ᠮᠠᠨ ᠤ ᠣᠷᠣᠨ ᠤ ᠲᠥᠯᠥᠭᠡᠯᠡᠭᠴᠢᠳ ᠤᠨ ᠪᠦᠯᠬᠦᠮ 2024 ᠣᠨ ᠤ ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠤᠷᠤᠯᠴᠠᠪᠠ
ᠨᠡᠶᠢᠲᠡᠯᠡᠭᠰᠡᠨ ᠴᠠᠭ᠄
2024/10/30
    10 ᠳ᠋ᠤᠭᠠᠷ ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠠᠴᠠ ᠬᠠᠮᠲᠤᠷᠠᠨ ᠡᠷᠭᠢᠯᠡᠭᠰᠡᠨ 2024 ᠣᠨ ᠤ ᠪᠥᠬᠦ ᠤᠯᠤᠰ ᠤᠨ ᠠᠵᠢᠯ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ — ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠠᠨᠾᠦ᠋ᠢ ᠮᠤᠵᠢ ᠶᠢᠨ ᠾᠧᠹᠧᠢ ᠬᠤᠲᠠ ᠳᠤ ᠶᠠᠪᠤᠭᠳᠠᠪᠠ᠃ ᠮᠠᠨ ᠤ ᠣᠷᠣᠨ᠂ 5 ᠦᠷᠢᠰᠦᠯᠳᠦᠭᠴᠢ᠂ 2 ᠬᠢᠨᠠᠭᠴᠢ ᠪᠠᠷ ᠪᠦᠷᠢᠯᠳᠦᠭᠰᠡᠨ ᠲᠥᠯᠥᠭᠡᠯᠡᠭᠴᠢᠳ ᠤᠨ ᠪᠦᠯᠬᠦᠮ ᠢ ᠲᠤᠮᠢᠯᠠᠵᠤ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ᠤᠨ ᠮᠡᠷᠭᠡᠵᠢᠯᠲᠡᠨ L/S ᠪᠠ ᠬᠤᠭᠤᠯᠠᠢ ᠶᠢᠨ ᠠᠵᠢᠯᠴᠢᠨ ᠭᠡᠬᠦ ᠬᠤᠶᠠᠷ ᠲᠥᠷᠥᠯ ᠤᠨ ᠤᠷᠤᠯᠳᠤᠭᠠᠨ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠾᠧ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠶᠢᠨ ᠲᠤᠰᠢᠶᠠᠯ ᠡᠭᠦᠷᠭᠡᠯᠡᠵᠡᠢ᠃
W020241029327792694259.jpg
    ᠲᠤᠰ ᠤᠳᠠᠭ᠎ᠠ ᠶᠢᠨ ᠤᠷᠤᠯᠳᠤᠭᠠᠨ ᠪᠣᠯ ᠠᠩᠬ᠎ᠠ ᠤᠳᠠᠭ᠎ᠠ ᠪᠦᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠦᠷᠦᠯ ᠳᠤ ᠵᠣᠷᠢᠭᠤᠯᠤᠨ ᠡᠷᠬᠢᠯᠡᠭᠰᠡᠨ ᠤᠯᠤᠰ ᠤᠨ ᠨᠢᠭᠡᠳᠦᠭᠡᠷ ᠲᠦᠷᠦᠯ ᠤᠨ ᠤᠷᠤᠯᠳᠤᠭᠠᠨ ᠪᠣᠯᠣᠨ᠎ᠠ ᠂ ᠬᠡᠪᠴᠢᠶ᠎ᠡ ᠪᠠᠷ ᠬᠠᠮᠤᠭ ᠤᠨ ᠶᠡᠭᠡ ᠂ ᠤᠷᠤᠯᠳᠤᠭᠠᠨ ᠳᠤ ᠣᠷᠣᠯᠴᠠᠭᠰᠠᠨ ᠬᠥᠮᠥᠨ ᠤ ᠲᠤᠭ᠎ᠠ ᠪᠠᠷ ᠬᠠᠮᠤᠭ ᠤᠨ ᠤᠯᠠᠨ ᠂ ᠤᠷ᠎ᠠ ᠴᠢᠳᠠᠪᠤᠷᠢ ᠶᠢᠨ ᠬᠢᠷᠢ ᠲᠦᠪᠰᠢᠨ ᠢᠶᠠᠷ ᠬᠠᠮᠤᠭ ᠤᠨ ᠥᠨᠳᠥᠷ ᠨᠢᠭᠡ ᠤᠳᠠᠭ᠎ᠠ ᠶᠢᠨ ᠠᠵᠢᠯ ᠲᠦᠷᠦᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠪᠣᠯᠣᠨ᠎ᠠ ᠂ ᠪᠦᠬᠦ ᠤᠯᠤᠰ ᠤᠨ ᠡᠯ᠎ᠡ ᠭᠠᠵᠠᠷ ᠤᠨ 5.3 ᠲᠦᠮᠡᠨ ᠦᠷᠢᠰᠦᠯᠳᠦᠭᠴᠢ ᠶᠢᠨ ᠳᠤᠮᠳᠠ ᠠᠴᠠ ᠴᠣᠯᠭᠤᠷᠠᠨ ᠭᠠᠷᠤᠭᠰᠠᠨ 401 ᠦᠷᠢᠰᠦᠯᠳᠦᠭᠴᠢ ᠨᠢᠭᠡ ᠲᠠᠩᠬᠢᠮ ᠳᠤ ᠴᠤᠭᠯᠠᠷᠠᠨ ᠰᠢᠷᠦᠭᠦᠨ ᠥᠷᠢᠰᠦᠯᠳᠦᠭᠡᠨ ᠥᠷᠨᠢᠭᠦᠯᠵᠡᠢ ᠃    ᠤᠷᠤᠯᠳᠤᠭᠠᠨ ᠳᠤ ᠂ ᠮᠠᠨ ᠤ ᠣᠷᠣᠨ ᠤ ᠦᠷᠢᠰᠦᠯᠳᠦᠭᠴᠢ ᠤᠷᠠᠨ ᠲᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠵᠣᠷᠢᠭᠲᠠᠢ ᠪᠠᠷ ᠡᠷᠡᠯᠬᠡᠭᠯᠡᠨ ᠲᠡᠮᠡᠴᠡᠵᠦ ᠂ ᠵᠣᠷᠢᠭᠲᠠᠢ ᠪᠠᠷ ᠲᠡᠷᠢᠭᠦᠨ ᠳᠤ ᠣᠷᠣᠵᠤ ᠂ ᠮᠠᠨ ᠤ ᠣᠷᠣᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠲᠦᠷᠦᠯ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠤ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠦᠭᠰᠡᠨ ᠂ ᠤᠷ᠎ᠠ ᠮᠡᠷᠭᠡᠵᠢᠯ ᠳᠡᠭᠡᠨ ᠴᠠᠭᠠᠷᠠᠭᠰᠠᠨ ᠂ ᠬᠡᠪ ᠪᠣᠯᠪᠠᠰᠤᠷᠠᠯ ᠢᠶᠠᠷ ᠰᠢᠯᠢᠳᠡᠭ ᠰᠠᠶᠢᠨ ᠤᠶᠤᠨ ᠰᠠᠨᠠᠭᠠᠨ ᠤ ᠳᠦᠷᠰᠦ ᠪᠠᠶᠢᠳᠠᠯ ᠪᠠ ᠰᠠᠶᠢᠨ ᠰᠠᠶᠢᠬᠠᠨ ᠳᠦᠷᠢ ᠲᠥᠷᠬᠦ ᠶᠢ ᠭᠦᠢᠴᠡᠳ ᠢᠯᠡᠷᠡᠭᠦᠯᠵᠡᠢ ᠃ ᠡᠴᠦᠰ ᠲᠤ᠂ ᠮᠠᠨ ᠤ ᠣᠷᠣᠨ ᠤ ᠲᠥᠯᠥᠭᠡᠯᠡᠭᠴᠢᠳ ᠤᠨ ᠪᠦᠯᠬᠦᠮ ᠤᠷᠤᠯᠳᠤᠭᠠᠨ ᠳᠤ ᠣᠷᠣᠯᠴᠠᠭᠰᠠᠳ ᠤᠨ ᠰᠢᠯᠢᠳᠡᠭ ᠱᠠᠩᠨᠠᠯ ᠪᠠ ᠤᠷᠤᠯᠳᠤᠭᠠᠨ ᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠭᠥᠷᠳᠡᠪᠡ᠃
W020241029327792753150.jpg
W020241029327793012046.jpg
    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠣᠰ ᠤᠳᠠᠭᠠᠨ ᠤ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠲᠡᠷᠢᠭᠦᠨ ᠤ ᠬᠢ ᠲᠠᠢ ᠬᠠᠷᠢᠴᠠᠭᠤᠯᠵᠤ᠂ ᠲᠤᠳᠠᠭᠳᠠᠯ ᠢᠶᠠᠨ ᠨᠥᠬᠦᠪᠦᠷᠢᠯᠡᠵᠦ᠂ ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠨᠡᠮᠡᠷᠢᠯᠡᠨ᠎ᠡ᠃ 
ᠢᠷᠡᠯᠲᠡ᠄ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ
Baidu
map