠶᠢᠨ ᠪᠠᠶᠢᠭ᠎ᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠᠷ ᠰᠠᠭᠤᠷᠢ ᠪᠣᠯᠭᠠᠵᠤ᠂ ᠬᠤᠲᠠ ᠪᠠᠯᠭᠠᠰᠤ ᠶᠢᠨ ᠪᠣᠬᠢᠷ ᠤᠰᠤ | ᠰᠢᠢᠳᠪᠦᠷᠢᠯᠡᠬᠦ ᠵᠢᠴᠢ ᠳᠡᠭᠢᠯᠳᠡ ᠤᠰᠤ ᠶᠢ ᠠᠰᠢᠭᠯᠠᠬᠤ ᠲᠥᠬᠦᠭᠡᠷᠦᠮᠵᠢ ᠶᠢ ᠨᠢᠭᠡᠳᠦᠯᠲᠡᠶ ᠲᠥᠯᠥᠪᠵᠢᠭᠦᠯᠵᠦ᠂ ᠳᠡᠭᠢᠯᠳᠡ ᠤᠰᠤ ᠶᠢ ᠠᠰᠢᠭᠯᠠᠬᠤ ᠨᠣᠷᠮ᠎ᠠ ᠶᠢ ᠵᠢᠯ | ᠳᠠᠷᠠᠭᠠᠯᠠᠨ ᠳᠡᠭᠡᠭᠰᠢᠯᠡᠭᠦᠯᠬᠦ ᠬᠡᠷᠡᠭᠲᠡᠶ᠃ 2023-2025 ᠣᠨ ᠳᠤ᠂ ᠬᠠᠲᠤᠨ ᠭᠤᠤᠯ ᠳᠠᠭᠠᠤ ᠶᠢᠨ ᠭᠠᠵᠠᠷ ᠣᠷᠣᠨ ᠳᠤ ᠳᠠᠬᠢᠯᠲᠠ ᠤᠰᠤᠨ ᠤ ᠲᠥᠬᠦᠭᠡᠷᠦᠮᠵᠢ | ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠭᠢᠯᠠᠰ ᠴᠡᠭ ᠭᠤᠷᠪᠠ᠄ ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ᠶᠡᠭᠡ ᠪᠠᠷ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠶᠢ ᠪᠠᠷᠢᠮᠵᠢᠶ᠎ᠠ ᠳᠤ | ᠬᠦᠷᠭᠡᠬᠦ ᠶᠢ ᠥᠷᠨᠢᠭᠦᠯᠦᠨ᠂ ᠲᠡᠷᠢᠭᠦᠨ ᠤ ᠬᠡᠷᠡᠭᠯᠡᠭᠡᠨ ᠤ ᠤᠰᠤ ᠠᠷᠪᠢᠯᠠᠬᠤ ᠮᠡᠷᠭᠡᠵᠢᠯ ᠲᠣᠨᠤᠭ ᠲᠥᠬᠦᠭᠡᠷᠦᠮᠵᠢ ᠶᠢ ᠢᠳᠡᠪᠬᠢᠲᠡᠶ ᠪᠠᠷ ᠬᠡᠷᠡᠭᠯᠡᠵᠦ᠂ ᠤᠰᠤ ᠠᠷᠪᠢᠯᠠᠬᠤ | ᠥᠭᠡᠷᠡᠴᠢᠯᠡᠯᠲᠡ ᠶᠢ ᠬᠡᠷᠡᠭᠵᠢᠭᠦᠯᠬᠦ ᠬᠡᠷᠡᠭᠲᠡᠶ᠃ ᠬᠠᠲᠤᠨ ᠭᠤᠤᠯ ᠤᠨ ᠰᠠᠪᠠ ᠭᠠᠵᠠᠷ ᠤᠨ ᠤᠰᠤ ᠳᠤᠲᠠᠭᠳᠠᠵᠤ ᠪᠠᠶᠢᠭ᠎ᠠ ᠬᠤᠲᠠᠳ ᠬᠤᠲᠠ ᠶᠢᠨ ᠶᠠᠪᠤᠳᠠᠯ ᠤᠨ ᠪᠣᠬᠢᠷ | ᠤᠰᠤ ᠶᠢ ᠰᠢᠢᠳᠪᠦᠷᠢᠯᠡᠬᠦ ᠵᠢᠴᠢ ᠳᠠᠬᠢᠯᠲᠠ ᠠᠰᠢᠭᠯᠠᠯᠲᠠ ᠶᠢᠨ ᠲᠥᠬᠦᠭᠡᠷᠦᠮᠵᠢ ᠶᠢᠨ ᠡᠵᠡᠩᠨᠡᠯᠲᠡ ᠶᠢᠨ ᠨᠢᠭᠡᠴᠢ ᠬᠢᠭᠡᠳ ᠭᠤᠤᠯᠳᠠᠯᠭ᠎ᠠ ᠲᠠᠢ ᠤᠰᠤ ᠬᠡᠷᠡᠭᠯᠡᠬᠦ ᠠᠵᠤ | ᠠᠬᠤᠶᠢᠯᠠᠯ᠂ ᠬᠦᠷᠢᠶᠡᠯᠡᠩ ᠲᠣᠭᠤᠷᠢᠭ ᠤᠨ ᠬᠠᠮᠲᠤᠷᠠᠯᠴᠠᠭ᠎ᠠ ᠶᠢ ᠠᠬᠢᠭᠤᠯᠵᠤ᠂ ᠬᠤᠲᠠ ᠶᠢᠨ ᠶᠠᠪᠤᠳᠠᠯ ᠤᠨ ᠪᠣᠬᠢᠷ ᠤᠰᠤ᠂ ᠳᠠᠬᠢᠯᠲᠠ ᠤᠰᠤ ᠶᠢ ᠠᠵᠤ | ᠦᠢᠯᠡᠳᠪᠦᠷᠢ ᠳᠤ ᠬᠡᠷᠡᠭᠯᠡᠬᠦ ᠴᠢᠬᠤᠯᠠ ᠤᠰᠤᠨ ᠤ ᠡᠬᠢ ᠰᠤᠷᠪᠤᠯᠵᠢ ᠪᠣᠯᠭᠠᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ᠂ ᠳᠠᠬᠢᠯᠲᠠ ᠤᠰᠤ᠂ ᠪᠣᠷᠣᠭᠠᠨ ᠤ | ᠤᠰᠤ ᠵᠡᠷᠭᠡ ᠡᠩ ᠤᠨ ᠪᠤᠰᠤ ᠤᠰᠤᠨ ᠤ ᠡᠬᠢ ᠪᠠᠶᠠᠯᠢᠭ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠰᠢᠨ᠎ᠡ ᠤᠰᠤ ᠠᠪᠴᠤ ᠬᠡᠷᠡᠭᠯᠡᠬᠦ ᠬᠡᠮᠵᠢᠶ᠎ᠡ ᠶᠢ | ᠪᠠᠭᠠᠰᠬᠠᠨ᠂ ᠠᠵᠤ ᠦᠢᠯᠡᠰ ᠪᠠ ᠬᠤᠲᠠ ᠶᠢᠨ ᠠᠭᠤᠰᠤᠯᠴᠠᠯ ᠤᠨ ᠬᠠᠶᠠᠭᠳᠠᠮᠠᠯ ᠤᠰᠤ ᠶᠢ ᠥᠨᠳᠥᠷ ᠪᠦᠲᠦᠮᠵᠢᠲᠡᠶ ᠪᠠᠷ ᠡᠷᠭᠢᠯᠳᠦᠭᠦᠯᠦᠨ ᠠᠰᠢᠭᠯᠠᠬᠤ ᠰᠢᠨ᠎ᠡ | ᠵᠠᠭᠪᠤᠷ ᠢ ᠪᠣᠶ ᠪᠣᠯᠭᠠᠬᠤ ᠬᠡᠷᠡᠭᠲᠡᠶ᠃ ᠠᠵᠤ ᠠᠬᠤᠶᠢᠯᠠᠯ ᠤᠨ ᠤᠰᠤ ᠬᠡᠷᠡᠭᠯᠡᠬᠦ ᠶᠢ ᠬᠢᠨᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠤᠰᠤ ᠬᠡᠷᠡᠭᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ | ᠭᠢᠯᠠᠰ ᠴᠡᠭ ᠳᠥᠷᠪᠡ᠄ ᠬᠤᠲᠠ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠯᠲᠠ ᠶᠢ ᠴᠢᠩᠭ᠎ᠠ ᠠᠳᠬᠤᠨ᠎ᠠ᠃ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤ ᠨᠢ ᠳᠣᠭᠢᠷᠠᠭᠤᠯᠤᠨ ᠬᠤᠭᠤᠯᠠᠶ ᠶᠢᠨ ᠲᠣᠤᠷ ᠤᠨ ᠭᠤᠭᠤᠵᠢᠵᠤ ᠰᠦᠢᠳᠬᠦ ᠶᠢ ᠵᠠᠰᠠᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ ᠢ | ᠲᠣᠳᠣᠷᠬᠠᠶᠢᠯᠠᠵᠤ᠂ ᠤᠶᠤᠨᠴᠢᠯᠠᠭᠰᠠᠨ ᠥᠭᠡᠷᠡᠴᠢᠯᠡᠯᠲᠡ᠂ ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠬᠦ ᠪᠠ ᠬᠤᠭᠤᠯᠠᠶ ᠶᠢᠨ ᠲᠣᠤᠷ ᠤᠨ ᠣᠷᠣᠨ ᠬᠤᠪᠢᠶᠠᠨ | ᠬᠡᠮᠵᠢᠬᠦ ᠵᠡᠷᠭᠡ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠵᠤ ᠬᠤᠬᠢᠷᠠᠬᠤ ᠶᠢ ᠵᠠᠰᠠᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ᠃ | ᠬᠤᠲᠠ ᠶᠢᠨ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠵᠡᠷᠭᠡ ᠲᠠᠢ ᠤᠶᠠᠯᠳᠤᠭᠤᠯᠤᠨ᠂ ᠵᠦᠶ ᠵᠣᠬᠢᠰᠲᠠᠶ ᠪᠠᠷ | ᠬᠡᠷᠡᠭᠯᠡᠬᠦ ᠵᠢᠯ ᠬᠤᠭᠤᠴᠠᠭ᠎ᠠ ᠠᠴᠠ ᠪᠠᠨ ᠬᠡᠲᠦᠷᠡᠭᠰᠡᠨ᠂ ᠮᠠᠲ᠋ᠧᠷᠢᠶᠠᠯ ᠬᠤᠴᠣᠷᠤᠩᠭᠤᠶ ᠪᠤᠶᠤ ᠬᠤᠬᠢᠷᠠᠯ ᠳᠤ ᠤᠴᠠᠷᠠᠵᠤ ᠵᠠᠰᠠᠭᠰᠠᠨ ᠦᠭᠡᠢ ᠤᠰᠤ ᠬᠠᠩᠭᠠᠬᠤ | ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠨ᠎ᠡ᠃ ᠪᠤᠭᠤᠲᠤ ᠬᠤᠲᠠ᠂ ᠤᠯᠠᠭᠠᠨᠬᠠᠳᠠ ᠬᠤᠲᠠ ᠳᠤ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ | ᠲᠣᠤᠷ ᠭᠤᠭᠤᠵᠢᠵᠤ ᠡᠪᠳᠡᠭᠳᠡᠭᠰᠡᠨ ᠭᠤᠤᠯᠳᠠᠯᠭ᠎ᠠ ᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠤᠰᠤ | ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠵᠤ ᠰᠦᠢᠳᠬᠦ ᠶᠢ ᠡᠵᠡᠮᠳᠡᠬᠦ ᠨᠢᠭᠡ ᠪᠦᠯᠦᠭ ᠵᠢᠱᠢᠶ᠎ᠡ ᠦᠵᠡᠭᠦᠯᠬᠦ ᠬᠤᠲᠠ ᠶᠢ ᠪᠦᠲᠦᠭᠡᠨ ᠪᠠᠶᠢᠭᠤᠯᠵᠤ᠂ | ᠳᠠᠭᠤᠷᠢᠶᠠᠨ ᠦᠢᠯᠡᠳᠴᠦ ᠪᠣᠯᠬᠤ᠂ ᠳᠡᠯᠭᠡᠷᠡᠭᠦᠯᠵᠦ ᠪᠣᠯᠬᠤ ᠬᠤᠭᠤᠯᠠᠶ ᠶᠢᠨ ᠲᠣᠤᠷ ᠤᠨ ᠭᠤᠭᠤᠵᠢᠵᠤ ᠬᠤᠬᠢᠷᠠᠬᠤ ᠶᠢ ᠡᠵᠡᠮᠳᠡᠬᠦ ᠵᠠᠭᠪᠤᠷ ᠢ ᠪᠣᠶ ᠪᠣᠯᠭᠠᠬᠤ ᠬᠡᠷᠡᠭᠲᠡᠶ᠃ | 2025 ᠣᠨ ᠪᠣᠯᠬᠤ ᠳᠤ᠂ ᠪᠥᠬᠦ ᠣᠷᠣᠨ ᠤ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ ᠭᠤᠭᠤᠵᠢᠬᠤ ᠨᠣᠷᠮ᠎ᠠ ᠶᠢ | 9% ᠶᠢᠨ ᠳᠣᠲᠣᠷ᠎ᠠ ᠬᠢᠵᠠᠭᠠᠷᠯᠠᠬᠤ ᠪᠠᠷ ᠴᠢᠷᠮᠠᠶᠢᠨ᠎ᠠ᠃ | ᠭᠢᠯᠠᠰ ᠴᠡᠭ ᠲᠠᠪᠤ᠄ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ | ᠣᠷᠣᠨ ᠤ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠬᠤᠲᠠ ᠶᠢᠨ ᠤᠰᠤ ᠠᠷᠪᠢᠯᠠᠬᠤ ᠠᠵᠢᠯ ᠳᠤ ᠦᠵᠡᠭᠦᠯᠬᠦ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ | ᠪᠠ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤ ᠠᠷᠪᠢᠯᠠᠬᠤ ᠬᠡᠯᠪᠡᠷᠢ ᠶᠢᠨ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ | ᠬᠤᠲᠠ ᠶᠢᠨ ᠤᠰᠤ ᠠᠷᠪᠢᠯᠠᠬᠤ ᠠᠵᠢᠯ ᠢ ᠰᠢᠰᠲ᠋ᠧᠮ ᠲᠠᠢ ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ ᠬᠥᠬᠡᠬᠤᠲᠠ᠂ ᠪᠤᠭᠤᠲᠤ ᠬᠤᠲᠠ᠂ ᠦᠬᠠᠶ ᠬᠤᠲᠠ᠂ | ᠤᠯᠠᠭᠠᠨᠴᠠᠪ ᠬᠤᠲᠠ ᠪᠠ ᠪᠠᠶᠠᠨᠨᠠᠭᠤᠷ ᠬᠤᠲᠠ ᠵᠡᠷᠭᠡ 5 ᠭᠠᠵᠠᠷ ᠤᠨ ᠲᠠᠰ ᠤᠨ ᠤᠰᠤ ᠳᠤᠲᠠᠭᠳᠠᠵᠤ ᠪᠠᠶᠢᠭ᠎ᠠ ᠬᠤᠲᠠ ᠶᠢ ᠤᠯᠤᠰ ᠤᠨ ᠤᠰᠤ ᠠᠷᠪᠢᠯᠠᠬᠤ | ᠬᠡᠯᠪᠡᠷᠢ ᠶᠢᠨ ᠬᠤᠲᠠ ᠶᠢᠨ ᠦᠨᠡᠯᠡᠯᠲᠡ ᠶᠢᠨ ᠪᠠᠷᠢᠮᠵᠢᠶ᠎ᠠ ᠳᠤ ᠬᠦᠷᠭᠡᠨ᠎ᠡ᠃ | ᠭᠢᠯᠠᠰ ᠴᠡᠭ ᠵᠢᠷᠭᠤᠭ᠎ᠠ᠄ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢ ᠠᠷᠪᠢᠯᠠᠨ ᠭᠠᠮᠨᠠᠵᠤ ᠡᠷᠴᠢᠮᠵᠢᠭᠦᠯᠬᠦ ᠶᠢ ᠠᠬᠢᠭᠤᠯᠤᠨ᠎ᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠪᠠᠯᠭᠠᠰᠤ ᠶᠢᠨ ᠰᠢᠨᠵᠢᠯᠡᠬᠦ | ᠤᠬᠠᠭᠠᠨᠴᠢ ᠪᠠᠷ ᠨᠣᠭᠤᠭᠠᠷᠠᠭᠤᠯᠬᠤ ᠠᠵᠢᠯ ᠤᠨ ᠲᠤᠬᠠᠢ ᠵᠢᠯᠣᠭᠤᠳᠬᠤ ᠰᠠᠨᠠᠯ︾ ᠢ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠵᠢᠷᠤᠭ ᠲᠥᠯᠥᠪᠯᠡᠭᠡ ᠶᠢᠨ ᠵᠢᠯᠤᠭᠤᠳᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠲᠠ ᠪᠠᠯᠭᠠᠰᠤ ᠶᠢᠨ ᠨᠣᠭᠤᠭᠠᠨ ᠭᠠᠵᠠᠷ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠷᠢᠮᠵᠢᠶ᠎ᠠ︾ ᠶᠢ ᠨᠠᠶᠢᠷᠠᠭᠤᠯᠤᠨ | ᠵᠣᠬᠢᠶᠠᠵᠤ ᠳᠠᠭᠤᠰᠬᠠᠨ᠂ ᠡᠯ᠎ᠡ ᠭᠠᠵᠠᠷ ᠤᠨ ᠬᠢᠨ ᠢ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ᠂ ᠣᠶᠢᠵᠢᠭᠤᠯᠬᠤ ᠳᠤ ᠲᠣᠬᠢᠷᠠᠬᠤ ᠭᠠᠵᠠᠷ ᠲᠤ | ᠣᠶᠢᠵᠢᠭᠤᠯᠵᠤ᠂ ᠡᠪᠡᠰᠦ ᠲᠠᠷᠢᠬᠤ ᠳᠤ ᠲᠣᠬᠢᠷᠠᠮᠵᠢᠲᠠᠢ ᠭᠠᠵᠠᠷ ᠲᠤ ᠡᠪᠡᠰᠦ ᠲᠠᠷᠢᠵᠤ᠂ ᠨᠤᠲᠤᠭ ᠤᠨ ᠮᠣᠳᠣᠨ ᠤ ᠲᠥᠷᠥᠯ ᠢ ᠥᠷᠭᠡᠨ ᠢᠶᠠᠷ ᠬᠡᠷᠡᠭᠯᠡᠨ᠂ ᠰᠦᠷᠴᠢᠨ | ᠤᠰᠤᠯᠠᠬᠤ᠂ ᠳᠤᠰᠤᠯᠭᠠᠨ ᠤᠰᠤᠯᠠᠬᠤ ᠵᠡᠷᠭᠡ ᠲᠥᠬᠦᠭᠡᠷᠦᠮᠵᠢ ᠶᠢ ᠬᠡᠷᠡᠭᠯᠡᠨ ᠨᠣᠭᠤᠭᠠᠷᠠᠭᠤᠯᠤᠨ ᠤᠰᠤᠯᠠᠵᠤ᠂ ᠬᠡᠷᠡᠭᠯᠡᠭᠰᠡᠨ ᠤᠰᠤ ᠪᠤᠶᠤ ᠳᠠᠬᠢᠯᠲᠠ ᠤᠰᠤ ᠶᠢ ᠡᠩ | ᠲᠡᠷᠢᠭᠦᠨ ᠳᠤ ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃ | | | ᠬᠠᠷᠢᠯᠴᠠᠬᠤ ᠬᠥᠮᠦᠨ᠄ ᠰᠢᠶᠤᠤ ᠴᠢᠶᠠᠩ | ᠬᠠᠷᠢᠯᠴᠠᠬᠤ ᠤᠲᠠᠰᠤ᠄ 0471-3605092 | |