︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠮᠢᠶ᠎ᠠ ᠪᠥᠬᠦᠶ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ | ᠮᠠᠨ ᠤ ᠲᠢᠩᠬᠢᠮ ᠠᠴᠠ 2024 ᠣᠨ ᠤ ᠬᠤᠷᠢ ᠶᠢᠰᠦᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢ ᠬᠢᠨᠠᠨ ᠪᠠᠶᠢᠴᠠᠭᠠᠵᠤ᠂ ᠣᠳᠣ 2 ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ᠂ 5 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ | 4 ᠬᠢᠨᠠᠨ ᠬᠠᠮᠢᠶᠠᠷᠬᠤ ᠠᠵᠤ ᠠᠬᠤᠶᠢᠯᠠᠯ᠂ 5 ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ᠂ 42 ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ ᠤ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠤᠨ ᠨᠡᠷᠡᠰ ᠢ ᠨᠡᠶᠢᠲᠡᠯᠡᠪᠡ ︵ | ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ 2024 ᠣᠨ ᠤ 8 ᠳ᠋ᠤᠭᠠᠷ ᠰᠠᠷ᠎ᠠ ᠶᠢᠨ 8 ᠤ ᠡᠳᠦᠷ ᠤᠨ 17 ᠴᠠᠭ 30 ᠮᠢᠨᠦ᠋ᠲ | ᠲᠤᠯᠲᠠᠯ᠎ᠠ ᠨᠡᠶᠢᠲᠡᠯᠡᠵᠦ᠂ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠳᠡᠭᠡᠨ ᠲᠣᠳᠣᠷᠬᠠᠶᠢᠯᠠᠬᠤ ᠪᠠᠷ ᠳᠤᠷᠠᠳᠴᠤ | ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠳᠤ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ | ᠰᠠᠨᠠᠯ ᠢ ᠪᠠᠶᠢᠴᠠᠭᠠᠨ ᠦᠵᠡᠵᠦ ᠪᠣᠯᠤᠨ᠎ᠠ᠃ | ᠶᠠᠮᠠᠷᠪᠠ ᠬᠠᠮᠢᠶ᠎ᠠ ᠪᠥᠬᠦᠶ ᠨᠢᠭᠡᠴᠢ ᠵᠢᠴᠢ ᠬᠤᠪᠢ ᠬᠥᠮᠦᠨ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ ᠰᠠᠨᠠᠯ ᠲᠠᠢ | ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠴᠢᠬᠤᠯᠠᠲᠠᠶ | ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠪᠣᠳᠠᠲᠠᠶ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ | ᠰᠢᠤᠳᠠᠨ ᠤ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠰᠢᠦᠳᠠᠨ ᠢᠶᠠᠷ ᠢᠯᠡᠭᠡᠬᠦ ᠪᠠᠷ ᠮᠠᠲ᠋ᠧᠷᠢᠶᠠᠯ ᠢ ᠮᠡᠳᠡᠭᠦᠯᠦᠨ ᠬᠦᠷᠭᠡᠭᠰᠡᠨ ᠠᠵᠤ ᠠᠬᠤᠶᠢᠯᠠᠯ ᠪᠤᠶᠤ ᠬᠤᠪᠢ ᠬᠥᠮᠦᠨ | ᠡᠷᠬᠡᠪᠰᠢ ᠬᠠᠷᠢᠯᠴᠠᠬᠤ ᠬᠡᠯᠪᠡᠷᠢ ᠪᠠᠨ ᠦᠯᠡᠳᠡᠭᠡᠵᠦ᠂ ᠬᠡᠷᠡᠭᠴᠡᠭᠡ ᠳᠤ ᠪᠡᠯᠡᠳᠬᠡᠬᠦ ᠬᠡᠷᠡᠭᠲᠡᠶ᠃ | ᠬᠠᠷᠢᠯᠴᠠᠬᠤ ᠤᠲᠠᠰᠤ᠄ 0471-6944058᠂ 0471-6944062 | ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ | 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠳᠠᠪᠬᠤᠷᠯᠢᠭ ᠤᠨ ᠶᠡᠷᠦᠩᠬᠡᠶᠢᠯᠡᠭᠰᠡᠨ | ᠴᠣᠩᠬᠤ | ᠳᠠᠭᠠᠯᠳᠤᠭᠤᠯᠤᠯ᠄ | 1. ᠬᠤᠷᠢᠨ ᠨᠠᠢᠮᠠᠳᠤᠭᠠᠷ ᠪᠦᠯᠦᠭ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ | 2. ᠬᠤᠷᠢᠨ ᠨᠠᠢᠮᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ | 3. ᠬᠤᠷᠢᠨ ᠨᠠᠢᠮᠠᠳᠤᠭᠠᠷ ᠪᠦᠯᠦᠭ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ | 4. ᠬᠤᠷᠢᠨ ᠨᠠᠢᠮᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ | ᠪᠠᠶᠢᠴᠠᠭᠠᠭᠰᠠᠨ ᠰᠠᠨᠠᠯ | 5. ᠬᠤᠷᠢᠨ ᠨᠠᠢᠮᠠᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ | ᠬᠢᠨᠠᠨ ᠪᠠᠶᠢᠴᠠᠭᠠᠭᠰᠠᠨ ᠰᠠᠨᠠᠯ | 2024 ᠣᠨ ᠤ 8 ᠳ᠋ᠤᠭᠠᠷ ᠰᠠᠷ᠎ᠠ ᠶᠢᠨ 2 ᠤ ᠡᠳᠦᠷ | | | |