2024 ᠣᠨ ᠤ ᠬᠤᠷᠢᠨ ᠨᠢᠭᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠳᠡᠯᠡᠯ
ᠨᠡᠶᠢᠲᠡᠯᠡᠭᠰᠡᠨ ᠴᠠᠭ᠄
2024/6/12
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠮᠢᠶ᠎ᠠ ᠪᠥᠬᠦᠶ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠮᠠᠨ ᠤ ᠲᠢᠩᠬᠢᠮ ᠠᠴᠠ 2024 ᠣᠨ ᠤ ᠬᠤᠷᠢᠨ ᠨᠢᠭᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠣᠳᠣ 3 ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ᠂ 9 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 4 ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ᠂ 2 ᠪᠦᠲᠦᠭᠡᠨ ᠪᠠᠢᠭᠤᠯᠤᠯᠲᠠ ᠶᠢᠨ ᠢᠨᠵᠧᠨᠧᠷᠢᠩ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ᠂ 35 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ᠂ 1 ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠬᠢᠨᠠᠨ ᠪᠠᠶᠢᠴᠠᠭᠠᠭᠰᠠᠨ ᠰᠠᠨᠠᠯ ᠢ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ ᠨᠡᠶᠢᠲᠡᠯᠡᠬᠦ ᠬᠤᠭᠤᠴᠠᠭ᠎ᠠ 2024 ᠣᠨ ᠤ 6 ᠳ᠋ᠤᠭᠠᠷ ᠰᠠᠷ᠎ᠠ ᠶᠢᠨ 13 ᠤ ᠡᠳᠦᠷ ᠤᠨ 17 ᠴᠠᠭ 30 ᠮᠢᠨᠦ᠋ᠲ ᠲᠤ ᠲᠤᠯᠵᠤ᠂ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠳᠡᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠳᠤ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ ᠰᠠᠨᠠᠯ ᠢ ᠪᠠᠶᠢᠴᠠᠭᠠᠨ ᠦᠵᠡᠵᠦ ᠪᠣᠯᠤᠨ᠎ᠠ᠃    ᠶᠠᠮᠠᠷᠪᠠ ᠬᠠᠮᠢᠶ᠎ᠠ ᠪᠥᠬᠦᠶ ᠨᠢᠭᠡᠴᠢ ᠵᠢᠴᠢ ᠬᠤᠪᠢ ᠬᠥᠮᠦᠨ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠴᠢᠬᠤᠯᠠᠲᠠᠶ ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠪᠣᠳᠠᠲᠠᠶ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠰᠢᠦᠳᠠᠨ ᠢᠶᠠᠷ ᠢᠯᠡᠭᠡᠬᠦ ᠪᠠᠷ ᠮᠠᠲ᠋ᠧᠷᠢᠶᠠᠯ ᠢ ᠮᠡᠳᠡᠭᠦᠯᠦᠨ ᠬᠦᠷᠭᠡᠭᠰᠡᠨ ᠠᠵᠤ ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠬᠡᠯᠪᠡᠷᠢ ᠪᠠᠨ ᠦᠯᠡᠳᠡᠭᠡᠵᠦ᠂ ᠬᠡᠷᠡᠭᠴᠡᠭᠡ ᠳᠤ ᠪᠡᠯᠡᠳᠬᠡᠬᠦ ᠬᠡᠷᠡᠭᠲᠡᠶ᠃    ᠬᠠᠷᠢᠯᠴᠠᠬᠤ ᠤᠲᠠᠰᠤ᠄ 0471-6944058᠂ 0471-6944062    ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠲᠣᠭᠠᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠳᠠᠪᠬᠤᠷᠯᠢᠭ ᠤᠨ ᠶᠡᠷᠦᠩᠬᠡᠶᠢᠯᠡᠭᠰᠡᠨ ᠴᠣᠩᠬᠤ    ᠳᠠᠭᠠᠯᠳᠤᠭᠤᠯᠤᠯ᠄     1. ᠬᠤᠷᠢᠨ ᠨᠢᠭᠡᠳᠦᠭᠡᠷ ᠪᠦᠯᠦᠭ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    2. ᠬᠤᠷᠢᠨ ᠨᠢᠭᠡᠳᠦᠭᠡᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    3. ᠬᠤᠷᠢᠨ ᠨᠢᠭᠡᠳᠦᠭᠡᠷ ᠪᠦᠯᠦᠭ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    4. ᠬᠤᠷᠢᠨ ᠨᠢᠭᠡᠳᠦᠭᠡᠷ ᠪᠦᠯᠦᠭ ᠪᠦᠲᠦᠭᠡᠨ ᠪᠠᠢᠭᠤᠯᠤᠯᠲᠠ ᠶᠢᠨ ᠢᠨᠵᠧᠨᠧᠷᠢᠩ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    5. ᠬᠤᠷᠢᠨ ᠨᠢᠭᠡᠳᠦᠭᠡᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ    6. ᠬᠤᠷᠢᠨ ᠨᠢᠭᠡᠳᠦᠭᠡᠷ ᠪᠦᠯᠦᠭ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠬᠢᠨᠠᠨ ᠪᠠᠶᠢᠴᠠᠭᠠᠭᠰᠠᠨ ᠰᠠᠨᠠᠯ         2024 ᠣᠨ ᠤ 6 ᠳ᠋ᠤᠭᠠᠷ ᠰᠠᠷ᠎ᠠ ᠶᠢᠨ 7 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map