ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠭᠠᠯ ᠤᠨᠲᠠᠷᠠᠭᠠᠬᠤ ᠮᠡᠳᠡᠯᠭᠡ ᠶᠢᠨ ᠪᠤᠯᠪᠠᠰᠤᠷᠠᠯ ᠪᠠ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2024/7/1
    ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 23 ᠳ᠋ᠤᠭᠠᠷ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ 6 ᠳ᠋ᠤᠭᠠᠷ ᠰᠠᠷ᠎ᠠ ᠶᠢᠨ 26 ᠤ ᠡᠳᠦᠷ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠤᠯᠪᠠᠰᠤᠷᠠᠯ ᠪᠠ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
W020240628337143396197.png
    ᠭᠠᠯ ᠤᠨᠲᠠᠷᠠᠭᠠᠬᠤ ᠮᠡᠳᠡᠯᠭᠡ ᠶᠢᠨ ᠪᠤᠯᠪᠠᠰᠤᠷᠠᠯ ᠨᠢ ᠭᠤᠤᠯᠳᠠᠭᠤ ᠭᠠᠯ ᠤᠨᠲᠠᠷᠠᠭᠠᠬᠤ ᠬᠠᠤᠯᠢ ᠲᠣᠭᠲᠠᠭᠠᠯ ᠢ ᠲᠦᠭᠡᠮᠡᠯᠵᠢᠭᠦᠯᠬᠦ᠂ ᠭᠠᠯ ᠤᠨᠲᠠᠷᠠᠭᠠᠬᠤ ᠬᠡᠷᠡᠭ ᠤᠨ ᠵᠢᠱᠢᠶ᠎ᠡ ᠶᠢ ᠵᠠᠳᠠᠯᠬᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ᠂ ᠠᠮᠢ ᠵᠢᠭᠤᠲᠠᠵᠤ ᠥᠪᠡᠷ ᠢ ᠪᠠᠨ ᠠᠪᠤᠷᠠᠬᠤ ᠮᠡᠷᠭᠡᠵᠢᠯ ᠴᠢᠳᠠᠪᠤᠷᠢ ᠶᠢᠨ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ ᠨᠠᠷᠢᠨ ᠪᠣᠳᠠᠲᠠᠶ ᠲᠤᠭ᠎ᠠ ᠪᠠᠷᠢᠮᠲᠠ ᠪᠠ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠠᠵᠢᠯᠯᠠᠬᠤ ᠲᠤᠭᠤᠷᠢᠭ ᠪᠠ ᠬᠡᠷ ᠪᠦᠯᠢ ᠶᠢᠨ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ ᠲᠦᠭᠡᠮᠡᠯᠵᠢᠭᠦᠯᠵᠦ᠂ ᠲᠢᠩᠬᠢᠮ ᠤᠨ ᠰᠢᠰᠲ᠋ᠧᠮ ᠤᠨ ᠺᠠᠳ᠋ᠷ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠪᠡ᠃    ᠭᠠᠯ ᠤᠨᠲᠠᠷᠠᠭᠠᠬᠤ ᠰᠣᠷᠢᠯᠲᠠ ᠳᠤ ᠭᠠᠯ ᠤᠨ ᠠᠶᠦᠯ ᠠᠴᠠ ᠠᠪᠤᠷᠠᠬᠤ ᠪᠠ ᠠᠮᠢ ᠵᠢᠭᠤᠲᠠᠬᠤ ᠂ ᠵᠠᠶᠢᠯᠠᠭᠤᠯᠬᠤ᠂ ᠵᠢᠴᠢ ᠭᠠᠯ ᠤᠨᠲᠠᠷᠠᠭᠠᠭᠤᠷ ᠵᠡᠷᠭᠡ ᠪᠠᠭᠠᠵᠢ ᠬᠡᠷᠡᠭᠰᠡᠯ ᠢ ᠬᠡᠷᠡᠭᠯᠡᠨ ᠠᠵᠢᠯᠯᠠᠭᠤᠯᠬᠤ ᠵᠡᠷᠭᠡ ᠠᠭᠤᠯᠭ᠎ᠠ ᠬᠤᠪᠢᠶᠠᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠᠷ ᠳᠠᠮᠵᠢᠭᠤᠯᠤᠨ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠮᠡᠳᠡᠯᠭᠡ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠲᠦᠭᠡᠮᠡᠯᠵᠢᠭᠦᠯᠵᠦ᠂ ᠡᠯ᠎ᠡ ᠠᠵᠢᠯ ᠤᠨ ᠪᠠᠶᠢᠷᠢ ᠶᠢᠨ ᠠᠵᠢᠯᠲᠠᠨ ᠤ ᠪᠠᠴᠢᠮ ᠪᠠᠶᠢᠳᠠᠯ ᠢ  ᠠᠷᠭᠠᠴᠠᠭᠠᠵᠤ ᠠᠪᠤᠷᠠᠨ ᠲᠤᠰᠠᠯᠠᠬᠤ ᠬᠢᠷᠢ ᠲᠦᠪᠰᠢᠨ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠰᠢᠯᠭᠠᠨ ᠪᠠᠶᠢᠴᠠᠭᠠᠵᠤ ᠂ ᠲᠢᠩᠬᠢᠮ ᠤᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠠᠮᠤᠷ ᠲᠦᠪᠰᠢᠨ ᠤ ᠤᠬᠠᠮᠰᠠᠷ ᠪᠠ ᠵᠣᠬᠢᠴᠠᠭᠤᠯᠤᠨ ᠬᠠᠮᠵᠢᠯᠴᠠᠬᠤ ᠴᠢᠳᠠᠪᠤᠷᠢ ᠶᠢ ᠨᠡᠮᠡᠭᠳᠡᠭᠦᠯᠪᠡ᠃
W020240628337143497083.png
    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ  ᠠᠵᠢᠯᠯᠠᠬᠤ ᠲᠤᠭᠤᠷᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠮᠤᠷ ᠲᠦᠪᠰᠢᠨ  ᠢ ᠥᠪᠡᠰᠦᠪᠡᠨ ᠪᠠᠶᠢᠴᠠᠭᠠᠬᠤ᠂ ᠪᠠᠶᠢᠩᠭᠤ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠠᠶᠢᠭᠤᠯᠭ᠎ᠠ ᠶᠢᠨ ᠠᠵᠢᠯᠯᠠᠬᠤ ᠲᠤᠭᠤᠷᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠳᠡᠢ ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠰᠢᠰᠲ᠋ᠧᠮ ᠤᠨ 70 ᠭᠠᠷᠤᠶ ᠠᠵᠢᠯᠲᠠᠨ ᠠᠵᠢᠯᠴᠢᠨ ᠪᠤᠯᠪᠠᠰᠤᠷᠠᠯ ᠪᠠ ᠰᠣᠷᠢᠯᠲᠠ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ
Baidu
map