12 ᠳ᠋ᠤᠭᠠᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ | ᠠᠯᠪᠠᠨ ᠬᠡᠷ ᠬᠥᠬᠡᠬᠤᠲᠠ ᠪᠣᠭᠤᠮᠲᠠ ᠶᠢᠨ 2021 ᠣᠨ ᠤ ︽ᠬᠢᠯᠢ ᠠᠯᠤᠰᠯᠠᠭᠰᠠᠨ ᠠᠷᠠᠯᠵᠢᠶ᠎ᠠ ᠶᠢᠨ ᠳᠥᠭᠦᠮᠴᠢᠯᠡᠯᠲᠡ ᠶᠢ | ᠭᠦᠨᠵᠡᠭᠡᠶᠢᠷᠡᠭᠦᠯᠵᠦ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠬᠥᠬᠡᠬᠤᠲᠠ ᠶᠢᠨ ᠪᠣᠭᠤᠮᠲᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ | ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠯᠢᠦ ᠯᠢᠩ ᠭᠤᠣᠯ ᠰᠡᠳᠦᠪᠲᠦ ᠨᠡᠶᠢᠲᠡᠯᠡᠯ ᠬᠢᠪᠡ ᠨᠡᠶᠢᠲᠡᠯᠡᠪᠡ᠃ ᠬᠥᠬᠡᠬᠤᠲᠠ | ᠪᠣᠭᠤᠮᠲᠠ ᠶᠢᠨ ᠶᠡᠷᠦᠩᠬᠡᠶᠢᠯᠡᠭᠰᠡᠨ ᠠᠵᠢᠯ ᠤᠨ ᠭᠠᠵᠠᠷ ᠤᠨ ᠳᠠᠷᠤᠭ᠎ᠠ ᠮᠠ ᠰᠢᠶᠤᠤ ᠬᠥᠩ ᠰᠣᠨᠢᠨ ᠮᠡᠳᠡᠭᠡ ᠨᠡᠶᠢᠲᠡᠯᠡᠬᠦ | ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | ᠬᠥᠬᠡᠬᠤᠲᠠ ᠪᠣᠭᠤᠮᠲᠠ ᠶᠢᠨ 2021 ᠣᠨ ᠤ ︽ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢ | ᠭᠦᠨᠵᠡᠭᠡᠶᠢᠷᠡᠭᠦᠯᠵᠦ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠰᠣᠨᠢᠨ | ᠮᠡᠳᠡᠭᠡ ᠨᠡᠶᠢᠲᠡᠯᠡᠬᠦ ᠬᠤᠷᠠᠯ ᠤᠨ ᠨᠡᠶᠢᠲᠡᠯᠡᠯ ᠤᠨ ᠦᠭᠡ | ᠬᠥᠬᠡᠬᠤᠲᠠ ᠪᠣᠭᠤᠮᠲᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠯᠢᠦ | ᠯᠢᠩ | ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠭᠤᠤᠯᠳᠠᠭᠤ ᠬᠥᠬᠡᠬᠤᠲᠠ ᠪᠣᠭᠤᠮᠲᠠ ᠶᠢᠨ ᠡᠨᠡ ᠵᠢᠯ ᠠᠴᠠ | ᠨᠠᠭᠠᠰᠢ ᠵᠠᠯᠭᠠᠭ᠎ᠠ ᠪᠠᠷ ᠨᠡᠶᠢᠲᠡᠯᠡᠭᠰᠡᠨ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢ ᠠᠬᠢᠭᠤᠯᠤᠭᠰᠠᠨ ᠰᠢᠷᠢᠰ | ᠠᠷᠭ᠎ᠠ ᠬᠡᠮᠵᠢᠶ᠎ᠡ ᠵᠢᠴᠢ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠦᠢᠯᠡᠴᠢᠯᠡᠭᠰᠡᠨ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠭᠰᠡᠨ᠂ ᠪᠣᠭᠤᠮᠲᠠ ᠪᠠᠷ ᠥᠩᠭᠡᠷᠡᠭᠦᠯᠬᠦ ᠴᠤᠪᠤᠷᠠᠯ ᠢ | ᠰᠢᠯᠢᠳᠡᠭᠵᠢᠭᠦᠯᠦᠭᠰᠡᠨ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠵᠡᠷᠭᠡ | ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠲᠠᠨᠢᠯᠴᠠᠭᠤᠯᠤᠨ᠎ᠠ᠃ | ᠬᠥᠬᠡᠬᠤᠲᠠ ᠪᠣᠭᠤᠮᠲᠠ 2 ᠳ᠋ᠤᠭᠠᠷ ᠰᠠᠷ᠎ᠠ ᠶᠢᠨ 18 ᠤ ᠡᠳᠦᠷ ᠤᠨ ᠪᠥᠬᠦ ᠣᠷᠣᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠪᠠ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ | ᠴᠢᠩᠭ᠎ᠠ᠂ ᠪᠣᠳᠠᠲᠠᠶ ᠠᠷᠭ᠎ᠠ ᠪᠠᠷ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠬᠡᠯᠪᠡᠷᠢ ᠶᠢᠨ ᠠᠵᠤ ᠠᠬᠤᠶ ᠶᠢᠨ ᠴᠢᠨᠠᠷᠯᠢᠭ | ᠬᠥᠭᠵᠢᠯᠲᠡ ᠳᠤ ᠬᠦᠴᠦᠨ ᠨᠡᠮᠡᠷᠢᠯᠡᠪᠡ᠃ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠲᠦᠷᠦᠭᠦᠤ 10 ᠰᠠᠷ᠎ᠠ ᠳᠤ᠂ | ᠬᠥᠬᠡᠬᠤᠲᠠ ᠪᠣᠭᠤᠮᠲᠠ ᠶᠢᠨ ᠬᠠᠷᠢᠶ᠎ᠠ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ | ᠥᠷᠲᠡᠭ 860.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.5% ᠪᠠᠷ | ᠨᠡᠮᠡᠭᠳᠡᠪᠡ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ | ᠣᠷᠣᠭᠤᠯᠤᠯᠲᠠ ᠭᠠᠷᠭᠠᠯᠲᠠ ᠶᠢᠨ ᠥᠷᠲᠡᠭ 1004.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 15.7% ᠪᠠᠷ ᠨᠡᠮᠡᠭᠳᠡᠪᠡ᠃ ᠡᠭᠦᠨ ᠠᠴᠠ ᠭᠠᠳᠠᠨ᠎ᠠ᠂ ᠡᠨᠡ ᠵᠢᠯ ᠠᠴᠠ ᠨᠠᠭᠠᠰᠢ ᠬᠥᠬᠡᠬᠤᠲᠠ | ᠪᠣᠭᠤᠮᠲᠠ ᠶᠢᠨ ᠬᠢᠨ ᠬᠠᠷᠢᠶ᠎ᠠ ᠣᠷᠣᠨ ᠤ ᠪᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠠᠩᠬᠠᠷᠴᠤ ᠪᠠᠶᠢᠭ᠎ᠠ | ᠠᠰᠠᠭᠤᠳᠠᠯ ᠪᠠ ᠪᠠᠴᠢᠮ ᠬᠡᠷᠡᠭᠴᠡᠭᠡ ᠶᠢ ᠣᠨᠢᠯᠠᠨ᠂ ᠳᠥᠭᠦᠮᠴᠢᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ | ᠬᠢᠯᠢ ᠠᠯᠤᠰᠯᠠᠭᠰᠠᠨ ᠠᠷᠠᠯᠵᠢᠶ᠎ᠠ ᠶᠢᠨ ᠳᠦᠭᠦᠮᠴᠢᠯᠡᠯᠲᠡ ᠶᠢ ᠠᠬᠢᠭᠤᠯᠬᠤ 39 ᠵᠤᠷᠪᠤᠰ ᠠᠷᠭ᠎ᠠ ᠬᠡᠮᠵᠢᠶ᠎ᠡ᠂ ᠠᠭᠠᠷ ᠤᠨ | ᠠᠶᠠᠯᠠᠯ ᠤᠨ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠬᠠᠮᠲᠤᠷᠠᠯᠴᠠᠨ ᠵᠣᠬᠢᠴᠠᠭᠤᠯᠬᠤ ᠲᠣᠭᠲᠠᠴᠠ ᠶᠢ ᠠᠬᠢᠭᠤᠯᠬᠤ | ᠠᠷᠭ᠎ᠠ ᠬᠡᠮᠵᠢᠶ᠎ᠡ ᠶᠢ 13 ᠵᠤᠷᠪᠤᠰ ᠲᠣᠭᠲᠠᠭᠠᠵᠤ᠂ ᠬᠢᠯᠢ ᠠᠯᠤᠰᠯᠠᠭᠰᠠᠨ ᠠᠷᠠᠯᠵᠢᠶ᠎ᠠ ᠶᠢ ᠳᠥᠭᠦᠮᠴᠢᠯᠡᠬᠦ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠨᠠᠷᠢᠯᠢᠬᠵᠢᠭᠤᠯᠬᠤ ᠠᠷᠭ᠎ᠠ ᠬᠡᠮᠵᠢᠶ᠎ᠡ ᠶᠢ 52 ᠵᠤᠷᠪᠤᠰ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠳᠤ ᠦᠢᠯᠡᠴᠢᠯᠡᠬᠦ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ | ᠲᠤᠰᠬᠠᠶ ᠵᠦᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠬᠡᠯᠬᠢᠶ᠎ᠡ | ᠪᠠ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠦᠭᠡᠢ ᠠᠵᠢᠯᠯᠠᠬᠤ ᠶᠢ ᠪᠠᠲᠤᠯᠠᠪᠠ᠃ ᠪᠣᠳᠠᠲᠠᠶ ᠠᠷᠭ᠎ᠠ ᠬᠡᠮᠵᠢᠶ᠎ᠡ ᠵᠢᠴᠢ ᠦᠷ᠎ᠡ | ᠪᠦᠲᠦᠮᠵᠢ ᠨᠢ ᠳᠣᠤᠷᠠᠬᠢ ᠮᠡᠲᠦ᠄ | ᠨᠢᠭᠡ ᠳᠤ᠂ ᠥᠨᠳᠥᠷ ᠪᠦᠲᠦᠮᠵᠢᠲᠡᠶ ᠪᠠᠷ ᠠᠷᠠᠳ ᠲᠤ ᠲᠥᠬᠦᠮ ᠦᠵᠡᠭᠦᠯᠬᠦ ᠪᠠ ᠠᠵᠤ ᠠᠬᠤᠶᠢᠯᠠᠯ ᠳᠤ ᠠᠰᠢᠭ | ᠣᠯᠭᠤᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ | ᠨᠠᠮ ᠤᠨ ᠬᠤᠷᠢᠶᠠᠨ ᠤ ᠭᠡᠰᠢᠭᠦᠳ ᠤᠨ ︽ᠪᠠᠶᠢᠴᠠᠭᠠᠨ ᠰᠤᠳᠤᠯᠬᠤ ᠭᠠᠷᠠᠭ︾ ᠤᠨ ᠠᠵᠢᠯᠯᠠᠭ᠎ᠠ ᠶᠢ ᠥᠷᠨᠢᠭᠦᠯᠵᠦ᠂ ᠲᠤᠰ | ᠲᠤᠰ ᠪᠦᠯᠬᠦᠮ ᠳᠠᠭᠠᠭᠤᠯᠤᠨ ᠪᠣᠭᠤᠮᠲᠠ ᠶᠢᠨ ᠣᠷᠣᠨ ᠤ 8 ᠠᠶᠢᠮᠠᠭ ᠬᠤᠳᠠ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ ᠳᠤ ᠬᠦᠷᠴᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ 41 ᠠᠵᠤ ᠠᠬᠤᠶᠢᠯᠠᠯ ᠳᠤ ᠬᠦᠷᠴᠦ᠂ | 34 ᠵᠦᠢᠯ ᠤᠨ ᠠᠰᠠᠭᠤᠳᠠᠯ ᠪᠠ ᠰᠠᠨᠠᠭᠤᠯᠭ᠎ᠠ ᠶᠢ ᠴᠤᠭᠯᠠᠭᠤᠯᠵᠤ᠂ ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ 21 | ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃ ︽ᠵᠠᠭᠤᠨ ᠬᠥᠮᠦᠨ ᠮᠢᠩᠭᠠᠨ ᠠᠵᠤ ᠠᠬᠤᠶᠢᠯᠠᠯ ᠲᠠᠢ ᠬᠤᠯᠪᠣᠭᠠᠯᠠᠵᠤ᠂ | ᠭᠠᠳᠠᠭᠠᠳᠤ ᠠᠷᠠᠯᠵᠢᠶ᠎ᠠ ᠶᠢ ᠬᠦᠴᠦᠯᠡᠨ ᠠᠬᠢᠭᠤᠯᠬᠤ︾ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠪᠣᠭᠤᠮᠲᠠ ᠶᠢᠨ ᠣᠷᠣᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ 5994 ᠠᠵᠤ ᠠᠬᠤᠶᠢᠯᠠᠯ ᠢ ᠪᠦᠬᠦ ᠲᠠᠯ᠎ᠠ ᠪᠠᠷ ᠡᠮᠬᠢᠯᠡᠨ ᠲᠢᠭᠯᠡᠵᠦ᠂ | ᠠᠵᠤ ᠠᠬᠤᠶᠢᠯᠠᠯ ᠤᠨ ᠬᠡᠷᠡᠭᠴᠡᠭᠡ ᠶᠢ ᠲᠣᠳᠣᠷᠬᠠᠶ ᠣᠶᠢᠯᠠᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠴᠢᠩᠭᠠᠳᠬᠠᠪᠠ᠃ ︽ᠠᠵᠤ ᠠᠬᠤᠶᠢᠯᠠᠯ ᠲᠥᠷᠥ ᠶᠢᠨ ᠪᠣᠳᠣᠯᠭ᠎ᠠ ᠶᠢ ᠡᠷᠢᠬᠦ︾ ᠪᠠᠶᠢᠭᠰᠠᠨ ᠢ ︽ᠲᠥᠷᠥ ᠶᠢᠨ ᠪᠣᠳᠣᠯᠭ᠎ᠠ ᠨᠢ | ᠠᠵᠤ ᠠᠬᠤᠶᠢᠯᠠᠯ ᠢ ᠡᠷᠢᠬᠦ︾ ᠪᠣᠯᠭᠠᠨ ᠬᠤᠪᠢᠷᠠᠭᠤᠯᠵᠤ᠂ ᠴᠤᠭᠯᠠᠭᠤᠯᠤᠭᠰᠠᠨ ᠠᠵᠤ ᠠᠬᠤᠶᠢᠯᠠᠯ ᠤᠨ ᠠᠰᠠᠭᠤᠳᠠᠯ ᠵᠢᠴᠢ | ᠬᠦᠴᠢᠷᠳᠡᠯ ᠢ ᠦᠨᠳᠦᠰᠦᠯᠡᠨ᠂ ᠨᠢᠭᠡ ᠶᠢ ᠢᠯᠡᠷᠡᠭᠦᠯᠪᠡᠯ ᠨᠢᠭᠡ ᠶᠢ ᠰᠢᠢᠳᠪᠦᠷᠢᠯᠡᠵᠦ᠂ ᠨᠢᠭᠡ ᠲᠥᠷᠥᠯ ᠢ ᠵᠢᠷᠤᠮᠵᠢᠭᠤᠯᠤᠨ᠂ | ᠨᠡᠶᠢᠲᠡᠯᠢᠭ ᠴᠢᠨᠠᠷᠲᠠᠶ ᠠᠰᠠᠭᠤᠳᠠᠯ ᠳᠤ ᠴᠢᠭᠯᠡᠭᠦᠯᠦᠨ ᠨᠢᠭᠡ ᠠᠴᠠ ᠨᠦᠬᠦᠭᠡ ᠶᠢ ᠵᠦᠢᠴᠢᠯᠡᠵᠦ᠂ ᠪᠦᠲᠦᠮᠵᠢᠲᠡᠶ ᠰᠢᠢᠳᠪᠦᠷᠢᠯᠡᠬᠦ | ᠣᠷᠳᠣ ᠬᠤᠭᠤᠴᠠᠭᠠᠨ ᠤ ᠲᠥᠰᠦᠯ ᠢ ᠪᠣᠶ ᠪᠣᠯᠭᠠᠪᠠ᠃ ᠪᠣᠭᠤᠮᠲᠠ ᠶᠢᠨ 208 ᠬᠤᠯᠪᠣᠭᠠᠨ ᠤ ᠠᠵᠢᠯᠴᠢᠨ 1114 | ᠭᠤᠣᠯᠳᠠᠯᠭ᠎ᠠ ᠲᠠᠢ ᠠᠵᠤ ᠠᠬᠤᠶᠢᠯᠠᠯ ᠢ ᠬᠠᠪᠰᠤᠷᠤᠨ ᠲᠡᠳᠬᠦᠵᠦ᠂ 672 ᠬᠤᠪᠢ ᠠᠰᠠᠭᠤᠨ ᠯᠠᠪᠯᠠᠯᠲᠠ ᠳᠤ ᠬᠠᠷᠢᠭᠤᠯᠲᠠ | ᠥᠭᠴᠦ᠂ 208 ᠤᠳᠠᠭ᠎ᠠ ᠲᠦᠷᠦ ᠶᠢᠨ ᠪᠤᠳᠤᠯᠭ᠎ᠠ ᠶᠢ ᠳᠡᠪᠰᠢᠭᠦᠯᠵᠦ᠂ 121 ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ | 32 ᠨᠡᠶᠢᠲᠡᠯᠢᠭ ᠬᠡᠷᠡᠭ ᠤᠨ ᠵᠢᠱᠢᠶ᠎ᠡ ᠶᠢ ᠠᠭᠤᠳᠠᠯᠵᠤ ᠯᠠᠪᠯᠠᠯᠲᠠ ᠪᠣᠯᠭᠠᠨ ᠳᠡᠯᠭᠡᠷᠡᠭᠦᠯᠬᠦ ᠳᠤ ᠵᠣᠷᠢᠭᠤᠯᠪᠠ᠃ | ᠬᠤᠶᠠᠷ ᠲᠤ᠂ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ ᠪᠣᠭᠤᠮᠲᠠ ᠪᠠᠷ ᠥᠩᠭᠡᠷᠡᠬᠦ ᠪᠥᠬᠦ ᠬᠡᠯᠬᠢᠶ᠎ᠡ | ᠪᠥᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠲᠠᠰᠤᠷᠠᠯᠲᠠ ᠥᠬᠡᠶ | ᠴᠢᠩᠭᠠᠷᠠᠭᠤᠯᠤᠨ᠂ ᠠᠯᠬᠤᠮ ᠳᠠᠷᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠴᠠᠭ ᠢ ᠪᠣᠭᠤᠨᠢᠰᠬᠠᠬᠤ᠂ ᠥᠪᠡᠷ ᠤᠨ | ᠥᠷᠲᠡᠭ ᠢ ᠪᠠᠭᠤᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ︽ᠬᠤᠶᠠᠷ ᠠᠯᠬᠤᠮ ᠢᠶᠠᠷ | ᠮᠡᠳᠡᠭᠦᠯᠬᠦ︾ ︽ᠬᠤᠶᠠᠷ ᠡᠭᠡᠯᠵᠢ ᠪᠠᠷ ᠬᠥᠳᠡᠯᠭᠡᠬᠦ︾ ︽ᠬᠤᠶᠠᠷ ᠬᠡᠰᠡᠭ ᠢᠶᠠᠷ ᠵᠥᠪᠰᠢᠶᠡᠷᠡᠨ ᠣᠷᠣᠭᠤᠯᠬᠤ︾ | ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠵᠤ᠂ ᠪᠦᠬᠦᠯᠢ ᠴᠣᠭᠴᠠ ᠶᠢᠨ ᠪᠣᠭᠤᠮᠲᠠ ᠪᠠᠷ | ᠥᠩᠭᠡᠷᠡᠬᠦ ᠴᠠᠭ ᠬᠤᠭᠤᠴᠠᠭᠠᠨ ᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠪᠠᠭᠠᠰᠬᠠᠪᠠ᠃ ᠲᠦᠷᠦᠭᠦᠤ 10 | ᠰᠠᠷ᠎ᠠ ᠳᠤ᠂ ᠪᠣᠭᠤᠮᠲᠠ ᠶᠢᠨ ᠣᠷᠣᠨ ᠤ ᠭᠠᠳᠠᠭᠠᠳᠤ ᠣᠷᠣᠭᠤᠯᠤᠯᠲᠠ ᠶᠢᠨ ᠪᠦᠬᠦᠯᠢ ᠴᠣᠭᠴᠠ ᠶᠢᠨ ᠪᠣᠭᠤᠮᠲᠠ ᠪᠠᠷ | ᠥᠩᠭᠡᠷᠡᠬᠦ ᠴᠠᠭ ᠨᠢ 40.95 ᠴᠠᠭ ᠪᠠᠶᠢᠵᠤ᠂ 72.43% ᠪᠠᠷ ᠪᠣᠭᠤᠨᠢᠰᠬᠠᠨ᠂ ᠭᠠᠳᠠᠭᠠᠳᠤ ᠭᠠᠷᠭᠠᠯᠲᠠ ᠶᠢᠨ ᠪᠦᠬᠦᠯᠢ | ᠴᠣᠭᠴᠠ ᠶᠢᠨ ᠪᠣᠭᠤᠮᠲᠠ ᠪᠠᠷ ᠥᠩᠭᠡᠷᠡᠬᠦ ᠴᠠᠭ ᠨᠢ 0.35 ᠴᠠᠭ ᠪᠠᠶᠢᠵᠤ᠂ 84.7% ᠪᠠᠷ ᠪᠣᠭᠤᠨᠢᠰᠬᠠᠪᠠ᠃ ᠵᠠᠰᠠᠮᠠᠯ | ᠵᠠᠮ ᠤᠨ ᠪᠣᠭᠤᠮᠲᠠ ᠶᠢᠨ ᠤᠶᠤᠨᠲᠤ ᠪᠣᠭᠤᠮᠲᠠ ᠶᠢᠨ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ | ᠭᠠᠳᠠᠭᠠᠳᠤ ᠠᠴᠠ ᠣᠷᠣᠭᠤᠯᠬᠤ ᠨᠡᠭᠦᠷᠡᠰᠦᠨ ᠤ ᠲᠥᠪᠯᠡᠷᠡᠭᠦᠯᠦᠨ ᠮᠡᠳᠡᠭᠦᠯᠬᠦ ᠴᠠᠭ ᠢ ᠳᠤᠮᠳᠠᠴᠢ ᠪᠠᠷ 10 ᠮᠢᠨᠦ᠋ᠲ | ᠪᠠᠶᠢᠭᠰᠠᠨ ᠠᠴᠠ 1 ᠮᠢᠨᠦ᠋ᠲ ᠪᠣᠯᠭᠠᠨ ᠪᠣᠭᠤᠨᠢᠰᠬᠠᠪᠠ᠃ ᠣᠬ ᠭᠠᠷᠤᠯᠲᠠ ᠶᠢᠨ ᠭᠠᠵᠠᠷ ᠤᠨ ᠦᠨᠡᠮᠯᠡᠯ ᠵᠡᠷᠭᠡ ᠶᠢ ︽ | ᠭᠠᠭᠴᠠ ᠴᠣᠩᠬᠤᠪᠴᠢ︾ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠥᠯᠢᠶᠡᠨ ᠠᠪᠴᠤ ᠰᠢᠢᠳᠪᠦᠷᠢᠯᠡᠬᠦ᠂ ᠡᠯᠧᠺᠳ᠋ᠷᠣᠨ | ᠭᠠᠷ ᠤᠨ ᠥᠰᠥᠭ ᠵᠢᠷᠤᠬᠤ᠂ ᠪᠠᠶᠢᠴᠠᠭᠠᠨ ᠯᠠᠪᠯᠠᠵᠤ ᠮᠥᠷᠳᠡᠨ ᠨᠡᠬᠡᠮᠵᠢᠯᠡᠬᠦ ᠪᠠ ᠠᠵᠤ ᠠᠬᠤᠶᠢᠯᠠᠯ ᠤᠨ ᠥᠪᠡᠰᠦᠪᠡᠨ | ᠳᠠᠷᠤᠮᠠᠯᠯᠠᠬᠤ ᠶᠢ ᠠᠬᠢᠭᠤᠯᠪᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠬᠢᠨᠠᠨ | ᠬᠠᠮᠢᠶᠠᠷᠬᠤ ᠦᠨᠡᠮᠯᠡᠯ ᠤᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠣᠮᠬᠠᠳᠬᠠᠵᠤ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠳᠤ ᠬᠢᠨᠠᠨ ᠬᠠᠮᠢᠶᠠᠷᠴᠤ ᠰᠢᠯᠭᠠᠨ ᠬᠠᠷᠭᠤᠭᠤᠯᠬᠤ ᠴᠢᠬᠤᠯᠠᠲᠠᠶ ᠦᠨᠡᠮᠯᠡᠯ ᠶᠢ 41 ᠵᠦᠢᠯ ᠪᠣᠯᠭᠠᠨ | ᠴᠣᠮᠬᠠᠳᠬᠠᠵᠤ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠬᠡᠷᠡᠭᠴᠡᠭᠡ ᠵᠡᠷᠭᠡ 3 ᠵᠦᠢᠯ ᠤᠨ ᠪᠠᠶᠢᠳᠠᠯ ᠠᠴᠠ ᠭᠠᠳᠠᠨ᠎ᠠ | ᠂ ᠦᠯᠡᠳᠡᠭᠰᠡᠨ 38 ᠵᠦᠢᠯ ᠢ ᠨᠢ ᠰᠦᠯᠵᠢᠶᠡᠨ ᠳᠡᠭᠡᠷ᠎ᠡ ᠭᠤᠶᠤᠴᠢᠯᠠᠨ ᠭᠦᠢᠴᠡᠳᠬᠡᠬᠦ ᠶᠢ ᠪᠡᠶᠡᠯᠡᠭᠦᠯᠪᠡ᠃ | ᠭᠤᠷᠪᠠ ᠳᠤ᠂ ᠦᠢᠯᠡᠴᠢᠯᠡᠭᠡᠨ ᠤ ᠦᠷ᠎ᠡ ᠨᠥᠯᠥᠭᠡ ᠶᠢ ᠳᠡᠭᠡᠭᠰᠢᠯᠡᠭᠦᠯᠵᠦ᠂ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ | ᠵᠠᠮ ᠢ ᠴᠢᠨᠠᠭᠰᠢᠳᠠ ᠰᠢᠯᠤᠭᠤᠳᠬᠠᠪᠠ᠃ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠴᠢᠳᠠᠬᠤ ᠶᠢ | ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠥᠷᠭᠡᠨ ᠬᠡᠷᠡᠭᠴᠡᠭᠡᠨ ᠤ ᠠᠭᠤᠷᠬᠠᠶ ᠡᠨᠧᠷᠭᠢ ᠶᠢᠨ ᠦᠢᠯᠡᠳᠬᠦᠨ ᠢ ᠰᠢᠯᠭᠠᠨ | ᠥᠩᠭᠡᠷᠡᠭᠦᠯᠬᠦ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠲᠤᠰᠬᠠᠶ | ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠨ᠂ ᠣᠷᠣᠨ ᠨᠤᠲᠤᠭ ᠤᠨ ᠬᠢᠨ ᠤ ᠨᠡᠭᠦᠷᠡᠰᠦᠨ ᠤ ᠲᠡᠭᠡᠭᠡᠪᠦᠷᠢ ᠶᠢᠨ | ︽ᠲᠠᠷᠠᠬᠠᠶ ᠶᠢ ᠲᠦᠪᠯᠡᠷᠡᠩᠭᠦᠢ ᠪᠣᠯᠭᠠᠨ ᠥᠭᠡᠷᠡᠴᠢᠯᠡᠬᠦ︾ ᠪᠠ ᠳᠡᠭᠦᠵᠢᠯᠡᠨ ᠤᠭᠰᠠᠷᠠᠬᠤ ᠵᠠᠭᠪᠤᠷ ᠢᠶᠠᠷ ᠲᠡᠭᠡᠭᠡᠪᠦᠷᠢᠯᠡᠬᠦ ᠶᠢ | ᠰᠦᠪᠡᠭᠴᠢᠯᠡᠨ ᠠᠬᠢᠭᠤᠯᠬᠤ ᠶᠢ ᠳᠡᠮᠵᠢᠵᠦ᠂ ︽ᠨᠢᠭᠡ ᠪᠣᠭᠤᠮᠲᠠ ᠳᠤ ᠨᠢᠭᠡ ᠲᠥᠰᠦᠯ ᠲᠣᠭᠲᠠᠭᠠᠬᠤ︾ ᠠᠷᠭ᠎ᠠ ᠬᠡᠮᠵᠢᠶ᠎ᠡ | ᠠᠪᠴᠤ᠂ ᠬᠠᠭᠤᠷᠠᠶ ᠵᠠᠮ ᠤᠨ ᠪᠣᠭᠤᠮᠲᠠ ᠶᠢᠨ ︽ᠠᠶᠠᠨᠴᠢᠳ ᠢ ᠵᠣᠭᠰᠣᠭᠠᠵᠤ ᠪᠠᠷᠠᠭ᠎ᠠ ᠶᠢ ᠨᠡᠪᠲᠡᠷᠡᠭᠦᠯᠬᠦ︾ ᠵᠠᠭᠪᠤᠷ | ᠳᠣᠤᠷᠠᠬᠢ ᠪᠠᠷᠠᠭᠠᠨ ᠤ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ ᠲᠦᠷᠦᠭᠦᠦ 10 ᠰᠠᠷ᠎ᠠ ᠳᠤ᠂ | ᠬᠥᠬᠡᠬᠤᠲᠠ ᠪᠣᠭᠤᠮᠲᠠ ᠶᠢᠨ ᠬᠠᠷᠢᠶ᠎ᠠ ᠣᠷᠣᠨ ᠤ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 2643.8 ᠲᠦᠮᠡᠨ | ᠲᠣᠨ ᠳᠤ ᠬᠦᠷᠴᠡᠢ᠃ ᠡᠷᠢᠶᠡᠨ ᠬᠤᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ | ᠵᠠᠩᠭᠢᠶᠠᠰᠤ ᠶᠢᠨ ᠳᠠᠪᠠᠭᠤᠯᠢᠭ ᠢ ᠴᠢᠷᠮᠠᠶᠢᠨ ᠪᠠᠳᠠᠷᠠᠭᠤᠯᠵᠤ᠂ ᠴᠢᠩᠭᠡᠯᠢᠭ ᠢ ᠪᠠᠶᠢᠴᠠᠭᠠᠨ ᠰᠢᠯᠭᠠᠬᠤ ᠳᠤ ᠪᠡᠯᠡᠳᠬᠡᠬᠦ ᠴᠠᠭ ᠨᠢ | ᠣᠷᠳᠣ᠂ ᠡᠯᠧᠺᠳ᠋ᠷᠤᠨᠴᠢᠯᠡᠭᠰᠡᠨ ᠲᠤᠭ᠎ᠠ ᠪᠠᠷᠢᠮᠲᠠ ᠶᠢ ᠵᠣᠯᠭᠠᠭᠤᠯᠬᠤ ᠵᠡᠷᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ | ᠠᠬᠢᠭᠤᠯᠪᠠ᠃ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠳᠠᠮᠵᠢᠨ ᠬᠢᠯᠢ ᠪᠠᠷ ᠣᠷᠣᠵᠤ ᠭᠠᠷᠬᠤ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠣᠭᠲᠠᠭᠤᠨ ᠪᠥᠭᠡᠳ ᠰᠠᠭᠠᠳ ᠥᠬᠡᠶ ᠨᠡᠪᠲᠡᠷᠡᠵᠦ᠂ ᠦᠷᠭᠦᠯᠵᠢᠯᠡᠨ | ᠥᠨᠳᠥᠷ ᠪᠠᠶᠢᠷᠢ ᠪᠠᠷ ᠠᠶᠠᠯᠠᠬᠤ ᠶᠢ ᠪᠠᠲᠤᠯᠠᠪᠠ᠃ ᠲᠦᠷᠦᠭᠦᠤ 10 ᠰᠠᠷ᠎ᠠ ᠳᠤ᠂ ᠪᠣᠭᠤᠮᠲᠠ ᠶᠢᠨ ᠬᠢᠨᠠᠨ ᠬᠠᠮᠢᠶᠠᠷᠴᠤ | ᠪᠠᠶᠢᠭ᠎ᠠ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠳᠠᠮᠵᠢᠨ ᠬᠢᠯᠢ ᠪᠠᠷ ᠣᠷᠣᠭᠤᠯᠵᠤ ᠭᠠᠷᠭᠠᠬᠤ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2203 ᠴᠤᠪᠤᠭ᠎ᠠ᠂ 22.9 ᠲᠦᠮᠡᠨ ᠠᠪᠳᠠᠷ᠎ᠠ ᠠᠴᠢᠶᠠᠯᠠᠵᠤ᠂ ᠪᠠᠷᠠᠭᠠᠨ ᠤ | ᠶᠡᠷᠦᠩᠬᠡᠶ ᠬᠦᠨᠳᠦ ᠨᠢ 192 ᠲᠦᠮᠡᠨ ᠲᠣᠨ᠂ ᠪᠠᠷᠠᠭᠠᠨ ᠤ ᠥᠷᠲᠡᠭ ᠨᠢ 314.4 ᠳ᠋ᠦᠩᠰᠢᠭᠤᠷ ᠳ᠋ᠣᠯᠯᠠᠷ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ ᠲᠣᠰ ᠲᠣᠰ 12.86%᠂ 16.09%᠂ 3.52%᠂ 42.37% ᠪᠠᠷ | ᠨᠡᠮᠡᠭᠳᠡᠵᠡᠶ᠃ ᠤᠯᠠᠭᠠᠨᠴᠠᠪ᠂ ᠣᠷᠳᠣᠰ ᠤᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ | ᠪᠠᠭᠲᠠᠭᠠᠮᠵᠢ ᠶᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠬᠦ︾ ᠶᠢ ᠳᠡᠮᠵᠢᠵᠦ᠂ ᠲᠦᠷᠦᠭᠦᠤ 10 ᠰᠠᠷ᠎ᠠ ᠳᠤ᠂ ᠤᠯᠠᠭᠠᠨᠴᠠᠪ ᠤᠨ | ᠬᠢᠯᠢ ᠪᠠᠷ ᠣᠷᠣᠭᠤᠯᠵᠤ ᠭᠠᠷᠭᠠᠭᠰᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠨᠡᠶᠢᠲᠡ 160 ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 52.6% ᠪᠠᠷ ᠨᠡᠮᠡᠭᠳᠡᠪᠡ︔ ᠤᠷᠳᠤᠰ ᠬᠤᠳᠠ ᠳᠤ ᠳᠤᠮᠳᠠᠳᠤ ᠧᠦ᠋ᠷᠣᠫᠠ ᠶᠢᠨ 8 | ᠵᠢᠰᠢᠶᠠᠨ ᠤ ᠭᠠᠯᠲᠤ ᠲᠡᠷᠭᠡ ᠶᠢ ᠨᠡᠪᠲᠡᠷᠡᠭᠦᠯᠪᠡ᠃ | ᠲᠦᠷᠪᠡ ᠳᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ ᠠᠬᠢᠭᠤᠯᠵᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠰᠦᠢᠳᠬᠡᠯ ᠢ ᠪᠠᠭᠤᠷᠠᠭᠤᠯᠪᠠ᠃ ᠬᠢᠯᠢ ᠶᠢᠨ ᠪᠣᠭᠤᠮᠲᠠ ᠶᠢᠨ | ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠬᠥᠳᠡᠯᠦᠩᠭᠦᠶ ᠪᠠᠷ ᠳᠣᠭᠢᠷᠠᠭᠤᠯᠤᠨ ᠰᠢᠨᠡᠳᠬᠡᠬᠦ ᠶᠢ ᠴᠢᠩᠭᠠᠷᠠᠭᠤᠯᠤᠨ᠂ ᠨᠠᠷᠢᠨ ᠬᠠᠭᠤᠳᠠᠰᠤ ᠠᠴᠠ ᠭᠠᠳᠠᠨ᠎ᠠ ᠶᠠᠮᠠᠷ ᠴᠦ | ᠰᠦᠢᠳᠬᠡᠯ ᠬᠤᠷᠢᠶᠠᠵᠤ ᠪᠣᠯᠬᠤ ᠥᠬᠡᠶ ᠭᠡᠵᠦ ᠲᠣᠭᠲᠠᠭᠠᠨ᠂ ᠪᠣᠭᠤᠮᠲᠠ ᠶᠢᠨ ᠰᠦᠢᠳᠬᠡᠯ ᠬᠤᠷᠢᠶᠠᠬᠤ ᠶᠢ ᠵᠢᠷᠤᠮᠵᠢᠭᠤᠯᠬᠤ᠂ | ᠢᠯᠡ ᠲᠣᠳᠣ ᠪᠣᠯᠭᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠠᠵᠤ ᠠᠬᠤᠶᠢᠯᠠᠯ ᠢ ᠵᠢᠯᠣᠭᠤᠳᠤᠨ | ᠪᠠᠩᠬᠢ ᠶᠢᠨ ᠳᠠᠭᠠᠭᠠᠯᠲᠠ ᠶᠢᠨ ᠵᠠᠬᠢᠳᠠᠯ᠂ ᠠᠵᠤ ᠠᠬᠤᠶᠢᠯᠠᠯ ᠤᠨ ᠪᠦᠯᠦᠭᠯᠡᠯ ᠤᠨ ᠡᠳ᠋ ᠤᠨ ᠶᠠᠪᠤᠳᠠᠯ ᠤᠨ ᠳᠠᠭᠠᠭᠠᠯᠲᠠ ᠪᠠ | ᠪᠣᠭᠤᠮᠲᠠ ᠶᠢᠨ ᠭᠠᠶᠢᠯᠢ ᠶᠢᠨ ᠪᠠᠲᠤᠯᠠᠭ᠎ᠠ ᠶᠢᠨ ᠳᠠᠭᠠᠳᠬᠠᠯ ᠵᠡᠷᠭᠡ ︽ᠣᠯᠠᠨ ᠵᠠᠮ ᠢᠶᠠᠷ ᠳᠠᠭᠠᠭᠠᠯᠲᠠ ᠬᠢᠬᠦ︾ ᠵᠠᠭᠪᠤᠷ ᠢ | ᠬᠡᠷᠡᠭᠯᠡᠨ᠂ ᠪᠠᠷᠠᠭ᠎ᠠ ᠪᠡᠯᠡᠳᠬᠡᠬᠦ ᠦᠶᠡᠯᠡᠯ ᠤᠨ ᠬᠤᠭᠤᠴᠠᠭ᠎ᠠ ᠶᠢ ᠤᠷᠲᠤᠳᠬᠠᠭᠰᠠᠨ ᠠᠴᠠ ᠪᠣᠯᠤᠭᠰᠠᠨ ᠪᠠᠯᠠ ᠮᠥᠩᠭᠦ ᠶᠢᠨ | ᠳᠠᠷᠤᠯᠲᠠ ᠶᠢ ᠨᠠᠮᠳᠠᠭᠤᠯᠵᠤ᠂ ᠠᠵᠤ ᠠᠬᠤᠶᠢᠯᠠᠯ ᠢ ᠬᠠᠪᠰᠤᠷᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠭᠦᠯᠵᠦ᠂ ᠡᠵᠡᠩᠨᠡᠯᠲᠡ ᠶᠢᠨ ᠥᠪᠡᠷ ᠤᠨ ᠥᠷᠲᠡᠭ ᠢ ᠠᠷᠪᠢᠯᠠᠵᠤ᠂ | ᠵᠢᠯ ᠤᠨ ᠳᠣᠲᠣᠷᠠᠬᠢ ᠳᠠᠭᠠᠭᠠᠯᠲᠠ ᠬᠢᠭᠰᠡᠨ ᠲᠤᠭ᠎ᠠ ᠬᠡᠮᠵᠢᠶ᠎ᠡ ᠨᠢ 3.53 ᠳ᠋ᠦᠩᠰᠢᠭᠤᠷ ᠲᠥᠭᠦᠷᠢᠭ ᠲᠤ ᠬᠦᠷᠴᠦ᠂ ᠠᠵᠤ | ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ 300 ᠭᠠᠷᠤᠶ ᠲᠦᠮᠡᠨ ᠲᠥᠭᠦᠷᠢᠭ ᠠᠷᠪᠢᠯᠠᠪᠠ᠃ 12 | ᠳ᠋ᠤᠭᠠᠷ ᠰᠠᠷ᠎ᠠ ᠶᠢᠨ 1 ᠤ ᠡᠳᠦᠷ᠂ ᠠᠵᠤ ᠠᠬᠤᠶᠢᠯᠠᠯ ᠢᠶᠠᠷ ᠨᠢᠭᠡᠴᠢ ᠪᠣᠯᠭᠠᠭᠰᠠᠨ ᠭᠠᠶᠢᠯᠢ ᠶᠢᠨ ᠵᠣᠭᠤᠰ ᠤᠨ | ᠳᠠᠭᠠᠭᠠᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠨᠢᠭᠡ ᠳᠠᠭᠠᠭᠠᠯᠲᠠ ᠶᠢ ᠪᠥᠬᠦ ᠤᠯᠤᠰ ᠤᠨ ᠪᠣᠭᠤᠮᠲᠠ ᠶᠢᠨ ᠣᠯᠠᠨ | ᠵᠦᠢᠯ ᠤᠨ ᠭᠠᠶᠢᠯᠢ ᠶᠢᠨ ᠵᠣᠭᠤᠰ ᠤᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠳᠤ ᠵᠡᠷᠭᠡ ᠪᠠᠷ ᠬᠡᠷᠡᠭᠯᠡᠵᠦ ᠪᠣᠯᠬᠤ᠂ | ᠳᠠᠭᠠᠭᠠᠯᠲᠠ ᠶᠢᠨ ᠵᠠᠬᠢᠳᠠᠯ ᠳᠠᠬᠢ ᠵᠣᠭᠤᠰ ᠤᠨ ᠲᠤᠭ᠎ᠠ ᠶᠢ ᠬᠠᠮᠲᠤ ᠪᠠᠷ ᠬᠡᠷᠡᠭᠯᠡᠵᠦ ᠪᠣᠯᠬᠤ᠂ ᠬᠦᠴᠦᠨ ᠲᠠᠢ | ᠬᠤᠭᠤᠴᠠᠭᠠᠨ ᠳᠤ ᠡᠷᠭᠢᠯᠳᠦᠭᠦᠯᠦᠨ ᠬᠡᠷᠡᠭᠯᠡᠬᠦ ᠶᠢ ᠪᠡᠶᠡᠯᠡᠭᠦᠯᠦᠭᠰᠡᠨ ᠤ ᠬᠠᠮᠲᠤ ᠪᠥᠬᠦ ᠴᠤᠪᠤᠷᠠᠯ ᠱᠤᠭᠤᠮ ᠳᠡᠭᠡᠷ᠎ᠡ | ᠭᠦᠢᠴᠡᠳᠬᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠬᠡᠷ ᠠᠴᠠ ᠪᠠᠨ ᠭᠠᠷᠬᠤ ᠥᠬᠡᠶ ᠪᠠᠷ ᠡᠯ᠎ᠡ ᠲᠥᠷᠥᠯ ᠤᠨ | ᠭᠠᠶᠢᠯᠢ ᠶᠢᠨ ᠵᠣᠭᠤᠰ ᠤᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠴᠢᠳᠠᠬᠤ ᠶᠢ ᠪᠡᠶᠡᠯᠡᠭᠦᠯᠪᠡ᠃ | ᠪᠣᠭᠤᠮᠲᠠ ᠶᠢᠨ ᠣᠷᠣᠨ ᠤ ᠭᠠᠳᠠᠭᠠᠳᠤ ᠠᠴᠠ ᠣᠷᠣᠭᠤᠯᠬᠤ ᠮᠣᠩᠭᠤᠯ ᠤᠯᠤᠰ ᠤᠨ ᠲᠠᠸᠠᠷ ᠲᠤ ︽ᠠᠽᠢᠶ᠎ᠠ ᠨᠣᠮᠣᠬᠠᠨ | ᠲᠡᠯᠡᠶ ᠶᠢᠨ ᠣᠷᠣᠨ ᠤ ᠠᠷᠠᠯᠵᠢᠶᠠᠨ ᠤ ᠬᠡᠯᠡᠯᠴᠡᠭᠡᠷ︾ ᠤᠨ ᠪᠣᠭᠤᠮᠲᠠ ᠶᠢᠨ ᠭᠠᠶᠢᠯᠢ ᠶᠢᠨ ᠬᠥᠩᠭᠡᠯᠡᠯᠲᠡ ᠬᠢᠬᠦ ᠶᠢ ᠢᠳᠡᠪᠬᠢᠲᠡᠢ | ᠪᠠᠲᠤᠯᠠᠵᠤ᠂ ᠬᠡᠯᠡᠯᠴᠡᠭᠡᠷ ᠢ ᠬᠡᠷᠡᠭᠵᠢᠭᠦᠯᠦᠭᠰᠡᠨ ᠪᠠᠶᠢᠳᠠᠯ ᠢ ᠬᠥᠳᠡᠯᠦᠩᠭᠦᠶ ᠪᠠᠷ ᠬᠢᠨᠠᠨ ᠡᠵᠡᠮᠳᠡᠵᠦ᠂ ᠠᠵᠤ ᠠᠬᠤᠶᠢᠯᠠᠯ ᠢ | ᠬᠠᠪᠰᠤᠷᠤᠨ 257 ᠲᠦᠮᠡᠨ ᠲᠥᠭᠦᠷᠢᠭ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠬᠦᠷᠲᠡᠭᠡᠪᠡ᠃ ᠠᠮᠧᠷᠢᠺᠠ ᠠᠴᠠ | ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠬᠤ ᠲᠠᠸᠠᠷ ᠢ ᠭᠠᠳᠠᠭᠤᠷᠴᠢᠯᠠᠬᠤ ᠭᠤᠶᠤᠴᠢᠯᠠᠯ ᠵᠢᠴᠢ ᠭᠠᠳᠠᠭᠠᠳᠤ ᠠᠴᠠ | ᠣᠷᠣᠭᠤᠯᠬᠤ ᠶᠢ ᠮᠡᠳᠡᠭᠦᠯᠬᠦ ᠠᠵᠢᠯ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ 158 ᠲᠦᠮᠡᠨ ᠲᠥᠭᠦᠷᠢᠭ ᠤᠨ ᠪᠡᠯᠡ | ᠮᠥᠩᠭᠦ ᠠᠷᠪᠢᠯᠠᠵᠤ ᠥᠭᠪᠡ᠃ | ᠲᠠᠪᠤ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠦᠷᠭᠦᠯᠵᠢᠯᠡᠨ ᠥᠷᠭᠡᠳᠬᠡᠵᠦ᠂ ᠥᠪᠡᠷᠲᠡᠭᠡᠨ | ᠵᠠᠰᠠᠬᠤ ᠣᠷᠣᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠲᠦᠷᠭᠡᠨ ᠬᠥᠭᠵᠢᠯᠲᠡ ᠶᠢ ᠤᠯᠠᠮ ᠨᠢᠭᠡ ᠠᠯᠬᠤᠮ | ᠳᠡᠮᠵᠢᠪᠡ᠃ ᠬᠢᠵᠢᠭ ᠪᠠᠶᠢᠴᠠᠭᠠᠵᠤ ᠬᠢᠨᠠᠨ ᠵᠥᠪᠰᠢᠶᠡᠷᠡᠬᠦ ︽ᠰᠠᠭᠠᠳ ᠥᠬᠡᠶ ᠨᠡᠪᠲᠡᠷᠡᠬᠦ ᠵᠠᠮ︾ ᠢ ᠪᠠᠶᠢᠭᠤᠯᠵᠤ᠂ ᠬᠢᠨᠠᠨ | ᠵᠥᠪᠰᠢᠶᠡᠷᠡᠬᠦ ᠴᠠᠭ ᠬᠤᠭᠤᠴᠠᠭ᠎ᠠ ᠶᠢ ᠪᠣᠭᠤᠨᠢᠰᠬᠠᠨ᠂ ︽ᠰᠢᠯᠢᠳᠡᠭ ᠡᠭᠦᠯᠳᠡᠷ ᠲᠤ ᠬᠡᠷᠡᠭᠯᠡᠬᠦ ᠮᠠᠯ ᠵᠢᠭᠦᠷᠲᠡᠨ ᠢ ᠣᠷᠣᠭᠤᠯᠤᠨ | ᠠᠪᠴᠢᠷᠠᠬᠤ ᠬᠠᠭᠤᠷᠠᠶ ᠵᠠᠮ ᠪᠠ ᠠᠭᠠᠷ ᠤᠨ ᠬᠤᠩᠭᠢᠯ︾ ᠢ ᠨᠡᠪᠲᠡᠷᠡᠭᠦᠯᠵᠦ᠂ ᠥᠪᠥᠷ ᠮᠣᠩᠭᠤᠯ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠴᠢ ︽ᠬᠤᠨᠢ ᠶᠢᠨ ᠲᠤᠭ᠎ᠠ ᠲᠣᠯᠣᠭᠠᠢ ᠶᠢ ᠲᠣᠭᠲᠠᠪᠤᠷᠢᠵᠢᠭᠤᠯᠤᠨ ᠦᠬᠡᠷ ᠤᠨ ᠲᠤᠭ᠎ᠠ | ᠲᠣᠯᠣᠭᠠᠢ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢ ᠠᠬᠢᠭᠤᠯᠪᠠ᠃ ᠲᠦᠷᠦᠭᠦᠤ 10 ᠰᠠᠷ᠎ᠠ ᠳᠤ᠂ | ᠭᠠᠳᠠᠭᠠᠳᠤ ᠠᠴᠠ ᠣᠷᠣᠭᠤᠯᠤᠭᠰᠠᠨ 1029 ᠬᠤᠴᠠ᠂ 6 ᠪᠦᠯᠦᠭ ᠤᠳᠠᠭ᠎ᠠ 14 ᠲᠦᠮᠡᠨ ᠡᠷᠡᠭᠴᠢᠨ ᠲᠠᠬᠢᠶ᠎ᠠ᠂ | ᠮᠣᠩᠭᠤᠯ ᠤᠯᠤᠰ ᠤᠨ ᠠᠵᠢᠷᠭ᠎ᠠ 30 ᠲᠣᠯᠣᠭᠠᠢ᠂ ᠭᠠᠳᠠᠭᠠᠳᠤ ᠠᠴᠠ ᠣᠷᠣᠭᠤᠯᠤᠭᠰᠠᠨ ᠬᠥᠯᠳᠡᠭᠡᠭᠰᠡᠨ ᠦᠬᠡᠷ ᠤᠨ | ᠦᠷ᠎ᠡ ᠶᠢᠨ ᠰᠢᠩᠭᠡᠨ 16 ᠪᠦᠯᠦᠭ ᠤᠳᠠᠭ᠎ᠠ 77.24 ᠲᠦᠮᠡ ᠳᠤ ᠬᠦᠷᠴᠡᠶ᠃ ᠭᠠᠳᠠᠭᠠᠳᠤ ᠳᠤ ᠭᠠᠷᠭᠠᠬᠤ ᠢᠳᠡᠭᠡᠨ ᠤ | ᠠᠵᠤ ᠠᠬᠤᠶᠢᠯᠠᠯ ᠢ ᠵᠢᠯᠣᠭᠤᠳᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠬᠢᠯᠢ ᠶᠢᠨ ᠭᠠᠳᠠᠨᠠᠬᠢ ᠮᠡᠷᠭᠡᠵᠢᠯ ᠤᠨ ᠴᠢᠨᠠᠷᠲᠠᠶ ᠠᠷᠠᠯᠵᠢᠶ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭ | ᠣᠨᠣᠴᠠᠲᠠᠶ ᠪᠠᠷ ᠬᠦᠷᠭᠡᠨ ᠥᠭᠴᠦ᠂ ᠪᠣᠭᠤᠮᠲᠠ ᠶᠢᠨ ᠣᠷᠣᠨ ᠤ ᠤᠨᠴᠠᠯᠢᠭᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠱᠤᠷᠠᠭ ᠵᠠᠮᠠᠭ᠂ ᠦᠷ᠎ᠡ ᠶᠢᠨ ᠲᠥᠷᠥᠯ᠂ ᠤᠰᠤ ᠦᠭᠡᠶᠢᠳᠡᠭᠦᠯᠦᠭᠰᠡᠨ ᠢᠳᠡᠰᠢᠨ ᠨᠣᠭᠤᠭ᠎ᠠ᠂ ᠴᠠᠭᠠᠨ | ᠢᠳᠡᠭᠡ ᠵᠡᠷᠭᠡ ᠶᠢ 90 ᠭᠠᠷᠤᠶ ᠤᠯᠤᠰ ᠪᠠ ᠭᠠᠵᠠᠷ ᠣᠷᠣᠨ ᠳᠤ ᠪᠣᠷᠣᠯᠠᠭᠤᠯᠬᠤ ᠶᠢ ᠠᠬᠢᠭᠤᠯᠪᠠ᠃ ︽ᠥᠪᠥᠷ ᠮᠣᠩᠭᠤᠯ︾ | ᠲᠡᠮᠳᠡᠭᠲᠦ ᠢᠳᠡᠭᠡᠨ ᠤ ᠨᠠᠷᠠᠲᠤ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠡᠭᠦᠨ ᠳᠤ ᠮᠧᠩ ᠨᠢᠦ ᠺᠣᠮᠫᠠᠨᠢ ᠶᠢᠨ ᠰᠦᠨ | ᠤᠮᠳᠠᠭᠠᠨ ᠢ ᠠᠩᠬ᠎ᠠ ᠤᠳᠠᠭ᠎ᠠ ᠠᠮᠧᠷᠢᠺᠠ ᠳᠤ ᠭᠠᠷᠭᠠᠪᠠ᠃ ᠲᠦᠷᠦᠭᠦᠦ 10 ᠰᠠᠷ᠎ᠠ ᠳᠤ᠂ ᠬᠥᠬᠡᠬᠤᠲᠠ ᠪᠣᠭᠤᠮᠲᠠ ᠶᠢᠨ | ᠬᠢᠨᠠᠨ ᠬᠠᠮᠢᠶᠠᠷᠴᠤ ᠭᠠᠳᠠᠭᠠᠳᠤ ᠳᠤ ᠭᠠᠷᠭᠠᠭᠰᠠᠨ ᠲᠠᠷᠢᠶᠠᠯᠠᠩ ᠤᠨ ᠪᠦᠲᠦᠭᠡᠭᠳᠡᠬᠦᠨ 23.7 ᠲᠦᠮᠡᠨ ᠲᠣᠨ ᠳᠤ ᠬᠦᠷᠴᠡᠢ᠃ | ᠵᠢᠷᠭᠤᠭ᠎ᠠ ᠳᠤ᠂ ᠨᠡᠭᠡᠭᠡᠯᠲᠡ ᠶᠢᠨ ᠲᠠᠪᠴᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ | ᠥᠨᠳᠥᠷ ᠬᠢᠷᠢ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠤᠯᠠᠮ ᠨᠢᠭᠡ ᠠᠯᠬᠤᠮ ᠠᠬᠢᠭᠤᠯᠪᠠ᠃ ᠲᠦᠷᠤ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠥᠨᠳᠥᠷ ᠲᠦᠪᠰᠢᠨ ᠪᠦᠬᠦᠢ ᠨᠡᠭᠡᠭᠡᠯᠲᠡ ᠪᠠ | ᠴᠢᠨᠠᠷᠯᠢᠭ ᠬᠥᠭᠵᠢᠯᠲᠡ ᠶᠢ ᠠᠬᠢᠭᠤᠯᠬᠤ 21 ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠯᠠᠨ | ᠠᠷᠭ᠎ᠠ ᠵᠠᠮ ᠢᠶᠠᠷ ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠲᠠᠶᠢᠯᠤᠮᠵᠢ ᠪᠠ ᠪᠣᠯᠪᠠᠰᠤᠷᠠᠯ ᠢ ᠤᠯᠠᠨ ᠠᠷᠭ᠎ᠠ ᠵᠠᠮ ᠢᠶᠠᠷ | ᠥᠷᠨᠢᠭᠦᠯᠵᠦ᠂ ᠨᠡᠩ ᠤᠯᠠᠨ ᠠᠵᠤ ᠠᠬᠤᠶᠢᠯᠠᠯ᠂ ᠨᠡᠩ ᠰᠠᠶᠢᠨ ᠲᠦᠷᠤᠯ ᠵᠦᠢᠯ ᠢ ᠭᠠᠶᠢᠯᠢ ᠪᠠᠲᠤᠯᠠᠬᠤ ᠣᠷᠣᠨ ᠳᠤ | ᠣᠷᠣᠭᠤᠯᠤᠨ ᠬᠥᠭᠵᠢᠭᠦᠯᠬᠦ ᠶᠢ ᠬᠦᠳᠦᠯᠦᠨ ᠵᠢᠯᠣᠭᠤᠳᠴᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠳᠠᠭᠠᠳᠤ | ᠠᠷᠠᠯᠵᠢᠶ᠎ᠠ ᠪᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠡᠨᠡ ᠬᠦ ᠴᠢᠬᠤᠯᠠ ᠠᠵᠤ ᠠᠬᠤᠢ ᠶᠢᠨ ᠨᠡᠮᠡᠭᠳᠡᠯ ᠤᠨ | ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠪᠠ᠃ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠥᠭᠡᠷᠡᠴᠢᠯᠡᠯᠲᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠰᠤᠷᠤᠯᠴᠠᠨ ᠳᠡᠯᠭᠡᠷᠡᠭᠦᠯᠵᠦ᠂ ᠬᠠᠷᠢᠶ᠎ᠠ ᠣᠷᠣᠨ ᠤ ᠬᠤᠶᠠᠷ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠴᠥᠮ ᠡᠩ ᠤᠨ ᠭᠠᠶᠢᠯᠢ ᠲᠤᠰᠢᠶᠠᠭᠴᠢ ᠶᠢᠨ ᠬᠢᠷᠢ ᠬᠡᠮ ᠤᠨ ᠲᠤᠷᠰᠢᠯᠲᠠ | ᠂ AEO ᠠᠵᠤ ᠠᠬᠤᠶᠢᠯᠠᠯ ᠤᠨ ᠵᠦᠷᠢᠶᠡᠴᠢᠯᠡᠭᠰᠡᠨ ᠬᠠᠮᠢᠶᠠᠷᠤᠯᠲᠠ᠂ ︽ᠲᠦᠷᠪᠡ ᠶᠢ ᠥᠪᠡᠰᠦᠪᠡᠨ ᠭᠦᠢᠴᠡᠳᠬᠡᠵᠦ | ᠨᠢᠭᠡ ᠶᠢ ᠳᠥᠭᠦᠮᠴᠢᠯᠡᠬᠦ︾ ᠬᠢᠨᠠᠯᠲᠠ ᠬᠠᠮᠢᠶᠠᠷᠤᠯᠲᠠ ᠶᠢᠨ ᠰᠢᠨᠡᠴᠢᠯᠡᠯᠲᠡ ᠵᠡᠷᠭᠡ ᠠᠵᠢᠯ ᠢ ᠥᠷᠨᠢᠭᠦᠯᠵᠦ᠂ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠤ ᠲᠦᠷᠭᠡᠨ ᠬᠥᠭᠵᠢᠯᠲᠡ ᠶᠢᠨ ᠵᠠᠮ ᠳᠤ ᠣᠷᠣᠬᠤ ᠶᠢ ᠠᠬᠢᠭᠤᠯᠪᠠ᠃ ᠲᠦᠷᠦᠭᠦᠤ 10 | ᠰᠠᠷ᠎ᠠ ᠳᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠠ ᠣᠷᠳᠣᠰ ᠤᠨ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠤ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠥᠷᠲᠡᠭ ᠲᠣᠰ ᠲᠣᠰ 31.3 | ᠳ᠋ᠦᠩᠰᠢᠭᠤᠷ ᠲᠥᠭᠦᠷᠢᠭ᠂ 10.