70 ᠵᠢᠯ ᠤᠨ ᠲᠤᠷᠰᠢ ᠥᠪᠥᠷ ᠮᠣᠩᠭᠤᠯ ᠤᠨ ᠨᠡᠶᠢᠭᠡᠮ ᠤᠨ ᠪᠠᠲᠤᠯᠠᠭ᠎ᠠ ᠠᠷᠠᠳ ᠲᠦᠮᠡᠨ ᠳᠤ ᠲᠣᠭᠲᠠᠭᠤᠨ ᠠᠵᠠ ᠵᠢᠷᠭᠠᠯ ᠢ ᠠᠪᠴᠢᠷᠠᠵᠤ ᠥᠭᠴᠡᠢ
ᠨᠡᠶᠢᠲᠡᠯᠡᠭᠰᠡᠨ ᠴᠠᠭ᠄
2019/9/20
     9 ᠳ᠋ᠦ᠋ᠭᠡᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ  ᠶᠢ ᠪᠡᠯᠭᠡᠯᠡᠬᠦ ᠥᠪᠥᠷ ᠮᠣᠩᠭᠤᠯ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ 70 ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠳᠤ ᠨᠡᠶᠢᠭᠡᠮ ᠤᠨ ᠪᠠᠲᠤᠯᠠᠭ᠎ᠠ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠪᠠᠭ᠎ᠠ ᠪᠠᠶᠢᠭᠰᠠᠨ ᠠᠴᠠ ᠪᠠᠨ ᠶᠡᠭᠡ  ᠪᠣᠯᠣᠭᠰᠠᠨ᠂ ᠠᠵᠤ ᠠᠬᠤᠶᠢᠯᠠᠯ ᠪᠠᠶᠢᠭᠤᠯᠭ᠎ᠠ ᠨᠢᠭᠡᠴᠢ ᠶᠢᠨ ᠪᠠᠲᠤᠯᠠᠭ᠎ᠠ ᠠᠴᠠ ᠪᠦᠬᠦ ᠨᠡᠶᠢᠭᠡᠮ ᠪᠦᠬᠦ ᠠᠷᠠᠳ ᠤᠨ ᠪᠠᠲᠤᠯᠠᠭ᠎ᠠ  ᠲᠠᠢ ᠪᠣᠯᠣᠭᠰᠠᠨ᠂ ᠠᠵᠤ ᠠᠬᠤᠶᠢᠯᠠᠯ ᠤᠨ ᠳᠠᠩ ᠭᠠᠭᠴᠠ ᠬᠠᠷᠢᠭᠤᠴᠠᠯᠭ᠎ᠠ ᠲᠠᠢ ᠪᠠᠶᠢᠭᠰᠠᠨ ᠠᠴᠠ ᠤᠯᠤᠰ᠂ ᠠᠵᠤ ᠠᠬᠤᠶᠢᠯᠠᠯ ᠪᠠᠶᠢᠭᠤᠯᠭ᠎ᠠ ᠨᠢᠭᠡᠴᠢ ᠪᠣᠯᠤᠨ ᠬᠤᠪᠢ ᠬᠥᠮᠦᠨ ᠭᠤᠷᠪᠠᠨ ᠲᠠᠯ᠎ᠠ ᠶᠢᠨ ᠬᠠᠮᠲᠤ ᠶᠢᠨ ᠬᠠᠷᠢᠭᠤᠴᠠᠯᠭ᠎ᠠ ᠲᠠᠢ ᠪᠣᠯᠣᠭᠰᠠᠨ᠂ ᠬᠤᠲᠠ ᠪᠠᠯᠭᠠᠰᠤ ᠠᠴᠠ ᠮᠠᠯᠵᠢᠬᠤ ᠲᠠᠷᠢᠶᠠᠯᠠᠬᠤ ᠣᠷᠣᠨ ᠬᠦᠷᠲᠡᠯ᠎ᠡ ᠥᠷᠭᠡᠵᠢᠭᠰᠡᠨ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠢ ᠪᠦᠷᠬᠦᠭᠰᠡᠨ ᠴᠢᠬᠤᠯᠠ ᠶᠡᠭᠡ ᠬᠤᠪᠢᠷᠠᠯᠲᠠ ᠲᠠᠢ ᠪᠣᠯᠵᠤ᠂ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠬᠠᠷᠠᠭᠠᠯᠵᠠᠯ ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠨ᠂ ᠬᠠᠮᠢᠶᠠᠷᠤᠯᠲᠠ ᠪᠠ ᠦᠶᠯᠡᠴᠢᠯᠡᠭᠡᠨ ᠤ ᠴᠢᠳᠠᠪᠤᠷᠢ ᠲᠠᠰᠤᠷᠠᠯᠲᠠ ᠦᠭᠡᠢ ᠴᠢᠩᠭᠠᠷᠠᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠡᠷᠬᠡ ᠲᠡᠭᠰᠢ ᠲᠥᠪ ᠭᠤᠤᠯᠴᠢ ᠶᠢ ᠬᠠᠮᠠᠭᠠᠯᠠᠬᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠶᠯᠡᠳᠦᠯ ᠦᠵᠡᠭᠦᠯᠪᠡ᠃      ᠣᠯᠠᠨ ᠵᠢᠯ ᠤᠨ ᠲᠤᠷᠰᠢ᠂ ᠮᠠᠨ ᠤ ᠣᠷᠣᠨ ᠨᠡᠶᠢᠭᠡᠮ ᠤᠨ ᠳᠠᠭᠠᠳᠬᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠠᠷ ᠳᠠᠮᠵᠢᠭᠤᠯᠤᠨ᠂ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ 2019 ᠣᠨ ᠤ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠵᠤ ᠠᠬᠤᠶᠢᠯᠠᠯ  ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 606.3 ᠲᠦᠮᠡ ᠳᠤ ᠬᠦᠷᠴᠦ᠂ 1986 ᠣᠨ ᠳᠤ ᠳᠦᠷᠢᠮ ᠢ ᠠᠩᠬ᠎ᠠ ᠪᠠᠶᠢᠭᠤᠯᠤᠭᠰᠠᠨ ᠦᠶ᠎ᠡ ᠶᠢᠨ 2.6 ᠲᠦᠮᠡᠨ ᠬᠥᠮᠦᠨ ᠤ 233.2 ᠳᠠᠬᠢᠨ ᠪᠣᠯᠪᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 755.2 ᠲᠦᠮᠡ ᠪᠣᠯᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ 98.4% ᠳᠤ ᠬᠦᠷᠴᠦ᠂ 2012 ᠣᠨ ᠳᠤ ᠳᠦᠷᠢᠮ ᠢ ᠪᠦᠷᠢᠨ ᠪᠦᠷᠬᠦᠭᠦᠯᠦᠭᠰᠡᠨ ᠠᠩᠬᠠᠨ ᠤ ᠦᠶ᠎ᠡ ᠶᠢᠨ ᠬᠢ ᠠᠴᠠ 5.6 ᠵᠠᠭᠤᠨ ᠤ ᠴᠡᠭ ᠳᠡᠭᠡᠭᠰᠢᠯᠡᠪᠡ︔ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 22811 ᠡᠷᠦᠬᠡ᠂ 139.8 ᠲᠦᠮᠡᠨ ᠬᠥᠮᠦᠨ ᠣᠷᠣᠯᠴᠠᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ 100% ᠳᠤ ᠬᠦᠷᠪᠡ᠃ ᠡᠭᠦᠨ ᠤ ᠬᠠᠮᠲᠤ᠂ ᠬᠠᠷᠠᠭᠠᠯᠵᠠᠯ ᠤᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠠᠷᠪᠠᠨ ᠲᠠᠪᠤᠨ ᠵᠢᠯ ᠳᠠᠷᠠᠭᠠᠯᠠᠨ ᠨᠡᠮᠡᠭᠳᠡᠭᠦᠯᠵᠦ᠂ ᠬᠥᠮᠥᠨ ᠳᠤᠮᠳᠠᠴᠢ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠲᠦᠪᠰᠢᠨ ᠢ 1986 ᠣᠨ  ᠳᠤ ᠰᠠᠷ᠎ᠠ ᠪᠦᠷᠢ 32 ᠲᠥᠭᠦᠷᠢᠭ ᠪᠠᠶᠢᠭᠰᠠᠨ ᠠᠴᠠ ᠨᠢ 2019 ᠣᠨ ᠳᠤ ᠰᠠᠷ᠎ᠠ ᠪᠦᠷᠢ 2613 ᠲᠥᠭᠦᠷᠢᠭ ᠪᠣᠯᠭᠠᠨ ᠳᠡᠭᠡᠭᠰᠢᠯᠡᠭᠦᠯᠪᠡ᠃      ᠣᠯᠠᠨ ᠵᠢᠯ ᠤᠨ ᠲᠤᠷᠰᠢ᠂ ᠮᠠᠨ ᠤ ᠣᠷᠣᠨ ᠪᠥᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮᠵᠢ ᠶᠢ ᠪᠦᠷᠢᠨᠰᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠬᠠᠩᠭᠠᠪᠠ᠃ 1999 ᠣᠨ ᠳᠤ ᠪᠦᠬᠦ ᠣᠷᠣᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠥᠷᠨᠢᠭᠦᠯᠦᠭᠰᠡᠨ ᠠᠴᠠ ᠡᠬᠢᠯᠡᠨ᠂ 20 ᠵᠢᠯ ᠤᠨ ᠦᠶᠯᠡᠳᠦᠯᠭᠡ ᠶᠢᠨ ᠰᠦᠪᠡᠭᠴᠢᠯᠡᠯᠲᠡ ᠪᠠᠷ ᠳᠠᠮᠵᠢᠭᠠᠳ᠂ ᠡᠳᠦᠭᠡ ᠨᠢᠭᠡᠨᠲᠡ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢᠶᠠᠷ ᠭᠤᠤᠯ ᠴᠣᠭᠴᠠ ᠪᠣᠯᠭᠠᠵᠤ᠂ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠠᠵᠤ ᠠᠬᠤᠶᠢᠯᠠᠯ ᠤᠨ ᠨᠥᠬᠦᠪᠥᠷᠢ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠵᠡᠷᠭᠡ ᠪᠠᠷ ᠨᠥᠬᠦᠪᠥᠷᠢ ᠪᠣᠯᠭᠠᠭᠰᠠᠨ ᠣᠯᠠᠨ ᠳᠡᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠪᠦᠬᠦ ᠣᠷᠣᠨ ᠢ ᠬᠠᠮᠤᠷᠤᠭᠰᠠᠨ ᠪᠦᠬᠦ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠤᠢ ᠪᠣᠯᠭᠠᠪᠠ᠃ 2019 ᠣᠨ ᠤ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 2167 ᠲᠦᠮᠡ ᠳᠤ ᠬᠦᠷᠴᠦ᠂ ᠪᠠᠲᠤᠯᠠᠪᠠᠰᠤ ᠵᠣᠬᠢᠬᠤ ᠪᠦᠬᠦᠨ ᠢ ᠪᠠᠲᠤᠯᠠᠬᠤ ᠶᠢ ᠦᠨᠳᠦᠰᠦᠨ ᠳᠤ ᠪᠠᠨ ᠪᠡᠶᠡᠯᠡᠭᠦᠯᠪᠡ᠃      ᠣᠯᠠᠨ ᠵᠢᠯ ᠤᠨ ᠲᠤᠷᠰᠢ᠂ ᠮᠠᠨ ᠤ ᠣᠷᠣᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠵᠠᠭᠠᠷ ᠱᠤᠭᠤᠮ ᠢ ᠰᠠᠶᠢᠲᠤᠷ ᠪᠠᠲᠤᠯᠠᠪᠠ᠃ 1997 ᠣᠨ ᠳᠤ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠬᠡᠷᠡᠭᠵᠢᠭᠦᠯᠦᠭᠰᠡᠨ ᠠᠴᠠ ᠡᠬᠢᠯᠡᠨ᠂ ᠮᠠᠨ ᠤ ᠣᠷᠣᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠣᠯᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠣᠳᠣᠬᠠᠨ ᠳᠤ ᠪᠦᠬᠦ ᠣᠷᠣᠨ ᠳᠤ ᠨᠢᠭᠡᠨᠲᠡ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ᠂ ᠭᠠᠮᠰᠢᠭᠳᠠᠭᠰᠠᠨ ᠬᠥᠮᠦᠰ ᠢ ᠠᠪᠤᠷᠠᠨ ᠲᠤᠰᠠᠯᠠᠬᠤ᠂ ᠡᠮ ᠡᠮᠨᠡᠯᠭᠡ ᠪᠠᠷ ᠠᠪᠤᠷᠠᠨ ᠲᠤᠰᠠᠯᠠᠬᠤ᠂ ᠰᠤᠷᠭᠠᠨ ᠬᠥᠮᠦᠵᠢᠯ ᠢᠶᠠᠷ ᠲᠡᠩᠬᠡᠷᠡᠭᠦᠯᠦᠨ ᠲᠤᠰᠠᠯᠠᠬᠤ᠂ ᠣᠷᠣᠨ ᠰᠠᠭᠤᠴᠠ ᠪᠠᠷ ᠲᠡᠩᠬᠡᠷᠡᠭᠦᠯᠦᠨ ᠲᠤᠰᠠᠯᠠᠬᠤ᠂ ᠠᠵᠢᠯ ᠣᠯᠭᠤᠯᠲᠠ ᠶᠢᠨ ᠠᠪᠤᠷᠠᠨ ᠲᠤᠰᠠᠯᠠᠬᠤ᠂ ᠲᠦᠷ ᠴᠠᠭ ᠲᠡᠩᠬᠡᠷᠡᠭᠦᠯᠦᠨ ᠲᠤᠰᠠᠯᠠᠬᠤ ᠪᠠ ᠨᠡᠶᠢᠭᠡᠮ ᠤᠨ ᠬᠦᠴᠦᠨ ᠣᠷᠣᠯᠴᠠᠬᠤ ᠪᠠᠷ ᠭᠤᠤᠯ ᠠᠭᠤᠯᠭ᠎ᠠ ᠪᠣᠯᠭᠠᠭᠰᠠᠨ 《 8 + 1 》 ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠵᠤ᠂ ᠠᠪᠤᠷᠠᠨ ᠲᠤᠰᠠᠯᠠᠬᠤ ᠪᠠᠷᠢᠮᠵᠢᠶ᠎ᠠ ᠲᠠᠰᠤᠷᠠᠯᠲᠠ ᠦᠭᠡᠢ ᠳᠡᠭᠡᠭᠰᠢᠯᠡᠨ᠂ ᠰᠢᠨᠵᠢᠯᠡᠬᠦ ᠤᠬᠠᠭᠠᠨᠴᠢᠯᠠᠭᠰᠠᠨ᠂ ᠵᠢᠷᠤᠮᠵᠢᠭᠤᠯᠤᠭᠰᠠᠨ ᠬᠢᠷᠢ ᠲᠦᠪᠰᠢᠨ ᠡᠳᠦᠷ ᠢᠷᠡᠬᠦᠶ᠎ᠡ ᠳᠡᠭᠡᠭᠰᠢᠯᠡᠵᠦ᠂ ᠤᠯᠠᠮᠵᠢᠯᠠᠯᠲᠤ ᠨᠡᠶᠢᠭᠡᠮ ᠤᠨ ᠠᠪᠤᠷᠠᠨ ᠲᠤᠰᠠᠯᠠᠬᠤ  ᠠᠴᠠ ᠣᠳᠣ ᠦᠶ᠎ᠡ ᠶᠢᠨ ᠨᠡᠶᠢᠭᠡᠮ ᠤᠨ ᠠᠪᠤᠷᠠᠨ ᠲᠤᠰᠠᠯᠠᠬᠤ ᠲᠡᠰᠢ ᠲᠡᠦᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠪᠡ᠃      ᠣᠯᠠᠨ ᠵᠢᠯ ᠤᠨ ᠲᠤᠷᠰᠢ᠂ ᠮᠠᠨ ᠤ ᠣᠷᠣᠨ ᠨᠡᠶᠢᠭᠡᠮ ᠤᠨ ᠠᠰᠠᠷᠠᠮᠵᠢ ᠶᠢᠨ ᠬᠥᠭᠵᠢᠯᠲᠡ ᠶᠢ ᠲᠦᠷᠭᠡᠳᠬᠡᠵᠦ᠂ ᠠᠷᠠᠳ ᠲᠦᠮᠡᠨ ᠤ ᠰᠠᠶᠢᠨ ᠰᠠᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠪᠠ᠃ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ 100 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠨᠡᠮᠡᠭᠦᠷᠢ ᠶᠢ ᠬᠥᠮᠦᠨ ᠨᠢᠭᠡᠪᠦᠷᠢ ᠰᠠᠷ᠎ᠠ ᠳᠤ 300 ᠲᠥᠭᠦᠷᠢᠭ ᠪᠠᠶᠢᠭᠰᠠᠨ ᠠᠴᠠ ᠨᠢ 600 ᠲᠥᠭᠦᠷᠢᠭ ᠪᠣᠯᠭᠠᠨ ᠳᠡᠭᠡᠭᠰᠢᠯᠡᠭᠦᠯᠪᠡ︔ ᠥᠨᠥᠴᠢᠨ ᠵᠡᠮᠳᠡᠭ ᠬᠡᠦᠬᠡᠳ ᠤᠨ ᠦᠨᠳᠦᠰᠦᠨ ᠠᠮᠢᠳᠤᠷᠠᠯ ᠤᠨ ᠰᠤᠪᠢᠯᠠᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠠᠪᠤᠳᠠᠯ ᠢ ᠠᠷᠠᠳ ᠤᠨ ᠠᠮᠢᠳᠤᠷᠠᠯ ᠤᠨ ᠵᠢᠷᠭᠤᠭᠠᠨ ᠵᠦᠶᠯ ᠤᠨ ᠭᠦᠶᠴᠡᠳᠬᠡᠯ ᠲᠤᠭ᠎ᠠ ᠳᠤ ᠣᠷᠣᠭᠤᠯᠵᠤ᠂ 2010 ᠣᠨ ᠠᠴᠠ ᠨᠠᠭᠠᠰᠢ ᠥᠨᠥᠴᠢᠨ ᠬᠡᠦᠬᠡᠳ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠ ᠲᠠᠷᠠᠬᠠᠶ ᠪᠠᠷ ᠠᠰᠠᠷᠠᠨ ᠲᠡᠵᠢᠭᠡᠬᠦ ᠪᠠᠷᠢᠮᠵᠢᠶ᠎ᠠ ᠶᠢ ᠤᠷᠢᠳ ᠬᠤᠵᠢᠳ 6 ᠤᠳᠠᠭ᠎ᠠ ᠳᠡᠭᠡᠭᠰᠢᠯᠡᠭᠦᠯᠪᠡ︔ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠤᠨ ᠵᠡᠮᠳᠡᠭ ᠬᠥᠮᠦᠨ ᠢ ᠠᠰᠠᠷᠠᠨ ᠰᠤᠪᠢᠯᠠᠬᠤ ᠨᠥᠬᠦᠪᠥᠷᠢ ᠶᠢᠨ ᠳᠦᠷᠢᠮ ᠢ ᠲᠡᠭᠦᠯᠳᠡᠷᠵᠢᠭᠦᠯᠵᠦ᠂ ᠵᠢᠯ ᠪᠦᠷᠢ ᠳᠤᠮᠳᠠᠴᠢ ᠪᠠᠷ 50 ᠲᠦᠮᠡ ᠰᠢᠬᠠᠮ ᠬᠦᠴᠢᠷᠳᠡᠯᠲᠡᠶ ᠵᠡᠮᠳᠡᠭᠴᠦᠳ ᠪᠣᠯᠤᠨ ᠵᠡᠮᠳᠡᠭ ᠬᠥᠮᠦᠨ ᠳᠤ ᠠᠰᠢᠭ ᠬᠦᠷᠲᠡᠭᠡᠪᠡ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map