ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠠᠶᠢᠰᠢᠩ ᠤᠨ | ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠵᠣᠭᠤᠰ ᠢ ᠥᠭᠬᠦ ᠳᠠᠭᠠᠭᠠᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ | ᠬᠡᠷᠡᠭᠵᠢᠭᠦᠯᠬᠦ︶︾ ︵ᠥᠪᠥᠷ ᠪᠠᠶᠢᠭᠤᠯᠤᠯᠲᠠ ᠬᠤᠲᠠ ﹇2024﹈ 18 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶ ᠶᠢ | ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ | ᠵᠥᠪ ᠢᠶᠠᠷ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ | ᠡᠳᠦᠭᠡ ᠳᠣᠤᠷᠠᠬᠢ ᠮᠡᠲᠦ ᠲᠠᠶᠢᠯᠤᠮᠵᠢ ᠬᠢᠪᠠ᠃ | ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ | ᠢᠨᠵᠧᠨᠧᠷᠢᠩ ᠤᠨ ᠳᠠᠭᠠᠭᠠᠯᠲᠠ ᠪᠣᠯ ᠢᠨᠵᠧᠨᠧᠷᠢᠩ ᠤᠨ ᠲᠦᠭᠰᠢᠭᠦᠷᠢ ᠶᠢ ᠰᠡᠷᠭᠡᠶᠢᠯᠡᠬᠦ ᠪᠠ ᠠᠷᠢᠯᠭᠠᠬᠤ ᠴᠢᠬᠤᠯᠠ ᠠᠷᠭ᠎ᠠ ᠬᠡᠮᠵᠢᠶ᠎ᠡ ᠮᠥᠨ᠂ ᠵᠠᠬ᠎ᠠ | ᠳᠡᠯᠭᠡᠭᠦᠷ ᠤᠨ ᠢᠲᠡᠭᠡᠮᠵᠢ ᠶᠢᠨ ᠰᠢᠰᠲ᠋ᠧᠮ ᠤᠨ ᠭᠤᠣᠯ ᠲᠤᠯᠭᠠᠭᠤᠷᠢᠯᠠᠯ ᠮᠥᠨ᠂ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠪᠦᠲᠦᠮᠵᠢᠲᠡᠢ | ᠠᠷᠭ᠎ᠠ ᠪᠠᠷᠢᠯ ᠮᠥᠨ᠃ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠲᠠᠯ᠎ᠠ ᠶᠢᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ | ᠂ ᠢᠨᠵᠧᠨᠧᠷᠢᠩ ᠤᠨ ᠵᠣᠭᠤᠰ ᠢ ᠥᠭᠬᠦ ᠳᠠᠭᠠᠭᠠᠯᠲᠠ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠢᠨᠵᠧᠨᠧᠷᠢᠩ ᠤᠨ ᠵᠣᠭᠤᠰ ᠪᠠ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠵᠠᠬ᠎ᠠ ᠳᠡᠯᠭᠡᠭᠦᠷ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠮᠠᠨ ᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ︽ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ︽ᠬᠥᠯᠥᠰᠥᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 724 ᠳ᠋ᠦ᠋ᠭᠡᠷ ᠲᠣᠭᠠᠲᠤ︶ | ︽ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠳᠠᠭᠠᠭᠠᠯᠲᠠ ᠶᠢᠨ ᠳᠦᠷᠢᠮ ᠢ | ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠰᠠᠯᠠᠭ᠎ᠠ | ᠮᠥᠴᠢᠷ ᠤᠨ ᠵᠢᠯᠣᠭᠤᠳᠬᠤ ᠰᠠᠨᠠᠯ︾ ︵ᠪᠠᠶᠢᠭᠤᠯᠤᠯᠲᠠ ᠬᠤᠲᠠ ﹇2019﹈ 68 ᠳ᠋ᠤᠭᠠᠷ ᠲᠣᠭᠠᠲᠤ︶ | ᠭᠤᠷᠪᠠ᠂ ᠬᠡᠷᠡᠭᠯᠡᠬᠦ ᠬᠡᠪᠴᠢᠶ᠎ᠡ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠦᠨᠡᠮᠯᠡᠯ ︵ | ᠠᠵᠢᠯ ᠡᠬᠢᠯᠡᠭᠦᠯᠬᠦ ᠮᠡᠳᠡᠭᠦᠯᠦᠯᠲᠡ ᠪᠠᠭᠲᠠᠨ᠎ᠠ︶ ᠢ ᠬᠠᠤᠯᠢ ᠶᠣᠰᠣᠭᠠᠷ ᠭᠤᠶᠤᠴᠢᠯᠠᠨ ᠭᠦᠢᠴᠡᠳᠬᠡᠬᠦ ᠴᠢᠬᠤᠯᠠ ᠲᠠᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ | ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠳᠤ ᠲᠤᠰ ᠠᠷᠭ᠎ᠠ ᠲᠣᠬᠢᠷᠠᠨ᠎ᠠ᠃ | ᠳᠥᠷᠪᠡ᠂ ᠢᠨᠵᠧᠨᠧᠷᠢᠩ ᠤᠨ ᠵᠣᠭᠤᠰ ᠢ ᠥᠭᠬᠦ ᠳᠠᠭᠠᠭᠠᠯᠲᠠ ᠶᠢᠨ ᠠᠷᠭ᠎ᠠ ᠮᠠᠶ᠋ᠢᠭ | ᠪᠠᠷᠢᠯᠭ᠎ᠠ ᠪᠠᠷᠢᠭᠤᠯᠬᠤ ᠨᠢᠭᠡᠴᠢ ᠨᠢ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠦᠨᠡᠮᠯᠡᠯ ᠣᠯᠤᠭᠰᠠᠨ ᠮᠥᠷᠲᠡᠭᠡᠨ ᠪᠠᠷᠢᠯᠭ᠎ᠠ ᠪᠠᠷᠢᠬᠤ ᠨᠢᠭᠡᠴᠢ ᠨᠢ ᠲᠠᠯᠠᠪᠠᠶ ᠳᠤ | ᠣᠷᠣᠬᠤ ᠠᠴᠠ ᠡᠮᠦᠨ᠎ᠡ᠂ ᠪᠠᠷᠢᠯᠭ᠎ᠠ ᠪᠠᠷᠢᠬᠤ ᠨᠢᠭᠡᠴᠢ ᠳᠤ ᠢᠨᠵᠧᠨᠧᠷᠢᠩ ᠤᠨ ᠵᠣᠭᠤᠰ ᠢ ᠥᠭᠬᠦ ᠳᠠᠭᠠᠭᠠᠯᠲᠠ ᠬᠠᠩᠭᠠᠬᠤ ᠬᠡᠷᠡᠭᠲᠡᠶ᠃ | ᠪᠠᠷᠢᠯᠭ᠎ᠠ ᠶᠢᠨ ᠠᠵᠢᠯ ᠤᠨ ᠭᠡᠷ᠎ᠡ ᠳᠤ ᠪᠣᠯᠵᠣᠨ ᠲᠣᠭᠲᠠᠭᠰᠠᠨ ᠢᠨᠵᠧᠨᠧᠷᠢᠩ ᠤᠨ ᠵᠣᠭᠤᠰ ᠤᠨ ᠲᠤᠭ᠎ᠠ ᠶᠣᠰᠣᠭᠠᠷ ᠢᠨᠵᠧᠨᠧᠷᠢᠩ ᠤᠨ ᠵᠣᠭᠤᠰ ᠢ ᠥᠭᠬᠦ | ᠳᠠᠭᠠᠭᠠᠯᠲᠠ ᠬᠠᠩᠭᠠᠭᠰᠠᠨ ᠪᠣᠯ᠂ ᠬᠠᠮᠤᠭ ᠤᠨ ᠳᠣᠤᠷ᠎ᠠ ᠳᠠᠭᠠᠭᠠᠯᠲᠠ ᠶᠢᠨ ᠵᠣᠭᠤᠰ ᠤᠨ ᠲᠤᠭ᠎ᠠ ᠶᠢ ᠲᠤᠭ᠎ᠠ ᠬᠡᠮᠵᠢᠶ᠎ᠡ ᠠᠴᠠ ᠨᠢ ᠳᠠᠪᠠᠭᠤᠯᠤᠨ ᠠᠬᠢᠭᠤᠯᠤᠨ ᠪᠣᠳᠣᠬᠤ | ᠠᠷᠭ᠎ᠠ ᠮᠠᠶ᠋ᠢᠭ ᠢᠶᠠᠷ ᠪᠣᠳᠣᠨ᠎ᠠ᠃ ᠪᠠᠷᠢᠯᠭ᠎ᠠ ᠶᠢᠨ ᠠᠵᠢᠯ ᠤᠨ ᠭᠡᠷ᠎ᠡ ᠶᠢᠨ ᠦᠨ᠎ᠡ ᠶᠢᠨ ᠵᠣᠭᠤᠰ 1000 ᠲᠦᠮᠡᠨ ᠲᠥᠭᠦᠷᠢᠭ ᠠᠴᠠ ᠳᠣᠷᠣᠭᠰᠢ ︵1000 ᠲᠦᠮᠡᠨ | ᠲᠥᠭᠦᠷᠢᠭ ᠪᠠᠭᠲᠠᠨ᠎ᠠ︶ ᠪᠣᠯ ᠳᠠᠭᠠᠭᠠᠯᠲᠠ ᠬᠢᠭᠰᠡᠨ ᠵᠣᠭᠤᠰ ᠤᠨ ᠲᠤᠭ᠎ᠠ ᠨᠢ ᠪᠠᠷᠢᠯᠭ᠎ᠠ ᠶᠢᠨ ᠠᠵᠢᠯ ᠤᠨ ᠭᠡᠷ᠎ᠡ ᠶᠢᠨ ᠦᠨ᠎ᠡ ᠶᠢᠨ ᠵᠣᠭᠤᠰ ᠤᠨ 10% ᠠᠴᠠ | ᠳᠣᠤᠷ᠎ᠠ ᠪᠠᠶᠢᠵᠤ ᠪᠣᠯᠬᠤ ᠦᠭᠡᠶ︔ ᠪᠠᠷᠢᠯᠭ᠎ᠠ ᠶᠢᠨ ᠠᠵᠢᠯ ᠤᠨ ᠭᠡᠷ᠎ᠡ ᠶᠢᠨ ᠦᠨ᠎ᠡ ᠶᠢᠨ ᠵᠣᠭᠤᠰ 1000 ᠲᠦᠮᠡᠨ ᠲᠥᠭᠦᠷᠢᠭ ᠠᠴᠠ ᠳᠡᠭᠡᠭᠰᠢ 1 ᠳ᠋ᠦᠩᠰᠢᠭᠤᠷ | ᠲᠥᠭᠦᠷᠢᠭ ᠠᠴᠠ ᠳᠣᠷᠣᠭᠰᠢ ᠪᠠᠶᠢᠪᠠᠯ ︵ 1 ᠳ᠋ᠦᠩᠰᠢᠭᠤᠷ ᠲᠥᠭᠦᠷᠢᠭ ᠪᠠᠭᠲᠠᠨ᠎ᠠ︶᠂ 1000 ᠲᠦᠮᠡᠨ ᠲᠥᠭᠦᠷᠢᠭ ᠠᠴᠠ ᠬᠡᠲᠦᠷᠡᠭᠰᠡᠨ ᠬᠡᠰᠡᠭ ᠢ 5% ᠠᠴᠠ | ᠳᠣᠤᠷ᠎ᠠ ᠪᠠᠶᠢᠯᠭᠠᠵᠤ ᠪᠣᠯᠬᠤ ᠦᠭᠡᠶ︔ ᠪᠠᠷᠢᠯᠭ᠎ᠠ ᠶᠢᠨ ᠠᠵᠢᠯ ᠤᠨ ᠭᠡᠷ᠎ᠡ ᠶᠢᠨ ᠦᠨ᠎ᠡ ᠶᠢᠨ ᠵᠣᠭᠤᠰ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠪᠠᠯ᠂ 1 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠡᠰᠡᠭ ᠢ ᠨᠢ ᠬᠤᠶᠠᠷ ᠲᠠᠯ᠎ᠠ ᠪᠠᠷ ᠢᠶᠠᠨ ᠳᠠᠭᠠᠭᠠᠯᠲᠠ ᠬᠢᠭᠰᠡᠨ ᠵᠣᠭᠤᠰ ᠤᠨ ᠲᠤᠭ᠎ᠠ ᠶᠢ ᠵᠥᠪᠳᠡᠯᠴᠡᠨ ᠲᠣᠭᠲᠠᠭᠠᠨ᠎ᠠ᠃ | ᠪᠠᠷᠢᠯᠭ᠎ᠠ ᠶᠢᠨ ᠠᠵᠢᠯ ᠤᠨ ᠭᠡᠷ᠎ᠡ ᠳᠤ ᠪᠣᠯᠵᠣᠨ ᠲᠣᠭᠲᠠᠭᠰᠠᠨ ᠢᠨᠵᠧᠨᠧᠷᠢᠩ ᠤᠨ ᠵᠣᠭᠤᠰ ᠢ ᠥᠭᠬᠦ ᠵᠠᠩᠭᠢᠯᠠᠭ᠎ᠠ ᠴᠡᠭ ᠶᠣᠰᠣᠭᠠᠷ ᠢᠨᠵᠧᠨᠧᠷᠢᠩ ᠤᠨ ᠵᠣᠭᠤᠰ ᠢ | ᠥᠭᠬᠦ ᠳᠠᠭᠠᠭᠠᠯᠲᠠ ᠬᠠᠩᠭᠠᠭᠰᠠᠨ ᠪᠣᠯ ᠥᠭᠬᠦ ᠵᠠᠩᠭᠢᠯᠠᠭ᠎ᠠ ᠴᠡᠭ ᠨᠢᠭᠡᠪᠦᠷᠢ ᠳᠤ ᠢᠨᠵᠧᠨᠧᠷᠢᠩ ᠤᠨ ᠵᠣᠭᠤᠰ ᠢ ᠥᠭᠬᠦ ᠳᠠᠭᠠᠭᠠᠯᠲᠠ ᠬᠠᠩᠭᠠᠭᠰᠠᠨ ᠪᠠᠶᠢᠬᠤ ᠬᠡᠷᠡᠭᠲᠡᠶ | ᠪᠥᠭᠡᠳ ᠳᠠᠭᠠᠭᠠᠯᠲᠠ ᠬᠢᠭᠰᠡᠨ ᠵᠣᠭᠤᠰ ᠤᠨ ᠲᠤᠭ᠎ᠠ ᠨᠢ ᠪᠠᠷᠢᠯᠭ᠎ᠠ ᠶᠢᠨ ᠠᠵᠢᠯ ᠤᠨ ᠭᠡᠷ᠎ᠡ ᠳᠤ ᠪᠣᠯᠵᠣᠨ ᠲᠣᠭᠲᠠᠭᠰᠠᠨ ᠥᠭᠬᠦ ᠵᠠᠩᠭᠢᠯᠠᠭ᠎ᠠ ᠴᠡᠭ ᠤᠨ | ᠢᠨᠵᠧᠨᠧᠷᠢᠩ ᠤᠨ ᠵᠣᠭᠤᠰ ᠤᠨ ᠲᠤᠭ᠎ᠠ ᠶᠢᠨ 15% ᠠᠴᠠ ᠳᠣᠤᠷ᠎ᠠ ᠪᠠᠶᠢᠵᠤ ᠪᠣᠯᠬᠤ ᠦᠭᠡᠶ᠃ | ᠬᠠᠷᠢᠯᠴᠠᠬᠤ ᠬᠥᠮᠦᠨ᠄ ᠯᠢᠦ ᠰᠢᠶᠤᠤ ᠶᠠᠩ᠂ ᠬᠠᠷᠢᠯᠴᠠᠬᠤ ᠤᠲᠠᠰᠤ᠄ 0471 — 6946761 | |