ᠥᠪᠥᠷ ᠪᠠᠶᠢᠭᠤᠯᠤᠯᠲᠠ ᠴᠢᠨᠠᠷ ﹇ 2024 ﹈ 131 ᠳ᠋ᠤᠭᠡᠷ ᠲᠣᠭᠠᠲᠤ | | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄ | ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠬᠦᠷᠢᠶᠡᠨ ᠳᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠴᠢᠳᠠᠪᠤᠷᠢᠲᠠᠨ ᠢ ᠬᠥᠬᠢᠭᠦᠯᠦᠨ | ᠰᠠᠶᠢᠰᠢᠶᠠᠵᠤ᠂ ᠠᠵᠢᠯ ᠲᠥᠷᠥᠯ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠥᠭᠵᠢᠭᠡᠨ᠂ ᠮᠠᠨ ᠤ ᠣᠷᠣᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠶᠠᠰᠤ ᠴᠢᠨᠠᠷ ᠪᠠ ᠵᠢᠷᠤᠵᠤ ᠲᠥᠯᠥᠪᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ﹀ ᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠥᠷᠨᠢᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ | ᠪᠠᠶᠢᠭᠤᠯᠤᠯᠲᠠ ᠴᠢᠨᠠᠷ ﹇ 2023﹈ 226 ᠳ᠋ᠤᠭᠠᠷ ᠲᠣᠭᠠᠲᠤ︶ ︵ᠳᠣᠷᠣᠭᠰᠢ ᠮᠡᠳᠡᠭᠳᠡᠯ ᠭᠡᠵᠦ ᠲᠣᠪᠴᠢᠯᠠᠨ᠎ᠠ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ ᠢ ᠰᠢᠯᠭᠠᠷᠠᠭᠤᠯᠬᠤ ᠠᠵᠢᠯ ᠢ | ᠵᠣᠬᠢᠶᠠᠨ ᠪᠠᠶᠢᠭᠤᠯᠤᠨ ᠮᠡᠳᠡᠭᠦᠯᠬᠦ ᠬᠠᠮᠢᠶ᠎ᠠ ᠪᠦᠬᠦᠢ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠭᠤᠶᠤᠴᠢᠯᠠᠨ ᠮᠡᠳᠡᠭᠦᠯᠬᠦ ᠳᠠᠷᠠᠭᠠᠯᠠᠯ | ︵ᠨᠢᠭᠡ︶ ᠲᠠᠨᠢᠯᠴᠠᠭᠤᠯᠬᠤ | ᠮᠡᠳᠡᠭᠦᠯᠦᠭᠴᠢ ᠶᠢ ᠠᠳᠠᠭ ᠲᠤ ᠪᠠᠨ 2 ᠠᠺᠠᠳᠧᠮᠢᠴᠢ ᠪᠤᠶᠤ ᠪᠦᠬᠦ ᠤᠯᠤᠰ ᠤᠨ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ ᠠᠴᠠ | ᠲᠠᠨᠢᠯᠴᠠᠭᠤᠯᠬᠤ ᠬᠡᠷᠡᠭᠲᠡᠶ᠃ ᠪᠠᠲᠤᠯᠠᠨ ᠲᠠᠨᠢᠯᠴᠠᠭᠤᠯᠬᠤ ᠬᠥᠮᠦᠨ ᠪᠦᠷᠢ ᠶᠢᠨ ᠲᠠᠨᠢᠯᠴᠠᠭᠤᠯᠬᠤ ᠬᠥᠮᠦᠨ ᠤ ᠲᠤᠭ᠎ᠠ ᠶᠢ 3 ᠠᠴᠠ ᠬᠡᠲᠦᠷᠡᠭᠦᠯᠵᠦ ᠪᠣᠯᠬᠤ ᠦᠭᠡᠶ᠃ | ︵ᠬᠤᠶᠠᠷ︶ ᠭᠤᠶᠤᠴᠢᠯᠠᠨ ᠮᠡᠳᠡᠭᠦᠯᠬᠦ | 1. ᠲᠠᠨᠢᠯᠴᠠᠭᠤᠯᠬᠤ ᠪᠠᠷ ᠪᠣᠯᠣᠭᠰᠠᠨ ᠮᠡᠳᠡᠭᠦᠯᠦᠭᠴᠢ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠮᠥᠷᠲᠡᠭᠡᠨ ᠪᠠᠶᠢᠭ᠎ᠠ ᠨᠢᠭᠡᠴᠢ ᠪᠠᠷ ᠢᠶᠠᠨ ᠬᠢᠨᠠᠨ | ᠬᠠᠷᠭᠤᠭᠤᠯᠤᠭᠰᠠᠨ ᠤ ᠳᠠᠷᠠᠭ᠎ᠠ᠂ 2024 ᠣᠨ ᠤ 7 ᠳ᠋ᠤᠭᠠᠷ ᠰᠠᠷ᠎ᠠ ᠶᠢᠨ 3 ᠤ ᠡᠳᠦᠷ ᠠᠴᠠ ᠡᠮᠦᠨ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠠᠮᠢᠶ᠎ᠠ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠠᠩᠬ᠎ᠠ ᠠᠯᠬᠤᠮ ᠬᠢᠨᠠᠨ ᠬᠠᠷᠭᠤᠭᠤᠯᠵᠤ᠂ ᠠᠩᠬᠠᠨ ᠤ ᠬᠢᠨᠠᠯᠲᠠ ᠶᠢ ᠰᠦᠯᠵᠢᠶᠡᠨ ᠳᠡᠭᠡᠷ᠎ᠡ ᠨᠡᠶᠢᠲᠡᠯᠡᠬᠦ ᠳᠤ ᠪᠠᠨ10 | ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ | 2. ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠮᠡᠳᠡᠭᠦᠯᠦᠭᠴᠢ 2024 ᠣᠨ ᠤ 8 ᠳ᠋ᠤᠭᠠᠷ ᠰᠠᠷ᠎ᠠ ᠶᠢᠨ 5 ᠤ ᠡᠳᠦᠷ ᠠᠴᠠ ᠡᠮᠦᠨ᠎ᠡ ᠬᠢᠨᠠᠨ ᠲᠣᠭᠲᠠᠭᠠᠬᠤ | ᠰᠢᠰᠲ᠋ᠧᠮ ︵ http᠄ //110.16.72.146᠄ 38100︶ ᠳᠤ ᠨᠡᠪᠲᠡᠷᠡᠵᠦ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠳᠡᠭᠡᠭᠰᠢ ᠳᠠᠮᠵᠢᠭᠤᠯᠤᠨ᠎ᠠ᠃ | ᠠᠩᠬ᠎ᠠ ᠬᠢᠨᠠᠯᠲᠠ ᠶᠢᠨ ᠰᠠᠯᠠᠭ᠎ᠠ ᠮᠥᠴᠢᠷ ᠨᠢ ᠴᠠᠭᠠᠰᠤᠨ ᠮᠠᠲ᠋ᠧᠷᠢᠶᠠᠯ ᠢ ᠬᠤᠷᠢᠶᠠᠩᠭᠤᠶᠢᠯᠠᠨ ᠪᠢᠲᠡᠭᠦᠮᠵᠢᠯᠡᠵᠦ ᠲᠠᠮᠠᠭ᠎ᠠ ᠳᠠᠷᠤᠭᠰᠠᠨ ᠤ ᠳᠠᠷᠠᠭ᠎ᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠯᠭ᠎ᠠ ᠶᠢᠨ ᠶᠠᠰᠤ ᠴᠢᠨᠠᠷ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠢᠯᠡᠭᠡᠨ᠎ᠡ᠃ | ︵ᠭᠤᠷᠪᠠ︶ ᠭᠤᠶᠤᠴᠢᠯᠠᠨ ᠮᠡᠳᠡᠭᠦᠯᠬᠦ ᠮᠠᠲ᠋ᠧᠷᠢᠶᠠᠯ | 1. ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠭᠠᠷᠴᠠᠭ︔ | 2. ᠭᠤᠶᠤᠴᠢᠯᠠᠨ ᠮᠡᠳᠡᠭᠦᠯᠬᠦ ᠬᠦᠰᠦᠨᠦᠭᠲᠦ ︵4 ᠬᠤᠪᠢ︶︔ | 3. ᠪᠠᠲᠤᠯᠠᠨ ᠲᠠᠨᠢᠯᠴᠠᠭᠤᠯᠬᠤ ᠪᠢᠴᠢᠭ︔ | 4. ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ᠃ ᠳᠤᠤᠷᠠᠬᠢ ᠡᠯ᠎ᠡ ᠵᠦᠢᠯ ᠤᠨ ᠪᠠᠭᠤᠯᠭᠠᠪᠤᠷᠢ ᠪᠠᠷ ᠮᠡᠳᠡᠭᠦᠯᠬᠦ ᠲᠤᠯᠭᠤᠷ ᠮᠠᠲ᠋ᠧᠷᠢᠶᠠᠯ ᠢ ᠬᠠᠩᠭᠠᠵᠤ᠂ ᠪᠣᠶ | ᠪᠥᠬᠦᠶ ᠪᠢᠴᠢᠭ ᠮᠠᠲ᠋ᠧᠷᠢᠶᠠᠯ ᠢ ᠲᠣᠳᠣᠷᠬᠠᠶ ᠤᠩᠰᠢᠵᠤ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠲᠠᠨᠢᠯᠴᠠᠭᠤᠯᠤᠭᠴᠢ ᠶᠢᠨ ᠬᠢᠷᠢ ᠬᠡᠮ ᠤᠨ ᠭᠡᠷᠡᠴᠢᠯᠡᠭᠡ᠄ ᠲᠠᠨᠢᠯᠴᠠᠭᠤᠯᠤᠭᠴᠢ ᠶᠢᠨ ᠪᠡᠶ᠎ᠡ ᠶᠢᠨ ᠭᠡᠷᠡᠴᠢ ᠵᠢᠴᠢ ᠲᠤᠰᠬᠠᠶ ᠮᠡᠷᠭᠡᠵᠢᠯ ᠤᠨ ᠬᠢᠷᠢ ᠬᠡᠮ ᠤᠨ ᠦᠨᠡᠮᠯᠡᠯ᠃ | | ᠮᠡᠳᠡᠭᠦᠯᠦᠭᠴᠢ ᠶᠢᠨ ᠬᠢᠷᠢ ᠬᠡᠮ ᠤᠨ ᠭᠡᠷᠡᠴᠢ᠄ ᠭᠤᠶᠤᠴᠢᠯᠠᠨ ᠮᠡᠳᠡᠭᠦᠯᠦᠭᠴᠢ ᠶᠢᠨ ᠰᠤᠷᠤᠯᠭ᠎ᠠ ᠶᠢᠨ ᠨᠠᠮᠲᠠᠷ ᠤᠨ ᠦᠨᠡᠮᠯᠡᠯ᠂ ᠲᠤᠰᠬᠠᠶ ᠮᠡᠷᠭᠡᠵᠢᠯ ᠤᠨ | ᠮᠡᠷᠭᠡᠵᠢᠯ ᠤᠨ ᠴᠣᠯᠠ ᠶᠢᠨ ᠭᠡᠷᠡᠴᠢ᠂ ᠠᠵᠢᠯ ᠡᠷᠭᠢᠯᠡᠬᠦ ᠳᠠᠩᠰᠠᠯᠠᠯ ᠤᠨ ᠬᠢᠷᠢ ᠬᠡᠮ ᠤᠨ ᠦᠨᠡᠮᠯᠡᠯ | ᠪᠠᠷᠢᠯᠭ᠎ᠠ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠦᠵᠡᠭᠦᠯᠭᠡ᠄ ᠲᠥᠯᠥᠭᠡᠯᠡᠬᠦ ᠴᠢᠨᠠᠷᠲᠠᠢ ᠪᠠᠷᠢᠯᠭ᠎ᠠ ᠶᠢᠨ ᠮᠡᠷᠭᠡᠵᠢᠯ ᠤᠨ ᠲᠦᠷᠦᠯ | ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠵᠢᠩᠬᠢᠨᠢ ᠬᠢᠨᠠᠨ | ᠲᠣᠭᠲᠠᠭᠠᠭᠰᠠᠨ ᠮᠡᠳᠡᠭᠦᠯᠦᠯᠲᠡ ᠵᠢᠴᠢ ᠬᠢᠨᠠᠨ ᠲᠣᠭᠲᠠᠭᠠᠭᠰᠠᠨ ᠦᠨᠡᠮᠯᠡᠯ ᠵᠢᠴᠢ ᠡᠳᠡᠭᠡᠷ ᠲᠦᠷᠦᠯ ᠵᠦᠢᠯ ᠪᠤᠶᠤ ᠦᠷ᠎ᠡ ᠪᠦᠲᠦᠭᠡᠯ ᠤᠨ ᠳᠣᠲᠣᠷ᠎ᠠ ᠭᠤᠶᠤᠴᠢᠯᠠᠨ | ᠮᠡᠳᠡᠭᠦᠯᠦᠭᠴᠢ ᠵᠠᠩᠭᠢᠯᠠᠭ᠎ᠠ ᠶᠢᠨ ᠳᠦᠷᠢ ᠶᠢᠨ ᠭᠡᠷᠡᠴᠢᠯᠡᠬᠦ ᠮᠠᠲ᠋ᠧᠷᠢᠶᠠᠯ ᠢ ᠡᠭᠦᠷᠭᠡᠯᠡᠵᠦ᠂ ᠵᠢᠱᠢᠶᠡᠯᠡᠪᠡᠯ ᠭᠠᠷ ᠤᠨ ᠦᠰᠦᠭ ᠵᠢᠷᠤᠬᠤ ᠬᠠᠭᠤᠳᠠᠰᠤ ᠵᠡᠷᠭᠡ ᠪᠣᠯᠤᠨ᠎ᠠ᠃ | ᠢᠷᠠᠭᠤ ᠠᠯᠳᠠᠷ ᠬᠢᠭᠡᠳ ᠱᠠᠩᠨᠠᠯ᠄ ᠣᠯᠤᠭᠰᠠᠨ ᠴᠢᠬᠤᠯᠠ ᠱᠠᠩᠨᠠᠯ ᠤᠨ ᠵᠦᠢᠯ ᠤᠨ ᠱᠠᠩᠨᠠᠯ ᠣᠯᠤᠭᠰᠠᠨ ᠦᠨᠡᠮᠯᠡᠯ᠃ | ᠡᠷᠳᠡᠮ ᠰᠢᠨᠵᠢᠯᠡᠭᠡᠨ ᠬᠢᠭᠡᠳ ᠮᠡᠷᠭᠡᠵᠢᠯ ᠤᠨ ᠬᠤᠪᠢ ᠨᠡᠮᠡᠷᠢ᠄ ᠬᠤᠯᠪᠣᠭᠳᠠᠬᠤ ᠡᠷᠳᠡᠮ ᠰᠢᠨᠵᠢᠯᠡᠭᠡᠨ ᠤ ᠬᠡᠪᠯᠡᠭᠳᠡᠬᠦᠨ ︵ᠵᠢᠱᠢᠶᠡᠯᠡᠪᠡᠯ ᠲᠤᠰᠬᠠᠢ ᠵᠣᠬᠢᠶᠠᠯ᠂ ᠥᠭᠦᠯᠡᠯ︶ | ᠂ ᠲᠣᠭᠲᠠᠭᠠᠬᠤ ᠳᠤ ᠣᠷᠣᠯᠴᠠᠭᠰᠠᠨ ᠪᠠᠷᠢᠮᠵᠢᠶ᠎ᠠ᠂ ᠪᠠᠷᠢᠮᠵᠢᠶ᠎ᠠ ᠶᠢ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ᠂ ᠨᠢᠭᠡᠨᠲᠡ ᠡᠷᠬᠡ ᠣᠯᠭᠤᠭᠰᠠᠨ ᠲᠤᠰᠬᠠᠢ | ᠠᠰᠢᠭ ᠤᠨ ᠦᠨᠡᠮᠯᠡᠯ᠂ ᠲᠤᠰᠬᠠᠢ ᠮᠡᠷᠭᠡᠵᠢᠯ ᠤᠨ ᠭᠡᠷᠡᠴᠢ ᠵᠡᠷᠭᠡ᠃ | ᠲᠤᠰᠢᠶᠠᠭᠰᠠᠨ ᠭᠡᠷᠡᠴᠢᠯᠡᠬᠦ ᠮᠠᠲ᠋ᠧᠷᠢᠶᠠᠯ ᠨᠢ ᠦᠨᠡᠨ ᠪᠣᠳᠠᠲᠠᠶ ᠪᠥᠭᠡᠳ ᠬᠦᠴᠦᠨ ᠲᠠᠢ ᠪᠠᠶᠢᠬᠤ ᠶᠢ ᠪᠠᠲᠤᠯᠠᠵᠤ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ | ᠭᠤᠶᠤᠴᠢᠯᠠᠨ ᠮᠡᠳᠡᠭᠦᠯᠦᠭᠴᠢ ᠶᠢᠨ ᠬᠢᠷᠢ ᠬᠡᠮ ᠪᠠ ᠠᠮᠵᠢᠯᠲᠠ ᠪᠦᠲᠦᠮᠵᠢ ᠶᠢ ᠣᠨᠣᠪᠴᠢᠲᠠᠶ ᠦᠨᠡᠯᠡᠨ ᠵᠢᠱᠢᠵᠦ ᠳᠡᠶᠢᠯᠬᠦ ᠶᠢ ᠪᠠᠲᠤᠯᠠᠬᠤ ᠬᠡᠷᠡᠭᠲᠡᠶ᠃ | ᠬᠤᠶᠠᠷ᠂ ᠰᠢᠯᠭᠠᠷᠠᠭᠤᠯᠤᠯᠲᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠨᠢ ᠨᠠᠷᠠᠲᠤ | ᠠᠺᠠᠳᠧᠮᠢᠴᠢ ᠪᠤᠶᠤ ᠤᠯᠤᠰ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ᠂ ᠨᠡᠷ᠎ᠡ ᠲᠥᠷᠥ ᠲᠠᠢ | ᠲᠤᠰᠬᠠᠶ ᠮᠡᠷᠭᠡᠵᠢᠯᠲᠡᠨ᠂ ᠬᠤᠯᠪᠣᠭᠳᠠᠯ ᠪᠥᠬᠦᠶ ᠬᠥᠮᠦᠰ ᠢ ᠰᠣᠩᠭᠤᠨ ᠠᠩᠬᠠᠨ ᠤ ᠰᠢᠯᠭᠠᠷᠠᠭᠤᠯᠤᠯᠲᠠ ᠪᠠ ᠶᠡᠷᠦᠩᠬᠡᠶᠢᠯᠡᠭᠰᠡᠨ ᠰᠢᠯᠭᠠᠷᠠᠭᠤᠯᠬᠤ ᠠᠵᠢᠯ ᠢ ᠥᠷᠨᠢᠭᠦᠯᠵᠦ | ᠂ ᠨᠡᠷ᠎ᠡ ᠳᠤᠷᠠᠳᠬᠤ ᠨᠡᠷᠡᠰ ᠢ ᠰᠣᠩᠭᠤᠨ ᠭᠠᠷᠭᠠᠨ᠎ᠠ᠃ | ᠭᠤᠷᠪᠠ᠂ ᠨᠡᠶᠢᠲᠡᠯᠡᠯ ᠬᠢᠭᠡᠳ ᠮᠡᠳᠡᠭᠳᠡᠯ | ᠨᠡᠷ᠎ᠡ ᠲᠣᠷᠠᠳᠬᠤ ᠨᠡᠷᠡᠰ ᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ | ᠠᠯᠪᠠᠨ ᠰᠦᠯᠵᠢᠶ᠎ᠡ ᠪᠠ ᠬᠠᠮᠢᠶ᠎ᠠ ᠪᠦᠬᠦᠢ ᠵᠠᠭᠤᠴᠢᠯᠠᠭᠤᠷ ᠲᠤ 10 ᠠᠵᠢᠯᠯᠠᠬᠤ ᠡᠳᠦᠷ ᠨᠡᠶᠢᠲᠡᠯᠡᠵᠦ᠂ ᠨᠡᠶᠢᠲᠡᠯᠡᠯ ᠳᠤ ᠣᠨᠳᠣᠣ ᠰᠠᠨᠠᠯ ᠦᠭᠡᠢ ᠪᠣᠯ ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ | ᠡᠴᠦᠰ ᠤᠨ ᠨᠡᠷᠡᠰ ᠢ ᠨᠡᠶᠢᠲᠡᠯᠡᠨ᠎ᠡ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠮᠡᠳᠡᠭᠦᠯᠦᠭᠴᠢ ︽ᠮᠡᠳᠡᠭᠳᠡᠯ︾ ᠤᠨ ᠮᠡᠳᠡᠭᠦᠯᠬᠦ ᠨᠥᠬᠦᠴᠡᠯ ᠤᠨ ᠱᠠᠭᠠᠷᠳᠠᠯᠭ᠎ᠠ ᠶᠣᠰᠣᠭᠠᠷ ᠮᠡᠳᠡᠭᠦᠯᠬᠦ ᠬᠡᠷᠡᠭᠲᠡᠶ᠃ | ︵ᠬᠤᠶᠠᠷ︶ ᠶᠠᠮᠠᠷᠪᠠ ᠬᠡᠯᠪᠡᠷᠢ ᠶᠢᠨ ᠲᠤᠰᠠᠯᠠᠨ ᠰᠣᠩᠭᠤᠬᠤ᠂ ᠪᠢᠯᠧᠲ ᠲᠠᠲᠠᠬᠤ ᠦᠢᠯᠡ ᠠᠵᠢᠯᠯᠠᠭ᠎ᠠ ᠶᠢ ᠬᠤᠷᠢᠭᠯᠠᠵᠤ᠂ ᠣᠯᠵᠤ ᠮᠡᠳᠡᠪᠡᠯ᠂ | ᠰᠢᠯᠭᠠᠷᠠᠭᠤᠯᠤᠯᠲᠠ ᠳᠤ ᠣᠷᠣᠯᠴᠠᠬᠤ ᠬᠢᠷᠢ ᠭᠡᠮ ᠢ ᠬᠦᠴᠦᠨ ᠦᠭᠡᠶ ᠪᠣᠯᠭᠠᠨ᠎ᠠ᠃ | ︵ᠭᠤᠷᠪᠠ︶ ᠰᠢᠯᠭᠠᠷᠠᠭᠤᠯᠤᠨ ᠰᠣᠩᠭᠤᠬᠤ ᠶᠠᠪᠤᠴᠠ ᠳᠤ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠵᠢᠷᠤᠮᠯᠠᠨ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠣᠯᠤᠨ ᠨᠢᠭᠡᠴᠢ ᠨᠢ ᠰᠢᠯᠭᠠᠷᠠᠭᠤᠯᠤᠯᠲᠠ ᠳᠤ ᠣᠷᠣᠯᠴᠠᠭᠰᠠᠨ ᠬᠥᠮᠦᠨ ᠨᠢᠭᠡᠪᠦᠷᠢ ᠳᠤ ᠪᠤᠰᠤᠳᠴᠢ ᠪᠠᠷ᠂ ᠲᠥᠪ ᠭᠤᠤᠯᠴᠢ ᠪᠠᠷ ᠬᠠᠨᠳᠤᠵᠤ᠂ ᠶᠠᠮᠠᠷ ᠴᠤ | ᠭᠠᠳᠠᠭᠤᠷᠴᠢᠯᠠᠯ ᠪᠤᠶᠤ ᠥᠮᠥᠭᠯᠡᠯ ᠪᠠᠶᠢᠵᠤ ᠪᠣᠯᠬᠤ ᠦᠭᠡᠶ᠃ | ︵ᠲᠦᠷᠪᠡ︶ ᠰᠢᠯᠭᠠᠷᠠᠭᠤᠯᠤᠨ ᠰᠣᠩᠭᠤᠬᠤ ᠶᠠᠪᠤᠴᠠ ᠳᠤ᠂ ᠰᠢᠯᠭᠠᠷᠠᠭᠤᠯᠤᠨ ᠰᠣᠩᠭᠤᠬᠤ ᠺᠣᠮᠢᠰ ᠤᠨ ᠭᠡᠰᠢᠭᠦᠨ ᠰᠢᠯᠭᠠᠷᠠᠭᠤᠯᠤᠨ ᠰᠣᠩᠭᠤᠭᠰᠠᠨ ᠦᠷ᠎ᠡ | ᠳ᠋ᠦᠩ ᠵᠡᠷᠭᠡ ᠠᠭᠤᠯᠭ᠎ᠠ ᠶᠢ ᠴᠢᠩᠭ᠎ᠠ ᠨᠢᠭᠤᠴᠠᠯᠠᠵᠤ᠂ ᠶᠠᠮᠠᠷᠪᠠ ᠬᠠᠮᠢᠶ᠎ᠠ ᠪᠦᠬᠦᠢ ᠬᠥᠮᠦᠰ ᠲᠤ ᠵᠠᠳᠠᠷᠠᠭᠤᠯᠵᠤ ᠪᠣᠯᠬᠤ ᠦᠭᠡᠶ᠃ | ᠬᠠᠷᠢᠯᠴᠠᠬᠤ ᠬᠦᠮᠦᠨ᠄ ᠯᠢ ᠵᠢᠩ ᠪᠥᠸᠧ | ᠬᠠᠷᠢᠯᠴᠠᠬᠤ ᠤᠲᠠᠰᠤ᠄ 0471 - 69394 69᠂ 6945765 | ᠢᠮᠧᠯ᠄ nmgzac@163.com | | ᠳᠠᠭᠠᠯᠳᠤᠭᠤᠯᠤᠯ᠄ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ ᠤ ᠭᠤᠶᠤᠴᠢᠯᠠᠨ | ᠮᠡᠳᠡᠭᠦᠯᠬᠦ ᠮᠠᠲ᠋ᠧᠷᠢᠶᠠᠯ ᠤᠨ ᠭᠠᠷᠴᠠᠭ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ ᠤ ᠭᠤᠶᠤᠴᠢᠯᠠᠨ | ᠮᠡᠳᠡᠭᠦᠯᠬᠦ ᠬᠦᠰᠦᠨᠦᠭᠲᠦ | 3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ ᠤ ᠲᠠᠨᠢᠯᠴᠠᠭᠤᠯᠬᠤ | ᠪᠢᠴᠢᠭ | 2024 ᠣᠨ ᠤ 6 ᠳ᠋ᠤᠭᠠᠷ ᠰᠠᠷ᠎ᠠ ᠶᠢᠨ 17 ᠤ ᠡᠳᠦᠷ | | | | | | |