ᠪᠦᠬᠦ ᠣᠷᠣᠨ ᠤ ᠪᠠᠳᠤᠯᠠᠭᠠᠳᠤ ᠲᠤᠰᠢᠶᠠᠬᠤ ᠠᠰᠠᠷ ᠵᠢᠴᠢ ᠬᠤᠲᠠ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ ᠢᠨᠵᠧᠨᠧᠷᠢᠩ ᠤᠨ ᠠᠬᠤᠢ ᠲᠠᠯᠠᠪᠠᠢ ᠶᠢᠨ ᠬᠤᠷᠠᠯ ᠤᠯᠠᠭᠠᠨᠬᠠᠳᠠ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/7/19
    7 ᠳ᠋ᠤᠭᠠᠷ ᠰᠠᠷ᠎ᠠ ᠶᠢᠨ 16 ᠤ ᠡᠳᠤᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤᠯᠠᠭᠠᠨᠬᠠᠳᠠ ᠬᠤᠳᠠ ᠳᠤ ᠪᠦᠬᠦ ᠤᠷᠤᠨ ᠤ ᠪᠠᠳᠤᠯᠠᠭᠠᠳᠤ ᠲᠤᠰᠢᠶᠠᠬᠤ ᠠᠰᠠᠷ ᠵᠢᠴᠢ ᠬᠤᠳᠠ ᠶᠢᠨ ᠰᠠᠭᠤᠷᠢ ᠲᠦᠬᠦᠭᠡᠷᠤᠮᠵᠢ ᠶᠢᠨ ᠠᠮᠤᠷ ᠲᠦᠪᠰᠢᠨ ᠤ ᠢᠨᠵᠧᠨᠧᠷᠢᠩ ᠤᠨ ᠠᠬᠤᠢ ᠶᠢᠨ ᠲᠠᠯᠠᠪᠠᠢ ᠶᠢᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
W020240717415256398892.jpg
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠪᠥᠬᠦ ᠣᠷᠣᠨ ᠤ ᠪᠠᠳᠤᠯᠠᠭᠠᠳᠤ ᠲᠤᠰᠢᠶᠠᠬᠤ ᠠᠰᠠᠷ ᠵᠢᠴᠢ ᠬᠤᠲᠠ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠬᠥᠬᠡᠬᠤᠲᠠ᠂ ᠪᠤᠭᠤᠲᠤ ᠬᠤᠲᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ ᠲᠣᠰ ᠲᠣᠰ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ ᠬᠤᠷᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠰᠢᠤᠸᠠᠢ ᠶᠦᠩ ᠡᠷᠬᠢᠯᠡᠪᠡ᠃    ᠬᠤᠷᠠᠯ ᠠᠴᠠ᠂ ᠪᠠᠳᠤᠯᠠᠭᠠᠳᠤ ᠲᠤᠰᠢᠶᠠᠬᠤ ᠠᠰᠠᠷ ᠵᠢᠴᠢ ᠬᠤᠳᠠ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ ᠢᠨᠵᠧᠨᠧᠷᠢᠩ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠰᠢᠯᠭᠠᠨ ᠠᠪᠴᠤ ᠳᠠᠩᠰᠠᠯᠠᠭᠤᠯᠬᠤ ᠶᠢ ᠵᠡᠷᠭᠡᠪᠡᠷ ᠠᠬᠢᠭᠤᠯᠵᠤ᠂ ᠪᠠᠳᠤᠯᠠᠭᠠᠳᠤ ᠲᠤᠰᠢᠶᠠᠬᠤ ᠠᠰᠠᠷ ᠤᠨ ᠲᠤᠰᠢᠶᠠᠨ ᠦᠭᠬᠦ ᠡᠭᠦᠷᠭᠡ ᠪᠠᠨ ᠶᠠᠰᠤ ᠴᠢᠨᠠᠷ ᠢ ᠪᠠᠲᠤᠯᠠᠨ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ᠃ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠲᠤᠰ ᠭᠠᠵᠠᠷ ᠣᠷᠣᠨ ᠤ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠂ ᠰᠤᠯᠠ ᠪᠠᠶᠢᠬᠤ ᠭᠠᠵᠠᠷ ᠰᠢᠷᠣᠢ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠤᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠨᠥᠬᠦᠴᠡᠯ ᠢ ᠬᠠᠩᠭᠠᠬᠤ ᠲᠦᠷᠦᠯ ᠵᠦᠢᠯ ᠢ ᠲᠠᠸᠠᠷ ᠤᠨ ᠣᠷᠣᠨ ᠰᠠᠭᠤᠴᠠ ᠶᠢᠨ ᠲᠦᠷᠦᠯ ᠵᠦᠢᠯ ᠤᠨ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠤᠨ ᠰᠢᠢᠳᠪᠦᠷᠢᠯᠡᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ︽ᠨᠢᠭᠡ ᠲᠦᠷᠦᠯ ᠵᠦᠢᠯ ᠳᠤ ᠨᠢᠭᠡ ᠠᠷᠭ᠎ᠠ ᠪᠤᠳᠤᠯᠭ᠎ᠠ︾ ᠶᠢ ᠪᠠᠷᠢᠮᠲᠠᠯᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠵᠢᠯ ᠤᠨ ᠰᠡᠭᠦᠯᠴᠢ ᠠᠴᠠ ᠡᠮᠦᠨ᠎ᠡ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠤᠨ ᠱᠠᠳᠤᠴᠢ ᠴᠢᠨᠠᠷᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃
W020240717415256781443.jpg
    ᠬᠤᠷᠠᠯ ᠠᠴᠠ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ ᠢᠨᠵᠧᠨᠧᠷᠢᠩ ᠪᠣᠯ ᠬᠤᠳᠠ ᠶᠢᠨ ᠠᠮᠤᠷ ᠲᠦᠪᠰᠢᠨ ᠤ ᠠᠵᠢᠯᠯᠠᠭᠠᠨ ᠤ ᠴᠢᠬᠤᠯᠠ ᠪᠠᠲᠤᠯᠠᠭ᠎ᠠ ᠪᠣᠯᠤᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠴᠢᠨᠠᠭᠰᠢᠳᠠ ᠴᠢᠩᠭᠠᠯᠠᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠭᠠᠵᠠᠷ ᠳᠣᠣᠷᠠᠬᠢ ᠲᠥᠬᠦᠭᠡᠷᠦᠮᠵᠢ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠬᠢᠨᠠᠮᠠᠭᠠᠢ ᠡᠮᠬᠢᠯᠡᠵᠦ᠂ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠬᠠᠭᠤᠴᠢᠨ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠯᠠᠭᠠᠨᠬᠠᠳᠠ ᠬᠤᠲᠠ ᠶᠢᠨ ᠾᠧᠩ ᠳ᠋ᠡ ᠵᠢᠶᠦ᠋ᠨ ᠷᠦᠢ ᠹᠦ᠋᠂ ᠳ᠋ᠦᠩ ᠹᠠᠩ ᠱᠧᠩ ᠵᠢᠩ᠂ ᠾᠧᠩ ᠳ᠋ᠡ ᠵᠢᠶᠦ᠋ᠨ ᠲᠢᠩ ᠰᠠᠭᠤᠭᠠᠯᠢ ᠠᠷᠠᠳ ᠤᠨ ᠲᠤᠭᠤᠷᠢᠭ ᠤᠨ ᠪᠠᠳᠤᠯᠠᠭᠠᠳᠤ ᠲᠤᠰᠢᠶᠠᠬᠤ ᠠᠰᠠᠷ ᠤᠨ ᠲᠥᠷᠥᠯ ᠵᠦᠢᠯ ᠵᠢᠴᠢ ᠬᠤᠲᠠ ᠶᠢᠨ ᠰᠠᠭᠤᠷᠢ ᠲᠥᠬᠦᠭᠡᠷᠦᠮᠵᠢ ᠶᠢᠨ ᠠᠮᠦᠷ ᠲᠦᠪᠰᠢᠨ ᠤ ᠢᠨᠵᠧᠨᠧᠷᠢᠩ ᠤᠨ ᠤᠯᠠᠭᠠᠨᠬᠠᠳᠠ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃ 
ᠢᠷᠡᠯᠲᠡ᠄ ᠲᠢᠩᠬᠢᠮ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ
Baidu
map