﹇2024 ﹈79 ᠳ᠋ᠤᠭᠠᠷ ᠲᠣᠭᠠᠲᠤ | | ᠪᠠᠷᠢᠯᠭ᠎ᠠ ᠶᠢᠨ ᠠᠵᠢᠯᠴᠢᠨ ᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠭᠤᠶᠤᠴᠢᠯᠠᠯ ᠢ | ᠦᠨᠳᠦᠰᠦᠯᠡᠨ᠂ ᠰᠢᠯᠭᠠᠯᠲᠠ ᠪᠠᠷ ᠳᠠᠮᠵᠢᠨ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠢᠯ | ᠡᠷᠭᠢᠯᠡᠭᠰᠡᠳ ᠤᠨ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ︵V2.0︶ ︵ᠳᠣᠷᠣᠭᠰᠢ ᠦᠨᠡᠨ | ᠨᠡᠷ᠎ᠡ ᠶᠢᠨ ᠳᠦᠷᠢᠮ ᠤᠨ ᠲᠠᠪᠴᠠᠩ ᠭᠡᠵᠦ ᠲᠣᠪᠴᠢᠯᠠᠨ᠎ᠠ︶ ᠲᠠᠢ ᠵᠣᠯᠭᠠᠭᠤᠯᠤᠨ ᠬᠡᠮᠵᠢᠨ ᠰᠢᠯᠭᠠᠭᠠᠳ ᠠᠮᠵᠢᠯᠲᠠ ᠣᠯᠤᠭᠰᠠᠨ ᠠᠵᠢᠯ ᠳᠤ ᠭᠠᠷᠬᠤ | ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠬᠤᠳᠠᠯᠳᠤᠭᠠᠴᠢᠨ ᠤ ᠨᠡᠷᠡᠰ ᠢ ᠨᠡᠶᠢᠲᠡᠯᠡᠶ᠎ᠡ ︵ᠪᠣᠳᠠᠲᠠᠶ ᠨᠡᠷᠡᠰ ᠢ ᠳᠠᠭᠠᠯᠳᠤᠭᠤᠯᠤᠯ ᠳᠤ ᠦᠵᠡ︶᠃ | ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠲᠤᠰ ᠠᠯᠪᠠᠨ ᠵᠠᠷ ᠲᠤ ᠨᠡᠶᠢᠲᠡᠯᠡᠭᠰᠡᠨ ᠠᠵᠢᠯ ᠳᠤ ᠭᠠᠷᠤᠭᠰᠠᠨ ᠲᠡᠮᠳᠡᠭ ᠢᠶᠠᠨ ᠲᠡᠮᠳᠡᠭᠯᠡᠬᠦ ᠲᠥᠬᠦᠭᠡᠷᠦᠮᠵᠢ | ᠦᠢᠯᠡᠳᠪᠦᠷᠢᠯᠡᠬᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠬᠡᠯᠪᠡᠷᠢ ᠮᠠᠶ᠋ᠢᠭ ᠪᠦᠬᠦᠢ ᠠᠵᠢᠯ ᠳᠤ ᠭᠠᠷᠬᠤ ᠶᠢ | ᠰᠢᠯᠭᠠᠬᠤ ᠲᠥᠬᠦᠭᠡᠷᠦᠮᠵᠢ ᠶᠢ ᠡᠵᠡᠨ ᠮᠡᠳᠡᠨ ᠬᠤᠳᠠᠯᠳᠤᠨ ᠠᠪᠴᠤ ᠬᠡᠷᠡᠭᠯᠡᠵᠦ ᠪᠣᠯᠤᠨ᠎ᠠ᠃ | ᠮᠠᠨ ᠤ ᠲᠢᠩᠬᠢᠮ ᠨᠢ ᠠᠵᠢᠯ ᠳᠤ ᠭᠠᠷᠬᠤ ᠶᠢ ᠰᠢᠯᠭᠠᠬᠤ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠬᠤᠳᠠᠯᠳᠤᠭᠠᠴᠢᠨ ᠤ ᠭᠤᠶᠤᠴᠢᠯᠠᠯ | ᠵᠢᠴᠢ ᠦᠨᠡᠨ ᠨᠡᠷ᠎ᠡ ᠶᠢᠨ ᠳᠦᠷᠢᠮ ᠤᠨ ᠲᠠᠪᠴᠠᠩ ᠤᠨ ᠰᠢᠯᠭᠠᠯᠲᠠ ᠶᠢᠨ ᠪᠠᠶᠢᠳᠠᠯ ᠢ ᠦᠨᠳᠦᠰᠦᠯᠡᠨ᠂ ᠠᠵᠢᠯ ᠳᠤ ᠭᠠᠷᠬᠤ ᠶᠢ ᠰᠢᠯᠭᠠᠬᠤ ᠲᠣᠨᠤᠭ | ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠶᠢᠨ ᠨᠡᠷᠡᠰ ᠢ ᠴᠠᠭ ᠲᠤᠬᠠᠶ ᠳᠤ ᠨᠢ ᠨᠡᠶᠢᠲᠡᠯᠡᠨ᠎ᠡ᠃ | ᠮᠠᠨ ᠤ ᠣᠷᠣᠨ ᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ | ᠬᠡᠷᠡᠭᠯᠡᠬᠦ ᠠᠵᠢᠯ ᠳᠤ ᠭᠠᠷᠬᠤ ᠶᠢ ᠰᠢᠯᠭᠠᠬᠤ ᠲᠥᠬᠦᠭᠡᠷᠦᠮᠵᠢ ᠶᠢ ᠡᠷᠬᠡᠪᠰᠢ ᠦᠨᠡᠨ ᠨᠡᠷ᠎ᠡ ᠶᠢᠨ ᠳᠦᠷᠢᠮ ᠤᠨ ᠲᠠᠪᠴᠠᠩ ᠳᠡᠭᠡᠷ᠎ᠡ V2.0 ᠦᠨᠡᠨ ᠪᠣᠳᠠᠲᠠᠶ᠂ | ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤᠨᠢ ᠳᠠᠮᠵᠢᠭᠤᠯᠤᠨ ᠲᠤᠭ᠎ᠠ ᠪᠠᠷᠢᠮᠲᠠ ᠳᠤ ᠣᠷᠣᠭᠤᠯᠬᠤ ᠬᠡᠷᠡᠭᠲᠡᠶ᠃ | ᠤᠨᠴᠠᠭᠠᠶᠢᠯᠠᠨ ᠵᠠᠷᠯᠠᠨ ᠨᠡᠶᠢᠲᠡᠯᠡᠪᠡ | | | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠢᠯ ᠡᠷᠭᠢᠯᠡᠭᠰᠡᠳ ᠤᠨ ᠦᠨᠡᠨ ᠨᠡᠷ᠎ᠡ ᠶᠢᠨ | ᠳᠦᠷᠢᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ︵V2.0︶ ᠲᠠᠢ ᠵᠤᠯᠭᠠᠵᠤ ᠰᠢᠯᠭᠠᠯᠲᠠ ᠪᠠᠷ ᠠᠮᠵᠢᠯᠲᠠ ᠣᠯᠤᠭᠰᠠᠨ | ᠠᠵᠢᠯ ᠳᠤ ᠭᠠᠷᠬᠤ ᠪᠡᠯᠡᠳᠬᠡᠯ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠶᠢᠨ ᠨᠡᠷᠡᠰ ︵ᠨᠠᠢᠮᠠᠳᠤᠭᠠᠷ ᠪᠦᠯᠦᠭ︶ | | 2024 ᠣᠨ ᠤ 6 ᠳ᠋ᠤᠭᠠᠷ ᠰᠠᠷ᠎ᠠ ᠶᠢᠨ 27 ᠤ ᠡᠳᠦᠷ | | | |