ᠰᠢ ᠶᠢᠨ ᠫᠢᠩ ᠱᠠᠨᠰᠢ ᠶᠢᠨ ᠱᠠᠩ ᠯᠥᠸᠧ ᠬᠤᠳᠠ ᠶᠢᠨ ᠵᠠ ᠱᠦᠢ ᠰᠢᠶᠠᠨ ᠤ ᠬᠢᠯᠢ ᠳᠠᠬᠢ ᠨᠢᠭᠡᠨ ᠲᠦᠷᠭᠡᠨ ᠤ ᠵᠠᠰᠠᠮᠠᠯ ᠵᠠᠮ ᠤᠨ ᠬᠥᠭᠦᠷᠭᠡ ᠨᠤᠷᠠᠭᠰᠠᠨ ᠳᠤ ᠴᠢᠬᠤᠯᠠ ᠵᠢᠭᠠᠪᠤᠷᠢ ᠥᠭᠴᠦ ᠱᠠᠭᠠᠷᠳᠠᠭᠰᠠᠨ ᠨᠢ ᠪᠦᠭᠦ ᠬᠦᠴᠦ ᠪᠠᠷ ᠢᠶᠠᠨ ᠠᠶᠤᠯ ᠭᠠᠮᠰᠢᠭ ᠠᠴᠠ ᠠᠪᠤᠷᠠᠨ ᠲᠤᠰᠠᠯᠠᠵᠤ ᠲᠣᠭᠤᠷᠢᠨ ᠪᠠᠶᠢᠴᠠᠭᠠᠵᠤ ᠠᠶᠤᠯ ᠲᠦᠭᠰᠢᠭᠦᠷᠢ ᠶᠢ ᠠᠷᠢᠯᠭᠠᠬᠤ ᠪᠠᠨ ᠴᠢᠩᠭᠠᠳᠬᠠᠵᠤ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ  ᠯᠢ ᠴᠢᠶᠠᠩ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2024/7/22
    ︵ ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 20 ᠤ ᠴᠠᠭᠢᠯᠭᠠᠨ ᠮᠡᠳᠡᠭᠡ ︶ 7 ᠰᠠᠷ᠎ᠠ ᠶᠢᠨ 19 ᠤ ᠡᠳᠦᠷ ᠤᠨ 20 ᠴᠠᠭ 40 ᠮᠢᠨᠦ᠋ᠲ ᠤᠨ ᠦᠶ᠎ᠡ ᠪᠠᠷ ᠂ ᠱᠠᠨᠰᠢ ᠶᠢᠨ ᠱᠠᠩ ᠯᠥᠸᠧ ᠬᠤᠲᠠ ᠶᠢᠨ ᠵᠠ ᠱᠦᠢ ᠰᠢᠶᠠᠨ ᠤ ᠬᠢᠯᠢ ᠳᠠᠬᠢ ᠨᠢᠭᠡᠨ ᠲᠦᠷᠭᠡᠨ ᠤ ᠵᠠᠰᠠᠮᠠᠯ ᠵᠠᠮ ᠤᠨ ᠬᠥᠭᠦᠷᠭᠡ ᠠᠭᠤᠯᠠᠨ ᠦᠶᠡᠷ ᠠᠴᠠ ᠪᠣᠯᠵᠤ ᠨᠤᠷᠠᠵᠤ ᠂ ᠲᠡᠷᠭᠡ ᠬᠥᠰᠬᠡ ᠭᠤᠣᠯ ᠳᠤ ᠤᠨᠠᠭᠰᠠᠨ ᠪᠠᠶᠢᠨ᠎ᠠ ᠃ 20 ᠤ ᠡᠳᠦᠷ ᠤᠨ 10 ᠴᠠᠭ ᠪᠤᠯᠲᠠᠯ᠎ᠠ ᠂ ᠭᠠᠮᠰᠢᠭ ᠠᠴᠠ ᠪᠣᠯᠵᠤ 11 ᠬᠥᠮᠥᠨ ᠠᠳᠡᠵᠦ ᠂ 30 ᠭᠠᠷᠤᠢ ᠬᠥᠮᠥᠨ ᠰᠤᠷᠠᠭ ᠲᠠᠰᠤᠷᠠᠵᠠᠶ ᠃    ᠭᠠᠮᠰᠢᠭ ᠡᠭᠦᠰᠦᠭᠰᠡᠨ ᠤ ᠳᠠᠷᠠᠭ᠎ᠠ ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠥᠭᠴᠦ ᠂ ᠱᠠᠨᠰᠢ ᠶᠢᠨ ᠱᠠᠩ ᠯᠥᠸᠧ ᠬᠤᠳᠠ ᠶᠢᠨ ᠵᠠ ᠱᠦᠢ ᠰᠢᠶᠠᠨ ᠤ ᠬᠢᠯᠢ ᠳᠠᠬᠢ ᠨᠢᠭᠡᠨ ᠲᠦᠷᠭᠡᠨ ᠤ ᠵᠠᠰᠠᠮᠠᠯ ᠵᠠᠮ ᠤᠨ ᠬᠥᠭᠦᠷᠭᠡ ᠠᠭᠤᠯᠠᠨ ᠦᠶᠡᠷ ᠠᠴᠠ ᠪᠣᠯᠵᠤ ᠨᠤᠷᠠᠵᠤ ᠤᠯᠠᠨ ᠬᠥᠮᠥᠨ ᠰᠤᠷᠠᠭ ᠲᠠᠰᠤᠷᠠᠵᠠᠢ ᠂ ᠣᠳᠣᠬᠠᠨ ᠤ ᠲᠤᠯᠭᠠᠮ ᠡᠭᠦᠷᠭᠡ ᠪᠣᠯ ᠪᠦᠭᠦ ᠬᠦᠴᠦ ᠪᠠᠷ ᠢᠶᠠᠨ ᠠᠶᠤᠯ ᠭᠠᠮᠰᠢᠭ ᠠᠴᠠ ᠠᠪᠤᠷᠠᠨ ᠲᠤᠰᠠᠯᠠᠵᠤ ᠂ ᠠᠷᠭ᠎ᠠ ᠪᠦᠭᠦᠨ ᠢ ᠰᠦᠪᠡᠭᠴᠢᠯᠡᠨ ᠰᠤᠷᠠᠭ ᠲᠠᠰᠤᠷᠠᠬᠰᠠᠨ ᠬᠥᠮᠥᠰ ᠢ ᠡᠷᠢᠨ ᠠᠪᠤᠷᠠᠵᠤ ᠂ ᠬᠥᠮᠥᠨ ᠬᠠᠷ᠎ᠠ ᠠᠳᠡᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠬᠠᠮᠲᠤ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠬᠤᠶᠢᠲᠤᠬᠢ ᠶᠠᠪᠤᠳᠠᠯ ᠢ ᠲᠣᠬᠢᠲᠠᠢ ᠰᠠᠶᠢᠨ ᠰᠢᠢᠳᠪᠦᠷᠢᠯᠡᠬᠦ ᠬᠡᠷᠡᠭᠲᠡᠢ ᠃ ᠰᠢᠨᠵᠢᠯᠡᠬᠦ ᠤᠬᠠᠭᠠᠨᠴᠢ ᠪᠠᠷ ᠠᠪᠤᠷᠠᠯᠳᠠ ᠬᠢᠬᠦ ᠶᠢ ᠠᠩᠬᠠᠷᠴᠤ ᠂ ᠡᠷᠭᠢᠨ ᠲᠣᠭᠤᠷᠢᠨ ᠤ ᠠᠮᠤᠷ ᠲᠦᠪᠰᠢᠨ ᠤ ᠭᠡᠮ ᠰᠣᠭᠤᠭ ᠢ ᠨᠠᠷᠢᠨ ᠪᠠᠶᠢᠴᠠᠭᠠᠵᠤ ᠂ ᠡᠭᠦᠰᠦᠮᠡᠯ ᠭᠠᠢ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ ᠃ ᠰᠢ ᠶᠢᠨ ᠫᠢᠩ ᠂ ᠣᠳᠣᠬᠠᠨ ᠳᠤ ᠶᠠᠭ ︽ ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠤᠶ ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠᠨ ᠴᠢᠩᠭᠠᠳᠬᠠᠵᠤ ᠂ ᠲᠣᠭᠤᠷᠢᠨ ᠪᠠᠶᠢᠴᠠᠭᠠᠵᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ ᠂ ᠰᠤᠷᠠᠭ ᠲᠠᠰᠤᠷᠠᠬᠰᠠᠨ ᠬᠥᠮᠥᠰ ᠢ ᠪᠦᠭᠦ ᠬᠦᠴᠦᠨ ᠢᠶᠠᠷ ᠡᠷᠢᠵᠦ ᠠᠪᠤᠷᠠᠨ ᠂ ᠰᠢᠯᠲᠠᠭᠠᠨ ᠢ ᠨᠢ ᠲᠦᠷᠭᠡᠯᠡᠨ ᠪᠠᠶᠢᠴᠠᠭᠠᠨ ᠲᠣᠳᠣᠷᠬᠠᠶᠢᠯᠠᠵᠤ ᠂ ᠬᠤᠶᠢᠲᠤᠬᠢ ᠶᠠᠪᠤᠳᠠᠯ ᠢ ᠲᠣᠬᠢᠲᠠᠢ ᠰᠠᠶᠢᠨ ᠰᠢᠢᠳᠪᠦᠷᠢᠯᠡᠬᠦ ᠬᠡᠷᠡᠭᠲᠡᠢ ᠪᠥᠭᠡᠳ ᠠᠶᠤᠯᠲᠠᠢ ᠪᠠᠶᠢᠳᠠᠯ ᠢ ᠱᠠᠯᠠᠪᠳᠠᠨ ᠪᠠᠶᠢᠴᠠᠭᠠᠨ ᠰᠢᠢᠳᠪᠦᠷᠢᠯᠡᠵᠦ ᠂ ᠡᠭᠦᠰᠦᠮᠡᠯ ᠭᠠᠢ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠢ ᠃ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠤ ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠂ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠂ ᠭᠠᠮᠰᠢᠭ ᠤᠨ ᠠᠳᠡᠯ ᠵᠡᠷᠭᠡ ᠶᠢᠨ ᠰᠡᠷᠭᠡᠶᠢᠯᠡᠯᠲᠡ ᠶᠢ ᠰᠠᠶᠢᠲᠤᠷ ᠬᠢᠬᠦ ᠬᠡᠷᠡᠭᠲᠡᠢ ᠭᠡᠵᠡᠢ ᠃    ᠰᠢ ᠶᠢᠨ ᠫᠢᠩ ᠤᠨ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠣᠰᠣᠭᠠᠷ ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠵᠢᠭᠠᠨ ᠵᠢᠯᠣᠭᠤᠳᠪᠠ ᠃ ᠱᠠᠨᠰᠢ ᠮᠤᠵᠢ ᠂ ᠱᠠᠩ ᠯᠥᠸᠧ ᠬᠤᠲᠠ ᠨᠢᠭᠡᠨᠲᠡ ᠬᠦᠴᠦᠨ ᠢᠶᠠᠨ ᠵᠣᠬᠢᠶᠠᠨ ᠪᠠᠶᠢᠭᠤᠯᠵᠤ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠥᠷᠨᠢᠭᠦᠯᠪᠡ ᠃ ᠣᠳᠣᠬᠠᠨ ᠳᠤ ᠲᠤᠬᠠᠢ ᠶᠢᠨ ᠲᠠᠯᠠᠪᠠᠶ ᠳᠤ ᠠᠪᠤᠷᠠᠨ ᠲᠤᠰᠠᠯᠠᠬᠤ ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠶᠠᠭ ᠶᠠᠪᠤᠭᠳᠠᠵᠤ ᠪᠠᠶᠢᠨ᠎ᠠ ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map