ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠪᠦᠬᠦ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠠᠬᠤᠢ ᠲᠠᠯᠠᠪᠠᠢ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/1
    6 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ  ᠶᠢᠨ ᠠᠵᠢᠯ ᠤᠨ ᠠᠬᠤᠢ ᠲᠠᠯᠠᠪᠠᠢ ᠶᠢᠨ ᠬᠤᠷᠠᠯ ᠣᠷᠳᠣᠰ ᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠨᠢᠶᠧ ᠬᠠᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠣᠷᠳᠣᠰ ᠬᠤᠲᠠ ᠶᠢᠨ ᠳᠡᠳ᠋ ᠳᠠᠷᠤᠭ᠎ᠠ ᠵᠢᠷᠤᠮᠲᠤ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃
W020240628334201113534.png
    ᠬᠤᠷᠠᠯ ᠠᠴᠠ 2019 ᠣᠨ ᠠᠴᠠ ᠨᠠᠭᠠᠰᠢᠬᠢ ᠪᠥᠬᠦ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ ᠳ᠋ᠦᠩᠨᠡᠵᠦ᠂ ᠣᠳᠣᠬᠠᠨ ᠤ ᠥᠭᠡᠷᠡᠴᠢᠯᠡᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠥᠭᠡᠷᠡᠴᠢᠯᠡᠯᠲᠡ ᠶᠢᠨ ᠡᠭᠦᠷᠭᠡ ᠪᠠ ᠬᠠᠷᠠᠯᠲᠠ ᠶᠢ ᠲᠣᠳᠣᠷᠬᠠᠶᠢᠯᠠᠪᠠ᠃    ᠬᠤᠷᠠᠯ ᠠᠴᠠ᠂ ᠡᠯ᠎ᠡ ᠭᠠᠵᠠᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠪᠠᠷᠢᠮᠵᠢᠶᠠᠵᠢᠭᠤᠯᠤᠨ ᠵᠢᠷᠤᠮᠵᠢᠭᠤᠯᠬᠤ ᠶᠢ ᠠᠬᠢᠭᠤᠯᠬᠤ ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠶ ᠨᠠᠶᠢᠳᠠᠪᠤᠷᠢᠵᠢᠭᠤᠯᠬᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠ ︽ ᠥᠨᠳᠥᠷ ᠪᠦᠲᠦᠮᠵᠢᠲᠡᠶ ᠪᠠᠷ ᠶᠠᠪᠤᠳᠠᠯ ᠬᠦᠢᠴᠡᠳᠬᠡᠬᠦ︾ ᠵᠡᠷᠭᠡ ᠲᠠᠯ᠎ᠠ ᠪᠠᠷ ᠨᠠᠷᠢᠯᠢᠭ ᠪᠣᠳᠠᠲᠠᠶ ᠬᠢᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠮᠠᠨ ᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠳᠤ ᠨᠠᠩ ᠰᠠᠶᠢᠨ ᠰᠢᠨ᠎ᠡ ᠠᠮᠵᠢᠯᠲᠠ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃    ᠬᠤᠷᠠᠯ ᠳᠤ᠂ ᠱᠠᠨᠳᠦ᠋ᠩ ᠮᠤᠵᠢ ᠪᠣᠯᠤᠨ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠂ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠬᠤᠪᠢᠶᠠᠯᠴᠠᠭᠰᠠᠨ ᠪᠥᠭᠡᠳ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠤᠷᠳᠤᠰ ᠬᠤᠳᠠ ᠶᠢᠨ ᠨᠡᠭᠦᠷᠡᠰᠦᠲᠥ᠋ᠷᠥᠭᠴᠢ ᠶᠢᠨ ᠪᠤᠵᠠᠷᠳᠤᠯ ᠦᠭᠡᠢ ᠠᠵᠤ ᠦᠢᠯᠡᠰ ᠤᠨ ᠬᠦᠷᠢᠶᠡᠯᠡᠩ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠳᠠᠬᠢ ᠠᠵᠤ ᠠᠬᠤᠶᠢᠯᠠᠯ ᠳᠤ ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ ᠲᠤᠰᠬᠠᠢ ᠲᠣᠭᠤᠷᠢᠭ᠂ ᠤᠰᠤ ᠬᠡᠢ ᠳᠤᠯᠠᠭᠠᠯᠠᠭ᠎ᠠ ᠶᠢᠨ ᠬᠤᠳᠠ ᠶᠢᠨ ᠶᠡᠪᠤᠳᠠᠯ ᠤᠨ ᠲᠤᠰᠬᠠᠢ ᠲᠣᠭᠤᠷᠢᠭ ᠪᠣᠯᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠰᠬᠠᠢ ᠲᠣᠭᠤᠷᠢᠭ ᠢ ᠲᠤᠬᠠᠢ ᠶᠢᠨ ᠭᠠᠵᠠᠷ ᠲᠤᠨᠢ  ᠬᠦᠷᠴᠦ ᠲᠣᠭᠤᠷᠢᠨ ᠦᠵᠡᠪᠡ ᠃    ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠢᠴᠢ ᠡᠯ᠎ᠡ ᠠᠶᠢᠮᠠᠭ ᠬᠤᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠪᠦᠷᠢᠯᠳᠦᠬᠦᠨ ᠨᠢᠭᠡᠴᠢ ᠶᠢᠨ ᠲᠦᠯᠦᠭᠡᠯᠡᠭᠴᠢᠳ ᠬᠤᠷᠠᠯ ᠳᠤ ᠣᠷᠣᠯᠴᠠᠪᠠ ᠃ 
ᠢᠷᠡᠯᠲᠡ᠄ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠭᠠᠵᠠᠷ
Baidu
map