ᠪᠠᠶᠢᠭᠤᠯᠤᠭᠴᠢ ᠶᠢᠨ ᠳᠠᠬᠢᠨ ᠳᠠᠩᠰᠠᠯᠠᠭᠤᠯᠬᠤ ᠲᠤᠬᠠᠢ
ᠨᠡᠶᠢᠲᠡᠯᠡᠭᠰᠡᠨ ᠴᠠᠭ᠄
2024/10/8
    ᠵᠠᠬᠢᠳᠠᠯ ᠰᠤᠷᠪᠤᠯᠵᠢᠯᠠᠭᠴᠢ ᠶᠢᠨ ᠨᠡᠷ᠎ᠡ᠄ ᠵᠢᠶᠠᠩ ᠣᠪᠣᠭᠲᠤ    ᠵᠠᠬᠢᠳᠠᠯ ᠢᠷᠡᠭᠦᠯᠦᠭᠰᠡᠨ ᠴᠠᠭ᠄ 2024-08-06 21:22:40    ᠵᠠᠬᠢᠳᠠᠯ ᠤᠨ ᠭᠤᠣᠯ ᠰᠡᠳᠦᠪ᠄ ᠪᠠᠶᠢᠭᠤᠯᠤᠭᠴᠢ ᠶᠢᠨ ᠳᠠᠬᠢᠨ ᠳᠠᠩᠰᠠᠯᠠᠭᠤᠯᠬᠤ ᠲᠤᠬᠠᠢ    ᠵᠠᠬᠢᠳᠠᠯ ᠤᠨ ᠠᠭᠤᠯᠭ᠎ᠠ᠄ ᠰᠠᠶᠢᠨ ᠤᠤ᠂ ᠪᠠᠶᠢᠭᠤᠯᠤᠭᠴᠢ ᠶᠢᠨ ᠳᠠᠩᠰᠠᠯᠠᠬᠤ ᠴᠠᠭ ᠪᠣᠯ 2024  ᠣᠨ ᠤ 6 ᠳ᠋ᠤᠭᠠᠷ ᠰᠠᠷ᠎ᠠ ᠶᠢᠨ 20 ᠤ ᠡᠳᠦᠷ᠂ 7 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠦᠷᠭᠦᠯᠵᠢᠯᠡᠨ ᠳᠠᠩᠰᠠᠯᠠᠯᠲᠠ ᠦᠭᠡᠢ᠂ ᠤᠷᠢᠳᠠᠪᠠᠷ ᠦᠷᠭᠦᠯᠵᠢᠯᠡᠭᠰᠡᠨ ᠰᠤᠷᠭᠠᠨ ᠬᠦᠮᠦᠵᠢᠯ ᠤᠨ ᠰᠤᠷᠤᠯᠭ᠎ᠠ ᠶᠢ ᠪᠡᠶᠡᠯᠡᠭᠦᠯᠵᠡᠢ᠂ ᠳᠠᠬᠢᠨ ᠳᠠᠩᠰᠠᠯᠠᠬᠤ ᠴᠢᠬᠤᠯᠠᠲᠠᠢ ᠤᠤ︖     ᠬᠠᠷᠢᠭᠤᠯᠤᠭᠰᠠᠨ ᠴᠠᠭ᠄2024-08-07 10:24:57    ᠬᠠᠷᠢᠭᠤᠯᠲᠠ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠭᠠᠭᠰᠠᠨ ᠬᠤᠶᠠᠳᠤᠭᠠᠷ ᠳᠡᠰ ᠤᠨ ᠪᠠᠶᠢᠭᠤᠯᠤᠭᠴᠢ ᠶᠢᠨ ᠳᠠᠩᠰᠠᠯᠠᠬᠤ ᠲᠤᠬᠠᠢ ᠠᠰᠠᠭᠤᠳᠠᠯ ᠢ ᠨᠢᠭᠡᠨᠲᠡ ᠣᠯᠵᠤ ᠠᠪᠤᠭᠠᠳ ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ ᠲᠠ ᠠᠰᠠᠭᠤᠳᠠᠯ ᠤᠨ ᠲᠤᠬᠠᠢ ᠦᠭᠦᠯᠡᠭᠰᠡᠨ ᠨᠢ ᠲᠣᠲᠣᠷᠬᠠᠢ ᠦᠭᠡᠢ᠂ ᠨᠤᠲᠠᠯᠠᠬᠤ ᠶᠢᠨ ᠠᠷᠭ᠎ᠠ ᠦᠭᠡᠢ᠃ ᠬᠡᠷᠪᠡ ᠲᠠᠨ ᠤ ᠬᠤᠶᠠᠳᠤᠭᠠᠷ ᠳᠡᠰ ᠤᠨ ᠪᠠᠶᠢᠭᠤᠯᠤᠭᠴᠢ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢᠨ ᠡᠬᠢᠯᠡᠯᠲᠡ ᠶᠢᠨ ᠬᠤᠭᠤᠴᠠᠭ᠎ᠠ ᠨᠢ 2024 ᠣᠨ ᠤ 3 ᠳ᠋ᠤᠭᠠᠷ ᠰᠠᠷ᠎ᠠ ᠶᠢᠨ 19 ᠤ ᠡᠳᠦᠷ ᠪᠣᠯ᠂ ᠲᠠ ᠬᠦᠴᠦᠨ ᠲᠠᠢ ᠬᠤᠭᠤᠴᠠᠭ᠎ᠠ ᠳᠠᠭᠤᠰᠬᠤ ᠠᠴᠠ ᠡᠮᠦᠨ᠎ᠡ ᠭᠤᠷᠪᠠᠨ ᠰᠠᠷ᠎ᠠ ᠬᠤᠶᠢᠰᠢᠯᠠᠭᠤᠯᠬᠤ ᠪᠠᠷ ᠭᠤᠶᠤᠴᠢᠯᠠᠨ ᠮᠡᠳᠡᠭᠦᠯᠵᠦ ᠪᠣᠯᠣᠨ᠎ᠠ᠂ ᠬᠡᠷᠪᠡ ᠲᠠᠨ ᠤ ᠬᠤᠶᠠᠳᠤᠭᠠᠷ ᠳᠡᠰ ᠤᠨ ᠪᠠᠶᠢᠭᠤᠯᠤᠭᠴᠢ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢᠨ ᠳᠠᠭᠤᠰᠬᠤ ᠴᠠᠭ ᠨᠢ 2024 ᠣᠨ ᠤ 3 ᠳ᠋ᠤᠭᠠᠷ ᠰᠠᠷ᠎ᠠ ᠶᠢᠨ 20 ᠤ ᠡᠳᠦᠷ᠂ 3 ᠳ᠋ᠤᠭᠠᠷ ᠰᠠᠷ᠎ᠠ ᠶᠢᠨ 20 ᠤ ᠡᠳᠦᠷ  ᠠᠴᠠ ᠡᠮᠦᠨ᠎ᠡ ᠦᠷᠭᠦᠯᠵᠢᠯᠡᠭᠦᠯᠦᠭᠰᠡᠨ ᠦᠭᠡᠢ ᠪᠣᠯ ᠳᠠᠬᠢᠵᠤ ᠳᠠᠩᠰᠠᠯᠠᠬᠤ ᠴᠢᠬᠤᠯᠠᠲᠠᠢ ᠪᠣᠯᠣᠨ᠎ᠠ᠃ ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ  ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠂ ᠲᠠᠨ ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ    2024ᠣᠨ ᠤ8ᠳ᠋ᠤᠭᠠᠷ ᠰᠠᠷ᠎ᠠ ᠶᠢᠨ7 ᠤ ᠡᠳᠦᠷ 
ᠢᠷᠡᠯᠲᠡ᠄ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ
Baidu
map