︽ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠠᠵᠢᠯ ᠤᠨ ᠵᠢᠯᠣᠭᠤᠳᠬᠤ ᠰᠠᠨᠠᠯ︾ ᠤᠨ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2024/1/18
﹇ 2024﹈ 3 ᠳ᠋ᠤᠭᠠᠷ ᠲᠣᠭᠠᠲᠤ   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠠᠩᠰᠠᠯᠠᠭᠤᠯᠬᠤ ᠳᠤ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶ ᠶᠢ ᠦᠨᠳᠦᠰᠦᠯᠡᠨ᠂ ︽ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠴᠢᠬᠤᠯᠠᠲᠠᠶ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠠᠵᠢᠯ ᠤᠨ ᠵᠢᠯᠣᠭᠤᠳᠬᠤ ᠰᠠᠨᠠᠯ︾ ᠤᠨ ᠲᠤᠬᠠᠶ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠵᠤ᠂ ᠡᠳᠦᠭᠡ ᠬᠠᠮᠢᠶ᠎ᠠ ᠪᠦᠬᠦᠢ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠬᠤᠷᠠᠯ ᠤᠨ ᠴᠠᠭ  2024 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨᠡᠬᠢ 10 ᠴᠠᠭ ᠲᠤ᠃  ᠬᠤᠶᠠᠷ᠂ ᠬᠤᠷᠠᠯ ᠤᠨ ᠭᠠᠵᠠᠷ  ᠬᠥᠬᠡᠬᠤᠲᠠ ᠶᠢᠨ ᠴᠢᠩᠭᠢᠰ ᠬᠠᠭᠠᠨ ᠵᠡᠭᠦᠨ ᠵᠡᠭᠡᠯᠢ ᠶᠢᠨ 15 ᠳ᠋ᠤᠭᠠᠷ ᠨᠣᠮᠧᠷᠲᠤ ᠪᠦᠲᠦᠭᠡᠨ ᠪᠠᠶᠢᠭᠤᠯᠤᠯᠲᠠ ᠶᠢᠨ ᠲᠣᠮᠣ ᠠᠰᠠᠷ ᠤᠨ 215 ᠳ᠋ᠤᠭᠠᠷ ᠬᠤᠷᠠᠯ ᠤᠨ ᠭᠡᠷ᠃  ᠭᠤᠷᠪᠠ᠂ ᠨᠡᠷ᠎ᠡ ᠮᠡᠳᠡᠭᠦᠯᠬᠦ ᠱᠠᠭᠠᠷᠳᠠᠯᠭ᠎ᠠ  ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠠᠩᠰᠠᠯᠠᠭᠤᠯᠬᠤ ᠳᠤ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶ ᠤᠨ ᠠᠷᠪᠠᠨ ᠭᠤᠷᠪᠠᠳᠤᠭᠠᠷ ᠵᠣᠷᠪᠤᠰ ᠤᠨ ︵ᠬᠤᠶᠠᠷ︶ ᠳ᠋ᠤᠭᠠᠷ ᠵᠦᠢᠯ ᠳᠤ ᠨᠡᠶᠢᠴᠡᠬᠦ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠴᠥᠮ ᠲᠣᠰ ᠭᠡᠷᠡᠴᠢᠯᠡᠭᠡ ᠰᠣᠨᠣᠰᠬᠤ ᠬᠤᠷᠠᠯ ᠳᠤ ᠨᠡᠷ᠎ᠡ ᠮᠡᠳᠡᠭᠦᠯᠬᠦ ᠪᠠᠷ ᠭᠤᠶᠤᠴᠢᠯᠠᠵᠤ ᠪᠣᠯᠤᠨ᠎ᠠ᠃ ᠬᠤᠯᠪᠤᠭᠳᠠᠯ ᠪᠥᠬᠦᠶ ᠱᠠᠭᠠᠷᠳᠠᠯᠭ᠎ᠠ ᠨᠢ ᠳᠣᠤᠷᠠᠬᠢ ᠮᠡᠲᠦ᠄  ︵ᠨᠢᠭᠡ︶ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ ᠢᠶᠠᠷ ᠲᠣᠭᠲᠠᠭᠠᠭᠳᠠᠪᠠᠯ᠂ ᠪᠡᠶ᠎ᠡ ᠪᠠᠷ ᠢᠶᠠᠨ ᠭᠡᠷᠡᠴᠢᠯᠡᠭᠡ ᠰᠣᠨᠣᠰᠬᠤ ᠳᠤ ᠣᠷᠣᠯᠴᠠᠬᠤ ᠬᠡᠷᠡᠭᠲᠡᠶ᠂ ᠪᠤᠰᠤᠳ ᠲᠤ ᠨᠠᠶᠢᠳᠠᠨ ᠣᠷᠣᠯᠴᠠᠭᠤᠯᠵᠤ ᠪᠣᠯᠬᠤ ᠦᠭᠡᠶ᠃  ︵ᠬᠤᠶᠠᠷ︶ ᠭᠡᠷᠡᠴᠢᠯᠡᠭᠡ ᠰᠣᠨᠤᠰᠬᠤ ᠬᠤᠷᠠᠯ ᠳᠤ ᠣᠷᠤᠯᠴᠠᠭᠴᠢ ᠪᠣᠳᠠᠳᠤ ᠬᠡᠷᠡᠭ ᠲᠤ ᠪᠠᠨ ᠦᠨᠡᠨᠴᠢ ᠰᠢᠳᠤᠷᠭᠤ ᠪᠠᠶᠢᠵᠤ᠂ ᠲᠥᠯᠥᠭᠡᠯᠡᠬᠦ ᠠᠷᠠᠳ ᠢᠷᠭᠡᠨ᠂ ᠬᠠᠤᠯᠢ ᠶᠢᠨ ᠬᠥᠮᠥᠨ ᠪᠠ ᠪᠣᠰᠤᠳ ᠵᠣᠬᠢᠶᠠᠨ ᠪᠠᠶᠢᠭᠤᠯᠤᠯᠲᠠ ᠶᠢᠨ ᠰᠠᠨᠠᠯ ᠢ ᠪᠤᠰᠤᠳᠴᠢ ᠪᠠᠷ ᠲᠤᠰᠬᠠᠬᠤ ᠬᠡᠷᠡᠭᠲᠡᠢ᠃  ︵ᠭᠤᠷᠪᠠ︶ ᠭᠡᠷᠡᠴᠢᠯᠡᠭᠡ ᠰᠣᠨᠤᠰᠬᠤ ᠬᠤᠷᠠᠯ ᠳᠡᠭᠡᠷᠡᠬᠢ ᠬᠠᠩᠭᠠᠭᠰᠠᠨ ᠮᠠᠲ᠋ᠧᠷᠢᠶᠠᠯ ᠨᠢ ᠵᠥᠪᠬᠡᠨ ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠤᠨ ᠰᠠᠨᠠᠯ ᠢᠶᠠᠨ ᠳᠤᠷᠠᠳᠬᠤ ᠳᠤ ᠯᠠᠪᠯᠠᠯᠲᠠ ᠪᠣᠯᠭᠠᠵᠤ᠂ ᠬᠤᠷᠠᠯ ᠤᠨ ᠳᠠᠷᠠᠭ᠎ᠠ ᠬᠤᠷᠢᠶᠠᠨ ᠠᠪᠤᠨ᠎ᠠ᠃  ︵ᠲᠦᠷᠪᠡ︶ ᠭᠡᠷᠡᠴᠢᠯᠡᠭᠡ ᠰᠣᠨᠤᠰᠬᠤ ᠬᠤᠷᠠᠯ ᠳᠤ ᠣᠷᠣᠯᠴᠠᠭᠰᠠᠳ ᠭᠡᠷᠡᠴᠢᠯᠡᠭᠡ ᠰᠣᠨᠣᠰᠬᠤ ᠬᠤᠷᠠᠯ ᠤᠨ ᠰᠠᠬᠢᠯᠭ᠎ᠠ ᠪᠠᠲᠤ ᠶᠢ ᠵᠢᠷᠤᠮᠯᠠᠨ᠂ ᠤᠯᠤᠰ ᠤᠨ ᠨᠢᠭᠤᠴᠠ ᠶᠢ ᠬᠠᠮᠠᠭᠠᠯᠠᠬᠤ ᠬᠡᠷᠡᠭᠲᠡᠶ᠂ ᠱᠤᠤᠭᠢᠶᠠᠨ ᠭᠠᠷᠭᠠᠵᠤ ᠪᠣᠯᠬᠤ ᠦᠭᠡᠶ᠂ ᠳᠤᠮᠳᠠ ᠠᠴᠠ ᠨᠢ ᠤᠴᠢᠷ ᠰᠢᠯᠲᠠᠭᠠᠨ ᠦᠭᠡᠶ ᠪᠠᠷ ᠲᠠᠯᠠᠪᠤᠷ ᠠᠴᠠ ᠭᠠᠷᠴᠤ ᠪᠣᠯᠬᠤ ᠦᠭᠡᠶ᠃ ᠲᠤᠬᠠᠶ ᠶᠢᠨ ᠴᠠᠭ ᠲᠤ ᠨᠢ ᠲᠣᠭᠲᠠᠭᠰᠠᠨ ᠴᠠᠭ ᠲᠤ ᠪᠠᠨ ᠣᠷᠣᠯᠴᠠᠬᠤ ᠬᠡᠷᠡᠭᠲᠡᠶ᠂ ᠬᠤᠭᠤᠴᠠᠭ᠎ᠠ ᠥᠩᠭᠡᠷᠡᠲᠡᠯ᠎ᠡ ᠲᠤᠬᠠᠶ ᠶᠢᠨ ᠭᠠᠵᠠᠷ ᠲᠤ ᠬᠦᠷᠬᠦ ᠦᠭᠡᠶ ᠪᠥᠭᠡᠳ ᠵᠦᠢ ᠶᠣᠰᠣᠨ ᠤ ᠤᠴᠢᠷ ᠰᠢᠯᠲᠠᠭᠠᠨ ᠦᠭᠡᠶ ᠪᠣᠯ ᠲᠤᠰ ᠤᠳᠠᠭᠠᠨ ᠤ ᠭᠡᠷᠡᠴᠢᠯᠡᠭᠡ ᠶᠢ ᠰᠣᠨᠣᠰᠬᠤ ᠪᠠᠨ ᠪᠤᠯᠢᠭᠰᠠᠨ ᠢᠶᠠᠷ ᠦᠵᠡᠨ᠎ᠡ᠃  ᠳᠥᠷᠪᠡ᠂ ᠨᠡᠷ᠎ᠡ ᠮᠡᠳᠡᠭᠦᠯᠬᠦ ᠠᠷᠭ᠎ᠠ ᠬᠡᠯᠪᠡᠷᠢ  ᠨᠡᠷ᠎ᠡ ᠮᠡᠳᠡᠭᠦᠯᠬᠦ ᠳᠤ ᠡᠯᠧᠺᠲᠷᠣᠨ ᠨᠡᠷ᠎ᠡ ᠮᠡᠳᠡᠭᠦᠯᠬᠦ ᠠᠷᠭ᠎ᠠ ᠬᠡᠯᠪᠡᠷᠢ ᠶᠢ ᠠᠪᠴᠤ᠂ ᠨᠡᠷ᠎ᠡ ᠮᠡᠳᠡᠭᠦᠯᠦᠭᠴᠢ ᠨᠢ ᠪᠦᠷᠢᠨ ᠪᠦᠲᠦᠨ ︽ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ ᠳᠤ ᠦᠵᠡ︶ ᠪᠣᠯᠤᠨ ᠬᠤᠪᠢ ᠬᠥᠮᠦᠨ ᠤ ᠪᠡᠶ᠎ᠡ ᠶᠢᠨ ᠦᠨᠡᠮᠯᠡᠯ ᠤᠨ ᠰᠢᠷᠪᠢᠯᠲᠡ ᠶᠢᠨ ᠮᠠᠲ᠋ᠧᠷᠢᠶᠠᠯ ᠢ ᠡᠷᠬᠢᠯᠡᠨ ᠭᠦᠢᠴᠡᠳᠬᠡᠬᠦ ᠨᠢᠭᠡᠴᠢ ᠳᠤ ᠳᠠᠮᠵᠢᠭᠤᠯᠤᠨ ᠢᠯᠡᠭᠡᠨ᠎ᠡ᠃ ᠨᠡᠷ᠎ᠡ ᠮᠡᠳᠡᠭᠦᠯᠬᠦ ᠴᠠᠭ ᠨᠢ 2024 ᠣᠨ ᠤ 1 ᠳ᠋ᠦ᠋ᠭᠡᠷ ᠰᠠᠷ᠎ᠠ ᠶᠢᠨ 11 ᠤ ᠡᠳᠦᠷ ᠤᠨ 17 ᠴᠠᠭ ᠪᠣᠯᠲᠠᠯ᠎ᠠ᠃  ᠬᠠᠷᠢᠯᠴᠠᠬᠤ ᠬᠦᠮᠦᠨ᠄ ᠮᠠ ᠶᠢᠨ ᠴᠧᠨ  ᠬᠠᠷᠢᠯᠴᠠᠬᠤ ᠤᠲᠠᠰᠤ᠄ 0471 - 6944780  ᠢᠮᠧᠯ᠄ zjtgcc@163.com     ᠳᠠᠭᠠᠯᠳᠤᠭᠤᠯᠤᠯ᠄ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ ᠤᠨ ᠨᠡᠷ᠎ᠡ ᠮᠡᠳᠡᠭᠦᠯᠬᠦ ᠬᠦᠰᠦᠨᠦᠭ    2024 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠯᠭ᠎ᠠ ᠶᠢᠨ
Baidu
map