︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠯ᠎ᠠ ᠨᠤᠲᠤᠭ ᠬᠤᠨᠳᠠᠭᠠᠲᠤ﹀ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠰᠢᠯᠭᠠᠷᠠᠭᠤᠯᠬᠤ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/26
    2024 ᠣᠨ ᠤ 3 ᠳ᠋ᠤᠭᠠᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠯ᠎ᠠ ᠨᠤᠲᠤᠭ ᠬᠤᠨᠳᠠᠭᠠᠲᠤ﹀ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠰᠢᠯᠭᠠᠷᠠᠭᠤᠯᠬᠤ ᠠᠷᠭ᠎ᠠ︾ ︵ᠥᠪᠥᠷ ᠪᠠᠶᠢᠭᠤᠯᠤᠯᠲᠠ ᠴᠢᠨᠠᠷ ﹇2024﹈ 53 ᠳ᠋ᠤᠭᠠᠷ ᠲᠣᠭᠠᠲᠤ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠵᠣᠬᠢᠶᠠᠨ ᠪᠠᠶᠢᠭᠤᠯᠤᠨ ᠵᠠᠰᠠᠪᠤᠷᠢ ᠣᠷᠣᠭᠤᠯᠵᠤ᠂ ᠦᠷᠭᠡᠨ ᠤᠯᠠᠨ ᠲᠦᠮᠡᠨ ᠤ ︽ᠠᠷᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠦᠨ᠂ ᠴᠢᠨᠠᠷ ᠰᠠᠶᠢᠲᠠᠢ ᠢᠨᠵᠧᠨᠧᠷᠢᠩ ᠤᠨ ᠲᠥᠷᠥᠯ ᠵᠦᠢᠯ ᠤᠨ ᠰᠢᠯᠭᠠᠷᠠᠭᠤᠯᠤᠯᠲᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠡ᠄ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ    2020 ᠣᠨ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠠᠷ ᠳᠡᠪᠲᠡᠷ ᠤᠨ ᠳᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵ ᠪᠠᠶᠢᠭᠤᠯᠤᠯᠲᠠ ᠵᠤᠷᠭᠠᠨ ᠲᠣᠪᠴᠢᠶ᠎ᠠ ᠵᠠᠬᠢᠳᠠᠯ ᠴᠢᠨᠠᠷ ﹇2020﹈ 118 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ︽ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠭᠠᠷ ᠳᠡᠪᠲᠡᠷ︾ ᠢ ᠰᠠᠶᠢᠨ ᠬᠡᠷᠡᠭᠵᠢᠭᠦᠯᠦᠭᠰᠡᠨ ᠠᠵᠤ ᠠᠬᠤᠶᠢᠯᠠᠯ ᠪᠠ ᠲᠥᠷᠥᠯ ᠵᠦᠢᠯ ᠳᠤ ᠰᠢᠯᠢᠳᠡᠭ ᠢ ᠰᠢᠯᠭᠠᠷᠠᠭᠤᠯᠬᠤ ᠪᠠ ᠲᠡᠷᠢᠭᠦᠨ ᠢ ᠰᠢᠯᠭᠠᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠵᠣᠷᠢᠭᠵᠢᠭᠤᠯᠤᠯ ᠥᠭᠬᠦ ᠲᠤᠬᠠᠢ ᠳᠤᠷᠠᠳᠴᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠭᠤᠶᠤᠴᠢᠯᠠᠨ ᠮᠡᠳᠡᠭᠦᠯᠬᠦ ᠨᠥᠬᠦᠴᠡᠯ ᠢ ᠤᠯᠠᠮ ᠨᠢᠭᠡ ᠠᠯᠬᠤᠮ ᠵᠦᠢ ᠵᠣᠬᠢᠰᠲᠠᠢ ᠲᠣᠬᠢᠷᠠᠭᠤᠯᠵᠤ᠂ ᠭᠤᠶᠤᠴᠢᠯᠠᠨ ᠮᠡᠳᠡᠭᠦᠯᠬᠦ ᠴᠤᠪᠤᠷᠠᠯ ᠢ ᠰᠢᠯᠢᠳᠡᠭᠵᠢᠭᠦᠯᠦᠨ᠂ ᠠᠵᠤ ᠠᠬᠤᠶᠢᠯᠠᠯ ᠪᠠ ᠠᠶᠢᠮᠠᠭ ᠬᠤᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠡᠭᠦᠳᠬᠦ ᠢᠳᠡᠪᠬᠢᠵᠢᠯ ᠢ ᠳᠡᠭᠡᠭᠰᠢᠯᠡᠭᠦᠯᠵᠦ᠂ ︽ᠲᠠᠯ᠎ᠠ ᠨᠤᠲᠤᠭ ᠬᠤᠨᠳᠠᠭᠠᠲᠤ︾ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠠᠵᠢᠯᠯᠠᠭ᠎ᠠ ᠶᠢ ᠵᠢᠷᠤᠮᠵᠢᠭᠤᠯᠤᠨ ᠰᠢᠯᠢᠳᠡᠭᠵᠢᠭᠦᠯᠬᠦ ᠶᠢᠨ ᠲᠤᠰᠠᠳᠠ᠂ ︽ᠠᠷᠭ᠎ᠠ︾ ᠳᠤ ᠵᠠᠰᠠᠪᠤᠷᠢ ᠣᠷᠣᠭᠤᠯᠬᠤ ᠴᠢᠬᠤᠯᠠᠲᠠᠢ ᠪᠤᠯᠵᠠᠢ᠃ᠬᠤᠶᠠᠷ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ    ︵ᠨᠢᠭᠡ︶ ᠶᠠᠮᠠᠷ ᠶᠠᠮᠠᠷ ᠭᠤᠶᠤᠴᠢᠯᠠᠨ ᠮᠡᠳᠡᠭᠦᠯᠬᠦ ᠪᠠᠷᠢᠯᠭ᠎ᠠ ᠳᠤ ᠬᠤᠪᠢ ᠨᠡᠮᠡᠵᠦ ᠪᠣᠯᠬᠤ ᠪᠣᠶ︖1. ᠤᠭᠰᠠᠷᠠᠮᠠᠯ ᠮᠠᠶ᠋ᠢᠭ ᠤᠨ ᠪᠠᠷᠢᠯᠭ᠎ᠠ︔2. ᠪᠠᠷᠢᠯᠭ᠎ᠠ ᠶᠢᠨ ᠵᠢᠷᠤᠭ ᠲᠥᠯᠥᠪᠯᠡᠭᠡ ᠪᠠ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ BIM ᠮᠡᠷᠭᠡᠵᠢᠯ ᠢ ᠬᠡᠷᠡᠭᠯᠡᠬᠦ ᠶᠢᠨ ᠬᠠᠮᠲᠤ ᠨᠠᠷᠢᠨ ᠪᠣᠳᠠᠲᠠᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠲᠠᠢ ︔3. ᠪᠠᠷᠢᠯᠭ᠎ᠠ ᠨᠢ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢᠶᠠᠷ ᠦᠨᠡᠯᠡᠭᠳᠡᠭᠰᠡᠨ︔4. ᠢᠨᠵᠧᠨᠧᠷᠢᠩ ᠨᠢ ᠪᠣᠬᠢᠷᠲᠤᠯ ᠦᠭᠡᠢ ᠪᠠᠷᠢᠯᠭ᠎ᠠ ᠶᠢᠨ ᠣᠳᠣᠨ ᠲᠠᠰ ᠤᠨ ᠲᠡᠮᠳᠡᠭ ᠢ ᠣᠯᠣᠭᠰᠠᠨ ︔5. ᠢᠨᠵᠧᠨᠧᠷᠢᠩ ᠳᠤ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠬᠡᠷᠡᠭᠯᠡᠬᠦ ᠶᠢᠨ ᠬᠠᠮᠲᠤ ᠬᠡᠷᠡᠭᠯᠡᠬᠦ ᠨᠣᠷᠮ᠎ᠠ ᠶᠢᠨ ᠬᠢᠨᠠᠨ ᠲᠤᠭᠳᠠᠭᠠᠬᠤ ᠪᠢᠴᠢᠭ ᠢ ᠬᠠᠩᠭᠠᠭᠰᠠᠨ     ︵ᠬᠤᠶᠠᠷ︶ ︽ᠠᠷᠭ᠎ᠠ︾ ᠳᠤ ᠬᠤᠰᠢᠭᠤ ᠰᠢᠶᠠᠨ ᠤ ᠰᠢᠯᠢᠳᠡᠭ ᠢ ᠰᠢᠯᠭᠠᠷᠠᠭᠤᠯᠵᠤ ᠲᠡᠷᠢᠭᠦᠨ ᠤ ᠬᠢ ᠶᠢ ᠡᠭᠦᠳᠬᠦ ᠶᠢ ᠵᠣᠷᠢᠭᠵᠢᠭᠤᠯᠬᠤ ᠲᠠᠯ᠎ᠠ ᠪᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠶ︖ᠬᠤᠰᠢᠭᠤ ᠰᠢᠶᠠᠨ ᠤ ᠭᠠᠵᠠᠷ ᠣᠷᠣᠨ ᠤ ᠪᠠᠷᠢᠯᠭ᠎ᠠ ᠶᠢᠨ ᠬᠡᠪᠴᠢᠶ᠎ᠡ ᠪᠠᠷᠢᠮᠵᠢᠶ᠎ᠠ ᠶᠢ ᠵᠣᠬᠢᠰᠲᠠᠢ ᠪᠠᠷ ᠪᠠᠭᠤᠷᠠᠭᠤᠯᠵᠤ ᠪᠣᠯᠣᠨ᠎ᠠ᠂ ᠭᠡᠬᠦ ᠳᠡᠭᠡᠨ ᠲᠣᠬᠢᠷᠠᠭᠤᠯᠬᠤ ᠬᠡᠮᠵᠢᠶ᠎ᠡ ᠶᠢ ᠲᠣᠭᠲᠠᠭᠠᠭᠰᠠᠨ ᠪᠠᠷᠢᠯᠭ᠎ᠠ ᠶᠢᠨ ᠬᠡᠮᠵᠢᠶ᠎ᠡ ᠪᠤᠶᠤ ᠪᠡᠯᠡ ᠣᠷᠣᠭᠤᠯᠤᠯᠲᠠ ᠶᠢᠨ ᠬᠡᠪᠴᠢᠶ᠎ᠡ ᠶᠢᠨ 30% ᠠᠴᠠ ᠳᠠᠪᠠᠭᠤᠯᠬᠤ ᠦᠭᠡᠢ᠃ᠭᠤᠷᠪᠠ᠂ ᠪᠠᠶᠢᠩᠭᠤ ᠲᠣᠬᠢᠶᠠᠯᠳᠤᠬᠤ ᠠᠰᠠᠭᠤᠳᠠᠯ    ︵ᠨᠢᠭᠡ︶ ︽ᠲᠠᠯ᠎ᠠ ᠨᠤᠲᠤᠭ ᠬᠤᠨᠳᠠᠭᠠᠲᠤ︾ ᠢᠨᠵᠧᠨᠧᠷᠢᠩ ᠢ ᠮᠡᠳᠡᠭᠦᠯᠬᠦ ᠳᠤ ᠶᠠᠮᠠᠷ ᠶᠠᠮᠠᠷ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠪᠤᠢ︖1. ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠷᠳᠠᠮ ᠨᠢ ᠪᠦᠷᠢᠨ ᠭᠦᠢᠴᠡᠳ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠶᠢᠨ ᠲᠡᠰ ᠳᠠᠷᠠᠭᠠᠯᠠᠯ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠪᠣᠯᠣᠨ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ᠂ ᠪᠠᠷᠢᠯᠭ᠎ᠠ ᠶᠢᠨ ᠵᠢᠷᠤᠭ ᠲᠥᠯᠥᠪᠯᠡᠭᠡ ᠨᠢ ᠲᠡᠷᠢᠭᠦᠨ ᠤ ᠪᠥᠭᠡᠳ ᠵᠦᠢ ᠵᠣᠬᠢᠰᠲᠠᠢ ᠪᠠᠶᠢᠬᠤ ᠬᠡᠷᠡᠭᠳᠡᠢ᠃2. ᠮᠡᠳᠡᠭᠦᠯᠦᠭᠰᠡᠨ ᠪᠠᠷᠢᠯᠭ᠎ᠠ ᠨᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠂ ᠭᠠᠯ ᠤᠨᠲᠠᠷᠠᠭᠠᠬᠤ ᠶᠢ ᠰᠢᠯᠭᠠᠨ ᠠᠪᠬᠤ ︵ᠳᠠᠩᠰᠠᠯᠠᠭᠤᠯᠬᠤ︶  ᠲᠤ ᠬᠢᠷᠢ ᠲᠡᠩᠴᠡᠬᠦ ᠂ ᠰᠢᠯᠭᠠᠷᠠᠭᠤᠯᠤᠯᠲᠠ ᠳᠤ ᠣᠷᠣᠯᠴᠠᠬᠤ ᠪᠠᠷᠢᠯᠭ᠎ᠠ ᠨᠢ 1 ᠵᠢᠯ ︵ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠡᠳᠦᠷ ᠬᠤᠭᠤᠴᠠᠭ᠎ᠠ ᠪᠠᠷ ᠪᠤᠳᠤᠬᠤ︶ ᠠᠴᠠ ᠳᠡᠭᠡᠭᠰᠢ ᠬᠡᠷᠡᠭᠯᠡᠬᠦ ᠪᠤᠶᠤ ᠠᠵᠢᠯᠯᠠᠭᠠᠨ ᠤ ᠰᠢᠯᠭᠠᠨ ᠪᠠᠶᠢᠴᠠᠭᠠᠯᠲᠠ ᠶᠢ ᠦᠩᠭᠡᠷᠡᠭᠡᠭᠰᠡᠨ ᠬᠡᠷᠡᠭᠲᠡᠢ᠃3. ᠭᠤᠶᠤᠴᠢᠯᠠᠨ ᠮᠡᠳᠡᠭᠦᠯᠬᠦ ᠢᠨᠵᠧᠨᠧᠷᠢᠩ ᠨᠢ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠲᠤᠯᠠᠨ ᠲᠠᠨᠢᠯᠴᠠᠭᠤᠯᠵᠤ᠂ ᠢᠨᠵᠧᠨᠧᠷᠢᠩ ᠤᠨ ᠬᠡᠪᠴᠢᠶ᠎ᠡ ᠪᠠ ᠶᠠᠰᠤ ᠴᠢᠨᠠᠷ ᠨᠢ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠭᠰᠠᠨ ᠪᠠᠶᠢᠬᠤ ᠬᠡᠷᠡᠭᠳᠡᠢ︔4. ᠪᠠᠷᠢᠯᠭ᠎ᠠ ᠶᠢᠨ ᠠᠵᠢᠯ ᠨᠢ ᠪᠠᠷᠢᠯᠭ᠎ᠠ ᠶᠢᠨ ᠠᠵᠢᠯ ᠮᠡᠷᠭᠡᠵᠢᠯ ᠤᠨ ᠲᠠᠯ᠎ᠠ ᠪᠠᠷ ︽ᠪᠠᠷᠢᠯᠭ᠎ᠠ ᠶᠢᠨ ᠦᠢᠯᠡᠰ ᠤᠨ 10 ᠵᠦᠢᠯ ᠤᠨ ᠰᠢᠨ᠎ᠡ ᠮᠡᠷᠭᠡᠵᠢᠯ︾ ᠢ 5 ᠵᠦᠢᠯ ᠠᠴᠠ ᠳᠤᠲᠠᠭᠤ ᠦᠭᠡᠢ ᠬᠡᠷᠡᠭᠯᠡᠭᠰᠡᠨ ᠪᠠᠶᠢᠬᠤ ᠬᠡᠷᠡᠭᠳᠡᠢ︔5. ᠣᠷᠣᠨ ᠰᠠᠭᠤᠴᠠ᠂ ᠤᠯᠠᠨ ᠨᠡᠶᠢᠲᠡ ᠶᠢᠨ ᠪᠠᠷᠢᠯᠭ᠎ᠠ ᠶᠢᠨ ᠠᠵᠢᠯ ᠨᠢ ᠪᠣᠬᠢᠷᠲᠤᠯ ᠦᠭᠡᠢ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠵᠡᠷᠭᠡ ᠳᠡᠰ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠳᠡᠢ ︔6. ᠣᠷᠣᠨ ᠰᠠᠭᠤᠴᠠ ᠶᠢᠨ ᠪᠠᠷᠢᠯᠭ᠎ᠠ ᠨᠢ ᠲᠤᠰ ᠵᠦᠢᠯ ᠤᠨ ︵ᠨᠢᠭᠡ︶ ᠠᠴᠠ ︵ᠲᠠᠪᠤ︶ ᠬᠦᠷᠲᠡᠯᠡᠬᠢ ᠵᠤᠷᠪᠤᠰ ᠤᠨ ᠨᠥᠬᠦᠴᠡᠯ ᠢ ᠬᠠᠩᠭᠠᠬᠤ ᠠᠴᠠ ᠭᠠᠳᠠᠨ᠎ᠠ ᠪᠠᠰᠠ ᠣᠷᠣᠵᠤ ᠰᠠᠭᠤᠬᠤ ᠨᠤᠷᠮ᠎ᠠ  ᠨᠢ 40% ᠵᠢᠴᠢ 40% ᠠᠴᠠ ᠳᠡᠭᠡᠭᠰᠢ ᠪᠠᠶᠢᠯᠭᠠᠵᠤ᠂ ᠪᠥᠬᠦᠳᠡ ᠶᠢ ᠵᠠᠰᠠᠵᠤ ᠴᠢᠮᠡᠭᠯᠡᠭᠡᠳ ᠲᠤᠰᠢᠶᠠᠬᠤ ᠨᠥᠬᠦᠴᠡᠯ ᠢ ᠬᠠᠩᠭᠠᠭᠰᠠᠨ ᠪᠠᠶᠢᠬᠤ ᠬᠡᠷᠡᠭᠳᠡᠢ︔    ︵ᠬᠤᠶᠠᠷ︶ ︽ᠲᠠᠯ᠎ᠠ ᠨᠤᠲᠤᠭ ᠬᠤᠨᠳᠠᠭᠠᠲᠤ︾ ᠶᠢᠨ ᠠᠩᠬᠠᠨ ᠤ ᠬᠢᠨᠠᠯᠲᠠ ᠪᠠ ᠲᠠᠨᠢᠯᠴᠠᠭᠤᠯᠭ᠎ᠠ ᠶᠢᠨ ᠲᠡᠰ ᠲᠠᠷᠠᠭᠠᠯᠠᠯ ᠨᠢ ᠶᠠᠮᠠᠷ ᠪᠣᠶ︖    ᠭᠡᠷ ᠪᠠᠶᠢᠰᠢᠩ ᠤᠨ ᠪᠠᠷᠢᠯᠭ᠎ᠠ ᠵᠢᠴᠢ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢᠨ ᠪᠠᠷᠢᠯᠭ᠎ᠠ ᠶᠢ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠩᠬ᠎ᠠ ᠬᠢᠨᠠᠬᠤ ᠪᠠ ᠲᠠᠨᠢᠯᠴᠠᠭᠤᠯᠤᠨ᠎ᠠ︔ ᠠᠵᠤ ᠦᠢᠯᠡᠳᠪᠦᠷᠢ᠂ ᠴᠠᠬᠢᠯᠭᠠᠨ ᠬᠦᠴᠦᠨ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠠᠵᠢᠯ ᠲᠥᠷᠥᠯ ᠤᠨ ᠪᠠᠷᠢᠯᠭ᠎ᠠ ᠶᠢ ᠬᠠᠷᠢᠶ᠎ᠠ ᠠᠵᠢᠯ ᠲᠥᠷᠥᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠩᠬ᠎ᠠ ᠬᠢᠨᠠᠬᠤ ᠪᠠ ᠲᠠᠨᠢᠯᠴᠠᠭᠤᠯᠤᠨ᠎ᠠ︔ ᠠᠩᠬ᠎ᠠ ᠬᠢᠨᠠᠬᠤ ᠪᠠ ᠲᠠᠨᠢᠯᠴᠠᠭᠤᠯᠬᠤ ᠰᠠᠯᠠᠭ᠎ᠠ ᠮᠥᠴᠢᠷ ᠨᠢ ᠲᠣᠰ ᠠᠷᠭ᠎ᠠ ᠶᠢ ᠦᠨᠳᠦᠰᠦᠯᠡᠨ ᠠᠵᠤ ᠠᠬᠤᠶᠢᠯᠠᠯ ᠤᠨ ᠮᠡᠳᠡᠭᠦᠯᠦᠭᠰᠡᠨ ᠮᠠᠲ᠋ᠧᠷᠢᠶᠠᠯ ︵ᠬᠢᠨᠠᠨ ᠬᠠᠮᠢᠶᠠᠷᠬᠤ᠂ ᠪᠠᠶᠢᠭᠤᠯᠬᠤ ᠳᠤ ᠣᠷᠣᠯᠴᠠᠬᠤ ᠵᠡᠷᠭᠡ ᠨᠢᠭᠡᠴᠢ ᠶᠢᠨ ᠮᠠᠲ᠋ᠧᠷᠢᠶᠠᠯ ᠪᠠᠭᠲᠠᠨ᠎ᠠ︶ ᠵᠢᠴᠢ ᠲᠣᠰ ᠠᠷᠭ᠎ᠠ ᠶᠢᠨ ᠶᠢᠰᠦᠳᠦᠭᠡᠷ ᠵᠦᠢᠯ ᠳᠤ ᠲᠣᠭᠲᠠᠭᠠᠭᠰᠠᠨ ᠪᠠᠶᠢᠳᠠᠯ ᠣᠷᠣᠰᠢᠵᠤ ᠪᠠᠶᠢᠬᠤ ᠡᠰᠡᠬᠦ ᠶᠢ ᠨᠠᠷᠢᠨ ᠬᠢᠨᠠᠮᠠᠭᠠᠢ ᠬᠢᠨᠠᠨ ᠪᠠᠶᠢᠴᠠᠭᠠᠨ᠎ᠠ᠃ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠲᠠᠨᠢᠯᠴᠠᠭᠤᠯᠬᠤ ᠶᠢᠨ ᠬᠠᠮᠲᠤ᠂ ᠮᠡᠳᠡᠭᠦᠯᠬᠦ ᠮᠠᠲ᠋ᠧᠷᠢᠶᠠᠯ ᠤᠨ ᠵᠣᠬᠢᠬᠤ ᠪᠤᠯᠤᠩ ᠳᠤ ᠠᠯᠪᠠᠨ ᠲᠠᠮᠠᠭ᠎ᠠ ᠳᠠᠷᠤᠬᠤ ᠶᠢᠨ ᠬᠠᠮᠲᠤ᠂ ᠲᠠᠨᠢᠯᠴᠠᠭᠤᠯᠬᠤ ᠪᠢᠴᠢᠭ ᠮᠠᠲ᠋ᠧᠷᠢᠶᠠᠯ ᠪᠠ ᠲᠠᠨᠢᠯᠴᠠᠭᠤᠯᠬᠤ ᠬᠦᠰᠦᠨᠦᠭᠲᠦ ᠶᠢ ᠭᠠᠷᠭᠠᠵᠤ ᠥᠭᠬᠦ ᠬᠡᠷᠡᠭᠲᠡᠢ᠃ ᠲᠠᠨᠢᠯᠴᠠᠭᠤᠯᠬᠤ ᠪᠢᠴᠢᠭ ᠮᠠᠲ᠋ᠧᠷᠢᠶᠠᠯ ᠪᠠ ᠲᠠᠨᠢᠯᠴᠠᠭᠤᠯᠬᠤ ᠬᠦᠰᠦᠨᠦᠭᠲᠦ ᠵᠢᠴᠢ ᠠᠵᠤ ᠠᠬᠤᠶᠢᠯᠠᠯ ᠤᠨ ᠮᠡᠳᠡᠭᠦᠯᠬᠦ ᠮᠠᠲ᠋ᠧᠷᠢᠶᠠᠯ ᠢ ᠠᠩᠬ᠎ᠠ ᠬᠢᠨᠠᠬᠤ ᠪᠠ ᠲᠠᠨᠢᠯᠴᠠᠭᠤᠯᠬᠤ ᠰᠠᠯᠠᠭ᠎ᠠ ᠮᠥᠴᠢᠷ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠨᠢᠭᠡᠳᠦᠯᠲᠡᠢ ᠮᠡᠳᠡᠭᠦᠯᠦᠨ ᠬᠦᠷᠭᠡᠨ᠎ᠡ᠃    ︵ᠭᠤᠷᠪᠠ︶ ᠶᠠᠮᠠᠷ ᠶᠠᠮᠠᠷ ᠢᠨᠵᠧᠨᠧᠷᠢᠩ ᠢ ︽ᠲᠠᠯ᠎ᠠ ᠨᠤᠲᠤᠭ ᠬᠤᠨᠳᠠᠭᠠᠲᠤ︾ ᠰᠢᠯᠭᠠᠷᠠᠭᠤᠯᠬᠤ ᠬᠡᠪᠴᠢᠶᠡᠨ ᠳᠤ ᠣᠷᠣᠭᠤᠯᠵᠤ ᠪᠣᠯᠬᠤ ᠦᠭᠡᠢ ᠪᠣᠶ︖    ᠨᠢᠭᠤᠴᠠ ᠳᠤ ᠬᠤᠯᠪᠣᠭᠳᠠᠬᠤ ᠢᠨᠵᠧᠨᠧᠷᠢᠩ︔ ᠬᠠᠤᠯᠢ ᠳᠤ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠶᠢᠨ ᠵᠢᠷᠤᠮ ᠢ ᠵᠥᠷᠢᠴᠡᠭᠰᠡᠨ ᠪᠠᠷᠢᠯᠭ᠎ᠠ︔ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠮᠡᠷᠭᠡᠵᠢᠯ ᠤᠨ ᠪᠠᠷᠢᠮᠵᠢᠶ᠎ᠠ ᠶᠢ ᠵᠥᠷᠢᠴᠡᠭᠰᠡᠨ ᠢᠨᠵᠧᠨᠧᠷᠢᠩ︔ ᠪᠠᠷᠢᠯᠭ᠎ᠠ ᠳᠠᠭᠤᠰᠤᠭᠰᠠᠨ ᠤ ᠳᠠᠷᠠᠭ᠎ᠠ ᠨᠢᠭᠤᠨ ᠳᠠᠯᠳᠠᠯᠠᠵᠤ᠂ ᠪᠠᠷᠢᠯᠭ᠎ᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠵᠤ ᠳᠡᠶᠢᠯᠬᠦ ᠦᠭᠡᠢ ᠪᠠᠷᠢᠯᠭ᠎ᠠ︔ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠡᠳᠦᠷ ᠬᠤᠭᠤᠴᠠᠭ᠎ᠠ ︵ᠬᠡᠰᠡᠭ ᠠᠵᠢᠯ ᠲᠥᠷᠥᠯ ᠤᠨ ᠪᠠᠷᠢᠯᠭ᠎ᠠ ᠪᠣᠯ ᠠᠵᠢᠯ ᠲᠤᠰᠢᠶᠠᠭᠰᠠᠨ ᠢ ᠰᠢᠯᠭᠠᠨ ᠠᠪᠤᠭᠰᠠᠨ ᠡᠳᠦᠷ ᠬᠤᠭᠤᠴᠠᠭ᠎ᠠ ᠪᠣᠯᠣᠨ᠎ᠠ︶ ᠨᠢ ᠲᠣᠰ ᠵᠢᠯ ᠤᠨ ᠭᠤᠶᠤᠴᠢᠯᠠᠨ ᠮᠡᠳᠡᠭᠦᠯᠬᠦ ᠳᠠᠭᠤᠰᠬᠤ ᠡᠳᠦᠷ ᠬᠤᠭᠤᠴᠠᠭ᠎ᠠ ᠠᠴᠠ 3 ᠵᠢᠯ ᠵᠢᠴᠢ 3 ᠵᠢᠯ ᠠᠴᠠ ᠳᠡᠭᠡᠭᠰᠢ ᠪᠣᠯᠤᠭᠰᠠᠨ ᠪᠠᠷᠢᠯᠭ᠎ᠠ ᠶᠢᠨ ᠲᠥᠷᠥᠯ ᠵᠦᠢᠯ︔ ᠥᠩᠭᠡᠷᠡᠭᠰᠡᠨ ᠵᠢᠯ ᠤᠳ ᠤᠨ ︽ᠲᠠᠯ᠎ᠠ ᠨᠤᠲᠤᠭ ᠬᠤᠨᠳᠠᠭᠠᠲᠤ︾ ᠶᠢᠨ ᠰᠢᠯᠭᠠᠷᠠᠭᠤᠯᠤᠯᠲᠠ ᠳᠤ ᠣᠷᠣᠯᠴᠠᠵᠤ᠂ ᠲᠤᠬᠠᠢ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠪᠠᠷ ᠳᠡᠮᠵᠢᠨ ᠰᠣᠩᠭᠤᠭᠳᠠᠭᠰᠠᠨ ᠦᠭᠡᠢ ᠢᠨᠵᠧᠨᠧᠷᠢᠩ ᠤᠨ ᠲᠥᠷᠥᠯ ᠵᠦᠢᠯ︔ ᠮᠡᠳᠡᠭᠦᠯᠬᠦ ᠪᠠᠷᠢᠯᠭ᠎ᠠ ᠨᠢ ᠪᠦᠲᠦᠭᠡᠨ ᠪᠠᠶᠢᠭᠤᠯᠬᠤ ᠶᠠᠪᠤᠴᠠ ᠳᠤ ᠡᠩ ᠤᠨ ᠪᠠᠶᠢᠳᠠᠯ ᠠᠴᠠ ᠳᠡᠭᠡᠭᠰᠢᠬᠢ ᠶᠠᠰᠤ ᠴᠢᠨᠠᠷ᠂ ᠠᠮᠤᠷ ᠲᠦᠪᠰᠢᠨ ᠤ ᠠᠳᠡᠯ ᠭᠠᠷᠤᠭᠰᠠᠨ ᠪᠤᠶᠤ ᠪᠠᠷᠢᠯᠭ᠎ᠠ ᠶᠢᠨ ᠶᠠᠰᠤ ᠴᠢᠨᠠᠷ ᠤᠨ ᠰᠢᠯᠲᠠᠭᠠᠨ ᠠᠴᠠ ᠪᠣᠯᠵᠤ ᠨᠡᠶᠢᠭᠡᠮ ᠳᠤ ᠨᠡᠯᠢᠶᠡᠳ ᠶᠡᠭᠡ ᠨᠥᠯᠥᠭᠡ ᠭᠠᠷᠭᠠᠭᠰᠠᠨ ᠲᠥᠷᠥᠯ ᠵᠦᠢᠯ︔ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ᠪᠠᠷᠢᠯᠭ᠎ᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠶᠣᠰᠣᠭᠠᠷ᠂ ᠮᠠᠨ ᠤ ᠣᠷᠣᠨ ᠤ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ︽ᠬᠠᠷ᠎ᠠ ᠲᠠᠩᠰᠠ︾ ᠳᠤ ᠵᠢᠭᠰᠠᠭᠠᠭᠳᠠᠭᠰᠠᠨ ᠠᠵᠤ ᠠᠬᠤᠶᠢᠯᠠᠯ ᠤᠨ ᠳᠠᠭᠠᠭᠠᠨ ᠠᠪᠤᠭᠰᠠᠨ ᠪᠠᠷᠢᠯᠭ᠎ᠠ︔ ᠬᠦᠯᠦᠰᠦᠨ ᠠᠵᠢᠯᠴᠢᠳ ᠤᠨ ᠴᠠᠯᠢᠩ ᠢ ᠦᠷᠢᠳᠦᠵᠦ ᠪᠠᠶᠢᠭ᠎ᠠ ᠢᠨᠵᠧᠨᠧᠷᠢᠩ︔ ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ ᠠᠵᠢᠯᠴᠢᠨ ᠤ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ ᠦᠨᠡᠨ ᠨᠡᠷ᠎ᠡ ᠪᠠᠷ ᠳᠡᠩᠰᠡᠯᠡᠨ ᠬᠠᠮᠢᠶᠠᠷᠤᠭᠰᠠᠨ ᠦᠭᠡᠢ ᠲᠥᠷᠥᠯ ᠵᠦᠢᠯ︔ ᠰᠢᠯᠢᠳᠡᠭ ᠢ ᠰᠢᠯᠭᠠᠷᠠᠭᠤᠯᠵᠤ ᠲᠡᠷᠢᠭᠦᠨ ᠤ ᠬᠢ ᠶᠢ ᠡᠭᠦᠳᠴᠦ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠭᠰᠠᠨ ᠪᠤᠰᠤᠳ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠭᠲᠠᠭᠠᠨ᠎ᠠ᠃     ᠲᠠᠶᠢᠯᠤᠮᠵᠢ ᠬᠢᠭᠴᠢ᠄ ᠪᠤᠤ ᠯᠢ ᠴᠢᠶᠦ᠋ᠨ᠂ ᠬᠠᠷᠢᠯᠴᠠᠬᠤ ᠤᠲᠠᠰᠤ᠄ 0471-6945765 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map