ᠦᠰᠦᠭ ᠪᠢᠴᠢᠭ ᠢᠶᠠᠷ ᠥᠭᠦᠯᠡᠬᠦᠢ᠄ ︽ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠵᠢᠯᠣᠭᠤᠳᠬᠤ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/2
    ᠨᠢᠭᠡ᠂ ᠰᠢᠢᠳᠪᠦᠷᠢᠲᠦ ᠪᠣᠳᠣᠯᠭ᠎ᠠ ᠶᠢᠨ ᠠᠬᠤᠢ ᠪᠠᠶᠢᠳᠠᠯ    ᠣᠶᠢᠷ᠎ᠠ ᠶᠢᠨ ᠵᠢᠯ ᠤᠳ ᠲᠤ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠭᠰᠠᠨ ᠨᠢ ᠵᠢᠷᠤᠮᠵᠢᠯ ᠦᠭᠡᠢ ᠠᠴᠠ ᠪᠣᠯᠵᠤ ᠳᠠᠭᠠᠭᠠᠴᠢᠯᠠᠯᠲᠠ ᠵᠠᠷᠯᠠᠬᠤ ᠳᠤ ᠢᠯᠠᠭᠳᠠᠯ ᠪᠤᠶᠤ ᠬᠢᠨᠠᠨ ᠲᠣᠭᠲᠠᠭᠠᠭᠰᠠᠨ ᠦᠷ᠎ᠡ ᠳ᠋ᠦᠩ ᠨᠢ ᠲᠥᠪ ᠭᠤᠣᠯᠴᠢ ᠪᠤᠰᠤ ᠬᠡᠷᠡᠭ ᠤᠨ ᠵᠢᠱᠢᠶ᠎ᠡ ᠪᠠᠶᠢᠨ ᠳᠠᠬᠢᠨ ᠭᠠᠷᠴᠤ᠂ ᠴᠢᠨᠠᠭᠰᠢᠯᠠᠪᠠᠯ ᠣᠨᠳᠣᠣ ᠰᠠᠨᠠᠯ ᠪᠠ ᠵᠠᠭᠠᠯᠳᠤᠯᠭ᠎ᠠ ᠬᠢᠵᠦ ᠂ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢᠨ ᠡᠷᠬᠡ ᠲᠡᠭᠰᠢ ᠲᠥᠪ ᠭᠤᠣᠯᠴᠢ ᠪᠠᠶᠢᠬᠤ ᠶᠢ ᠨᠥᠯᠥᠭᠡᠯᠡᠪᠡ᠃ 2022 ᠤᠨ ᠪᠠ 2023 ᠣᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022 ﹈ 58 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ︵2023 - 2025 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ  ﹇2023﹈ 52 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠡᠳᠬᠦᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠳᠠᠭᠠᠭᠠᠴᠢᠯᠠᠯᠲᠠ ᠵᠠᠷᠯᠠᠭᠴᠢ ᠶᠢᠨ  ᠪᠦᠷᠢᠨ ᠡᠷᠬᠡᠳᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠮᠠᠨ ᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠮᠠᠨ ᠤ ᠲᠢᠩᠬᠢᠮ ᠠᠴᠠ ︽ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠴᠢᠬᠤᠯᠠᠲᠠᠶ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ  ᠲᠤᠭᠳᠠᠭᠠᠵᠤ ᠳᠠᠷᠤᠮᠠᠯᠯᠠᠨ ᠲᠠᠷᠬᠠᠭᠠᠪᠠ᠃    ᠬᠤᠶᠠᠷ᠂ ᠰᠤᠳᠤᠯᠤᠨ ᠮᠠᠭᠠᠳᠯᠠᠭᠰᠠᠨ ᠶᠠᠪᠤᠴᠠ    ︽ᠵᠢᠯᠣᠭᠤᠳᠬᠤ ᠰᠠᠨᠠᠯ︾ ᠢ ᠲᠣᠭᠲᠠᠭᠠᠬᠤ ᠶᠠᠪᠤᠴᠠ ᠳᠤ᠂ ᠮᠠᠨ ᠤ ᠲᠢᠩᠬᠢᠮ ᠤᠨ ᠠᠯᠪᠠᠨ ᠰᠦᠯᠵᠢᠶ᠎ᠡ ᠳᠤ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠭᠰᠠᠨ ᠪᠥᠭᠡᠳ ᠢᠯᠡ ᠪᠠᠷ ᠰᠠᠨᠠᠯ ᠬᠤᠷᠢᠶᠠᠭᠰᠠᠨ ᠪᠠᠶᠢᠳᠠᠯ ᠢᠶᠠᠨ ᠵᠠᠷᠯᠠᠨ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠪᠠ ᠲᠢᠩᠬᠢᠮ ᠤᠨ ᠬᠠᠮᠢᠶ᠎ᠠ ᠪᠥᠬᠦᠶ ᠭᠠᠵᠠᠷ᠂  ᠠᠯᠪᠠᠨ ᠬᠡᠷ᠂ ᠨᠢᠭᠡᠴᠢ ᠵᠢᠴᠢ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠰᠠᠨᠠᠯ ᠢ ᠬᠤᠷᠢᠶᠠᠪᠠ᠃ ᠡᠭᠦᠨ ᠤ ᠬᠠᠮᠲᠤ ᠮᠠᠨ ᠤ ᠲᠢᠩᠬᠢᠮ 2024 ᠣᠨ ᠤ 1 ᠳ᠋ᠤᠭᠡᠷ ᠰᠠᠷ᠎ᠠ ᠶᠢᠨ 15 ᠤ ᠡᠳᠦᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ ᠭᠡᠷᠡᠴᠢᠯᠡᠭᠡ ᠰᠣᠨᠣᠰᠪᠠ᠃ ︽ ᠵᠢᠯᠣᠭᠤᠳᠬᠤ ᠰᠠᠨᠠᠯ︾ ᠢ ᠲᠣᠭᠲᠠᠭᠠᠭᠰᠠᠨ ᠶᠠᠪᠤᠴᠠ ᠨᠢ ᠬᠠᠤᠯᠢ ᠳᠤ ᠨᠡᠶᠢᠴᠡᠨ᠎ᠡ ᠃    ᠭᠤᠷᠪᠠ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ    ︵ᠨᠢᠭᠡ︶ ᠬᠤᠳᠠᠯᠳᠤᠭᠠᠨ ᠤ ᠶᠠᠪᠤᠳᠠᠯ᠂ ᠮᠡᠷᠭᠡᠵᠢᠯ᠂ ᠠᠵᠢᠯ ᠤᠨ ᠠᠮᠵᠢᠯᠲᠠ ᠶᠢᠨ  ᠬᠤᠪᠢ ᠡᠵᠡᠯᠡᠬᠦ ᠬᠠᠷᠢᠴᠠᠯ ᠢ ᠲᠤᠳᠤᠷᠬᠠᠶᠢᠯᠠᠪᠠ ᠃ ᠳᠠᠭᠠᠭᠠᠴᠢᠯᠠᠯᠲᠠ ᠵᠠᠷᠯᠠᠬᠤ ᠳᠤ᠂ ᠮᠡᠷᠭᠡᠵᠢᠯ ᠤᠨ ᠬᠡᠰᠡᠭ ᠤᠨ ᠬᠤᠪᠢ ᠶᠢᠨ ᠵᠢᠩ ᠨᠢ 45% ᠠᠴᠠ 70%᠂ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ ᠵᠢᠩ ᠨᠢ 10% ᠠᠴᠠ 30%᠂  ᠢᠳᠡᠭᠡᠮᠵᠢ ᠶᠢᠨ ᠬᠡᠰᠡᠭ ᠤᠨ ᠬᠤᠪᠢ ᠶᠢᠨ ᠵᠢᠩ ᠨᠢ 10% ᠂ ᠠᠵᠢᠯ ᠤᠨ ᠠᠮᠵᠢᠯᠲᠠ ᠪᠦᠲᠦᠮᠵᠢ ᠵᠡᠷᠭᠡ ᠬᠡᠰᠡᠭ ᠤᠨ ᠬᠤᠪᠢ ᠶᠢᠨ ᠵᠢᠩ ᠨᠢ 10% ᠠᠴᠠ 15% ︔ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠤ ᠂ ᠮᠡᠷᠭᠡᠵᠢᠯ ᠤᠨ ᠬᠡᠰᠡᠭ ᠤᠨ ᠬᠤᠪᠢ ᠶᠢᠨ ᠵᠢᠩ ᠨᠢ 20% ᠠᠴᠠ 40%᠂ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ ᠵᠢᠩ ᠨᠢ 40% ᠠᠴᠠ 55%᠂ ᠢᠲᠡᠭᠡᠮᠵᠢ ᠶᠢᠨ ᠬᠡᠰᠡᠭ ᠤᠨ ᠬᠤᠪᠢ ᠶᠢᠨ ᠵᠢᠩ ᠨᠢ 10%᠂ ᠠᠵᠢᠯ ᠤᠨ ᠠᠮᠵᠢᠯᠲᠠ ᠪᠦᠲᠦᠮᠵᠢ ᠶᠢᠨ ᠬᠡᠰᠡᠭ ᠤᠨ ᠬᠤᠪᠢ ᠶᠢᠨ ᠵᠢᠩ ᠨᠢ 10% ᠠᠴᠠ15% ᠪᠠᠶᠢᠬᠤ ᠶᠢ ᠱᠠᠭᠠᠷᠳᠠᠵᠠᠢ︔ ᠲᠤᠰᠬᠠᠢ ᠮᠡᠷᠭᠡᠵᠢᠯ ᠤᠨ ᠣᠨᠴᠠᠭᠠᠢ ᠪᠣᠳᠤᠯᠢᠶᠠᠨᠲᠠᠢ ᠲᠣᠮᠤ ᠬᠡᠯᠪᠡᠷᠢ ᠶᠢᠨ ᠪᠠᠷᠢᠯᠭ᠎ᠠ᠂ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ ᠵᠢᠩ ᠨᠢ 40% ᠪᠠᠶᠢᠵᠤ ᠪᠣᠯᠤᠨ᠎ᠠ︔ ᠮᠡᠷᠭᠡᠵᠢᠯ ᠤᠨ ᠱᠠᠭᠠᠷᠳᠠᠯᠭ᠎ᠠ ᠨᠢ ᠬᠠᠷᠢᠴᠠᠩᠭᠤᠢ ᠳᠦᠭᠦᠮᠬᠡᠨ ᠪᠠᠷᠢᠯᠭ᠎ᠠ ᠶᠢᠨ ᠳᠠᠭᠠᠭᠠᠴᠢᠯᠠᠯᠲᠠ ᠬᠦᠯᠢᠶᠡᠬᠦ ᠦᠨ᠎ᠡ ᠬᠠᠨ᠋ᠰᠢ ᠶᠢᠨ ᠬᠤᠪᠢ ᠶᠢᠨ ᠵᠢᠩ ᠨᠢ 50% ᠪᠠᠶᠢᠵᠤ ᠪᠣᠯᠤᠨ᠎ᠠ︔ ᠮᠡᠷᠭᠡᠵᠢᠯ ᠤᠨ ᠱᠠᠭᠠᠷᠳᠠᠯᠭ᠎ᠠ ᠨᠢ ᠳᠦᠭᠦᠮᠬᠡᠨ ᠪᠠᠷᠢᠯᠭ᠎ᠠ ᠶᠢᠨ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ  ᠵᠢᠩ ᠨᠢ 55% ᠪᠠᠶᠢᠵᠤ ᠪᠣᠯᠤᠨ᠎ᠠ︔    ︵ᠬᠤᠶᠠᠷ︶ ᠳᠠᠭᠠᠭᠠᠴᠢᠯᠠᠯᠲᠠ ᠦᠨᠡᠯᠡᠬᠦ ᠰᠠᠭᠤᠷᠢ ᠦᠨ᠎ᠡ ᠶᠢ ᠪᠣᠳᠣᠬᠤ ᠠᠷᠭ᠎ᠠ ᠶᠢ ᠲᠣᠳᠣᠷᠬᠠᠶᠢᠯᠠᠪᠠ᠃ ᠳᠠᠭᠠᠭᠠᠴᠢᠯᠠᠯᠲᠠ ᠦᠨᠡᠯᠡᠬᠦ ᠰᠠᠭᠤᠷᠢ ᠪᠠᠷᠢᠮᠵᠢᠶ᠎ᠠ ᠦᠨ᠎ᠡ = ᠳᠠᠭᠠᠭᠠᠴᠢᠯᠠᠯᠲᠠ ᠬᠦᠯᠢᠶᠡᠬᠦ ᠬᠠᠮᠤᠭ ᠥᠨᠳᠥᠷ ᠬᠢᠵᠠᠭᠠᠷ ᠦᠨ᠎ᠡ × 70% + ᠳᠠᠭᠠᠭᠠᠴᠢᠯᠠᠯᠲᠠ ᠬᠦᠯᠢᠶᠡᠭᠴᠢ ᠶᠢᠨ ᠬᠦᠴᠦᠨ ᠪᠦᠬᠦᠢ ᠮᠡᠳᠡᠭᠦᠯᠬᠦ ᠦᠨ᠎ᠡ ᠶᠢᠨ ᠳᠤᠮᠳᠠᠴᠢ ᠬᠡᠮᠵᠢᠭᠳᠡᠯ × 30%᠃    ︵ᠭᠤᠷᠪᠠ︶ ᠳᠠᠭᠠᠭᠠᠴᠢᠯᠠᠯᠲᠠ ᠵᠠᠷᠯᠠᠭᠰᠠᠳ ᠪᠥᠬᠦ ᠶᠠᠪᠤᠴᠠ ᠶᠢᠨ ᠪᠠᠷᠢᠯᠭ᠎ᠠ ᠶᠢᠨ ᠯᠠᠪᠯᠠᠭ᠎ᠠ᠂ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ ᠶᠢᠨ ᠠᠷᠭ᠎ᠠ ᠮᠠᠶ᠋ᠢᠭ ᠢ ᠡᠩ ᠲᠡᠷᠢᠭᠦᠨ ᠳᠤ ᠬᠡᠷᠡᠭᠯᠡᠵᠦ ᠳᠠᠭᠠᠭᠠᠴᠢᠯᠠᠯᠲᠠ ᠵᠠᠷᠯᠠᠬᠤ ᠶᠢ ᠵᠤᠷᠢᠭᠵᠢᠭᠤᠯᠤᠨ᠎ᠠ᠂ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ︵2023 - 2025 ᠣᠨ ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ᠤᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠲᠥᠪ ᠤᠨ ᠠᠵᠤ ᠠᠬᠤᠶᠢᠯᠠᠯ ᠬᠢᠭᠡᠳ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠣᠷᠣᠨ ᠤ ᠭᠠᠳᠠᠨᠠᠬᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠪᠤᠯᠤᠨ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠲᠡᠮᠵᠢᠵᠦ ᠂ ᠥᠪᠡᠷᠲᠡᠭᠡᠨ ᠵᠠᠰᠠᠬᠤ ᠣᠷᠣᠨ ᠤ ᠬᠥᠲᠥᠴᠢ ᠠᠵᠤ ᠠᠬᠤᠶᠢᠯᠠᠯ ᠬᠢᠭᠡᠳ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠪᠤᠶᠤ ᠠᠷᠠᠳ ᠠᠴᠠ ᠡᠵᠡᠩᠨᠡᠭᠰᠡᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠯᠤᠭ᠎ᠠ ᠬᠤᠯᠪᠣᠭᠠᠲᠤ ᠴᠣᠭᠴᠠ ᠪᠠᠶᠢᠭᠤᠯᠵᠤ ᠳᠠᠭᠠᠭᠠᠴᠢᠯᠠᠯᠲᠠ ᠬᠦᠯᠢᠶᠡᠬᠦ ᠵᠦᠢᠯ ᠵᠤᠷᠪᠤᠰ ᠪᠠ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ  ᠨᠢ ᠲᠤᠬᠠᠶ ᠶᠢᠨ ᠭᠠᠵᠠᠷ ᠤᠨ ᠳᠤᠮᠳᠠ ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠳᠤ ᠬᠠᠤᠯᠢ ᠶᠢᠨ ᠲᠣᠭᠲᠠᠭᠠᠯ ᠶᠣᠰᠣᠭᠠᠷ ᠬᠤᠪᠢᠶᠠᠨ ᠲᠠᠭᠠᠭᠠᠴᠢᠯᠠᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠭᠰᠠᠨ ᠪᠠᠶᠢᠨ᠎ᠠ᠃    ︵ᠲᠦᠷᠪᠡ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠰᠢᠯᠢᠳᠡᠭ ᠢ ᠡᠭᠦᠳᠬᠦ ᠰᠢᠨ᠎ᠡ ᠶᠢ ᠡᠭᠦᠳᠬᠦ ᠵᠠᠷᠤᠳᠠᠯ ᠢ ᠪᠤᠳᠤᠬᠤ ᠭᠡᠵᠦ ᠲᠣᠳᠣᠷᠬᠠᠶᠢᠯᠠᠵᠠᠢ᠃ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠪᠣᠬᠢᠷᠲᠤᠯ ᠦᠭᠡᠶ ᠪᠠᠷᠢᠯᠭ᠎ᠠ ᠶᠢᠨ ᠵᠡᠷᠭᠡ ᠲᠠᠰ ᠤᠨ ᠬᠢᠷᠢ ᠲᠦᠪᠰᠢᠨ ᠪᠣᠯᠤᠨ ᠮᠡᠷᠭᠡᠵᠢᠯ ᠤᠨ ᠠᠷᠭ᠎ᠠ ᠬᠡᠮᠵᠢᠶ᠎ᠡ ᠳᠤ ᠲᠣᠳᠣᠷᠬᠠᠶ ᠱᠠᠭᠠᠷᠳᠠᠯᠭ᠎ᠠ ᠲᠤᠷᠠᠳᠤᠪᠠ᠃ ᠳᠠᠭᠠᠭᠠᠴᠢᠯᠠᠯᠲᠠ ᠵᠠᠷᠯᠠᠭᠴᠢ ᠶᠢ ᠤᠶᠤᠨᠴᠢ ᠦᠢᠯᠡᠳᠬᠦ ᠂ BIM ᠮᠡᠷᠭᠡᠵᠢᠯ᠂ ᠤᠭᠰᠠᠷᠠᠮᠠᠯ ᠮᠠᠶ᠋ᠢᠭ ᠤᠨ ᠵᠠᠰᠠᠯ ᠴᠢᠮᠡᠭᠯᠡᠯ ᠳᠤ ᠱᠠᠭᠠᠷᠳᠠᠯᠭ᠎ᠠ ᠳᠤᠷᠠᠳᠬᠤ ᠶᠢ ᠵᠣᠷᠢᠭᠵᠢᠭᠤᠯᠤᠨ᠎ᠠ᠃    ︵ᠲᠠᠪᠤ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠠᠮᠵᠢᠯᠲᠠ ᠪᠦᠲᠦᠮᠵᠢ ᠳᠤ ᠬᠤᠪᠢ ᠨᠡᠮᠡᠬᠦ ᠂ ᠬᠤᠪᠢ ᠬᠥᠮᠦᠨ ᠤ ᠠᠮᠵᠢᠯᠲᠠ ᠪᠦᠲᠦᠮᠵᠢ  ᠨᠢ ᠠᠵᠤ ᠠᠬᠤᠶᠢᠯᠠᠯ ᠤᠨ ᠠᠮᠵᠢᠯᠲᠠ ᠪᠦᠲᠦᠮᠵᠢ ᠠᠴᠠ ᠵᠣᠬᠢᠬᠤ ᠬᠡᠮᠵᠢᠶ᠎ᠡ ᠪᠠᠷ ᠥᠨᠳᠥᠷ ᠪᠠᠶᠢᠯᠭᠠᠵᠤ ᠪᠣᠯᠤᠨ᠎ᠠ ᠭᠡᠵᠤ ᠲᠤᠷᠠᠳᠴᠠᠢ ᠃ ᠳᠠᠭᠠᠭᠠᠴᠢᠯᠠᠯᠲᠠ ᠵᠠᠷᠯᠠᠭᠴᠢ ᠂ ᠳᠠᠭᠠᠭᠠᠴᠢᠯᠠᠯᠲᠠ ᠬᠦᠯᠢᠶᠡᠭᠴᠢ ᠶᠢᠨ ᠲᠣᠮᠢᠯᠠᠨ ᠰᠠᠭᠤᠯᠭᠠᠭᠰᠠᠨ ᠲᠤᠬᠠᠶ ᠶᠢᠨ ᠲᠠᠯᠠᠪᠠᠶ ᠶᠢᠨ ᠪᠠᠷᠢᠯᠭ᠎ᠠ ᠶᠢᠨ ᠥᠪᠡᠷ ᠤᠨ ᠠᠵᠢᠯᠴᠢᠨ ᠤ ᠡᠵᠡᠯᠡᠬᠦ ᠬᠠᠷᠢᠴᠠᠯ ᠵᠢᠴᠢ ᠮᠡᠷᠭᠡᠵᠢᠯ ᠤᠨ ᠴᠢᠳᠠᠪᠤᠷᠢ ᠲᠠᠢ ᠠᠵᠢᠯᠴᠢᠨ ᠢ ᠲᠣᠬᠢᠷᠠᠭᠤᠯᠬᠤ ᠳᠤ ᠱᠠᠭᠠᠷᠳᠠᠯᠭ᠎ᠠ ᠳᠤᠷᠠᠳᠬᠤ ᠶᠢ ᠵᠤᠷᠢᠭᠵᠢᠭᠤᠯᠬᠤ ᠶᠢᠨ ᠬᠠᠮᠳᠦ ᠂ ᠥᠪᠡᠷ ᠤᠨ ᠪᠠᠷᠢᠯᠭ᠎ᠠ ᠶᠢᠨ ᠠᠵᠢᠯᠴᠢᠨ ᠤ ᠡᠵᠡᠯᠡᠬᠦ ᠬᠠᠷᠢᠴᠠᠯ ᠨᠢ ᠶᠡᠭᠡ ᠵᠢᠴᠢ ᠮᠡᠷᠭᠡᠵᠢᠯ ᠤᠨ ᠴᠢᠳᠠᠪᠤᠷᠢ ᠲᠠᠢ ᠠᠵᠢᠯᠴᠢᠨ ᠢ ᠲᠣᠬᠢᠷᠠᠭᠤᠯᠤᠭᠰᠠᠨ ᠢᠶᠠᠷ ᠠᠷᠪᠢᠨ᠂ ᠵᠡᠷᠭᠡ ᠳᠡᠰ ᠨᠢ ᠥᠨᠳᠥᠷ ᠳᠠᠭᠠᠭᠠᠴᠢᠯᠠᠯᠲᠠ ᠬᠦᠯᠢᠶᠡᠭᠴᠢ ᠳᠤ ᠵᠣᠬᠢᠰᠲᠠᠶ ᠬᠤᠪᠢ ᠤᠯᠭᠤᠨ᠎ᠠ ᠃    ︵ᠵᠢᠷᠭᠤᠭ᠎ᠠ︶ ᠳᠠᠭᠠᠭᠠᠴᠢᠯᠠᠯᠲᠠ ᠦᠨᠡᠯᠡᠬᠦ ᠮᠡᠳᠡᠭᠦᠯᠦᠯᠲᠡ᠂ ᠳᠠᠭᠠᠭᠠᠴᠢᠯᠠᠯᠲᠠ ᠣᠯᠤᠭᠰᠠᠨ ᠵᠢᠱᠢᠭᠳᠡᠭᠰᠡᠳ ᠤᠨ ᠨᠡᠶᠢᠳᠡᠯᠡᠯ ᠤᠨ ᠪᠣᠳᠠᠲᠠᠶ ᠠᠭᠤᠯᠭ᠎ᠠ ᠳᠤ ᠂ ᠳᠠᠭᠠᠭᠠᠴᠢᠯᠠᠯᠲᠠ ᠣᠯᠤᠭᠰᠠᠨ ᠬᠥᠮᠦᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠲᠤᠭᠳᠠᠭᠠᠯ ᠶᠤᠰᠤᠭᠠᠷ ᠨᠠᠶᠢᠷᠠᠭᠤᠯᠤᠨ ᠵᠤᠬᠢᠶᠠᠭᠰᠠᠨ ᠪᠠᠶᠢᠪᠠᠯ ᠵᠣᠬᠢᠴᠠᠩᠭᠤᠶ ᠬᠤᠪᠢ ᠨᠡᠮᠡᠨ᠎ᠡ᠂ ᠭᠡᠪᠡᠴᠦ ᠬᠡᠷᠡᠭᠵᠢᠭᠦᠯᠬᠦ ᠶᠠᠪᠤᠴᠠ ᠳᠤ ᠭᠡᠷ᠎ᠡ ᠪᠠᠨ ᠭᠦᠢᠴᠡᠳᠬᠡᠭᠰᠡᠨ ᠦᠭᠡᠶ ᠪᠣᠯ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠪᠣᠯᠵᠤᠭ᠎ᠠ ᠠᠴᠠ ᠵᠥᠷᠢᠴᠡᠭᠰᠡᠨ ᠢ ᠰᠢᠢᠳᠭᠡᠨ ᠲᠣᠷᠭᠠᠬᠤ ᠠᠷᠭ᠎ᠠ ᠬᠡᠮᠵᠢᠶ᠎ᠡ ᠵᠢᠴᠢ ᠭᠡᠷ᠎ᠡ ᠪᠠᠨ ᠦᠷᠭᠦᠯᠵᠢᠯᠡᠨ ᠬᠡᠷᠡᠭᠵᠢᠭᠦᠯᠦᠭᠰᠡᠨ ᠡᠰᠡᠬᠦ ᠶᠢ ᠲᠣᠳᠣᠷᠬᠠᠶᠢᠯᠠᠬᠤ ᠶᠢᠨ ᠬᠠᠮᠲᠤ᠂ ᠳᠠᠭᠠᠭᠠᠴᠢᠯᠠᠯᠲᠠ ᠣᠯᠤᠭᠴᠢ ᠪᠠᠷ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠡᠭᠦᠷᠭᠡᠯᠡᠭᠦᠯᠬᠦ ᠶᠢ ᠲᠤᠳᠤᠷᠬᠠᠶᠢᠯᠠᠪᠠ ᠃    ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠭᠡᠷ᠎ᠡ ᠶᠢᠨ ᠵᠦᠢᠯ ᠵᠤᠷᠪᠤᠰ ᠲᠤ᠂ ᠳᠠᠭᠠᠭᠠᠴᠢᠯᠠᠯᠲᠠ ᠬᠦᠯᠢᠶᠡᠭᠴᠢ ᠳᠠᠭᠠᠭᠠᠴᠢᠯᠠᠯᠲᠠ ᠣᠯᠤᠭᠰᠠᠨ ᠤ ᠳᠠᠷᠠᠭ᠎ᠠ ᠬᠠᠮᠢᠶᠠᠷᠤᠯᠲᠠ ᠶᠢᠨ ᠠᠵᠢᠯᠲᠠᠨ ᠢ ᠳᠤᠷ᠎ᠠ ᠪᠠᠷ ᠢᠶᠠᠨ ᠰᠣᠯᠢᠵᠤ ᠪᠣᠯᠬᠤ ᠦᠭᠡᠶ᠂ ᠦᠨᠡᠨᠬᠦ ᠰᠣᠯᠢᠬᠤ ᠴᠢᠬᠤᠯᠠ ᠲᠠᠢ ᠪᠣᠯ ᠬᠠᠮᠢᠶᠠᠷᠤᠯᠲᠠ ᠶᠢᠨ ᠠᠵᠢᠯᠲᠠᠨ ᠤ ᠲᠤᠭ᠎ᠠ ᠬᠡᠮᠵᠢᠶ᠎ᠡ ᠶᠢᠨ 50% ᠠᠴᠠ ᠬᠡᠲᠦᠷᠡᠭᠦᠯᠵᠦ ᠪᠣᠯᠬᠤ ᠦᠭᠡᠶ ᠪᠥᠭᠡᠳ ᠬᠢᠷᠢ ᠬᠡᠮ᠂ ᠠᠵᠢᠯ ᠤᠨ ᠠᠮᠵᠢᠯᠲᠠ ᠪᠦᠲᠦᠮᠵᠢ᠂ ᠢᠲᠡᠭᠡᠯ ᠬᠦᠨᠳᠦ ᠵᠡᠷᠭᠡ ᠲᠠᠯ᠎ᠠ ᠪᠠᠷ ᠬᠤᠪᠢᠷᠠᠬᠤ ᠠᠴᠠ ᠡᠮᠦᠨᠡᠬᠢ ᠬᠠᠮᠢᠶᠠᠷᠤᠯᠲᠠ ᠶᠢᠨ ᠠᠵᠢᠯᠲᠠᠨ ᠯᠤᠭ᠎ᠠ ᠨᠢᠭᠡᠳᠦᠯᠲᠡᠶ ᠪᠠᠶᠢᠯᠭᠠᠬᠤ ᠬᠡᠷᠡᠭᠲᠡᠶ ᠭᠡᠵᠤ ᠴᠢᠬᠤᠯᠠᠴᠢᠯᠠᠵᠠᠢ ︔ ᠡᠭᠦᠨ ᠤ ᠬᠠᠮᠲᠤ᠂ ᠬᠠᠮᠢᠶᠠᠷᠤᠯᠲᠠ ᠶᠢᠨ ᠠᠵᠢᠯᠲᠠᠨ ᠤ ᠠᠵᠢᠯ ᠤᠨ ᠪᠠᠶᠢᠷᠢ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠠᠭ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃    ᠲᠠᠶᠢᠯᠤᠮᠵᠢ ᠬᠢᠭᠴᠢ᠄ ᠮᠠ ᠶᠢᠨ ᠴᠧᠨ᠂ ᠬᠠᠷᠢᠯᠴᠠᠬᠤ ᠠᠷᠭ᠎ᠠ᠄ 0471 - 6944780 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map