ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠤ᠄ | 33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠂ ᠮᠠᠨ ᠤ ᠤᠯᠤᠰ ᠤᠨ ᠲᠠᠮᠢᠷᠴᠢᠳ ᠰᠢᠷᠭᠠᠭᠤ | ᠬᠠᠲᠠᠭᠤᠵᠢᠯᠲᠠᠢ ᠲᠡᠮᠡᠴᠡᠵᠦ ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠴᠢᠷᠮᠠᠶᠢᠵᠤ ᠂ ᠡᠭᠦᠷᠭᠡ ᠬᠠᠷᠢᠭᠤᠴᠠᠯᠭ᠎ᠠ ᠪᠠᠨ ᠥᠯᠥ ᠬᠥᠰᠡᠷᠳᠡᠭᠦᠯᠵᠦ ᠂ 40 ᠠᠯᠲᠠᠨ | ᠮᠧᠳᠠᠯ ᠂ 27 ᠮᠥᠩᠭᠦᠨ ᠮᠧᠳᠠᠯ ᠂ 24 ᠬᠦᠷᠡᠯ ᠮᠧᠳᠠᠯ ᠣᠯᠵᠤ ᠂ ᠲᠠᠮᠢᠷ ᠤᠨ ᠬᠥᠳᠡᠯᠭᠡᠭᠡᠨ ᠤ ᠬᠢᠷᠢ ᠪᠦᠲᠦᠮᠵᠢ ᠪᠠ ᠣᠶᠤᠨ ᠤ ᠪᠣᠯᠪᠠᠰᠤᠨ ᠤ ᠬᠤᠣᠰ ᠡᠯᠪᠡᠭ | ᠬᠤᠷᠢᠶᠠᠯᠲᠠ ᠶᠢ ᠪᠡᠶᠡᠯᠡᠭᠦᠯᠵᠦ ᠂ ᠡᠬᠡ ᠤᠯᠤᠰ ᠪᠠ ᠠᠷᠠᠳ ᠲᠦᠮᠡᠨ ᠳᠡᠭᠡᠨ ᠢᠷᠠᠭᠤ ᠠᠯᠳᠠᠷ ᠠᠪᠴᠢᠷᠠᠭᠰᠠᠨ ᠪᠠᠶᠢᠨ᠎ᠠ ᠃ ᠨᠠᠮ ᠤᠨ ᠲᠥᠪ ᠬᠤᠷᠢᠶ᠎ᠠ ᠪᠣᠯᠣᠨ | ᠳᠦᠷᠦ ᠶᠢᠨ ᠶᠠᠪᠤᠳᠠᠯ ᠤᠨ ᠬᠤᠷᠢᠶ᠎ᠠ ᠲᠠ ᠨᠠᠷ ᠲᠤ ᠬᠠᠯᠠᠭᠤᠨ ᠪᠠᠶᠠᠷ ᠬᠦᠷᠭᠡᠬᠦ ᠶᠢᠨ ᠬᠠᠮᠲᠤ ᠳᠣᠲᠣᠨᠣ ᠪᠠᠷ ᠲᠣᠬᠤᠨᠢᠭᠤᠯᠵᠤ ᠪᠠᠶᠢᠨ᠎ᠠ ︕ | ᠲᠤᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠳᠤ ᠂ ᠲᠠ ᠨᠠᠷ ᠢᠮᠠᠭᠲᠠ ᠨᠠᠮ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠵᠦ ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠣᠯᠢᠮᠫᠢᠺ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠂ ᠶᠣᠰᠣ ᠰᠤᠷᠲᠠᠬᠤᠨ ᠤ | ᠠᠯᠲᠠᠨ ᠮᠧᠳᠠᠯ ᠂ ᠬᠡᠪ ᠨᠠᠮᠪᠠ ᠶᠢᠨ ᠠᠯᠲᠠᠨ ᠮᠧᠳᠠᠯ ᠂ ᠴᠡᠪᠡᠷ ᠠᠷᠢᠭᠤᠨ ᠤ ᠠᠯᠲᠠᠨ ᠮᠧᠳᠠᠯ ᠣᠯᠬᠤ ᠶᠢ ᠪᠠᠷᠢᠮᠲᠠᠯᠠᠵᠤ ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ ᠂ | ᠡᠷᠡᠰ ᠬᠠᠲᠠᠭᠤ ᠬᠡᠪ ᠰᠤᠷᠲᠠᠯ ᠂ ᠬᠡᠲᠦᠶᠢᠳᠦᠭᠰᠡᠨ ᠤᠷ᠎ᠠ ᠴᠢᠳᠠᠪᠤᠷᠢ ᠪᠠᠷ ᠢᠶᠠᠨ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠵᠢᠪᠬᠤᠭ᠎ᠠ ᠲᠡᠭᠦᠯᠳᠡᠷ ᠡᠷᠡᠯᠬᠡᠭᠯᠡᠨ | ᠤᠷᠤᠭᠰᠢᠯᠠᠬᠤ ᠴᠣ ᠰᠢᠨ᠎ᠡ ᠬᠠᠭᠤᠳᠠᠰᠤ ᠶᠢ ᠪᠢᠴᠢᠭᠯᠡᠵᠦ ᠂ ᠪᠡᠶ᠎ᠡ ᠶᠢᠨ ᠲᠠᠮᠢᠷ ᠤᠨ ᠹᠷᠣᠨᠲ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠂ ᠡᠷᠡᠯᠬᠡᠭᠯᠡᠨ | ᠤᠷᠤᠭᠰᠢᠯᠠᠬᠤ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠪᠡ ᠃ ᠲᠠ ᠨᠠᠷ ︽ ᠨᠡᠩ ᠲᠦᠷᠭᠡᠨ ᠂ ᠨᠡᠩ ᠥᠨᠳᠥᠷ ᠂ ᠨᠡᠩ ᠬᠦᠴᠦᠷᠬᠡᠭ — ᠨᠡᠩ | ᠪᠦᠯᠬᠦᠮᠳᠡᠯ ᠲᠠᠢ ︾ ᠣᠯᠢᠮᠫᠢᠺ ᠤᠨ ᠰᠡᠴᠡᠯᠡᠯ ᠢ ᠢᠳᠡᠪᠬᠢᠲᠡᠢ ᠦᠢᠯᠡᠳᠦᠯᠭᠡᠵᠢᠭᠦᠯᠵᠦ ᠂ ᠳᠡᠯᠡᠬᠡᠢ ᠶᠢᠨ ᠡᠯ᠎ᠡ ᠤᠯᠤᠰ ᠡᠯ᠎ᠡ ᠭᠠᠵᠠᠷ ᠣᠷᠣᠨ ᠤ ᠲᠠᠮᠢᠷᠴᠢᠳ ᠲᠠᠢ ᠡᠷᠬᠡ | ᠲᠡᠭᠰᠢ ᠪᠠᠷ ᠥᠷᠢᠰᠦᠯᠳᠦᠵᠦ ᠂ ᠨᠥᠭᠦᠷᠰᠡᠭ ᠢᠶᠠᠷ ᠰᠣᠯᠢᠯᠴᠠᠵᠤ ᠂ ᠤᠷ᠎ᠠ ᠴᠢᠳᠠᠪᠤᠷᠢ ᠪᠠᠨ ᠨᠡᠮᠡᠭᠳᠡᠭᠦᠯᠵᠦ ᠂ ᠨᠥᠬᠦᠷᠯᠡᠯ ᠢᠶᠠᠨ ᠵᠤᠵᠠᠭᠠᠳᠬᠠᠵᠤ ᠂ ᠳᠡᠯᠡᠬᠡᠢ ᠳ᠋ᠠᠬᠢᠨ ᠳᠤ | ᠳᠤᠮᠳᠠᠳᠤ ᠤᠯᠤᠰ ᠤᠨ ᠬᠦᠴᠦᠨ ᠴᠢᠳᠠᠯ ᠪᠣᠯᠣᠨ ᠳᠤᠮᠳᠠᠳᠤ ᠤᠯᠤᠰ ᠤᠨ ᠳᠦᠷᠢ ᠲᠥᠷᠬᠦ ᠶᠢ ᠭᠠᠶᠢᠬᠠᠭᠤᠯᠵᠤ ᠂ ᠳᠤᠮᠳᠠᠳᠤ ᠤᠯᠤᠰ ᠤᠨ ᠲᠠᠭᠤᠨ ᠪᠣᠯᠣᠨ ᠳᠤᠮᠳᠠᠳᠤ | ᠤᠯᠤᠰ ᠤᠨ ᠵᠣᠷᠢᠭ ᠰᠠᠨᠠᠭ᠎ᠠ ᠶᠢ ᠤᠯᠠᠮᠵᠢᠯᠠᠪᠠ ᠃ ᠲᠠ ᠨᠠᠷ ᠤᠨ ᠣᠯᠣᠭᠰᠠᠨ ᠰᠢᠯᠢᠳᠡᠭ ᠬᠢᠷᠢ ᠪᠦᠲᠦᠮᠵᠢ ᠪᠠ ᠭᠠᠷᠮᠠᠭᠠᠢ ᠢᠯᠡᠷᠡᠯ ᠤᠯᠤᠰ ᠤᠨ ᠳᠣᠲᠣᠭᠠᠳᠤ | ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠡᠬᠡ ᠣᠷᠣᠨᠴᠢ ᠬᠠᠯᠠᠭᠤᠨ ᠰᠡᠳᠬᠢᠯᠭᠡ ᠶᠢ ᠤᠯᠠᠮ ᠬᠥᠭᠵᠢᠭᠡᠵᠦ ᠂ ᠦᠨᠳᠦᠰᠦᠲᠡᠨ ᠤ ᠵᠣᠷᠢᠭ ᠰᠠᠨᠠᠭ᠎ᠠ ᠶᠢ | ᠤᠯᠠᠮ ᠬᠥᠭᠵᠢᠭᠡᠨ ᠂ ᠡᠷᠡᠯᠬᠡᠭᠯᠡᠨ ᠤᠷᠤᠭᠰᠢᠯᠠᠬᠤ ᠬᠦᠴᠦᠨ ᠢ ᠤᠯᠠᠮ ᠨᠢᠭᠲᠠᠷᠠᠭᠤᠯᠤᠭᠰᠠᠨ ᠶᠤᠮ ᠃ | ᠲᠠ ᠨᠠᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ | ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠬᠠᠷᠠᠯᠲᠠ ᠶᠢ ᠣᠨᠢᠯᠠᠵᠤ ᠂ ᠤᠯᠤᠰ ᠣᠷᠣᠨ ᠳᠠᠭᠠᠨ ᠢᠷᠠᠭᠤ ᠠᠯᠳᠠᠷ ᠣᠯᠭᠤᠬᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ | ᠥᠷᠢᠰᠦᠯᠳᠦᠭᠡᠨᠲᠦ ᠪᠡᠶ᠎ᠡ ᠶᠢᠨ ᠲᠠᠮᠢᠷ ᠤᠨ ᠰᠢᠨ᠎ᠡ ᠨᠣᠶᠠᠨ ᠤᠷᠭᠢᠯ ᠳᠤ ᠲᠠᠰᠤᠷᠠᠯᠳᠠ ᠦᠭᠡᠢ ᠠᠪᠠᠷᠢᠵᠤ ᠂ ᠤᠯᠠᠨ ᠲᠦᠮᠡᠨᠴᠢ ᠪᠡᠶ᠎ᠡ ᠶᠢᠨ ᠲᠠᠮᠢᠷ ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠥᠷᠨᠢᠭᠦᠨ ᠬᠥᠭᠵᠢᠯᠲᠡ ᠶᠢ ᠲᠠᠶᠢᠴᠢᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠭᠦ ᠶᠢ ᠬᠦᠰᠡᠵᠦ ᠪᠠᠶᠢᠨ᠎ᠠ ᠃ ᠡᠬᠡ ᠤᠯᠤᠰ ᠪᠣᠯᠣᠨ ᠠᠷᠠᠳ ᠲᠦᠮᠡᠨ ᠴᠢᠨᠢ ᠲᠠ ᠨᠠᠷ ᠤᠨ ᠢᠯᠠᠯᠲᠠ ᠲᠠᠢ ᠪᠠᠷ ᠪᠤᠴᠠᠵᠤ ᠢᠷᠡᠬᠦ ᠶᠢ ᠬᠦᠰᠡᠨ ᠬᠦᠯᠢᠶᠡᠵᠦ | ᠪᠠᠶᠢᠨ᠎ᠠ ︕ | | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶ᠎ᠠ | 2024 ᠣᠨ ᠤ 8 ᠰᠠᠷ᠎ᠠ ᠶᠢᠨ 11 ᠤ ᠡᠳᠦᠷ | | |