| | | 2 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠤᠨ ᠲᠥᠷᠥ ᠶᠢᠨ ᠪᠣᠳᠣᠯᠭ᠎ᠠ ᠶᠢᠨ ᠲᠤᠬᠠᠢ | ᠵᠣᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ | ᠤᠨ ᠳᠡᠳ᠋ ᠳᠠᠷᠤᠭ᠎ᠠ ᠳ᠋ᠠᠶ ᠶᠠᠨ ᠬᠠᠮᠢᠶ᠎ᠠ ᠪᠥᠬᠦᠶ ᠪᠠᠶᠢᠳᠠᠯ ᠳᠤ ᠲᠠᠨᠢᠯᠴᠠᠭᠤᠯᠭ᠎ᠠ ᠬᠢᠭᠰᠡᠨ ᠪᠥᠭᠡᠳ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠤᠨ ᠲᠥᠷᠥ ᠶᠢᠨ ᠪᠣᠳᠣᠯᠭ᠎ᠠ ᠶᠢᠨ ᠲᠤᠬᠠᠢ ᠵᠤᠷᠰᠢᠯᠲᠤ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠯ ᠤᠨ ᠦᠭᠡ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠳ᠋ᠠᠶ ᠶᠠᠨ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠢ 2020 ᠣᠨ ᠤ 12 ᠰᠠᠷ᠎ᠠ ᠶᠢᠨ 23 ᠤ ᠡᠳᠦᠷ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 31 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ | ᠠᠴᠠ ᠬᠢᠨᠠᠨ ᠵᠥᠪᠯᠡᠵᠦ ᠪᠠᠲᠤᠯᠠᠭᠠᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ 248 ᠳ᠋ᠣᠭᠠᠷ ᠲᠤᠭᠠᠲᠤ ᠵᠠᠷᠯᠢᠭ ᠢᠶᠠᠷ ᠨᠡᠶᠢᠲᠡᠯᠡᠵᠦ᠂ 2021 ᠣᠨ ᠤ 3 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ ᠳᠣᠤᠷ᠎ᠠ ᠪᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠳᠣᠷᠣᠭᠰᠢ ︽ᠳᠡᠰ | ᠳᠠᠷᠠᠭᠠᠯᠠᠯ ᠤᠨ ᠲᠣᠭᠲᠠᠭᠠᠯ︾ ᠭᠡᠵᠦ ᠲᠣᠪᠴᠢᠯᠠᠨ᠎ᠠ︶ ᠢ ᠨᠡᠶᠢᠲᠡᠯᠡᠭᠰᠡᠨ ᠬᠠᠮᠢᠶ᠎ᠠ ᠪᠦᠬᠦᠢ ᠪᠠᠶᠢᠳᠠᠯ ᠢ ᠲᠣᠪᠴᠢ | ᠲᠠᠨᠢᠯᠴᠠᠭᠤᠯᠤᠶ᠎ᠠ᠃ | ᠨᠢᠭᠡ᠂ ︽ᠳᠡᠰ ᠳᠠᠷᠠᠭᠠᠯᠠᠯ ᠤᠨ ᠲᠣᠭᠲᠠᠭᠠᠯ︾ ᠢ ᠨᠡᠶᠢᠲᠡᠯᠡᠭᠰᠡᠨ ᠠᠬᠤᠶ ᠪᠠᠶᠢᠳᠠᠯ ᠪᠠ ᠲᠣᠭᠲᠠᠭᠠᠭᠰᠠᠨ ᠶᠠᠪᠤᠴᠠ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠠᠴᠠ᠂ | ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠵᠤ᠂ ᠤᠯᠠᠨ ᠨᠡᠶᠢᠲᠡ ᠶᠢᠨ ᠬᠢᠨ | ᠤᠷᠤᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠶᠢ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠪᠣᠯᠭᠠᠬᠤ ᠪᠠᠷ ᠲᠣᠭᠲᠠᠭᠠᠪᠠ᠃ | 2019 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ︵ᠳᠣᠷᠣᠭᠰᠢ ︽ᠲᠦᠷ ᠬᠡᠷᠡᠭᠵᠢᠭᠦᠯᠬᠦ | ᠲᠦᠷᠢᠮ ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ | ᠲᠣᠭᠲᠠᠭᠠᠬᠤ ᠪᠥᠬᠦ ᠴᠤᠪᠤᠷᠠᠯ ᠳᠤ ᠪᠣᠳᠠᠲᠠᠶ ᠲᠣᠭᠲᠠᠭᠠᠯ ᠭᠠᠷᠭᠠᠵᠤ᠂ ᠲᠠᠰ ᠳᠠᠷᠠᠭᠠᠯᠠᠯ᠂ ᠪᠠᠷᠢᠮᠵᠢᠶ᠎ᠠ ᠵᠡᠷᠭᠡ ᠲᠠᠯ᠎ᠠ ᠳᠤ ᠪᠦᠷ | ᠨᠠᠩ ᠥᠨᠳᠥᠷ ᠱᠠᠭᠠᠷᠳᠠᠯᠭ᠎ᠠ ᠳᠤᠷᠠᠳᠴᠠᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ︾ ︵ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 209 ᠳ᠋ᠦ᠋ᠭᠡᠷ ᠲᠣᠭᠠᠲᠤ︶ ᠢ 2015 | ᠣᠨ ᠳᠤ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ | ᠵᠢᠷᠣᠮᠵᠢᠭᠤᠯᠤᠨ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ | ᠶᠢ ᠪᠠᠲᠤᠯᠠᠬᠤ ᠲᠠᠯ᠎ᠠ ᠪᠠᠷ ᠴᠢᠬᠤᠯᠠ ᠦᠶᠯᠡᠳᠦᠯ ᠦᠵᠡᠭᠦᠯᠪᠡ᠃ ᠭᠡᠪᠡᠴᠦ ᠦᠢᠯᠡᠳᠦᠯᠭᠡ ᠶᠢᠨ ᠳᠤᠮᠳᠠ᠂ ᠴᠢᠬᠤᠯᠠ ᠶᠡᠭᠡ | ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠨᠢ ᠲᠣᠳᠣᠷᠬᠠᠶ ᠦᠭᠡᠶ᠂ ᠳᠡᠰ ᠳᠠᠷᠠᠭᠠᠯᠠᠯ ᠨᠢ | ᠪᠦᠷᠢᠨ ᠪᠤᠰᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠰᠠᠨᠠᠯ ᠬᠤᠷᠢᠶᠠᠬᠤ ᠪᠠ ᠬᠠᠮᠲᠤ ᠪᠠᠷ ᠶᠠᠷᠢᠯᠴᠠᠬᠤ ᠶᠢ | ᠪᠤᠲᠠᠲᠠᠶᠢᠵᠢᠭᠤᠯᠤᠭᠰᠠᠨ ᠦᠭᠡᠶ ᠪᠠᠶᠢᠳᠠᠯ ᠣᠷᠣᠰᠢᠵᠤ ᠪᠠᠶᠢᠬᠤ ᠠᠴᠠ ᠪᠣᠯᠵᠣ ᠴᠢᠬᠤᠯᠠ ᠶᠡᠭᠡ ᠵᠠᠰᠠᠭ ᠵᠠᠬᠢᠷᠭᠠᠨ ᠤ | ᠰᠢᠶᠳᠪᠦᠷᠢᠲᠦ ᠪᠣᠳᠣᠯᠭ᠎ᠠ ᠨᠢ ᠪᠣᠳᠠᠲᠤ ᠴᠣᠭᠴᠠ ᠡᠰᠡᠭᠦᠯ᠎ᠡ ᠳᠡᠰ ᠳᠠᠷᠠᠭᠠᠯᠠᠯ ᠤᠨ ᠲᠠᠯ᠎ᠠ ᠪᠠᠷ ᠬᠠᠤᠯᠢ ᠶᠢ ᠵᠥᠷᠢᠴᠡᠵᠦ᠂ | ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ ᠬᠤᠬᠢᠷᠠᠭᠤᠯᠤᠨ᠂ ᠭᠠᠵᠠᠷ ᠣᠷᠣᠨ ᠤ ᠡᠵᠡᠩᠨᠡᠨ | ᠬᠤᠳᠠᠯᠳᠣᠭᠠᠯᠠᠬᠤ ᠣᠷᠴᠢᠨ ᠨᠦᠭᠦᠴᠡᠯ ᠢ ᠡᠪᠳᠡᠵᠦ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠠᠬᠢᠯᠲᠠ ᠪᠠ | ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠬᠤ ᠶᠢ ᠣᠯᠵᠣ ᠮᠡᠳᠡᠵᠡᠢ᠃ ᠲᠥᠷᠥ ᠶᠢᠨ ᠶᠠᠪᠤᠳᠠᠯ ᠤᠨ | ᠬᠤᠷᠢᠶᠠᠨ ᠤ ︽ᠲᠦᠷ ᠬᠡᠷᠡᠭᠵᠢᠭᠦᠯᠬᠦ ᠳᠦᠷᠢᠮ︾ ᠤᠨ ᠱᠠᠭᠠᠷᠳᠠᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠤᠯᠠᠮ ᠨᠢᠭᠡ ᠠᠯᠬᠤᠮ | ᠵᠢᠷᠤᠮᠵᠢᠭᠤᠯᠤᠨ᠂ ᠮᠠᠨ ᠤ ᠣᠷᠣᠨ ᠤ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ | ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠲᠦᠯᠬᠢᠨ ᠠᠬᠢᠭᠤᠯᠵᠤ᠂ ᠰᠢᠶᠳᠪᠦᠷᠢᠲᠦ ᠪᠣᠳᠣᠯᠭ᠎ᠠ | ᠲᠣᠭᠲᠠᠭᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ | ᠳᠠᠷᠠᠭᠠᠯᠠᠯ ᠤᠨ ᠲᠣᠭᠲᠠᠭᠠᠯ︾ ᠳᠤ ᠵᠠᠰᠠᠪᠤᠷᠢ ᠣᠷᠣᠭᠤᠯᠬᠤ ᠶᠢ ᠲᠤᠯᠭᠠᠮ ᠱᠠᠭᠠᠷᠳᠠᠵᠤ ᠪᠣᠢ᠃ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢ ᠣᠷᠣᠯᠠᠨ ︽ᠲᠠᠰ ᠳᠠᠷᠠᠭᠠᠯᠠᠯ ᠤᠨ ᠲᠣᠭᠲᠠᠭᠠᠯ︾ ᠢ ᠲᠤᠭᠤᠷᠪᠢᠵᠤ᠂ ᠬᠠᠤᠯᠢ ᠳᠤ ᠲᠣᠭᠲᠠᠭᠠᠭᠰᠠᠨ | ᠲᠠᠰ ᠳᠠᠷᠠᠭᠠᠯᠠᠯ ᠶᠣᠰᠣᠭᠠᠷ ᠪᠥᠬᠦ ᠨᠡᠶᠢᠭᠡᠮ ᠠᠴᠠ ᠥᠷᠭᠡᠨ ᠢᠶᠠᠷ ᠰᠠᠨᠠᠯ ᠬᠤᠷᠢᠶᠠᠭᠰᠠᠨ ᠪᠥᠭᠡᠳ ᠭᠦᠶᠴᠡᠳ ᠪᠠᠶᠢᠴᠠᠭᠠᠨ | ᠰᠤᠳᠤᠯᠵᠤ ᠨᠤᠲᠠᠯᠠᠯᠲᠠ ᠬᠢᠪᠠ᠃ ︽ᠲᠠᠰ ᠳᠠᠷᠠᠭᠠᠯᠠᠯ ᠤᠨ ᠲᠣᠭᠲᠠᠭᠠᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ 2020 ᠣᠨ ᠤ 31 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠪᠠ᠃ | ᠬᠤᠶᠠᠷ᠂ ︽ᠲᠠᠰ ᠳᠠᠷᠠᠭᠠᠯᠠᠯ ᠤᠨ ᠲᠣᠭᠲᠠᠭᠠᠯ︾ ᠤᠨ ᠭᠤᠣᠯ ᠠᠭᠤᠯᠭ᠎ᠠ | ︽ᠲᠠᠰ ᠳᠠᠷᠠᠭᠠᠯᠠᠯ ᠤᠨ ᠲᠣᠭᠲᠠᠭᠠᠯ︾ ᠨᠢ 10 ᠪᠦᠯᠦᠭ ᠢᠶᠠᠷ ᠪᠦᠷᠢᠯᠳᠦᠵᠦ᠂ ᠨᠡᠶᠢᠲᠡ 59 ᠵᠦᠢᠯ ᠪᠣᠢ᠂ | ᠳᠣᠣᠷᠠᠬᠢ ᠮᠡᠲᠦ ᠬᠠᠤᠯᠢ ᠲᠣᠭᠲᠠᠭᠠᠬᠤ ᠣᠨᠴᠠᠯᠢᠭ ᠲᠠᠢ᠄ | ︵ᠨᠢᠭᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠬᠦᠷᠢᠶ᠎ᠡ ᠬᠡᠪᠴᠢᠶ᠎ᠡ ᠶᠢ | ᠲᠣᠳᠣᠷᠬᠠᠶᠢᠯᠠᠪᠠ᠃ ︽ᠲᠠᠰ ᠳᠠᠷᠠᠭᠠᠯᠠᠯ ᠤᠨ ᠲᠣᠭᠲᠠᠭᠠᠯ︾ ᠳᠤ ᠵᠢᠭᠰᠠᠭᠠᠨ ᠲᠣᠭᠠᠴᠢᠬᠤ ᠬᠡᠯᠪᠡᠷᠢ ᠪᠠᠷ ᠴᠢᠬᠤᠯᠠ ᠶᠡᠭᠡ | ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ ᠬᠡᠪᠴᠢᠶ᠎ᠡ ᠶᠢ ᠲᠣᠳᠣᠷᠬᠠᠶᠢᠯᠠᠪᠠ᠃ ᠡᠭᠦᠨ ᠤ | ᠬᠠᠮᠲᠤ᠂ ᠡᠯ᠎ᠡ ᠱᠠᠲᠤᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠠᠵᠢᠯ ᠶᠠᠪᠤᠳᠠᠯ ᠬᠠᠮᠢᠶᠠᠷᠬᠤ ᠡᠷᠬᠡ | ᠶᠢᠨ ᠠᠳᠠᠯᠢ ᠪᠤᠰᠤ᠂ ᠡᠯ᠎ᠡ ᠭᠠᠵᠠᠷ ᠤᠨ ᠪᠣᠳᠠᠲᠤ ᠪᠠᠶᠢᠳᠠᠯ ᠤᠨ ᠠᠳᠠᠯᠢ ᠪᠤᠰᠤ ᠠᠴᠠ ᠪᠣᠯᠵᠣ᠂ ︽ᠲᠠᠰ ᠳᠠᠷᠠᠭᠠᠯᠠᠯ ᠤᠨ | ᠲᠣᠭᠲᠠᠭᠠᠯ︾ ᠳᠤ ᠡᠯ᠎ᠡ ᠱᠠᠲᠤᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠲᠣᠭᠲᠠᠭᠠᠯ ᠶᠣᠰᠣᠭᠠᠷ᠂ | ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠪᠠ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ ᠭᠠᠷᠴᠠᠭ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ᠂ ᠪᠣᠳᠠᠲᠤ | ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠤᠨ᠎ᠠ ᠭᠡᠵᠦ ᠲᠣᠳᠣᠷᠬᠠᠶᠢᠯᠠᠪᠠ᠃ ᠢᠩᠭᠢᠵᠦ ᠲᠣᠭᠲᠠᠭᠠᠭᠰᠠᠨ | ᠨᠢ ᠱᠠᠲᠤ ᠳᠠᠪᠬᠤᠷᠭ᠎ᠠ ᠶᠢᠨ ᠵᠥᠷᠢᠶ᠎ᠡ ᠪᠠ ᠣᠷᠣᠨ ᠪᠦᠰᠡ ᠶᠢᠨ ᠵᠥᠷᠢᠶ᠎ᠡ ᠶᠢ ᠭᠦᠶᠴᠡᠳ ᠪᠣᠳᠣᠯᠬᠢᠯᠠᠵᠤ᠂ ᠨᠠᠩ ᠢᠯᠡᠭᠦᠦ | ᠬᠠᠨᠳᠤᠯᠭᠠᠲᠤ ᠴᠢᠨᠠᠷ ᠪᠠ ᠪᠣᠯᠤᠮᠵᠢᠲᠤ ᠴᠢᠨᠠᠷ ᠲᠠᠢ ᠶᠤᠮ᠃ | ︵ᠬᠤᠶᠠᠷ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ | ᠨᠠᠷᠢᠯᠢᠭᠵᠢᠭᠤᠯᠪᠠ᠃ ︽ᠲᠠᠰ ᠳᠠᠷᠠᠭᠠᠯᠠᠯ ᠤᠨ ᠲᠣᠭᠲᠠᠭᠠᠯ︾ ᠳᠤ ᠲᠥᠷᠥ ᠶᠢᠨ ᠶᠠᠪᠤᠳᠠᠯ ᠤᠨ ᠬᠤᠷᠢᠶᠠᠨ ᠤ ︽ᠲᠦᠷ | ᠬᠡᠷᠡᠭᠵᠢᠭᠦᠯᠬᠦ ᠲᠦᠷᠢᠮ︾ ᠳᠤ ᠲᠣᠭᠲᠠᠭᠠᠭᠰᠠᠨ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ | ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ | ᠶᠠᠷᠢᠯᠴᠠᠨ ᠲᠣᠭᠲᠠᠭᠠᠬᠤ ᠵᠡᠷᠭᠡ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠳᠤ ᠴᠢᠬᠤᠯᠠ | ᠪᠥᠬᠦᠶ ᠨᠠᠷᠢᠯᠢᠭᠵᠢᠭᠤᠯᠤᠯᠲᠠ ᠪᠠ ᠨᠦᠬᠦᠪᠦᠷᠢᠯᠡᠯᠲᠡ ᠬᠢᠵᠦ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠪᠠ᠃ | ᠰᠢᠢᠳᠪᠦᠷᠢᠲᠦ ᠪᠤᠳᠤᠯᠭ᠎ᠠ ᠶᠢ ᠡᠬᠢᠯᠡᠭᠦᠯᠬᠦ ᠲᠠᠯ᠎ᠠ ᠪᠠᠷ᠂ ᠰᠢᠢᠳᠪᠦᠷᠢᠲᠦ ᠪᠤᠳᠤᠯᠭ᠎ᠠ ᠶᠢ ᠡᠬᠢᠯᠡᠭᠦᠯᠬᠦ ᠵᠦᠢᠯᠡᠰ ᠢ ᠰᠤᠳᠤᠯᠤᠨ | ᠨᠤᠲᠠᠯᠠᠬᠤ ᠪᠡᠶᠡᠴᠢ ᠴᠣᠭᠴᠠ ᠶᠢ ᠨᠠᠷᠢᠯᠢᠬᠵᠢᠭᠤᠯᠵᠤ᠂ ᠲᠤᠰᠬᠠᠢ ᠮᠡᠷᠭᠡᠵᠢᠯᠲᠡᠨ ᠪᠤᠶᠤ ᠲᠤᠰᠬᠠᠢ ᠪᠠᠶᠢᠭᠤᠯᠤᠮᠵᠢ ᠳᠤ | ᠨᠠᠶᠢᠳᠠᠵᠤ ᠲᠤᠭᠤᠷᠪᠢᠨ ᠪᠢᠴᠢᠭᠦᠯᠵᠦ ᠪᠣᠯᠬᠤ ᠲᠣᠭᠲᠠᠭᠠᠯ ᠢ ᠨᠡᠮᠡᠪᠡ︔ ᠣᠯᠠᠨ ᠨᠡᠶᠢᠲᠡ ᠶᠢᠨ ᠬᠢᠨ ᠤᠷᠤᠯᠴᠠᠬᠤ ᠲᠠᠯ᠎ᠠ ᠪᠠᠷ | ᠰᠠᠨᠠᠯ ᠰᠣᠨᠣᠰᠬᠤ ᠠᠷᠭ᠎ᠠ ᠮᠠᠶ᠋ᠢᠭ ᠪᠠ ᠠᠷᠠᠳ ᠤᠨ ᠰᠠᠨᠠᠭ᠎ᠠ ᠶᠢ ᠪᠠᠶᠢᠴᠠᠭᠠᠬᠤ ᠬᠤᠯᠪᠣᠭᠳᠠᠯ ᠪᠥᠬᠦᠶ ᠠᠭᠤᠯᠭ᠎ᠠ ᠶᠢ | ᠨᠥᠬᠦᠪᠥᠷᠢᠯᠡᠵᠦ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠬᠤᠯᠪᠣᠭᠳᠠᠯ ᠪᠥᠬᠦᠶ ᠲᠣᠭᠲᠠᠭᠠᠯ ᠢ | ᠨᠠᠷᠢᠯᠢᠬᠵᠢᠭᠤᠯᠪᠠ︔ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠲᠠᠯ᠎ᠠ ᠪᠠᠷ᠂ ᠲᠤᠰᠬᠠᠶ ᠮᠡᠷᠭᠡᠵᠢᠯᠲᠡᠨ ᠪᠠ ᠲᠤᠰᠬᠠᠶ | ᠪᠠᠶᠢᠭᠤᠯᠤᠮᠵᠢ ᠪᠠᠷ ᠨᠤᠲᠠᠯᠠᠭᠤᠯᠬᠤ ᠶᠠᠪᠤᠴᠠ ᠳᠤ ᠮᠠᠲ᠋ᠧᠷᠢᠶᠠᠯ ᠪᠠᠶᠢᠴᠠᠭᠠᠨ ᠦᠵᠡᠬᠦ᠂ ᠬᠤᠷᠠᠯ ᠳᠤ ᠰᠤᠯᠠ ᠣᠷᠣᠯᠴᠠᠬᠤ᠂ | ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠬᠤ ᠵᠡᠷᠭᠡ ᠡᠷᠬᠡ ᠲᠠᠢ ᠪᠠᠶᠢᠬᠤ ᠪᠠ ᠨᠢᠭᠤᠴᠠ ᠶᠢ ᠬᠠᠮᠠᠭᠠᠯᠠᠬᠤ᠂ | ᠨᠤᠲᠠᠯᠠᠯᠲᠠ ᠶᠢᠨ ᠰᠠᠨᠠᠯ ᠳᠤ ᠬᠠᠷᠢᠭᠤᠴᠠᠯᠭ᠎ᠠ ᠡᠭᠦᠷᠭᠡᠯᠡᠬᠦ ᠵᠡᠷᠭᠡ ᠡᠭᠦᠷᠭᠡ ᠶᠢ ᠬᠠᠤᠯᠢ ᠶᠣᠰᠣᠭᠠᠷ ᠡᠭᠦᠷᠭᠡᠯᠡᠬᠦ ᠶᠢ ᠨᠡᠮᠡᠪᠡ︔ | ᠲᠦᠭᠰᠢᠭᠦᠷᠢ ᠶᠢ ᠦᠨᠡᠯᠡᠨ ᠵᠢᠱᠢᠬᠦ ᠲᠠᠯ᠎ᠠ ᠪᠠᠷ᠂ ᠲᠦᠭᠰᠢᠭᠦᠷᠢ ᠶᠢ ᠦᠨᠡᠯᠡᠨ ᠵᠢᠱᠢᠬᠦ ᠳᠡᠰ ᠳᠠᠷᠠᠭᠠᠯᠠᠯ ᠢ ᠨᠠᠷᠢᠯᠢᠬᠵᠢᠭᠤᠯᠵᠤ᠂ | ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠠᠭᠤᠯᠭ᠎ᠠ ᠶᠢ ᠨᠡᠮᠡᠪᠡ︔ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ ᠲᠠᠯ᠎ᠠ ᠪᠠᠷ᠂ ᠬᠢᠨᠠᠨ ᠪᠠᠶᠢᠴᠠᠭᠠᠬᠤ ᠬᠤᠭᠤᠴᠠᠭ᠎ᠠ᠂ ᠬᠢᠨᠠᠨ ᠪᠠᠶᠢᠴᠠᠭᠠᠬᠤ ᠠᠷᠭ᠎ᠠ ᠬᠡᠯᠪᠡᠷᠢ ᠪᠠ ᠬᠢᠨᠠᠨ | ᠪᠠᠶᠢᠴᠠᠭᠠᠬᠤ ᠰᠠᠨᠠᠯ ᠵᠡᠷᠭᠡ ᠶᠢ ᠲᠣᠭᠲᠠᠭᠠᠪᠠ︔ ᠬᠠᠮᠲᠤ ᠪᠠᠷ ᠶᠠᠷᠢᠯᠴᠠᠨ ᠲᠣᠭᠲᠠᠭᠠᠬᠤ ᠲᠠᠯ᠎ᠠ ᠪᠠᠷ᠂ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢ ᠨᠡᠶᠢᠲᠡᠯᠡᠬᠦ ᠠᠴᠠ ᠡᠮᠦᠨ᠎ᠡ ᠲᠣᠭᠲᠠᠭᠠᠯ ᠶᠣᠰᠣᠭᠠᠷ ᠠᠳᠠᠯᠢ ᠱᠠᠲᠤᠨ ᠤ ᠨᠠᠮ ᠤᠨ | ᠬᠤᠷᠢᠶ᠎ᠠ ᠠᠴᠠ ᠮᠡᠳᠡᠭᠦᠯᠬᠦ ᠠᠭᠤᠯᠭ᠎ᠠ ᠶᠢᠨ ᠵᠢᠭᠠᠪᠤᠷᠢ ᠠᠪᠬᠤ ᠶᠢ ᠨᠡᠮᠡᠪᠡ᠃ | ︵ᠭᠤᠷᠪᠠ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠲᠣᠬᠢᠷᠠᠭᠤᠯᠤᠯᠲᠠ | ᠬᠢᠬᠦ ᠳᠡᠰ ᠳᠠᠷᠠᠭᠠᠯᠠᠯ ᠢ ᠵᠢᠷᠤᠮᠵᠢᠭᠤᠯᠪᠠ᠃ ︽ᠲᠠᠰ ᠳᠠᠷᠠᠭᠠᠯᠠᠯ ᠤᠨ ᠲᠣᠭᠲᠠᠭᠠᠯ︾ ᠨᠢ ᠰᠢᠶᠳᠪᠦᠷᠢᠲᠦ ᠪᠣᠳᠣᠯᠭ᠎ᠠ ᠶᠢ | ᠬᠡᠷᠡᠭᠵᠢᠭᠦᠯᠬᠦ ᠳᠤᠮᠳᠠᠬᠢ ᠠᠰᠠᠭᠤᠳᠠᠯ ᠢ ᠬᠠᠷᠢᠭᠤ ᠲᠤᠰᠬᠠᠬᠤ ᠲᠣᠭᠲᠠᠴᠠ ᠪᠠ ᠰᠢᠶᠳᠪᠦᠷᠢᠲᠦ ᠪᠣᠳᠣᠯᠭ᠎ᠠ ᠲᠣᠭᠲᠠᠭᠠᠭᠰᠠᠨ ᠤ | ᠳᠠᠷᠠᠭᠠᠬᠢ ᠦᠨᠡᠯᠡᠨ ᠵᠢᠱᠢᠬᠦ ᠲᠦᠷᠢᠮ ᠢ ᠤᠯᠠᠮ ᠨᠢᠭᠡ ᠠᠯᠬᠤᠮ ᠨᠠᠷᠢᠯᠢᠬᠵᠢᠭᠤᠯᠪᠠ᠃ ᠡᠭᠦᠨ ᠤ ᠬᠠᠮᠲᠤ᠂ ︽ᠲᠠᠰ | ᠳᠠᠷᠠᠭᠠᠯᠠᠯ ᠤᠨ ᠲᠣᠭᠲᠠᠭᠠᠯ︾ ᠳᠤ ᠬᠠᠤᠯᠢ ᠶᠣᠰᠣᠭᠠᠷ ᠭᠠᠷᠭᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ | ᠪᠣᠳᠣᠯᠭ᠎ᠠ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠡᠷᠡᠭᠵᠢᠭᠦᠯᠬᠦ ᠶᠢ ᠵᠣᠭᠰᠣᠭᠠᠵᠤ ᠪᠣᠯᠬᠤ ᠥᠬᠡᠶ᠂ ᠴᠢᠬᠤᠯᠠ ᠶᠡᠭᠡ | ᠲᠣᠬᠢᠷᠠᠭᠤᠯᠤᠯᠲᠠ ᠬᠢᠬᠦ ᠴᠢᠬᠤᠯᠠ ᠲᠠᠢ ᠪᠠᠶᠢᠪᠠᠯ᠂ ᠬᠠᠮᠢᠶ᠎ᠠ ᠪᠥᠬᠦᠶ ᠬᠠᠤᠯᠢ ᠳᠤ ᠲᠣᠭᠲᠠᠭᠠᠭᠰᠠᠨ ᠲᠠᠰ ᠳᠠᠷᠠᠭᠠᠯᠠᠯ ᠢᠶᠠᠷ | ᠭᠦᠶᠴᠡᠳᠬᠡᠬᠦ ᠬᠡᠷᠡᠭᠲᠡᠶ ᠭᠡᠵᠦ ᠱᠠᠭᠠᠷᠳᠠᠪᠠ᠃ | ︵ᠳᠦᠷᠪᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠬᠠᠷᠢᠭᠤᠴᠠᠯᠭ᠎ᠠ | ᠨᠡᠬᠡᠮᠵᠢᠯᠡᠬᠦ ᠳᠦᠷᠢᠮ ᠢ ᠲᠡᠭᠦᠯᠳᠡᠷᠵᠢᠭᠦᠯᠪᠡ᠃ ︽ᠲᠠᠰ ᠳᠠᠷᠠᠭᠠᠯᠠᠯ ᠤᠨ ᠲᠣᠭᠲᠠᠭᠠᠯ︾ ᠳᠤ ᠰᠢᠶᠳᠪᠦᠷᠢᠲᠦ ᠪᠣᠳᠣᠯᠭ᠎ᠠ | ᠲᠣᠭᠲᠠᠭᠠᠬᠤ ᠪᠠᠶᠢᠭᠤᠯᠭ᠎ᠠ᠂ ᠰᠢᠶᠳᠪᠦᠷᠢᠲᠦ ᠪᠣᠳᠣᠯᠭ᠎ᠠ ᠶᠢ ᠳᠠᠭᠠᠭᠠᠨ ᠭᠦᠶᠴᠡᠳᠬᠡᠬᠦ ᠨᠢᠭᠡᠴᠢ ᠪᠠ ᠰᠢᠶᠳᠪᠦᠷᠢᠲᠦ ᠪᠣᠳᠣᠯᠭ᠎ᠠ | ᠶᠢ ᠬᠡᠷᠡᠭᠵᠢᠭᠦᠯᠬᠦ ᠨᠢᠭᠡᠴᠢ ᠵᠢᠴᠢ ᠲᠡᠭᠦᠨ ᠤ ᠬᠠᠮᠢᠶ᠎ᠠ ᠪᠥᠬᠦᠶ ᠠᠵᠢᠯᠲᠠᠨ ᠵᠢᠴᠢ ᠨᠤᠲᠠᠯᠠᠯᠲᠠ ᠬᠢᠵᠦ ᠦᠨᠡᠯᠡᠨ ᠵᠢᠱᠢᠬᠦ ᠠᠵᠢᠯ | ᠢ ᠡᠭᠦᠷᠭᠡᠯᠡᠬᠦ ᠲᠤᠰᠬᠠᠶ ᠮᠡᠷᠭᠡᠵᠢᠯᠲᠡᠨ᠂ ᠲᠤᠰᠬᠠᠶ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ | ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠭᠡᠳᠡᠷᠭᠦ ᠪᠠᠶᠢᠴᠠᠭᠠᠬᠤ ᠬᠠᠷᠢᠭᠤᠴᠠᠯᠭ᠎ᠠ ᠶᠢᠨ ᠲᠦᠷᠢᠮ ᠪᠠ ᠨᠠᠰᠤᠨ | ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠲᠣᠳᠣᠷᠬᠠᠶᠢᠯᠠᠪᠠ᠃ | ᠭᠤᠷᠪᠠ᠂ ︽ᠳᠡᠰ ᠳᠠᠷᠠᠭᠠᠯᠠᠯ ᠤᠨ ᠲᠣᠭᠲᠠᠭᠠᠯ︾ ᠢ ᠨᠡᠶᠢᠲᠡᠯᠡᠨ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ | ᠢ ᠭᠦᠢᠴᠡᠳ ᠲᠠᠨᠢᠵᠤ᠂ ᠰᠤᠷᠤᠯᠴᠠᠬᠤ᠂ ᠤᠬᠠᠭᠤᠯᠬᠤ᠂ ᠨᠠᠶᠢᠳᠠᠪᠤᠷᠢᠵᠢᠭᠤᠯᠬᠤ ᠶᠢ ᠦᠨᠠᠨ ᠬᠦ ᠰᠠᠶᠢᠲᠤᠷ ᠠᠳᠬᠤᠬᠤ | ᠬᠡᠷᠡᠭᠲᠡᠶ | ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠬᠤ | ᠪᠣᠯ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ | ᠮᠥᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠲᠡᠭᠦᠯᠳᠡᠷᠵᠢᠭᠦᠯᠬᠦ᠂ | ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ | ᠴᠢᠬᠤᠯᠠ ᠠᠷᠭ᠎ᠠ ᠬᠡᠮᠵᠢᠶ᠎ᠡ ᠮᠥᠨ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠨᠢ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠲᠦᠯᠬᠢᠨ ᠠᠬᠢᠭᠤᠯᠬᠤ᠂ ᠬᠠᠤᠯᠢᠵᠢᠯ ᠤᠨ ᠥᠪᠥᠷ ᠮᠣᠩᠭᠤᠯ ᠢ ᠪᠠᠶᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ᠨᠢᠭᠡ ᠳᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ | ᠳᠤ ᠠᠰᠢᠭᠲᠠᠢ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ ᠶᠣᠰᠣᠭᠠᠷ | ᠰᠢᠶᠳᠪᠦᠷᠢᠲᠦ ᠪᠣᠳᠣᠯᠭ᠎ᠠ ᠲᠣᠭᠲᠠᠭᠠᠵᠤ ᠴᠢᠳᠠᠬᠤ ᠡᠰᠡᠬᠦ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ | ᠬᠠᠷᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠵᠥᠪ ᠢᠶᠠᠷ ᠭᠦᠢᠴᠡᠳᠬᠡᠵᠦ ᠴᠢᠳᠠᠬᠤ ᠡᠰᠡᠬᠦ ᠯᠦᠭᠡ | ᠬᠤᠯᠪᠣᠭᠳᠠᠬᠤ ᠶᠤᠮ᠃ ︽ᠲᠠᠰ ᠳᠠᠷᠠᠭᠠᠯᠠᠯ ᠤᠨ ᠲᠣᠭᠲᠠᠭᠠᠯ︾ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠤᠮᠵᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨᠴᠢ | ᠲᠠᠰ ᠳᠠᠷᠠᠭᠠᠯᠠᠯ ᠤᠨ ᠲᠦᠷᠢᠮ ᠢᠶᠠᠷ ᠳᠠᠮᠵᠢᠭᠤᠯᠤᠨ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ | ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ | ᠢ ᠳᠡᠭᠡᠭᠰᠢᠯᠡᠭᠦᠯᠬᠦ ᠪᠣᠯᠣᠨ᠎ᠠ᠃ ᠡᠨᠡ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠬᠤ᠂ | ᠥᠨᠳᠥᠷ ᠪᠦᠲᠦᠮᠵᠢᠲᠡᠢ ᠪᠥᠭᠡᠳ ᠦᠨᠡᠨᠴᠢ ᠢᠲᠡᠭᠡᠮᠵᠢᠲᠡᠢ ᠬᠠᠤᠯᠢᠵᠢᠯ ᠤᠨ ᠵᠠᠰᠠᠭ ᠤᠨ ᠣᠷᠳᠣᠨ ᠢ ᠲᠦᠷᠭᠡᠪᠴᠢᠯᠡᠨ | ᠪᠠᠶᠢᠭᠤᠯᠬᠤ ᠳᠤ ᠣᠷᠣᠯᠠᠭᠤᠯᠵᠤ ᠪᠣᠯᠤᠰᠢ ᠦᠭᠡᠢ ᠪᠣᠳᠠᠲᠤ ᠠᠴᠢ ᠬᠤᠯᠪᠣᠭᠳᠠᠯ ᠲᠠᠢ ᠶᠤᠮ᠃ | ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠦᠭᠡᠷᠡᠴᠢᠯᠡᠯᠲᠡ ᠬᠦᠭᠵᠢᠯᠲᠡ ᠶᠢᠨ ᠲᠤᠭᠲᠠᠭᠤᠨ ᠶᠡᠭᠡ ᠲᠠᠯ᠎ᠠ ᠶᠢ | ᠨᠡᠩ ᠰᠠᠶᠢᠲᠤᠷ ᠬᠠᠮᠠᠭᠠᠯᠠᠬᠤ ᠳᠤ ᠠᠰᠢᠭᠲᠠᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠨᠢ | ᠢᠮᠠᠭᠲᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ ᠪᠠᠶᠢᠵᠤ᠂ ᠴᠢᠬᠤᠯᠠ ᠶᠡᠭᠡ ᠣᠯᠠᠨ | ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ | ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠶᠢᠨ ᠲᠤᠭᠲᠠᠭᠤᠨ ᠶᠡᠭᠡ ᠲᠠᠯ᠎ᠠ ᠳᠤ ᠬᠤᠯᠪᠣᠭᠳᠠᠬᠤ ᠪᠣᠯᠤᠨ᠎ᠠ | ᠃ ︽ᠳᠡᠰ ᠳᠠᠷᠠᠭᠠᠯᠠᠯ ᠤᠨ ᠲᠣᠭᠲᠠᠭᠠᠯ︾ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ | ᠲᠣᠭᠲᠠᠭᠠᠬᠤ ᠳᠡᠰ ᠳᠠᠷᠠᠭᠠᠯᠠᠯ ᠤᠨ ᠳᠦᠷᠢᠮ ᠢ ᠵᠢᠷᠤᠮᠵᠢᠭᠤᠯᠬᠤ ᠪᠠᠷ ᠳᠠᠮᠵᠢᠭᠤᠯᠤᠨ᠂ ᠨᠡᠶᠢᠭᠡᠮ ᠣᠯᠠᠨ ᠨᠡᠶᠢᠲᠡ ᠶᠢ | ᠬᠥᠲᠥᠯᠥᠨ ᠵᠢᠯᠣᠭᠤᠳᠴᠤ ᠪᠠᠶᠢᠭᠠᠳ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ | ᠣᠷᠣᠯᠴᠠᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ ᠲᠦᠮᠡᠨ ᠤ | ᠰᠠᠨᠠᠯ ᠢ ᠬᠤᠷᠢᠶᠠᠵᠤ ᠣᠯᠠᠨ ᠤ ᠤᠬᠠᠭᠠᠨ ᠢ ᠲᠥᠪᠯᠡᠷᠡᠭᠦᠯᠬᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠠᠪᠤᠴᠠ | ᠪᠣᠯᠭᠠᠵᠤ᠂ ᠴᠢᠨᠠᠭᠰᠢᠳᠠ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢᠨ ᠭᠡᠷᠡᠭᠵᠢᠭᠦᠯᠵᠦ ᠪᠤᠯᠬᠤᠶᠢᠴᠠ | ᠴᠢᠨᠠᠷ᠂ ᠲᠣᠭᠲᠠᠪᠤᠷᠢᠲᠤ ᠴᠢᠨᠠᠷ ᠢ ᠪᠦᠲᠦᠮᠵᠢᠲᠡᠶ ᠨᠡᠮᠡᠭᠳᠡᠭᠦᠯᠦᠨ᠎ᠡ᠃ ᠡᠨᠡ ᠨᠢ ᠥᠪᠡᠷᠲᠡᠭᠡᠨ ᠵᠠᠰᠠᠬᠤ ᠣᠷᠣᠨ ᠤ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ | ᠪᠠ ᠨᠡᠶᠢᠭᠡᠮ ᠤᠨ ᠲᠣᠭᠲᠠᠭᠤᠨ ᠶᠡᠭᠡ ᠲᠠᠯ᠎ᠠ ᠶᠢ ᠬᠠᠮᠠᠭᠠᠯᠠᠬᠤ ᠳᠤ ᠴᠢᠬᠤᠯᠠ ᠢᠳᠡᠪᠬᠢ ᠠᠴᠢ ᠬᠤᠯᠪᠣᠭᠳᠠᠯ ᠲᠠᠢ ᠶᠤᠮ᠃ | ᠭᠤᠷᠪᠠ ᠳᠤ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠶᠢ ᠴᠢᠩᠭᠠᠳᠬᠠᠬᠤ ᠳᠤ ᠠᠰᠢᠭᠲᠠᠢ᠃ | ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠪᠣᠯ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠡᠬᠢᠯᠡᠯᠲᠡ ᠮᠦᠷᠲᠡᠭᠡᠨ | ᠵᠠᠰᠠᠭ ᠵᠠᠬᠢᠷᠭᠠᠨ ᠤ ᠡᠷᠬᠡ ᠶᠢ ᠵᠢᠷᠤᠮᠵᠢᠭᠤᠯᠬᠤ ᠶᠢᠨ ᠭᠤᠣᠯᠳᠠᠯᠭ᠎ᠠ ᠪᠣᠯᠣᠨ᠎ᠠ᠃ ︽ᠲᠠᠰ ᠳᠠᠷᠠᠭᠠᠯᠠᠯ ᠤᠨ ᠲᠣᠭᠲᠠᠭᠠᠯ︾ ᠢ | ᠬᠡᠷᠡᠭᠵᠢᠭᠦᠯᠬᠦ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠶᠢ ᠢᠯᠡ ᠪᠠᠷ | ᠠᠵᠢᠯᠯᠠᠭᠤᠯᠵᠤ᠂ ᠬᠠᠤᠯᠢ ᠲᠣᠭᠲᠠᠭᠠᠯ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠨ ᠤ ᠵᠦᠶ | ᠵᠣᠬᠢᠰᠲᠠᠶ ᠬᠡᠷᠡᠭᠵᠢᠭᠦᠯᠦᠯᠲᠡ ᠶᠢ ᠪᠡᠶᠡᠯᠡᠭᠦᠯᠬᠦ ᠶᠢᠨ ᠤᠯᠠᠮ ᠠᠴᠠ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ | ᠶᠢᠨ ᠪᠢᠲᠡᠭᠦᠦ ᠬᠡᠯᠬᠢᠶ᠎ᠡ ᠶᠢ ᠪᠡᠶᠡᠯᠡᠭᠦᠯᠦᠨ᠎ᠡ᠂ ᠡᠨᠡ ᠨᠢ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ | ᠡᠷᠬᠡ ᠶᠢᠨ ᠬᠡᠷᠡᠭᠵᠢᠭᠦᠯᠦᠭᠴᠢ ᠳᠤ ᠠᠪᠴᠤ ᠬᠡᠯᠡᠪᠡᠯ᠂ ᠬᠢᠵᠠᠭᠠᠷᠯᠠᠯ ᠮᠥᠷᠲᠡᠭᠡᠨ ᠪᠠᠰᠠ ᠬᠠᠮᠠᠭᠠᠯᠠᠯᠲᠠ ᠪᠣᠯᠤᠨ᠎ᠠ᠃ ᠡᠶᠢᠮᠦ | ᠠᠴᠠ᠂ ︽ᠳᠡᠰ ᠳᠠᠷᠠᠭᠠᠯᠠᠯ ᠤᠨ ᠲᠣᠭᠲᠠᠭᠠᠯ︾ ᠢ ᠨᠡᠶᠢᠲᠡᠯᠡᠨ ᠬᠡᠷᠡᠭᠵᠢᠭᠦᠯᠬᠦ ᠨᠢ ᠪᠢᠳᠡᠨ ᠤ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠤᠨᠴᠠᠭᠠᠶᠢᠯᠠᠨ ᠨᠡᠶᠢᠭᠡᠮ ᠤᠨ ᠵᠠᠰᠠᠯᠲᠠ ᠶᠢᠨ | ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠲᠤᠶᠢᠯ ᠤᠨ ᠴᠢᠬᠤᠯᠠ | ᠪᠣᠳᠠᠲᠤ ᠠᠴᠢ ᠬᠤᠯᠪᠣᠭᠳᠠᠯ ᠲᠠᠢ ᠶᠤᠮ᠃ | ᠬᠠᠤᠯᠢ ᠴᠠᠭᠠᠵᠠ᠂ ᠬᠠᠤᠯᠢ ᠲᠣᠭᠲᠠᠭᠠᠯ ᠤᠨ ᠡᠷᠬᠡ ᠰᠦᠷ ᠨᠢ ᠴᠢᠩᠭ᠎ᠠ ᠬᠡᠷᠡᠭᠵᠢᠭᠦᠯᠬᠦ ᠳᠤ ᠪᠣᠢ᠃ ︽ᠳᠡᠰ | ᠳᠠᠷᠠᠭᠠᠯᠠᠯ ᠤᠨ ᠲᠣᠭᠲᠠᠭᠠᠯ︾ ᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠳᠤ ᠪᠦᠬᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠱᠠᠭᠠᠷᠳᠠᠭᠳᠠᠨ᠎ᠠ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠳᠡᠰ ᠳᠠᠷᠠᠭᠠᠯᠠᠯ ᠤᠨ ᠲᠣᠭᠲᠠᠭᠠᠯ︾ ᠢ | ᠬᠢᠨᠠᠮᠠᠭᠠᠶ ᠰᠤᠷᠤᠯᠴᠠᠨ᠂ ᠭᠦᠨᠵᠡᠭᠡᠶ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠨᠡᠶᠢᠲᠡ ᠤᠷᠤᠯᠴᠠᠬᠤ᠂ ᠲᠤᠰᠬᠠᠶ | ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ | ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠬᠠᠤᠯᠢ | ᠶᠣᠰᠣᠭᠠᠷ ᠴᠢᠩᠭ᠎ᠠ ᠭᠦᠢᠴᠡᠳᠬᠡᠵᠦ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ ᠶᠣᠰᠣᠭᠠᠷ ᠰᠢᠶᠳᠪᠦᠷᠢᠲᠦ | ᠪᠣᠳᠣᠯᠭ᠎ᠠ ᠲᠣᠭᠲᠠᠭᠠᠬᠤ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠰᠣᠨᠢᠨ ᠮᠡᠳᠡᠭᠡ ᠶᠢᠨ ᠬᠢᠨ ᠤ ᠨᠠᠶᠢᠵᠠ ᠨᠠᠷ | ᠰᠣᠨᠢᠨ ᠮᠡᠳᠡᠭᠡᠨ ᠤ ᠵᠠᠭᠤᠴᠢ ᠪᠠᠷ ᠳᠠᠮᠵᠢᠭᠤᠯᠤᠨ᠂ ︽ᠳᠡᠰ ᠳᠠᠷᠠᠭᠠᠯᠠᠯ ᠤᠨ ᠲᠣᠭᠲᠠᠭᠠᠯ︾ ᠢ ᠶᠡᠬᠡᠪᠡᠷ ᠤᠬᠠᠭᠤᠯᠵᠤ᠂ | ᠨᠡᠶᠢᠭᠡᠮ ᠤᠨ ᠡᠯ᠎ᠡ ᠡᠲᠡᠭᠡᠳ ᠲᠤ ᠴᠥᠮ ︽ᠳᠡᠰ ᠳᠠᠷᠠᠭᠠᠯᠠᠯ ᠤᠨ ᠲᠣᠭᠲᠠᠭᠠᠯ︾ ᠢ ᠬᠡᠷᠡᠭᠵᠢᠭᠦᠯᠬᠦ ᠶᠢ ᠠᠩᠬᠠᠷᠣᠭᠤᠯᠣᠨ᠂ | ᠥᠷᠭᠡᠨ ᠣᠯᠠᠨ ᠲᠦᠮᠡᠨ ᠢ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠭᠤᠯᠵᠤ᠂ | ᠰᠢᠶᠳᠪᠦᠷᠢᠲᠦ ᠪᠣᠳᠣᠯᠭ᠎ᠠ ᠲᠣᠭᠲᠠᠭᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ ᠵᠠᠬᠢᠷᠭᠠᠨ | ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ | ᠲᠦᠯᠬᠢᠨ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠤᠨ ᠲᠥᠷᠥ ᠶᠢᠨ ᠪᠣᠳᠣᠯᠭ᠎ᠠ ᠶᠢᠨ ᠲᠤᠬᠠᠢ ᠵᠤᠷᠰᠢᠯᠲᠤ | ᠰᠤᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ︽ᠲᠠᠰ ᠳᠠᠷᠠᠭᠠᠯᠠᠯ ᠤᠨ ᠲᠣᠭᠲᠠᠭᠠᠯ︾ | ᠤᠨ ᠬᠡᠷᠡᠭᠯᠡᠭᠳᠡᠬᠦ ᠬᠡᠪᠴᠢᠶ᠎ᠡ ᠨᠢ ᠶᠠᠮᠠᠷ ᠪᠣᠶ︖ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠠᠴᠠ ᠴᠢᠬᠤᠯᠠ | ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠲᠣᠰ ᠲᠣᠭᠲᠠᠭᠠᠯ ᠢ ᠬᠡᠷᠡᠭᠯᠡᠪᠡᠯ ᠲᠤᠬᠢᠷᠠᠨ᠎ᠠ ᠤᠤ︖ | | ᠳ᠋ᠠᠶ ᠶᠠᠨ᠄ ᠲᠥᠷᠥ ᠶᠢᠨ ᠶᠠᠪᠤᠳᠠᠯ ᠤᠨ ᠬᠤᠷᠢᠶᠠᠨ ᠤ ︽ᠲᠦᠷ ᠬᠡᠷᠡᠭᠵᠢᠭᠦᠯᠬᠦ ᠲᠦᠷᠢᠮ︾ ᠢ ᠦᠨᠳᠦᠰᠦᠯᠡᠨ᠂ ︽ | ᠲᠠᠰ ᠳᠠᠷᠠᠭᠠᠯᠠᠯ ᠤᠨ ᠲᠣᠭᠲᠠᠭᠠᠯ︾ ᠤᠨ ᠬᠤᠶᠠᠳᠤᠭᠠᠷ ᠵᠦᠶᠯ ᠳᠤ᠄ ︽ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ | ᠤ ᠣᠷᠣᠨ ᠤ ᠳᠣᠲᠣᠷᠠᠬᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠴᠢᠬᠤᠯᠠ | ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠭᠠᠷᠭᠠᠬᠤ ᠪᠠ ᠲᠣᠬᠢᠷᠠᠭᠤᠯᠤᠯᠲᠠ ᠬᠢᠬᠦ ᠲᠠᠰ ᠳᠠᠷᠠᠭᠠᠯᠠᠯ ᠳᠤ ᠲᠣᠰ | ᠲᠣᠭᠲᠠᠭᠠᠯ ᠢ ᠲᠤᠬᠢᠷᠠᠭᠤᠯᠤᠨ ᠬᠡᠷᠡᠭᠯᠡᠨ᠎ᠡ︾ ᠭᠡᠵᠦ ᠲᠤᠭᠲᠠᠭᠠᠵᠠᠢ᠂ ᠳᠠᠷᠣᠢ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠵᠠᠰᠠᠭ ᠤᠨ ᠣᠷᠳᠣᠨ ᠪᠣᠯ ᠰᠢᠶᠳᠪᠦᠷᠢᠲᠦ ᠪᠣᠳᠣᠯᠭ᠎ᠠ ᠲᠣᠭᠲᠠᠭᠠᠬᠤ | ᠪᠠᠶᠢᠭᠤᠯᠭ᠎ᠠ ᠪᠣᠯᠤᠨ᠎ᠠ᠃ ︽ᠲᠠᠰ ᠳᠠᠷᠠᠭᠠᠯᠠᠯ ᠤᠨ ᠲᠣᠭᠲᠠᠭᠠᠯ︾ ᠤᠨ ᠲᠠᠪᠢᠨ ᠨᠠᠶᠮᠠᠳᠤᠭᠠᠷ ᠵᠦᠶᠯ ᠳᠤ ︽ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤ | ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠭᠠᠷᠭᠠᠬᠤ ᠪᠠ | ᠲᠣᠬᠢᠷᠠᠭᠤᠯᠤᠯᠲᠠ ᠬᠢᠬᠦ ᠲᠠᠰ ᠳᠠᠷᠠᠭᠠᠯᠠᠯ ᠢ ᠲᠣᠰ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠬᠦ ᠬᠡᠷᠡᠭᠲᠡᠢ︾ ᠭᠡᠵᠦ | ᠲᠤᠭᠲᠠᠭᠠᠵᠠᠢ᠂ ᠲᠤᠬᠠᠶᠢᠯᠠᠪᠠᠯ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠰᠤᠮᠤ | ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠳᠤ ︽ᠲᠠᠰ ᠳᠠᠷᠠᠭᠠᠯᠠᠯ ᠤᠨ ᠲᠣᠭᠲᠠᠭᠠᠯ︾ ᠢ ᠪᠦᠷᠢᠮᠦᠰᠦᠨ ᠬᠡᠷᠡᠭᠯᠡᠬᠦ ᠥᠬᠡᠶ | ᠂ ᠬᠠᠷᠢᠨ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠠᠯᠢᠪᠠ ᠴᠢᠬᠤᠯᠠ ᠶᠡᠭᠡ ᠵᠠᠰᠠᠭ | ᠵᠠᠬᠢᠷᠭᠠᠨ ᠤ ᠰᠢᠶᠳᠪᠦᠷᠢᠲᠦ ᠪᠣᠳᠣᠯᠭ᠎ᠠ ᠨᠢ ᠴᠥᠮ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ | ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ | ᠶᠠᠷᠢᠯᠴᠠᠨ ᠲᠣᠭᠲᠠᠭᠠᠬᠤ ᠡᠨᠡ ᠲᠠᠪᠤᠨ ᠶᠡᠭᠡ ᠲᠠᠰ ᠳᠠᠷᠠᠭᠠᠯᠠᠯ ᠢ ᠡᠷᠬᠡᠪᠰᠢ ᠪᠦᠷᠢᠮᠦᠰᠦᠨ ᠭᠦᠶᠴᠡᠳᠬᠡᠬᠦ ᠬᠡᠷᠡᠭᠲᠡᠶ ᠤᠤ︖ | ᠳ᠋ᠠᠶ ᠶᠠᠨ᠄ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ | ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠪᠣᠯ ︽ | ᠲᠠᠰ ᠳᠠᠷᠠᠭᠠᠯᠠᠯ ᠤᠨ ᠲᠣᠭᠲᠠᠭᠠᠯ︾ ᠤᠨ ᠨᠢᠭᠡᠨ ᠭᠤᠤᠯ ᠠᠭᠤᠯᠭ᠎ᠠ ᠪᠣᠯᠤᠨ᠎ᠠ᠃ ᠡᠭᠦᠨ ᠳᠤ ᠣᠯᠠᠨ ᠨᠡᠶᠢᠲᠡ ᠶᠢᠨ ᠬᠢᠨ | ᠤᠷᠤᠯᠴᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠪᠣᠯ ᠵᠠᠪᠠᠯ | ᠭᠦᠢᠴᠡᠳᠬᠡᠬᠦ ᠳᠡᠰ ᠳᠠᠷᠠᠭᠠᠯᠠᠯ ᠮᠥᠨ᠂ ᠠᠯᠢᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠨᠢ ᠴᠥᠮ | ᠡᠷᠬᠡᠪᠰᠢ ᠭᠦᠢᠴᠡᠳᠬᠡᠬᠦ ᠬᠡᠷᠡᠭᠲᠡᠢ᠃ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠪᠠ ᠲᠦᠭᠰᠢᠭᠦᠷᠢ ᠶᠢ ᠦᠨᠡᠯᠡᠨ ᠵᠢᠱᠢᠬᠦ | ᠨᠢ ᠵᠠᠪᠠᠯ ᠥᠩᠭᠡᠷᠡᠭᠡᠬᠦ ᠳᠡᠰ ᠳᠠᠷᠠᠭᠠᠯᠠᠯ ᠪᠢᠰᠢ᠂ ᠲᠦᠷᠢᠮ ᠳᠤ᠄ ᠲᠤᠰᠬᠠᠶ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ | ᠢᠶᠠᠷ ᠨᠡᠯᠢᠶᠡᠳ ᠴᠢᠩᠭ᠎ᠠ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠲᠤ ᠲᠤᠰᠬᠠᠶ ᠮᠡᠷᠭᠡᠵᠢᠯᠲᠡᠨ ᠢᠶᠠᠷ | ᠨᠤᠲᠠᠯᠠᠭᠤᠯᠬᠤ ᠳᠡᠰ ᠳᠠᠷᠠᠭᠠᠯᠠᠯ ᠢ ᠭᠦᠶᠴᠡᠳᠬᠡᠬᠦ ᠬᠡᠷᠡᠭᠲᠡᠶ︔ ᠵᠠᠰᠠᠭ ᠵᠠᠬᠢᠷᠭᠠᠨ ᠤ ᠴᠢᠬᠤᠯᠠ ᠶᠡᠭᠡ ᠰᠢᠶᠳᠪᠦᠷᠢᠲᠦ | ᠪᠣᠳᠣᠯᠭ᠎ᠠ ᠶᠢ ᠬᠡᠷᠡᠭᠵᠢᠭᠦᠯᠬᠦ ᠨᠢ ᠨᠡᠶᠢᠭᠡᠮ ᠤᠨ ᠲᠣᠭᠲᠠᠭᠤᠨ᠂ ᠠᠮᠢ ᠠᠬᠤᠶ ᠶᠢᠨ ᠣᠷᠴᠢᠨ ᠲᠣᠭᠤᠷᠢᠨ᠂ ᠣᠯᠠᠨ ᠨᠡᠶᠢᠲᠡ | ᠶᠢᠨ ᠠᠮᠤᠷ ᠲᠦᠪᠰᠢᠨ ᠵᠡᠷᠭᠡ ᠲᠠᠯ᠎ᠠ ᠳᠤ ᠠᠰᠢᠭ ᠦᠭᠡᠶ ᠨᠥᠯᠥᠭᠡ ᠪᠣᠯᠵᠤ ᠮᠡᠳᠡᠬᠦ ᠳᠤ ᠬᠦᠷᠪᠡᠯ᠂ ᠲᠦᠭᠰᠢᠭᠦᠷᠢ ᠶᠢ | ᠦᠨᠡᠯᠡᠨ ᠵᠢᠱᠢᠬᠦ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ ᠭᠡᠵᠦ ᠲᠤᠭᠲᠠᠭᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠲᠠᠪᠤᠨ ᠶᠡᠭᠡ ᠲᠠᠰ ᠳᠠᠷᠠᠭᠠᠯᠠᠯ ᠢ ᠭᠦᠶᠴᠡᠳᠬᠡᠬᠦ | ᠳᠤ ᠲᠣᠭᠲᠠᠭᠰᠠᠨ ᠳᠠᠷᠠᠭᠠᠯᠠᠯ ᠲᠠᠢ ᠤᠤ︖ | ᠳ᠋ᠠᠶ ᠶᠠᠨ᠄ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ | ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠡᠨᠡ | ᠲᠠᠪᠤᠨ ᠶᠡᠭᠡ ᠳᠡᠰ ᠳᠠᠷᠠᠭᠠᠯᠠᠯ ᠨᠢ ᠪᠦᠷᠢᠮᠦᠰᠦᠨ ᠬᠡᠪᠰᠢᠭᠰᠡᠨ ᠴᠤᠪᠤᠷᠠᠯ ᠪᠢᠰᠢ᠂ ᠴᠢᠬᠤᠯᠠ ᠶᠡᠭᠡ ᠵᠠᠰᠠᠭ ᠵᠠᠬᠢᠷᠭᠠᠨ ᠤ | ᠰᠢᠶᠳᠪᠦᠷᠢᠲᠦ ᠪᠣᠳᠣᠯᠭ᠎ᠠ ᠶᠢ ᠡᠬᠢᠯᠡᠭᠦᠯᠬᠦ ᠠᠴᠠ ᠠᠪᠤᠭᠠᠳ ᠭᠠᠷᠭᠠᠬᠤ ᠬᠦᠷᠲᠡᠯ᠎ᠡ᠂ ᠶᠡᠭᠡ ᠲᠥᠯᠥᠪ ᠰᠢᠶᠳᠪᠦᠷᠢᠲᠦ | ᠪᠣᠳᠣᠯᠭ᠎ᠠ ᠶᠢᠨ ᠲᠥᠰᠦᠯ ᠤᠨ ᠪᠦᠷᠢᠯᠳᠦᠬᠦ ᠱᠠᠲᠤ᠂ ᠲᠥᠰᠦᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ | ᠬᠠᠮᠲᠤ ᠪᠠᠷ ᠶᠠᠷᠢᠯᠴᠠᠬᠤ ᠱᠠᠲᠤ ᠭᠡᠵᠦ ᠬᠤᠪᠢᠶᠠᠵᠤ ᠪᠣᠯᠤᠨ᠎ᠠ᠃ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ | ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠪᠣᠯ ᠰᠢᠶᠳᠪᠦᠷᠢᠲᠦ ᠪᠣᠳᠣᠯᠭ᠎ᠠ ᠲᠣᠭᠲᠠᠭᠠᠬᠤ | ᠲᠥᠰᠦᠯ ᠤᠨ ᠪᠣᠶ ᠪᠣᠯᠬᠤ ᠱᠠᠲᠤᠨ ᠤ ᠲᠠᠰ ᠳᠠᠷᠠᠭᠠᠯᠠᠯ ᠪᠣᠯᠤᠨ᠎ᠠ᠂ ᠡᠨᠡ ᠭᠤᠷᠪᠠ ᠶᠢᠨ ᠬᠤᠭᠤᠷᠣᠨᠳᠣ ᠲᠤᠭᠲᠠᠭᠰᠠᠨ | ᠡᠮᠦᠨ᠎ᠡ ᠬᠤᠶᠢᠨᠠᠬᠢ ᠲᠠᠰ ᠳᠠᠷᠠᠭᠠᠯᠠᠯ ᠪᠠᠶᠢᠬᠤ ᠥᠬᠡᠶ᠂ ᠰᠢᠶᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠶᠴᠡᠳᠬᠡᠬᠦ | ᠨᠢᠭᠡᠴᠢ ᠨᠢ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ ᠣᠨᠴᠠᠯᠢᠭ ᠪᠠ ᠪᠣᠳᠠᠲᠠᠶ ᠬᠡᠷᠡᠭᠴᠡᠭᠡ ᠶᠢ ᠦᠨᠳᠦᠰᠦᠯᠡᠨ | ᠡᠵᠡᠮᠰᠢᠵᠦ ᠪᠣᠯᠤᠨ᠎ᠠ᠂ ᠵᠠᠷᠢᠮ ᠲᠠᠰ ᠳᠠᠷᠠᠭᠠᠯᠠᠯ ᠢ ᠳᠠᠬᠢᠨ ᠳᠠᠪᠲᠠᠨ ᠣᠯᠠᠨ ᠤᠳᠠᠭ᠎ᠠ ᠭᠦᠶᠴᠡᠳᠬᠡᠵᠦ ᠪᠣᠯᠤᠨ᠎ᠠ᠂ ᠵᠢᠱᠢᠶᠡᠯᠡᠪᠡᠯ | ᠲᠤᠰᠬᠠᠶ ᠮᠡᠷᠭᠡᠵᠢᠯᠲᠡᠨ ᠢᠶᠠᠷ ᠣᠯᠠᠨ ᠤᠳᠠᠭ᠎ᠠ ᠨᠤᠲᠠᠯᠠᠭᠤᠯᠵᠤ ᠮᠡᠳᠡᠨ᠎ᠡ᠃ ᠡᠭᠦᠨ ᠠᠴᠠ ᠭᠠᠳᠠᠨ᠎ᠠ᠂ ᠲᠦᠭᠰᠢᠭᠦᠷᠢ ᠶᠢ | ᠦᠨᠡᠯᠡᠨ ᠵᠢᠱᠢᠬᠦ ᠶᠢ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠠᠵᠢᠯ | ᠲᠠᠢ ᠤᠶᠠᠯᠳᠤᠭᠤᠯᠤᠨ ᠵᠡᠷᠭᠡᠪᠡᠷ ᠵᠣᠬᠢᠶᠠᠨ ᠪᠠᠶᠢᠭᠤᠯᠵᠤ ᠪᠣᠯᠤᠨ᠎ᠠ᠃ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠥᠰᠦᠯ | ᠪᠦᠷᠢᠯᠳᠦᠭᠰᠡᠨ ᠤ ᠲᠠᠷᠠᠭ᠎ᠠ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ | ᠳᠠᠷᠠᠭᠠᠯᠠᠯ ᠢᠶᠠᠷ ᠶᠠᠪᠤᠭᠳᠠᠭᠤᠯᠬᠤ ᠴᠢᠬᠤᠯᠠ ᠲᠠᠢ᠂ ᠡᠨᠡ ᠬᠤᠶᠠᠷ ᠳᠡᠰ ᠳᠠᠷᠠᠭᠠᠯᠠᠯ ᠪᠣᠯ ᠡᠷᠬᠡᠪᠰᠢ ᠭᠦᠢᠴᠡᠳᠬᠡᠬᠦ ᠳᠡᠰ | ᠳᠠᠷᠠᠭᠠᠯᠠᠯ ᠮᠥᠨ᠃ ᠠᠩᠬᠠᠷᠤᠭᠤᠰᠢᠲᠠᠢ ᠨᠢ᠂ ᠬᠡᠷᠪᠡ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠳᠤᠮᠳᠠ | ᠭᠦᠢᠴᠡᠳᠬᠡᠬᠦ ᠶᠣᠰᠣᠲᠠᠢ ᠪᠠᠶᠢᠲᠠᠯ᠎ᠠ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ | ᠂ ᠲᠦᠭᠰᠢᠭᠦᠷᠢ ᠶᠢ ᠦᠨᠡᠯᠡᠨ ᠵᠢᠱᠢᠬᠦ ᠳᠡᠰ ᠳᠠᠷᠠᠭᠠᠯᠠᠯ ᠢ ᠭᠦᠢᠴᠡᠳᠬᠡᠭᠰᠡᠨ ᠦᠭᠡᠢ ᠪᠠᠶᠢᠬᠤ ᠶᠢ ᠣᠯᠵᠤ ᠮᠡᠳᠡᠪᠡᠯ᠂ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠢ ᠬᠠᠷᠢᠭᠤᠴᠠᠬᠤ ᠰᠠᠯᠠᠭ᠎ᠠ ᠮᠥᠴᠢᠷ ᠨᠢ ᠰᠢᠢᠳᠪᠦᠷᠢᠲᠦ ᠪᠤᠳᠤᠯᠭ᠎ᠠ ᠶᠢ ᠳᠠᠭᠠᠭᠠᠨ | ᠭᠦᠢᠴᠡᠳᠭᠡᠬᠦ ᠨᠢᠭᠡᠴᠢ ᠳᠤ ᠬᠤᠯᠪᠣᠭᠳᠠᠯ ᠪᠦᠬᠦᠢ ᠳᠡᠰ ᠳᠠᠷᠠᠭᠠᠯᠠᠯ ᠢ ᠨᠥᠬᠦᠪᠥᠷᠢᠯᠡᠨ ᠭᠦᠢᠴᠡᠳᠬᠡᠭᠦᠯᠬᠦ ᠪᠠᠷ ᠱᠠᠭᠠᠷᠳᠠᠵᠤ | ᠪᠣᠯᠤᠨ᠎ᠠ᠃ ᠬᠠᠮᠲᠤ ᠪᠠᠷ ᠶᠠᠷᠢᠯᠴᠠᠨ ᠲᠣᠭᠲᠠᠭᠠᠬᠤ ᠪᠣᠯ ᠲᠠᠪᠤᠨ ᠶᠡᠭᠡ ᠳᠡᠰ ᠳᠠᠷᠠᠭᠠᠯᠠᠯ ᠳᠠᠬᠢ ᠬᠠᠮᠤᠭ ᠡᠴᠦᠰ ᠤᠨ ᠨᠢᠭᠡ | ᠳᠡᠰ ᠳᠠᠷᠠᠭᠠᠯᠠᠯ ᠮᠥᠨ᠂ ᠶᠠᠷᠢᠶᠠᠨ ᠦᠭᠡᠢ ᠬᠠᠮᠲᠤ ᠪᠠᠷ ᠶᠠᠷᠢᠯᠴᠠᠬᠤ ᠦᠶ᠎ᠡ ᠳᠤ ᠬᠤᠯᠪᠣᠭᠳᠠᠯ ᠪᠦᠬᠦᠢ ᠳᠡᠰ ᠳᠠᠷᠠᠭᠠᠯᠠᠯ ᠢ | ᠰᠢᠨ᠎ᠡ ᠪᠠᠷ ᠭᠦᠢᠴᠡᠳᠬᠡᠬᠦ ᠪᠤᠶᠤ ᠨᠥᠬᠦᠪᠥᠷᠢᠯᠡᠨ ᠭᠦᠢᠴᠡᠳᠬᠡᠭᠦᠯᠬᠦ ᠪᠠᠷ ᠱᠠᠭᠠᠷᠳᠠᠬᠤ ᠶᠢ ᠦᠭᠡᠶᠢᠰᠬᠡᠬᠦ ᠦᠭᠡᠢ ᠶᠤᠮ᠃ |