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ | ᠲᠣᠰ 28.9 ᠳᠠᠬᠢᠨ᠂ 51.7 ᠳᠠᠬᠢᠨ ᠢᠶᠠᠷ ᠨᠡᠮᠡᠭᠳᠡᠵᠡᠶ᠃ | | | ᠬᠥᠬᠡᠬᠤᠲᠠ ᠪᠣᠭᠤᠮᠲᠠ ᠶᠢᠨ 2021 ᠣᠨ ᠤ ︽ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢ | ᠭᠦᠨᠵᠡᠭᠡᠶᠢᠷᠡᠭᠦᠯᠵᠦ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠰᠣᠨᠢᠨ | ᠮᠡᠳᠡᠭᠡ ᠨᠡᠶᠢᠲᠡᠯᠡᠬᠦ ᠬᠤᠷᠠᠯ ᠤᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠨᠢ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠣᠶᠢᠯᠠᠭᠠᠭᠰᠠᠨ ᠢᠶᠠᠷ᠂ ᠬᠥᠬᠡᠬᠤᠲᠠ | ᠪᠣᠭᠤᠮᠲᠠ ᠶᠢᠨ ᠬᠢᠨ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢᠨ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠦᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 52 | ᠵᠦᠢᠯ ᠤᠨ ᠨᠠᠷᠢᠯᠢᠬᠵᠢᠭᠤᠯᠤᠭᠰᠠᠨ ᠠᠷᠭ᠎ᠠ ᠬᠡᠮᠵᠢᠶ᠎ᠡ ᠶᠢ ᠰᠢᠨ᠎ᠡ ᠪᠠᠷ ᠨᠡᠶᠢᠲᠡᠯᠡᠪᠡ᠂ ᠡᠭᠦᠨ ᠤ ᠭᠤᠤᠯ ᠠᠭᠤᠯᠭ᠎ᠠ ᠶᠢ | ᠬᠤᠷᠢᠶᠠᠩᠭᠤᠶᠢᠯᠠᠨ ᠲᠠᠨᠢᠯᠴᠠᠭᠤᠯᠤᠭᠠᠳ ᠥᠭᠭᠦᠨ᠎ᠡ ᠦᠦ︖ | ᠮᠠ ᠰᠢᠶᠤᠤ ᠬᠥᠩ᠄ ᠰᠤᠷᠪᠤᠯᠵᠢᠯᠠᠭᠴᠢ ᠶᠢᠨ ᠠᠰᠠᠭᠤᠭᠰᠠᠨ ᠳᠤ ᠲᠠᠯᠠᠷᠬᠠᠵᠤ ᠪᠠᠶᠢᠨ᠎ᠠ᠂ ᠡᠨᠡ ᠠᠰᠠᠭᠤᠯᠲᠠ ᠶᠢ ᠪᠢ | ᠬᠠᠷᠢᠭᠤᠯᠤᠶ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠷᠠᠯᠵᠢᠶ᠎ᠠ ᠶᠢ ᠳᠥᠭᠦᠮᠴᠢᠯᠡᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠶ ᠱᠦᠵᠢ ᠰᠢ ᠶᠢᠨ ᠫᠢᠩ ᠣᠯᠠᠨ ᠤᠳᠠᠭ᠎ᠠ ᠴᠢᠬᠤᠯᠠ ᠵᠢᠭᠠᠪᠤᠷᠢ | ᠴᠣᠬᠤᠯᠠᠪᠤᠷᠢ ᠥᠭᠴᠦ᠂ ︽ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ ᠪᠠ ᠳᠡᠯᠡᠬᠡᠶᠢᠴᠢᠯᠡᠭᠰᠡᠨ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠲᠦᠷᠭᠡᠪᠴᠢᠯᠡᠨ ᠪᠣᠶ ᠪᠣᠯᠭᠠᠬᠤ ᠬᠡᠷᠡᠭᠲᠡᠶ︾ ᠭᠡᠵᠦ ᠴᠢᠬᠤᠯᠠᠴᠢᠯᠠᠪᠠ᠃ | ᠪᠣᠭᠤᠮᠲᠠ ᠶᠢᠨ ᠶᠡᠷᠦᠩᠬᠡᠢ ᠵᠠᠬᠢᠷᠭ᠎ᠠ ᠠᠴᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠠᠷᠪᠠᠨ | ᠰᠠᠯᠠᠭ᠎ᠠ ᠮᠥᠴᠢᠷ ᠲᠠᠢ ᠬᠠᠮᠲᠤᠷᠠᠨ᠂ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢᠨ ᠥᠭᠡᠷᠡᠴᠢᠯᠡᠯᠲᠡ ᠶᠢ | ᠴᠢᠨᠠᠭᠰᠢᠳᠠ ᠭᠦᠨᠵᠡᠭᠡᠶᠢᠷᠡᠭᠦᠯᠵᠦ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ | ᠲᠠᠪᠤᠨ ᠲᠠᠯ᠎ᠠ ᠶᠢᠨ ᠬᠤᠷᠢᠨ ᠲᠤᠯᠤᠭᠠᠨ ᠵᠦᠢᠯ ᠤᠨ ᠪᠣᠳᠠᠲᠠᠢ ᠠᠭᠤᠯᠭ᠎ᠠ ᠶᠢ ᠳᠤᠷᠠᠳᠴᠠᠢ᠃ ᠮᠠᠨ ᠤ ᠪᠣᠭᠤᠮᠲᠠ ᠥᠪᠡᠷᠲᠡᠭᠡᠨ | ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠶᠢ ᠬᠥᠭᠵᠢᠭᠦᠯᠬᠦ ᠪᠣᠳᠠᠲᠤ ᠪᠠᠶᠢᠳᠠᠯ ᠢ ᠦᠨᠳᠦᠰᠦᠯᠡᠨ᠂ ᠤᠯᠤᠰ ᠤᠨ ᠬᠢᠯᠢ ᠶᠢᠨ | ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ ᠤᠨ ᠬᠢᠯᠢ ᠠᠯᠤᠰᠯᠠᠭᠰᠠᠨ ᠠᠷᠠᠯᠵᠢᠶ᠎ᠠ ᠶᠢ ᠳᠥᠭᠦᠮᠴᠢᠯᠡᠬᠦ ᠶᠢ ᠠᠬᠢᠭᠤᠯᠬᠤ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠳᠡᠯᠭᠡᠷᠡᠭᠦᠯᠬᠦ ᠱᠠᠭᠠᠷᠳᠠᠯᠭ᠎ᠠ ᠲᠠᠢ ᠤᠶᠠᠯᠳᠤᠭᠤᠯᠤᠨ᠂ 52 | ᠵᠤᠷᠪᠤᠰ ᠨᠠᠷᠢᠯᠢᠭᠵᠢᠭᠤᠯᠤᠭᠰᠠᠨ ᠠᠷᠭ᠎ᠠ ᠬᠡᠮᠵᠢᠶ᠎ᠡ ᠶᠢ ᠳᠤᠷᠠᠳᠪᠠ᠂ ᠡᠭᠦᠨ ᠳᠤ ᠭᠤᠤᠯᠳᠠᠭᠤ᠄ | ᠨᠢᠭᠡ ᠳᠤ᠂ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠦᠨ᠂ ᠪᠣᠭᠤᠮᠲᠠ ᠪᠠᠷ ᠥᠩᠭᠡᠷᠡᠬᠦ ᠪᠦᠬᠦ ᠬᠡᠯᠬᠢᠶ᠎ᠡ ᠪᠦᠬᠦ | ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ 19 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠨᠡᠩ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠵᠠᠭᠪᠤᠷ ᠢ ᠪᠤᠢ | ᠪᠣᠯᠭᠠᠵᠤ᠂ ᠪᠣᠭᠤᠮᠲᠠ ᠶᠢᠨ ᠪᠦᠬᠦ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠨᠢᠭᠡ ᠴᠤᠭᠴᠠᠵᠢᠭᠤᠯᠬᠤ | ᠥᠭᠡᠷᠡᠴᠢᠯᠡᠯᠲᠡ ᠶᠢ ᠠᠬᠢᠭᠤᠯᠤᠨ᠎ᠠ᠃ ᠪᠣᠭᠤᠮᠲᠠ ᠳᠤ ᠮᠡᠳᠡᠭᠦᠯᠬᠦ ᠬᠠᠭᠤᠳᠠᠰᠤ ᠪᠠᠷ ᠭᠤᠶᠤᠴᠢᠯᠠᠨ ᠮᠡᠳᠡᠭᠦᠯᠬᠦ ᠲᠥᠷᠥᠯ | ᠵᠦᠢᠯ ᠢ ᠡᠮᠬᠢᠯᠡᠨ ᠳᠥᠭᠦᠮᠴᠢᠯᠡᠵᠦ᠂ ᠤᠯᠠᠨ ᠡᠰᠢᠴᠢᠯᠡᠭᠰᠡᠨ ᠭᠤᠶᠤᠴᠢᠯᠠᠨ ᠮᠡᠳᠡᠭᠦᠯᠬᠦ ᠵᠠᠭᠪᠤᠷ ᠪᠠ ᠭᠠᠶᠢᠯᠢ ᠲᠠᠲᠠᠪᠤᠷᠢ ᠶᠢᠨ | ᠳᠠᠭᠠᠭᠠᠯᠲᠠ ᠶᠢᠨ ᠵᠠᠭᠪᠤᠷ ᠢ ᠬᠠᠩᠭᠠᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠣᠩᠭᠤᠯᠲᠠ ᠬᠢᠬᠦ ᠳᠤ ᠬᠠᠩᠭᠠᠨ᠎ᠠ᠃ | ︽ᠰᠠᠨᠠᠭᠠᠴᠢᠯᠠᠭ᠎ᠠ ᠠᠴᠠ ᠪᠠᠨ ᠢᠯᠡᠴᠢᠯᠡᠬᠦ︾ ᠲᠦᠷᠢᠮ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ | ᠲᠣᠭᠲᠠᠴᠠ ᠶᠢᠨ ᠬᠡᠷᠡᠭᠯᠡᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠠᠵᠤ ᠠᠬᠤᠶᠢᠯᠠᠯ ᠤᠨ | ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠰᠠᠨᠠᠭᠠᠴᠢᠯᠠᠭ᠎ᠠ ᠠᠴᠠ ᠪᠠᠨ ᠠᠯᠳᠠᠭ᠎ᠠ ᠪᠤᠷᠤᠭᠤ ᠪᠠᠨ ᠵᠠᠯᠠᠷᠠᠭᠤᠯᠬᠤ ᠶᠢ | ᠵᠣᠷᠢᠭᠵᠢᠭᠤᠯᠤᠨ᠎ᠠ᠃ | ᠬᠤᠶᠠᠷ ᠲᠤ᠂ ᠰᠦᠢᠳᠬᠡᠯ ᠬᠤᠷᠢᠶᠠᠬᠤ ᠶᠢ ᠢᠯᠭᠠᠷᠠᠭᠤᠯᠤᠨ ᠵᠢᠷᠤᠮᠵᠢᠭᠤᠯᠵᠤ᠂ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠰᠦᠢᠳᠬᠡᠯ ᠢ ᠤᠯᠠᠮ ᠨᠢᠭᠡ ᠠᠯᠬᠤᠮ ᠪᠠᠭᠤᠷᠠᠭᠤᠯᠬᠤ 2 ᠵᠦᠢᠯ ᠤᠨ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠪᠠ᠃ ᠬᠢᠯᠢ ᠶᠢᠨ ᠪᠣᠭᠤᠮᠲᠠ ᠶᠢᠨ ᠰᠦᠢᠳᠬᠡᠯ ᠬᠤᠷᠢᠶᠠᠭᠰᠠᠨ ᠦᠷ᠎ᠡ ᠪᠦᠲᠦᠭᠡᠯ ᠢ | ᠪᠠᠬᠢᠵᠢᠭᠦᠯᠬᠦ ᠪᠠ ᠢᠯᠭᠠᠷᠠᠭᠤᠯᠤᠨ ᠵᠢᠷᠤᠮᠵᠢᠭᠤᠯᠵᠤ᠂ ᠪᠣᠭᠤᠮᠲᠠ ᠶᠢᠨ ᠰᠦᠢᠳᠬᠡᠯ ᠬᠤᠷᠢᠶᠠᠬᠤ ᠶᠢ ᠵᠢᠷᠤᠮᠵᠢᠭᠤᠯᠬᠤ᠂ ᠢᠯᠡ | ᠲᠣᠳᠣ ᠪᠣᠯᠭᠠᠬᠤ ᠬᠢᠷᠢ ᠲᠦᠪᠰᠢᠨ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠢᠯᠢ ᠶᠢᠨ ᠪᠣᠭᠤᠮᠲᠠ ᠶᠢᠨ ᠰᠦᠢᠳᠬᠡᠯ | ᠬᠤᠷᠢᠶᠠᠬᠤ ᠶᠢ ᠢᠯᠡ ᠨᠡᠶᠢᠲᠡᠯᠡᠬᠦ ᠲᠦᠷᠢᠮ ᠪᠠ ᠦᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠵᠦ᠂ ᠬᠢᠯᠢ ᠶᠢᠨ ᠪᠣᠭᠤᠮᠲᠠ ᠶᠢᠨ | ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠢᠯᠡ ᠨᠡᠶᠢᠲᠡᠯᠡᠬᠦ ᠶᠢᠨ ᠬᠠᠮᠲᠤ ᠬᠥᠳᠡᠯᠦᠩᠭᠦᠶ ᠪᠠᠷ | ᠰᠢᠨᠡᠳᠬᠡᠬᠦ ᠶᠢ ᠴᠢᠩᠭᠠᠳᠬᠠᠵᠤ᠂ ᠨᠥᠬᠦᠴᠡᠯ ᠪᠥᠷᠢᠳᠦᠭᠰᠡᠨ ᠬᠢᠯᠢ ᠶᠢᠨ ᠪᠣᠭᠤᠮᠲᠠ ᠶᠢᠨ ︽ᠨᠢᠭᠡ ᠥᠷᠲᠡᠭᠡᠴᠢᠯᠡᠭᠰᠡᠨ ᠮᠠᠶ᠋ᠢᠭ︾ | ᠤᠨ ᠰᠦᠢᠳᠬᠡᠯ ᠲᠤᠰᠢᠶᠠᠬᠤ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ | ᠭᠤᠷᠪᠠ ᠳᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠤᠷᠢ ᠣᠯᠭᠤᠬᠤ ᠶᠢ ᠴᠢᠩᠭᠠᠳᠬᠠᠵᠤ᠂ ᠬᠢᠯᠢ ᠶᠢᠨ | ᠪᠣᠭᠤᠮᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠣᠪᠯᠠᠮᠤ ᠨᠢᠭᠡ ᠠᠯᠬᠤᠮ ᠳᠡᠭᠡᠭᠰᠢᠯᠡᠭᠦᠯᠬᠦ 11 ᠵᠤᠷᠪᠤᠰ | ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠤᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ | ᠴᠢᠳᠠᠮᠵᠢ ᠶᠢ ᠭᠦᠨᠵᠡᠭᠡᠶᠢᠷᠡᠭᠦᠯᠵᠦ᠂ ᠬᠢᠯᠢ ᠶᠢᠨ ᠪᠣᠭᠤᠮᠲᠠ ᠪᠠ ᠬᠢᠯᠢ ᠠᠯᠤᠰᠯᠠᠭᠰᠠᠨ ᠠᠷᠠᠯᠵᠢᠶᠠᠨ ᠤ ᠲᠤᠬᠠᠶᠢᠯᠠᠭᠰᠠᠨ | ᠠᠵᠢᠯ ᠢ ᠨᠢᠭᠡᠳᠦᠯᠲᠡᠶ ᠪᠠᠷ ︽ᠭᠠᠭᠴᠠ ᠴᠣᠩᠬᠤᠪᠴᠢ︾ ᠪᠠᠷ ᠳᠠᠮᠵᠢᠭᠤᠯᠤᠨ ᠭᠦᠢᠴᠡᠳᠬᠡᠬᠦ ᠶᠢ ᠠᠬᠢᠭᠤᠯᠵᠤ᠂ ︽ᠭᠠᠭᠴᠠ | ᠴᠣᠩᠬᠤᠪᠴᠢ︾ ᠶᠢ ᠬᠢᠯᠢ ᠶᠢᠨ ᠭᠠᠳᠠᠨᠠᠬᠢ ᠲᠠᠢ ᠬᠤᠯᠪᠣᠯᠳᠤᠭᠤᠯᠤᠨ ᠨᠡᠪᠲᠡᠷᠡᠯᠴᠡᠭᠦᠯᠬᠦ ᠶᠢ ᠴᠢᠩᠭᠠᠳᠬᠠᠵᠤ᠂ ᠣᠷᠣᠨ | ᠨᠤᠲᠤᠭ ᠤᠨ ᠬᠢᠨ ᠤ ︽ᠭᠠᠭᠴᠠ ᠴᠣᠩᠬᠤᠪᠴᠢ︾ ᠶᠢᠨ ᠤᠨᠴᠠᠯᠢᠭᠳᠤ ᠦᠢᠯᠡᠴᠢᠯᠡᠭᠡᠨ ᠤ ᠴᠢᠳᠠᠮᠵᠢ ᠪᠠᠨ ᠥᠷᠭᠡᠳᠬᠡᠬᠦ ᠶᠢ | ᠳᠡᠮᠵᠢᠨ᠎ᠡ᠃ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠥᠭᠵᠢᠯᠲᠡ ᠶᠢ ᠲᠦᠷᠭᠡᠳᠬᠡᠵᠦ᠂ ᠤᠯᠠᠨ ᠬᠡᠯᠪᠡᠷᠢ ᠶᠢᠨ | ᠬᠠᠮᠲᠤᠷᠠᠭᠰᠠᠨ ᠲᠡᠭᠡᠭᠡᠪᠦᠷᠢ ᠶᠢᠨ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ ᠶᠢ ᠲᠡᠮᠵᠢᠨ᠎ᠡ᠃ | ᠲᠦᠷᠪᠡ ᠳᠤ᠂ ᠥᠨᠳᠥᠷ ᠪᠦᠲᠦᠮᠵᠢᠲᠡᠶ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠ ᠠᠷᠠᠳ ᠲᠤ ᠲᠦᠬᠦᠮ | ᠦᠵᠡᠭᠦᠯᠵᠦ᠂ ᠬᠢᠯᠢ ᠠᠯᠤᠰᠯᠠᠭᠰᠠᠨ ᠠᠷᠠᠯᠵᠢᠶᠠᠨ ᠤ ᠪᠦᠬᠦᠯᠢ ᠴᠣᠭᠴᠠ ᠶᠢᠨ ᠦᠢᠯᠡᠴᠢᠯᠡᠭᠡᠨ ᠤ ᠣᠷᠴᠢᠨ ᠨᠥᠬᠦᠴᠡᠯ ᠢ | ᠤᠯᠠᠮ ᠨᠢᠭᠡ ᠠᠯᠬᠤᠮ ᠰᠠᠶᠢᠵᠢᠷᠠᠭᠤᠯᠬᠤ 16 ᠵᠤᠷᠪᠤᠰ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠢᠭᠡ ᠴᠤᠭᠴᠠᠵᠢᠭᠤᠯᠤᠨ ᠭᠦᠢᠴᠡᠳᠬᠡᠬᠦ ᠶᠢ ᠠᠬᠢᠭᠤᠯᠵᠤ᠂ ᠬᠢᠯᠢ ᠶᠢᠨ | ᠪᠣᠭᠤᠮᠲᠠ ᠶᠢᠨ ᠭᠤᠭᠴᠤᠭ᠎ᠠ ᠳᠠᠬᠢ ᠵᠠᠰᠠᠭ ᠤᠨ ᠶᠠᠪᠤᠳᠠᠯ ᠤᠨ ︽ᠭᠡᠷᠡᠴᠢᠯᠡᠭᠡ ᠨᠤᠲᠠᠯᠠᠯᠲᠠ ᠶᠢ ᠳᠡᠮᠵᠢᠭᠰᠡᠨ ᠡᠵᠡᠩᠨᠡᠭᠴᠢ︾ ︵ | AEO︶ ᠶᠢᠨ ᠲᠦᠷᠢᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠡᠷᠡᠴᠢᠯᠡᠨ ᠨᠤᠲᠠᠯᠠᠭᠰᠠᠨ ᠠᠵᠤ ᠠᠬᠤᠶᠢᠯᠠᠯ ᠳᠤ ᠨᠠᠩ | ᠣᠯᠠᠨ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠠᠩᠭᠠᠨ᠎ᠠ᠃ | ᠲᠠᠪᠤ ᠳᠤ᠂ ᠤᠶᠤᠨᠴᠢ ᠪᠠᠷ ᠬᠠᠮᠲᠤ ᠳᠤ ᠪᠠᠨ ᠬᠦᠷᠲᠡᠵᠦ ᠬᠤᠯᠪᠣᠭᠠᠯᠠᠨ ᠨᠡᠪᠲᠡᠷᠡᠭᠦᠯᠬᠦ ᠶᠢ ᠠᠬᠢᠭᠤᠯᠵᠤ᠂ ᠬᠢᠯᠢ ᠶᠢᠨ | ᠪᠣᠭᠤᠮᠲᠠ ᠶᠢᠨ ᠬᠢᠯᠢ ᠠᠯᠤᠰᠯᠠᠨ ᠪᠣᠭᠤᠮᠲᠠ ᠥᠩᠭᠡᠷᠡᠬᠦ ᠬᠠᠮᠲᠤᠷᠠᠯᠴᠠᠭ᠎ᠠ ᠰᠣᠯᠢᠯᠴᠠᠭ᠎ᠠ ᠶᠢ ᠤᠯᠠᠮ ᠨᠢᠭᠡ ᠠᠯᠬᠤᠮ | ᠴᠢᠩᠭᠠᠳᠬᠠᠬᠤ 4 ᠵᠤᠷᠪᠤᠰ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ︽ᠤᠶᠤᠨᠲᠤ ᠪᠣᠭᠤᠮᠲᠠ᠂ ᠤᠶᠤᠨᠴᠢ ᠬᠢᠯᠢ | ᠬᠢᠵᠠᠭᠠᠷ᠂ ᠤᠶᠤᠨᠴᠢ ᠪᠠᠷ ᠬᠠᠮᠲᠤ ᠳᠤ ᠪᠠᠨ ᠬᠦᠷᠲᠡᠵᠦ ᠬᠤᠯᠪᠣᠭᠠᠯᠠᠨ ᠨᠡᠪᠲᠡᠷᠡᠭᠦᠯᠬᠦ︾ ᠪᠥᠲᠥᠭᠡᠨ ᠪᠠᠶᠢᠭᠤᠯᠤᠯᠲᠠ ᠶᠢᠨ | ᠲᠣᠭᠤᠷᠢᠨ ᠳᠤ᠂ ᠮᠠᠨ ᠤ ᠤᠯᠤᠰ ᠬᠢᠭᠡᠳ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠤᠯᠤᠰ ︵ | ᠭᠠᠵᠠᠷ ᠣᠷᠣᠨ︶ ᠤᠨ ᠪᠣᠭᠤᠮᠲᠠ ᠪᠠᠷ ᠥᠩᠭᠡᠷᠡᠬᠦ ᠬᠢᠨᠠᠨ ᠬᠠᠮᠢᠶᠠᠷᠬᠤ ᠬᠠᠮᠲᠤᠷᠠᠯᠴᠠᠭ᠎ᠠ ᠪᠠ ᠮᠡᠳᠡᠭᠡ ᠵᠠᠩᠭᠢ ᠶᠢᠨ | ᠰᠣᠯᠢᠯᠴᠠᠭ᠎ᠠ ᠶᠢ ᠢᠳᠡᠪᠬᠢᠲᠡᠶ ᠠᠬᠢᠭᠤᠯᠤᠨ᠎ᠠ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠪᠣᠯᠣᠨ TIR | ᠲᠡᠭᠡᠭᠡᠪᠦᠷᠢ᠂ ᠬᠢᠯᠢ ᠠᠯᠤᠰᠯᠠᠭᠰᠠᠨ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠲᠠᠢ ᠤᠶᠠᠯᠳᠤᠭᠤᠯᠬᠤ ᠶᠢ ᠠᠬᠢᠭᠤᠯᠵᠤ | ᠂ ᠡᠵᠡᠩᠨᠡᠯᠲᠡ ᠶᠢᠨ ᠠᠵᠤ ᠠᠬᠤᠶᠢᠯᠠᠯ ᠢ ᠪᠤᠶᠢᠵᠢᠭᠤᠯᠬᠤ ᠵᠢᠴᠢ ᠤᠯᠠᠨ ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ | ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ | | | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠠᠵᠤ ᠠᠬᠤᠶ ᠶᠢᠨ ᠪᠤᠯᠤᠩ ᠤᠨ ᠰᠤᠷᠪᠤᠯᠵᠢᠯᠠᠭᠴᠢ᠄ ᠡᠨᠡ | ᠵᠢᠯ ᠠᠴᠠ ᠨᠠᠭᠠᠰᠢᠬᠢ ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠵᠢᠴᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠲᠤᠬᠠᠶᠢᠯᠠᠭᠰᠠᠨ ᠠᠵᠢᠯ ᠢ | ᠭᠦᠢᠴᠡᠳᠬᠡᠬᠦ ᠳᠤ ᠶᠠᠮᠠᠷ ᠶᠠᠮᠠᠷ ᠲᠥᠬᠦᠮ ᠦᠵᠡᠭᠦᠯᠦᠭᠰᠡᠨ ᠢ ᠲᠠᠨᠢᠯᠴᠠᠭᠤᠯᠤᠭᠠᠳ ᠥᠭᠭᠦᠨ᠎ᠡ ᠦᠦ︖ | ᠮᠠ ᠰᠢᠶᠤᠤ ᠬᠥᠩ ᠄ ᠲᠠᠨ ᠤ ᠠᠰᠠᠭᠤᠯᠲᠠ ᠳᠤ ᠪᠠᠶᠠᠷᠯᠠᠯ᠎ᠠ᠃ ᠤᠯᠠᠨ ᠤᠯᠤᠰ ᠤᠨ ᠠᠷᠠᠯᠵᠢᠶᠠᠨ ᠤ ︽ᠭᠠᠭᠴᠠ | ᠴᠣᠩᠬᠤᠪᠴᠢ︾ ︵ᠳᠣᠷᠣᠭᠰᠢ ︽ᠭᠠᠭᠴᠠ ᠴᠣᠩᠬᠤᠪᠴᠢ︾ ᠭᠡᠵᠦ ᠲᠣᠪᠴᠢᠯᠠᠨ᠎ᠠ︶ ᠪᠣᠯ ᠤᠯᠤᠰ ᠠᠴᠠ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠥᠷᠭᠡᠨ ᠤᠯᠠᠨ ᠠᠵᠤ ᠠᠬᠤᠶᠢᠯᠠᠯ ᠳᠤ ᠪᠠᠶᠢᠭᠤᠯᠵᠤ ᠥᠭᠭᠦᠭᠰᠡᠨ ᠤᠯᠠᠨ | ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠪᠣᠯᠣᠨ᠎ᠠ᠂ ᠲᠡᠷᠡ ᠨᠢ ᠳᠣᠲᠣᠭᠠᠳᠤ ᠶᠢ ᠬᠠᠮᠠᠭᠠᠯᠠᠬᠤ ᠶᠠᠮᠤᠨ᠂ ᠠᠮᠢ ᠠᠬᠤᠶ | ᠣᠷᠴᠢᠨ ᠲᠣᠭᠤᠷᠢᠨ ᠤ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠪᠣᠭᠤᠮᠲᠠ ᠶᠢᠨ ᠶᠡᠷᠦᠩᠬᠡᠶ ᠵᠠᠬᠢᠷᠭ᠎ᠠ ᠵᠡᠷᠭᠡ | 10 ᠭᠠᠷᠤᠶ ᠶᠠᠮᠤᠨ ᠵᠥᠪᠯᠡᠯ ᠤᠨ ᠰᠢᠰᠲ᠋ᠧᠮ ᠲᠠᠢ ︽ᠶᠡᠷᠦᠩᠬᠡᠢ ᠶᠢ ᠶᠡᠷᠦᠩᠬᠡᠢ ᠳᠤ ᠵᠠᠯᠭᠠᠯᠳᠤᠭᠤᠯᠬᠤ︾ ᠶᠢ ᠪᠡᠶᠡᠯᠡᠭᠦᠯᠬᠦ | ᠪᠣᠯᠣᠨ᠎ᠠ᠃ ᠭᠤᠶᠤᠴᠢᠯᠠᠨ ᠮᠡᠳᠡᠭᠦᠯᠦᠭᠴᠢ ᠨᠢ ︽ᠭᠠᠭᠴᠠ ᠴᠣᠩᠬᠤᠪᠴᠢ︾ ᠪᠠᠷ ᠳᠠᠮᠵᠢᠭᠤᠯᠤᠨ ᠨᠢᠭᠡ ᠴᠡᠭ ᠢᠶᠠᠷ ᠵᠠᠯᠭᠠᠨ | ᠣᠷᠣᠵᠤ᠂ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠪᠠ ᠣᠯᠠᠨ ᠤᠯᠤᠰ ᠤᠨ ᠠᠷᠠᠯᠵᠢᠶᠠᠨ ᠤ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠱᠠᠭᠠᠷᠳᠠᠯᠭ᠎ᠠ ᠶᠢ ᠬᠠᠩᠭᠠᠭᠰᠠᠨ ᠪᠠᠷᠢᠮᠵᠢᠶᠠᠵᠢᠭᠤᠯᠤᠭᠰᠠᠨ ᠬᠠᠭᠤᠳᠠᠰᠤ ᠭᠡᠷᠡᠴᠢᠯᠡᠭᠡ ᠶᠢᠨ ᠡᠯᠧᠺᠳ᠋ᠷᠣᠨ ᠮᠡᠳᠡᠭᠡ | ᠵᠠᠩᠭᠢ ᠶᠢ ᠨᠢᠭᠡ ᠯᠡ ᠤᠳᠠᠭ᠎ᠠ ᠳᠤ ᠲᠤᠰᠢᠶᠠᠵᠤ᠂ ᠭᠤᠶᠤᠴᠢᠯᠠᠨ ᠮᠡᠳᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠪᠣᠭᠤᠮᠲᠠ ᠪᠠᠷ ᠥᠩᠭᠡᠷᠡᠭᠦᠯᠬᠦ ᠴᠠᠭ ᠢ ᠪᠣᠭᠤᠨᠢᠰᠬᠠᠵᠤ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ᠂ | ᠠᠷᠠᠯᠵᠢᠶᠠᠨ ᠤ ᠳᠥᠭᠦᠮᠴᠢᠯᠡᠯᠲᠡ ᠶᠢ ᠠᠬᠢᠭᠤᠯᠵᠤ ᠪᠣᠯᠤᠨ᠎ᠠ᠃ | ᠠᠵᠤ ᠠᠬᠤᠶᠢᠯᠠᠯ ᠳᠤ ᠠᠪᠴᠤ ᠬᠡᠯᠡᠪᠡᠯ᠂ ︽ᠭᠠᠭᠴᠠ ᠴᠣᠩᠬᠤᠪᠴᠢ︾ ᠨᠢ ᠨᠡᠶᠢᠳᠬᠡᠭᠰᠡᠨ᠂ ᠨᠢᠭᠡ ᠥᠷᠲᠡᠭᠡᠴᠢᠯᠡᠭᠰᠡᠨ | ᠮᠠᠶ᠋ᠢᠭ ᠤᠨ ᠦᠢᠯᠡᠴᠢᠯᠡᠭᠡᠨ ᠤ ᠴᠢᠳᠠᠮᠵᠢ ᠶᠢ ᠬᠠᠩᠭᠠᠪᠠ᠃ ᠠᠵᠤ ᠠᠬᠤᠶᠢᠯᠠᠯ ᠬᠡᠷ ᠠᠴᠠ ᠪᠠᠨ ᠭᠠᠷᠬᠤ ᠥᠬᠡᠶ ᠪᠠᠷ ᠪᠣᠭᠤᠮᠲᠠ | ᠂ ᠭᠠᠳᠠᠭᠠᠳᠤ ᠭᠤᠪᠢᠭᠤᠯᠭ᠎ᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠲᠤ ᠬᠠᠮᠢᠶ᠎ᠠ ᠪᠥᠬᠦᠶ ᠭᠤᠶᠤᠴᠢᠯᠠᠯ ᠤᠨ | ᠮᠠᠲ᠋ᠧᠷᠢᠶᠠᠯ ᠢᠶᠠᠨ ᠨᠢᠭᠡ ᠯᠡ ᠤᠳᠠᠭ᠎ᠠ ᠪᠠᠷ ᠲᠤᠰᠢᠶᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢ | ᠭᠠᠭᠴᠠ ᠴᠣᠩᠬᠤᠪᠴᠢ ᠪᠠᠷ ᠭᠦᠢᠴᠡᠳᠬᠡᠵᠦ ᠪᠣᠯᠤᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠠᠪᠴᠤ ᠬᠡᠯᠡᠪᠡᠯ᠂ | ︽ᠭᠠᠭᠴᠠ ᠴᠣᠩᠬᠤᠪᠴᠢ︾ ᠨᠢ ᠬᠢᠯᠢ ᠶᠢᠨ ᠪᠣᠭᠤᠮᠲᠠ ᠶᠢᠨ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ | ᠵᠠᠩᠭᠢ ᠶᠢ ᠬᠠᠮᠲᠤ ᠳᠤ ᠪᠠᠨ ᠬᠦᠷᠲᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠪᠡ᠃ ᠵᠢᠱᠢᠶᠡᠯᠡᠪᠡᠯ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠬᠢᠨᠠᠨ ᠬᠠᠮᠢᠶᠠᠷᠬᠤ ᠦᠨᠡᠮᠯᠡᠯ ᠢ ︽ᠭᠠᠭᠴᠠ | ᠴᠣᠩᠬᠤᠪᠴᠢ︾ ᠪᠠᠷ ᠳᠠᠮᠵᠢᠭᠤᠯᠤᠨ ᠰᠦᠯᠵᠢᠶ᠎ᠡ ᠪᠠᠷ ᠬᠠᠷᠭᠤᠭᠤᠯᠤᠨ ᠪᠠᠶᠢᠴᠠᠭᠠᠬᠤ᠂ ᠴᠠᠭᠠᠰᠤ ᠬᠡᠷᠡᠭᠯᠡᠬᠦ ᠥᠬᠡᠶ ᠪᠠᠷ | ᠪᠣᠭᠤᠮᠲᠠ ᠪᠠᠷ ᠥᠩᠭᠡᠷᠡᠭᠦᠯᠬᠦ ᠶᠢ ᠪᠡᠶᠡᠯᠡᠭᠦᠯᠪᠡ᠃ | ᠡᠨᠡ ᠵᠢᠯ ᠠᠴᠠ ᠨᠠᠭᠠᠰᠢ᠂ ᠬᠥᠬᠡᠬᠤᠲᠠ ᠪᠣᠭᠤᠮᠲᠠ ᠶᠢᠨ ᠬᠢᠨ ︽ᠭᠠᠭᠴᠠ ᠴᠣᠩᠬᠤᠪᠴᠢ︾ ᠶᠢᠨ ᠪᠥᠲᠥᠭᠡᠨ | ᠪᠠᠶᠢᠭᠤᠯᠤᠯᠲᠠ ᠶᠢᠨ ᠶᠡᠷᠦᠩᠬᠡᠶ ᠪᠠᠶᠢᠷᠢᠯᠠᠭᠤᠯᠤᠯᠲᠠ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠦᠢᠯᠡᠴᠢᠯᠡᠭᠡᠨ ᠤ ᠵᠠᠭᠪᠤᠷ ᠲᠤ ᠪᠠᠨ ᠰᠢᠨ᠎ᠡ ᠶᠢ | ᠡᠭᠦᠳᠴᠦ᠂ ᠠᠵᠤ ᠠᠬᠤᠶᠢᠯᠠᠯ ᠤᠨ ᠠᠵᠢᠯᠯᠠᠭᠠᠨ ᠳᠤ ᠲᠥᠬᠦᠮ ᠦᠵᠡᠭᠦᠯᠦᠨ᠂ ᠡᠯ᠎ᠡ ᠲᠤᠬᠠᠶᠢᠯᠠᠭᠰᠠᠨ ᠠᠵᠢᠯ ᠤᠨ | ᠬᠦᠷᠢᠶᠡᠨ ᠳᠤ ︽ᠭᠠᠭᠴᠠ ᠴᠣᠩᠬᠤᠪᠴᠢ︾ ᠶᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠪᠡ᠃ ᠲᠦᠷᠦ ᠶᠢᠨ | ᠪᠤᠳᠤᠯᠭ᠎ᠠ ᠶᠢᠨ ᠤᠬᠠᠭᠤᠯᠭ᠎ᠠ ᠲᠠᠶᠢᠯᠤᠮᠵᠢ ᠪᠠ ᠪᠣᠯᠪᠠᠰᠤᠷᠠᠯ ᠢ ᠴᠢᠩᠭᠠᠳᠬᠠᠵᠤ᠂ ᠭᠤᠣᠯᠳᠠᠯᠭ᠎ᠠ ᠲᠠᠢ ᠪᠦᠳᠦᠭᠡᠨ | ᠪᠠᠶᠢᠭᠤᠯᠤᠯᠲᠠ ᠶᠢᠨ ᠵᠦᠢᠯᠡᠰ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠨᠡᠶᠢᠳᠡ 2000 | ᠭᠠᠷᠤᠢ ᠪᠣᠭᠤᠮᠲᠠ ᠳᠤ ᠮᠡᠳᠡᠭᠦᠯᠬᠦ ᠠᠵᠤ ᠠᠬᠤᠶᠢᠯᠠᠯ᠂ ᠪᠠᠷᠠᠭ᠎ᠠ ᠶᠢ ᠣᠷᠣᠯᠠᠨ ᠵᠥᠭᠡᠭᠡᠪᠦᠷᠢᠯᠡᠬᠦ ᠠᠵᠤ ᠠᠬᠤᠶᠢᠯᠠᠯ ᠢ | ᠬᠠᠮᠤᠷᠴᠠᠢ᠃ ᠠᠵᠤ ᠠᠬᠤᠶᠢᠯᠠᠯ ᠤᠨ ᠵᠥᠪᠯᠡᠯᠭᠡ ᠥᠭᠬᠦ ᠦᠢᠯᠡᠴᠢᠯᠡᠭᠡ ᠶᠢ ᠴᠢᠩᠭᠠᠳᠬᠠᠵᠤ᠂ ᠪᠣᠭᠤᠮᠲᠠ ᠶᠢᠨ 12360 | ᠦᠢᠯᠡᠴᠢᠯᠡᠭᠡᠨ ᠤ ᠬᠠᠯᠠᠮᠰᠢᠯ ᠤᠲᠠᠰᠤ᠂ ᠠᠵᠢᠯᠯᠠᠭᠤᠯᠤᠨ ᠪᠠᠲᠤᠯᠠᠬᠤ ᠬᠢᠨᠠᠯᠲᠠ ᠡᠵᠡᠮᠳᠡᠯ᠂ ᠲᠤᠬᠠᠶ ᠶᠢᠨ ᠲᠠᠯᠠᠪᠤᠷ ᠤᠨ | ᠠᠵᠢᠯᠲᠠᠨ ᠤ ᠲᠠᠶᠢᠯᠤᠮᠵᠢ ᠵᠡᠷᠭᠡ ᠦᠢᠯᠡᠴᠢᠯᠡᠭᠡ ᠪᠠᠷ ᠳᠠᠮᠵᠢᠭᠤᠯᠤᠨ᠂ ︽ᠭᠠᠭᠴᠠ ᠴᠣᠩᠬᠤᠪᠴᠢ︾ ᠶᠢᠨ ᠠᠵᠢᠯᠯᠠᠭᠠᠨ ᠤ | ᠦᠢᠯᠡᠴᠢᠯᠡᠭᠡᠨ ᠤ ᠲᠠᠪᠴᠠᠩ᠂ ᠸᠢᠴᠠᠲ ᠤᠨ ᠬᠤᠯᠪᠣᠭ᠎ᠠ ᠵᠡᠷᠭᠡ ᠠᠷᠭ᠎ᠠ ᠵᠠᠮ ᠢ ᠶᠡᠷᠦᠩᠬᠡᠶᠢᠯᠡᠨ ᠬᠡᠷᠡᠭᠯᠡᠵᠦ᠂ ᠠᠵᠤ | ᠠᠬᠤᠶᠢᠯᠠᠯ ᠤᠨ ᠠᠰᠠᠭᠤᠯᠲᠠ ᠯᠠᠪᠯᠠᠯᠲᠠ ᠳᠤ 1000 ᠭᠠᠷᠤᠶ ᠤᠳᠠᠭ᠎ᠠ ᠥᠨᠳᠥᠷ ᠪᠦᠲᠦᠮᠵᠢᠲᠡᠶ ᠪᠠᠷ ᠬᠠᠷᠢᠭᠤ ᠲᠤᠰᠬᠠᠭᠰᠠᠨ | ᠪᠠ ᠰᠢᠢᠳᠪᠦᠷᠢᠯᠡᠵᠦ᠂ ᠰᠢᠰᠲ᠋ᠧᠮ ᠢ ᠰᠢᠯᠢᠳᠡᠭᠵᠢᠭᠦᠯᠬᠦ ᠠᠰᠠᠭᠤᠳᠠᠯ ᠤᠨ ᠲᠤᠬᠠᠶ 14 ᠰᠠᠨᠠᠭᠤᠯᠭ᠎ᠠ ᠶᠢ ᠴᠤᠭᠯᠠᠭᠤᠯᠤᠭᠰᠠᠨ ᠤ | ᠬᠠᠮᠲᠤ ᠢᠳᠡᠪᠬᠢᠲᠡᠶ ᠪᠠᠷ ᠮᠥᠷᠳᠡᠨ ᠰᠢᠢᠳᠪᠦᠷᠢᠯᠡᠵᠦ᠂ ᠠᠵᠤ ᠠᠬᠤᠶᠢᠯᠠᠯ ᠤᠨ ︽ᠭᠠᠭᠴᠠ ᠴᠣᠩᠬᠤᠪᠴᠢ︾ ᠶᠢᠨ ᠡᠳᠦᠷ | ᠲᠤᠲᠤᠮ ᠤᠨ ᠬᠡᠷᠡᠭᠯᠡᠯᠲᠡ ᠶᠢᠨ ᠲᠣᠭᠲᠠᠭᠤᠨ ᠪᠥᠭᠡᠳ ᠤᠷᠤᠭᠰᠢᠲᠠᠶ ᠶᠠᠪᠤᠭᠳᠠᠬᠤ ᠶᠢ ᠪᠦᠲᠦᠮᠵᠢᠲᠡᠶ ᠪᠠᠲᠤᠯᠠᠪᠠ᠃ ᠣᠲᠣ | ᠪᠣᠯᠲᠠᠯ᠎ᠠ᠂ ︽ᠭᠠᠭᠴᠠ ᠴᠣᠩᠬᠤᠪᠴᠢ︾ ᠶᠢᠨ ᠭᠤᠤᠯ ᠪᠣᠯᠬᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠨᠣᠷᠮ᠎ᠠ | 100% ᠳᠤ ᠬᠥᠷᠪᠡ᠃ ᠠᠵᠤ ᠠᠬᠤᠶᠢᠯᠠᠯ ᠠᠴᠠ ᠤᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ | ᠪᠠᠷᠠᠭ᠎ᠠ ᠭᠤᠶᠤᠴᠢᠯᠠᠨ ᠮᠡᠳᠡᠭᠦᠯᠬᠦ᠂ ᠣᠩᠭᠤᠴᠠᠨ ᠤ ᠦᠷᠦᠭᠡ ᠶᠢᠨ ᠬᠠᠭᠤᠳᠠᠰᠤ ᠶᠢ ᠭᠤᠶᠤᠴᠢᠯᠠᠨ ᠮᠡᠳᠡᠭᠦᠯᠬᠦ᠂ | ᠲᠡᠭᠡᠭᠡᠪᠦᠷᠢ ᠶᠢᠨ ᠪᠠᠭᠠᠵᠢ ᠬᠡᠷᠡᠭᠰᠡᠯ ᠢ ᠭᠤᠶᠤᠴᠢᠯᠠᠨ ᠮᠡᠳᠡᠭᠦᠯᠬᠦ᠂ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠨ ᠮᠡᠳᠡᠭᠦᠯᠬᠦ᠂ | ᠤᠭ ᠭᠠᠷᠤᠯᠲᠠ ᠶᠢᠨ ᠭᠠᠵᠠᠷ ᠤᠨ ᠦᠨᠡᠮᠯᠡᠯ ᠢ ᠭᠤᠶᠤᠴᠢᠯᠠᠨ ᠠᠪᠬᠤ᠂ ᠠᠵᠤ ᠠᠬᠤᠶᠢᠯᠠᠯ ᠤᠨ ᠬᠢᠷᠢ ᠬᠡᠮ ᠢ ᠭᠦᠢᠴᠡᠳᠬᠡᠬᠦ᠂ | ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ᠂ ᠭᠠᠶᠢᠯᠢ ᠰᠦᠢᠳᠬᠡᠯ ᠢ ᠳᠦᠯᠦᠬᠦ᠂ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ | ᠪᠤᠴᠠᠭᠠᠬᠤ ᠵᠡᠷᠭᠡ ᠴᠢᠳᠠᠮᠵᠢ ᠪᠠᠷ ᠳᠠᠮᠵᠢᠨ᠂ 739 ᠳᠦᠷᠦᠯ ᠵᠦᠢᠯ ᠢ ᠨᠢᠭᠡ ᠥᠷᠲᠡᠭᠡᠴᠢᠯᠡᠭᠰᠡᠨ ᠬᠡᠯᠪᠡᠷᠢ ᠪᠠᠷ | ᠭᠦᠢᠴᠡᠳᠬᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠬᠦᠷᠲᠡᠭᠡᠮᠵᠢᠲᠦ ᠳᠦᠷᠦᠭᠳᠡᠯ ᠢ ᠤᠯᠠᠮ ᠴᠢᠨᠠᠭᠰᠢᠳᠠ | ᠳᠡᠭᠡᠭᠰᠢᠯᠡᠭᠦᠯᠪᠡ᠃ | | | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ᠲᠠᠷᠠᠭᠠᠴᠢ ᠶᠢᠨ ᠠᠯᠬᠤᠮ ᠳᠤ᠂ ᠬᠥᠬᠡᠬᠤᠲᠠ | ᠪᠣᠭᠤᠮᠲᠠ ᠶᠢᠨ ᠬᠢᠨ ᠬᠢᠯᠢ ᠠᠯᠤᠰᠯᠠᠭᠰᠠᠨ ᠠᠷᠠᠯᠵᠢᠶ᠎ᠠ ᠶᠢ ᠳᠦᠭᠦᠮᠴᠢᠯᠡᠬᠦ ᠲᠠᠯ᠎ᠠ ᠪᠠᠷ ᠪᠠᠰᠠ ᠶᠠᠮᠠᠷ ᠶᠠᠮᠠᠷ ᠴᠢᠬᠤᠯᠠ ᠠᠷᠭ᠎ᠠ | ᠬᠡᠮᠵᠢᠶ᠎ᠡ ᠠᠪᠬᠤ ᠪᠠᠷ ᠪᠠᠶᠢᠬᠤ ᠪᠣᠶ︖ | ᠯᠢᠦ ᠯᠢᠩ ᠄ ᠲᠠᠨ ᠤ ᠠᠰᠠᠭᠤᠯᠲᠠ ᠳᠤ ᠪᠠᠶᠠᠷᠯᠠᠯ᠎ᠠ᠃ ᠮᠠᠨ ᠤ ᠪᠣᠭᠤᠮᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠦᠢᠯᠡᠴᠢᠯᠡᠭᠡ ᠶᠢ | ᠰᠢᠯᠢᠳᠡᠭᠵᠢᠭᠦᠯᠬᠦ᠂ ᠬᠠᠭᠤᠳᠠᠰᠤ ᠪᠠᠷᠢᠮᠲᠠ ᠶᠢ ᠪᠠᠭᠠᠰᠬᠠᠬᠤ᠂ ᠶᠠᠪᠤᠴᠠ ᠶᠢ ᠰᠢᠯᠢᠳᠡᠭᠵᠢᠭᠦᠯᠬᠦ᠂ ᠬᠦᠴᠦᠨ ᠲᠠᠢ | ᠬᠤᠭᠤᠴᠠᠭ᠎ᠠ ᠶᠢ ᠳᠡᠭᠡᠭᠰᠢᠯᠡᠭᠦᠯᠬᠦ᠂ ᠥᠪᠡᠷ ᠤᠨ ᠦᠷᠳᠡᠭ ᠢ ᠪᠠᠭᠤᠷᠠᠭᠤᠯᠬᠤ ᠵᠡᠷᠭᠡ ᠲᠠᠯ᠎ᠠ ᠪᠠᠷ ᠬᠢᠯᠢ ᠶᠢᠨ ᠪᠣᠭᠤᠮᠲᠠ ᠶᠢᠨ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠢᠯᠢ ᠠᠯᠤᠰᠯᠠᠭᠰᠠᠨ | ᠠᠷᠠᠯᠵᠢᠶ᠎ᠠ ᠶᠢ ᠳᠦᠭᠦᠮᠴᠢᠯᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ | ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ | ᠠᠷᠠᠯᠵᠢᠶ᠎ᠠ ᠶᠢᠨ ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠨᠢᠭᠡ ᠳᠤ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠭᠦᠨᠵᠡᠭᠡᠶ | ᠨᠠᠶᠢᠳᠠᠪᠤᠷᠢᠵᠢᠭᠤᠯᠤᠨ᠎ᠠ᠃ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ᠂ ᠭᠠᠵᠠᠷ ᠣᠷᠣᠨ ᠤ ᠪᠣᠭᠤᠮᠲᠠ ᠯᠤᠭ᠎ᠠ ᠶᠢᠨ | ᠣᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠮᠣᠩᠭᠤᠯ | ᠣᠷᠣᠰ ᠤᠨ ᠠᠵᠤ ᠠᠬᠤᠶ ᠶᠢᠨ ᠬᠤᠩᠭᠢᠯ︾ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠢᠳᠡᠪᠬᠢᠲᠡᠶ ᠳᠡᠮᠵᠢᠵᠦ᠂ | ︽ᠨᠢᠭᠡ ᠪᠦᠰᠡ ᠨᠢᠭᠡ ᠵᠠᠮ︾ ᠤᠨ ᠬᠥᠭᠵᠢᠯᠲᠡ ᠳᠤ ᠠᠭᠤᠰᠤᠯᠴᠠᠨ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ | ᠪᠠᠶᠢᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠢᠳᠡᠪᠬᠢᠲᠡᠶ ᠳᠡᠮᠵᠢᠵᠦ᠂ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠳᠤ ᠪᠥᠬᠦ ᠲᠠᠯ᠎ᠠ ᠪᠠᠷ ᠦᠢᠯᠡᠴᠢᠯᠡᠨ᠎ᠡ᠃ | ᠬᠤᠶᠠᠷ ᠲᠤ᠂ ᠭᠤᠣᠯᠳᠠᠯᠭ᠎ᠠ ᠲᠠᠢ ᠲᠤᠬᠠᠶᠢᠯᠠᠭᠰᠠᠨ ᠠᠵᠢᠯ ᠢ ᠦᠷᠭᠦᠯᠵᠢᠯᠡᠨ ᠨᠢᠭᠡᠳᠦᠯᠲᠡᠶ ᠲᠥᠯᠥᠪᠯᠡᠵᠦ ᠥᠷᠨᠢᠭᠦᠯᠦᠨ᠎ᠡ᠃ | ︽ᠬᠤᠶᠠᠷ ᠠᠯᠬᠤᠮ ᠳᠤ ᠭᠤᠶᠤᠴᠢᠯᠠᠨ ᠮᠡᠳᠡᠭᠦᠯᠬᠦ︾᠂ ︽ᠬᠤᠶᠠᠷ ᠬᠡᠰᠡᠭ ᠢᠶᠠᠷ ᠵᠥᠪᠰᠢᠶᠡᠷᠡᠨ ᠣᠷᠣᠭᠤᠯᠬᠤ︾᠂ ︽ | ᠤᠷᠢᠳᠴᠢᠯᠠᠨ ᠭᠤᠶᠤᠴᠢᠯᠠᠨ ᠮᠡᠳᠡᠭᠦᠯᠬᠦ︾ ᠵᠡᠷᠭᠡ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠠᠬᠢᠭᠤᠯᠵᠤ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠦᠬᠦᠯᠢ ᠴᠣᠭᠴᠠ ᠶᠢᠨ ᠪᠣᠭᠤᠮᠲᠠ ᠪᠠᠷ ᠥᠩᠭᠡᠷᠡᠬᠦ ᠴᠠᠭ ᠪᠠ | ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠪᠣᠭᠤᠨᠢᠰᠬᠠᠵᠤ᠂ ᠬᠢᠯᠢ ᠶᠢᠨ ᠪᠣᠭᠤᠮᠲᠠ ᠪᠠᠷ ᠥᠩᠭᠡᠷᠡᠬᠦ ᠪᠥᠬᠦ | ᠴᠤᠪᠤᠷᠠᠯ ᠢ ᠴᠠᠭᠠᠰᠤ ᠬᠡᠷᠡᠭᠯᠡᠬᠦ ᠥᠬᠡᠶ ᠡᠯᠧᠺᠳ᠋ᠷᠤᠨᠴᠢᠯᠠᠬᠦ ᠶᠢ ᠶᠡᠭᠡ ᠪᠠᠷ ᠠᠬᠢᠭᠤᠯᠤᠨ᠎ᠠ︔ ︽ᠤᠶᠤᠨᠲᠤ ᠪᠣᠭᠤᠮᠲᠠ︾ ᠶᠢᠨ | ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠠᠭᠠᠨ ᠤ | ᠭᠦᠢᠯᠭᠡᠭᠡᠨ ᠤ ᠵᠠᠮ ᠢ ᠰᠠᠭᠠᠳ ᠥᠬᠡᠶ ᠨᠡᠪᠲᠡᠷᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ | ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ | ᠲᠦᠷᠭᠡᠨ ᠬᠥᠭᠵᠢᠯᠲᠡ ᠶᠢ ᠬᠠᠪᠰᠤᠷᠤᠨ ᠬᠦᠴᠦᠯᠡᠵᠦ᠂ TIR ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ | ᠬᠥᠭᠵᠢᠯᠲᠡ ᠶᠢ ᠠᠬᠢᠭᠤᠯᠤᠨ᠎ᠠ︔ ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠴᠢᠳᠠᠮᠵᠢ ᠶᠢ | ᠭᠦᠨᠵᠡᠭᠡᠶᠢᠷᠡᠭᠦᠯᠵᠦ᠂ ᠣᠶᠤᠨᠴᠢ ᠪᠠᠷ ᠵᠢᠷᠤᠭ ᠬᠢᠨᠠᠵᠤ ᠬᠡᠷᠡᠭᠯᠡᠬᠦ ᠶᠢ ᠥᠷᠭᠡᠳᠬᠡᠨ᠂ ᠥᠷᠭᠡᠨ ᠬᠡᠷᠡᠭᠴᠡᠭᠡᠨ ᠤ ᠠᠭᠤᠷᠬᠠᠶ | ᠡᠨᠧᠷᠭᠢ ᠶᠢᠨ ᠦᠢᠯᠡᠳᠬᠦᠨ ᠢ ᠰᠢᠯᠭᠠᠨ ᠪᠠᠶᠢᠴᠠᠭᠠᠬᠤ ᠴᠤᠪᠤᠷᠠᠯ ᠢ ᠰᠢᠯᠢᠳᠡᠭᠵᠢᠭᠦᠯᠵᠦ᠂ ᠬᠢᠯᠢ ᠶᠢᠨ ᠪᠣᠭᠤᠮᠲᠠ ᠶᠢᠨ ᠪᠠᠷᠠᠭ᠎ᠠ | ᠥᠩᠭᠡᠷᠡᠭᠦᠯᠬᠦ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ︔ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ | ᠲᠤᠬᠠᠶᠢᠯᠠᠭᠰᠠᠨ ᠠᠵᠢᠯ ᠤᠨ ᠰᠤᠳᠤᠯᠭᠠᠨ ᠤ ᠵᠢᠯᠣᠭᠤᠳᠣᠯᠭ᠎ᠠ ᠶᠢ ᠴᠢᠩᠭᠠᠳᠬᠠᠵᠤ᠂ ᠪᠣᠭᠤᠮᠲᠠ ᠶᠢᠨ ᠣᠷᠣᠨ ᠤ ᠬᠢᠯᠢ | ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠶᠢᠨ ᠦᠷᠭᠦᠯᠵᠢᠯᠡᠨ ᠰᠠᠶᠢᠵᠢᠷᠠᠨ ᠬᠥᠭᠵᠢᠬᠦ ᠶᠢ ᠠᠬᠢᠭᠤᠯᠵᠤ᠂ ᠭᠠᠶᠢᠯᠢ ᠪᠠᠲᠤᠯᠠᠬᠤ | ᠬᠢᠨᠠᠯᠲᠠ ᠬᠠᠮᠢᠶᠠᠷᠤᠯᠲᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ | ᠠᠬᠢᠭᠤᠯᠵᠤ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶ᠎ᠠ ᠮᠠᠶᠢᠮᠠᠢ ᠬᠢᠬᠦ ᠵᠠᠬ᠎ᠠ ᠳᠡᠯᠭᠡᠭᠦᠷ ᠲᠤ ᠲᠠᠸᠠᠷ ᠢ | ᠭᠠᠳᠠᠭᠠᠳᠤ ᠠᠴᠠ ᠣᠷᠣᠭᠤᠯᠤᠨ ᠪᠣᠳᠠᠲᠠᠶᠢᠵᠢᠭᠤᠯᠤᠨ ᠪᠣᠯᠪᠠᠰᠤᠷᠠᠭᠤᠯᠬᠤ ᠶᠢ ᠳᠡᠮᠵᠢᠨ᠎ᠡ︔ ᠢᠲᠡᠭᠡᠮᠵᠢ ᠶᠢ ᠬᠦᠮᠦᠵᠢᠭᠦᠯᠦᠨ | ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂ ᠪᠣᠭᠤᠮᠲᠠ ᠶᠢᠨ ᠣᠷᠣᠨ ᠤ AEO ᠠᠵᠤ ᠠᠬᠤᠶᠢᠯᠠᠯ ᠤᠨ ᠲᠤᠭ᠎ᠠ ᠬᠡᠮᠵᠢᠶ᠎ᠡ | ᠪᠠ ᠠᠷᠠᠯᠵᠢᠶᠠᠨ ᠤ ᠲᠤᠭ᠎ᠠ ᠶᠢᠨ ᠡᠵᠡᠯᠡᠬᠦ ᠬᠠᠷᠢᠴᠠᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ︔ ᠠᠵᠤ ᠠᠬᠤᠶᠢᠯᠠᠯ ᠤᠨ | ᠬᠦᠴᠦᠨ ᠥᠬᠡᠶ ᠪᠣᠯᠭᠠᠬᠤ ᠶᠢ ᠳᠥᠭᠦᠮᠴᠢᠯᠡᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠠᠵᠤ | ᠠᠬᠤᠶᠢᠯᠠᠯ ᠤᠨ ᠳᠠᠩᠰᠠᠯᠠᠭᠤᠯᠬᠤ ᠶᠠᠰᠤ ᠴᠢᠨᠠᠷ ᠪᠠ ᠵᠢᠷᠤᠮᠵᠢᠭᠤᠯᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ︔ | ᠰᠢᠯᠭᠠᠨ ᠪᠠᠶᠢᠴᠠᠭᠠᠬᠤ ᠪᠠ ᠬᠢᠵᠢᠭ ᠪᠠᠶᠢᠴᠠᠭᠠᠬᠤ ᠵᠠᠭᠪᠤᠷ ᠤᠨ ᠥᠭᠡᠷᠡᠴᠢᠯᠡᠯᠲᠡ ᠶᠢ ᠠᠬᠢᠭᠤᠯᠵᠤ᠂ ᠢᠳᠡᠭᠡᠨ᠂ ᠵᠠᠰᠠᠯ | ᠴᠢᠮᠡᠭᠯᠡᠯ ᠤᠨ ᠡᠳ᠋ ᠵᠡᠷᠭᠡ ᠶᠢᠨ ᠰᠢᠯᠭᠠᠨ ᠪᠠᠶᠢᠴᠠᠭᠠᠬᠤ ᠪᠠ ᠬᠢᠵᠢᠭ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠢ | ᠰᠢᠯᠢᠳᠡᠭᠵᠢᠭᠦᠯᠵᠦ᠂ ᠲᠠᠸᠠᠷ ᠤᠨ ᠰᠢᠯᠭᠠᠨ ᠪᠠᠶᠢᠴᠠᠭᠠᠯᠲᠠ ᠶᠢ ᠭᠤᠷᠪᠠᠳᠠᠭᠴᠢ ᠡᠲᠡᠭᠡᠳ ᠢᠶᠠᠷ ᠬᠢᠯᠭᠡᠬᠦ ᠲᠤᠷᠰᠢᠯᠲᠠ ᠶᠢ | ᠠᠬᠢᠭᠤᠯᠤᠨ᠎ᠠ᠃ | |