ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠪᠠᠷᠢᠯᠭ᠎ᠠ ᠶᠢᠨ ᠬᠦᠨᠳᠦ ᠶᠢ ᠡᠷᠭᠦᠬᠦ ᠮᠠᠰᠢᠨ ᠬᠡᠷᠡᠭᠯᠡᠬᠦ ᠡᠯᠧᠺᠲᠷᠣᠨ ᠦᠨᠡᠮᠯᠡᠯ ᠤᠨ ᠰᠢᠰᠲ᠋ᠧᠮ ᠢ ᠡᠬᠢᠯᠡᠨ ᠬᠡᠷᠡᠭᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/24
    ᠡᠯᠧᠺᠲᠷᠣᠨ ᠦᠨᠡᠮᠯᠡᠯ ᠤᠨ ᠬᠡᠷᠡᠭᠯᠡᠭᠡᠨ ᠤ ᠬᠦᠷᠢᠶ᠎ᠡ ᠶᠢ ᠥᠷᠭᠡᠳᠬᠡᠬᠦ ᠶᠢ ᠲᠦᠷᠭᠡᠳᠬᠡᠨ ᠠᠬᠢᠭᠤᠯᠬᠤ ᠪᠠ ᠪᠥᠬᠦ ᠤᠯᠤᠰ ᠤᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠪᠠᠷᠢᠯᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠠᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ 7 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠪᠠᠷᠢᠯᠭ᠎ᠠ ᠶᠢᠨ ᠬᠦᠨᠳᠦ ᠶᠢ ᠡᠷᠭᠦᠬᠦ ᠮᠠᠰᠢᠨ ᠬᠡᠷᠡᠭᠯᠡᠬᠦ ᠡᠯᠧᠺᠲᠷᠣᠨ ᠦᠨᠡᠮᠯᠡᠯ ᠤᠨ ᠰᠢᠰᠲ᠋ᠧᠮ ᠢ ᠡᠬᠢᠯᠡᠨ ᠬᠡᠷᠡᠭᠯᠡᠬᠦ ᠬᠤᠷᠠᠯ ᠬᠤᠷᠠᠯᠳᠤᠭᠤᠯᠪᠠ᠃ ᠲᠢᠩᠬᠢᠮ ᠤᠨ ᠶᠡᠷᠦᠩᠬᠡᠶ ᠢᠨᠵᠧᠨᠧᠷ ᠯᠢᠦ ᠸᠧᠨ ᠢᠦᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
W020240722334936590728.png
    ᠬᠤᠷᠠᠯ ᠠᠴᠠ᠂ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠡᠯᠧᠺᠲᠷᠣᠨ ᠦᠨᠡᠮᠯᠡᠯ ᠤᠨ ᠲᠦᠷᠢᠮ ᠢ ᠬᠡᠷᠡᠭᠵᠢᠭᠦᠯᠬᠦ ᠪᠣᠯ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠂ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠵᠠᠭᠪᠤᠷ ᠢᠶᠠᠨ ᠬᠤᠪᠢᠷᠠᠭᠤᠯᠬᠤ ᠶᠢ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠦᠴᠦᠲᠡᠶ ᠠᠷᠭ᠎ᠠ ᠬᠡᠮᠵᠢᠶ᠎ᠡ ᠮᠥᠨ ᠭᠡᠳᠡᠭ ᠢ ᠭᠦᠢᠴᠡᠳ ᠲᠠᠨᠢᠬᠤ ᠬᠡᠷᠡᠭᠲᠡᠶ᠃ ᠪᠠᠷᠢᠯᠭ᠎ᠠ ᠶᠢᠨ ᠬᠦᠨᠳᠦ ᠶᠢ ᠡᠷᠭᠦᠬᠦ ᠮᠠᠰᠢᠨ ᠬᠡᠷᠡᠭᠯᠡᠬᠦ ᠡᠯᠧᠺᠲᠷᠣᠨ ᠦᠨᠡᠮᠯᠡᠯ ᠤᠨ ᠰᠢᠰᠲ᠋ᠧᠮ ᠢ ᠡᠬᠢᠯᠡᠨ ᠬᠡᠷᠡᠭᠯᠡᠵᠦ᠂ ᠬᠠᠷᠢᠶ᠎ᠠ ᠣᠷᠣᠨ ᠤ ᠳᠣᠲᠣᠷᠠᠬᠢ ᠪᠠᠷᠢᠯᠭ᠎ᠠ ᠶᠢᠨ ᠬᠦᠨᠳᠦ ᠶᠢ ᠡᠷᠭᠦᠬᠦ ᠲᠥᠬᠦᠭᠡᠷᠦᠮᠵᠢ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ᠂ ᠪᠦᠷᠢᠨ ᠪᠦᠳᠦᠨ ᠴᠤᠭᠯᠠᠭᠤᠯᠵᠤ᠂ ᠲᠤᠭ᠎ᠠ ᠪᠠᠷᠢᠮᠲᠠ ᠶᠢ ᠬᠠᠷᠢᠯᠴᠠᠨ ᠬᠤᠯᠪᠣᠭᠠᠯᠠᠵᠤ ᠬᠠᠮᠲᠤ ᠪᠠᠷ ᠡᠳ᠋ᠯᠡᠬᠦ᠂ ᠣᠷᠣᠨ ᠪᠦᠰᠡ ᠠᠯᠤᠰᠯᠠᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠶᠢ ᠪᠡᠶᠡᠯᠡᠭᠦᠯᠬᠦ ᠬᠡᠷᠡᠭᠳᠡᠢ ᠭᠡᠵᠤ ᠵᠢᠭᠠᠨ ᠭᠠᠷᠭᠠᠪᠠ᠃    ᠬᠤᠷᠠᠯ ᠠᠴᠠ᠂ ︽ᠬᠡᠨ ᠦᠢᠯᠡᠳᠴᠦ ᠲᠠᠷᠬᠠᠭᠠᠪᠠᠯ ᠬᠡᠨ ᠬᠠᠷᠭᠤᠭᠤᠯᠤᠨ ᠬᠢᠨᠠᠬᠤ︾ ᠵᠠᠷᠴᠢᠮ ᠶᠣᠰᠣᠭᠠᠷ᠂ ᠪᠠᠷᠢᠯᠭ᠎ᠠ ᠶᠢᠨ ᠬᠦᠨᠳᠦ ᠶᠢ ᠡᠷᠭᠦᠬᠦ ᠮᠠᠰᠢᠨ ᠬᠡᠷᠡᠭᠯᠡᠬᠦ ᠶᠢ ᠳᠠᠩᠰᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ᠂ ᠣᠶᠤᠨᠴᠢ ᠬᠢᠨᠠᠨ ᠬᠠᠮᠢᠶᠠᠷᠤᠯᠳᠠ ᠶᠢᠨ ᠰᠢᠰᠲ᠋ᠧᠮ ᠤᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠱᠠᠭᠠᠷᠳᠠᠯᠭ᠎ᠠ ᠵᠢᠴᠢ ᠰᠢᠰᠲ᠋ᠧᠮ ᠤᠨ ᠰᠠᠨᠠᠭᠤᠯᠤᠮᠵᠢ ᠶᠢ ᠦᠨᠳᠦᠰᠦᠯᠡᠨ᠂ ᠠᠵᠤ ᠠᠬᠤᠶᠢᠯᠠᠯ᠂ ᠲᠦᠷᠦᠯ ᠵᠦᠢᠯ ᠤᠨ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠶᠢ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ᠂ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠪᠣᠭᠤᠮᠲᠠ ᠶᠢ ᠴᠢᠩᠭ᠎ᠠ ᠰᠠᠬᠢᠵᠤ᠂ ᠦᠢᠯᠡᠴᠢᠯᠡᠭᠡ ᠶᠢ ᠭᠦᠢᠴᠡᠳᠬᠡᠬᠦ ᠦᠢᠯᠡᠳᠦᠯ ᠴᠢᠳᠠᠪᠤᠷᠢ ᠪᠣᠯᠤᠨ ᠪᠠᠷᠢᠯᠭ᠎ᠠ ᠶᠢᠨ ᠬᠦᠨᠳᠦ ᠶᠢ ᠡᠷᠭᠦᠬᠦ ᠮᠠᠰᠢᠨ ᠬᠡᠷᠡᠭᠯᠡᠬᠦ ᠡᠯᠧᠺᠲᠷᠣᠨ ᠦᠨᠡᠮᠯᠡᠯ ᠢ ᠨᠢᠭᠡ ᠯᠡ ᠤᠳᠠᠭ᠎ᠠ ᠳᠤ  ᠤᠯᠭᠤᠬᠤ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠠᠷᠢᠶᠠᠲᠤ ᠣᠷᠣᠨ ᠤ ᠳᠣᠲᠣᠷᠠᠬᠢ ᠡᠯᠧᠺᠲᠷᠣᠨ ᠦᠨᠡᠮᠯᠡᠯ ᠢ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠬᠢᠵᠦ ᠂ ᠪᠠᠷᠢᠯᠭ᠎ᠠ ᠶᠢᠨ ᠬᠦᠨᠳᠦ ᠶᠢ ᠡᠷᠭᠦᠬᠦ ᠮᠠᠰᠢᠨ ᠬᠡᠷᠡᠭᠯᠡᠬᠦ ᠶᠢ ᠳᠠᠩᠰᠠᠯᠠᠬᠤ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠬᠦ ᠥᠬᠡᠶ ᠪᠠᠷ ᠪᠠᠷᠢᠯᠭ᠎ᠠ ᠶᠢᠨ ᠬᠦᠨᠳᠦ ᠶᠢ ᠡᠷᠭᠦᠬᠦ ᠮᠠᠰᠢᠨ ᠬᠡᠷᠡᠭᠯᠡᠬᠦ ᠶᠢ ᠳᠠᠩᠰᠠᠯᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠰᠢᠮᠳᠠᠭᠤᠯᠤᠨ ᠵᠢᠯᠤᠭᠤᠳᠤᠯᠭ᠎ᠠ ᠪᠠᠨ ᠴᠢᠩᠭᠠᠳᠬᠠᠬᠤ ᠶᠢᠨ ᠬᠠᠮᠲᠤ ᠵᠠᠯᠠᠷᠠᠭᠤᠯᠵᠤ᠂ ᠬᠡᠷᠡᠭᠯᠡᠬᠦ ᠶᠢ ᠲᠠᠩᠰᠠᠯᠠᠬᠤ ᠴᠢᠬᠤᠯᠠᠳᠠᠢ ᠪᠠᠷᠢᠯᠭ᠎ᠠ ᠶᠢᠨ ᠬᠦᠨᠳᠦ ᠶᠢ ᠡᠷᠭᠦᠬᠦ ᠮᠠᠰᠢᠨ ᠪᠦᠬᠦᠨ ᠳᠤ ᠪᠥᠬᠦ ᠤᠯᠤᠰ ᠤᠨ ᠨᠢᠭᠡᠳᠦᠯᠲᠡᠶ ᠡᠯᠧᠺᠲᠷᠣᠨ ᠦᠨᠡᠮᠯᠡᠯ ᠤᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠪᠣᠯᠤᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃ 
ᠢᠷᠡᠯᠲᠡ᠄ ᠲᠢᠩᠬᠢᠮ ᠤᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ
Baidu
map