ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ﹇2023﹈ 14 ᠳ᠋ᠦ᠋ᠭᠡᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠣᠭᠲᠠᠭᠠᠯ ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ | ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 8 ᠳ᠋ᠤᠭᠠᠷ ᠰᠠᠷ᠎ᠠ ᠶᠢᠨ 10 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠣᠭᠲᠠᠭᠠᠯ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠲᠠᠷᠢᠶᠠᠯᠠᠬᠤ ᠮᠠᠯᠵᠢᠬᠤ ᠣᠷᠣᠨ ᠤ ᠭᠠᠯ ᠲᠦᠢᠮᠡᠷ ᠤᠨ ᠠᠶᠤᠯ ᠢ ᠤᠷᠢᠳᠴᠢᠯᠠᠨ ᠰᠡᠷᠭᠡᠶᠢᠯᠡᠬᠦ ᠪᠠ ᠪᠦᠲᠦᠮᠵᠢᠲᠡᠢ ᠠᠪᠤᠷᠠᠵᠤ᠂ | ᠲᠠᠷᠢᠶᠠᠯᠠᠬᠤ ᠮᠠᠯᠵᠢᠬᠤ ᠣᠷᠣᠨ ᠤ ᠭᠠᠯ ᠲᠦᠢᠮᠡᠷ ᠤᠨ ᠠᠶᠤᠯ ᠤᠨ ᠬᠤᠣᠷ ᠬᠥᠨᠥᠭᠡᠯ ᠢ ᠪᠠᠭᠠᠰᠬᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ | ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ︾᠂ ︽ᠥᠪᠡᠷᠲᠡᠭᠡᠨ | ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠳᠦᠷᠢᠮ︾᠂ ︽ᠭᠠᠯ ᠰᠡᠷᠭᠡᠶᠢᠯᠡᠵᠦ ᠤᠨᠲᠠᠷᠠᠭᠠᠯᠲᠠ ᠶᠢᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾᠂ ︵ᠲᠢᠩᠬᠢᠮ | ᠦᠰᠦᠭ ﹇2019﹈ 34 ᠳ᠋ᠦ᠋ᠭᠡᠷ ᠲᠣᠭᠠᠲᠤ︶᠂ ︽︿ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ | ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ | ᠲᠠᠷᠬᠠᠭᠠᠭᠰᠠᠨ ﹇2017﹈ 87 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠲᠣᠭᠲᠠᠭᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ | ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠲᠣᠬᠢᠷᠠᠨ ᠬᠡᠷᠡᠭᠯᠡᠭᠳᠡᠨ᠎ᠡ᠃ ᠬᠠᠤᠯᠢ | ᠴᠠᠭᠠᠵᠠ᠂ ᠬᠠᠤᠯᠢ ᠲᠣᠭᠲᠠᠭᠠᠯ ᠳᠤ ᠣᠢ ᠰᠢᠭᠤᠢ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠣᠨᠳᠣᠣ ᠲᠣᠭᠲᠠᠭᠠᠯ ᠪᠠᠶᠢᠪᠠᠯ᠂ | ᠲᠡᠷᠡ ᠲᠣᠭᠲᠠᠭᠠᠯ ᠢᠶᠠᠷ ᠨᠢ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠨᠢ ︽ᠤᠷᠢᠳᠴᠢᠯᠠᠨ ᠰᠡᠷᠭᠡᠶᠢᠯᠡᠬᠦ ᠪᠠᠷ ᠭᠤᠣᠯ | ᠪᠣᠯᠭᠠᠵᠤ᠂ ᠰᠡᠷᠭᠡᠶᠢᠯᠡᠬᠦ ᠪᠠ ᠤᠨᠲᠠᠷᠠᠭᠠᠬᠤ ᠶᠢ ᠬᠠᠷᠢᠯᠴᠠᠨ ᠤᠶᠠᠯᠳᠤᠭᠤᠯᠬᠤ︾ ᠴᠢᠭᠯᠡᠯᠲᠡ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ᠂ | ᠪᠦᠭᠦᠳᠡᠭᠡᠷ ᠢᠶᠠᠨ ᠰᠡᠷᠭᠡᠶᠢᠯᠡᠨ ᠵᠠᠰᠠᠬᠤ᠂ ᠥᠪᠡᠷ ᠢᠶᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠵᠠᠷᠴᠢᠮ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ | ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ᠂ ᠪᠠᠲᠤᠯᠠᠭ᠎ᠠ᠂ ᠰᠢᠯᠭᠠᠨ ᠬᠢᠨᠠᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠬᠦ ᠶᠢᠨ ᠬᠠᠮᠲᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠵᠠᠰᠠᠭ ᠤᠨ ᠣᠷᠳᠣᠨ ᠤ | ᠲᠤᠰᠢᠶᠠᠯ ᠤᠨ ᠬᠤᠭᠤᠴᠠᠭᠠᠨ ᠳᠠᠬᠢ ᠬᠠᠷᠠᠯᠲᠠ ᠶᠢᠨ ᠰᠢᠯᠭᠠᠨ ᠲᠣᠭᠲᠠᠭᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠵᠢᠯ ᠪᠦᠷᠢ ᠬᠠᠷᠢᠶ᠎ᠠ ᠪᠦᠬᠦᠢ | ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠪᠠᠶᠢᠴᠠᠭᠠᠯᠲᠠ ᠪᠠ ᠰᠢᠯᠭᠠᠨ ᠬᠢᠨᠠᠯᠲᠠ ᠬᠢᠨ᠎ᠡ᠃ | ᠲᠠᠪᠤᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠣᠰ ᠵᠠᠰᠠᠭ ᠵᠠᠬᠢᠷᠭᠠᠨ ᠤ ᠣᠷᠣᠨ | ᠬᠡᠪᠴᠢᠶᠡᠨ ᠳᠠᠬᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃ | ᠵᠢᠷᠭᠤᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠣᠳᠠᠲᠠᠢ ᠪᠠᠶᠢᠭᠤᠯᠤᠮᠵᠢ ᠪᠠ | ᠬᠠᠷᠢᠭᠤᠴᠠᠯᠭᠠᠲᠠᠨ ᠢ ᠲᠣᠳᠣᠷᠬᠠᠢ ᠲᠣᠭᠲᠠᠭᠠᠬᠤ ᠬᠡᠷᠡᠭᠲᠡᠢ᠃ | ᠰᠤᠮᠤ ᠰᠢᠶᠠᠩ ᠪᠠᠯᠭᠠᠰᠤ ᠨᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠨᠠᠶᠢᠳᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠯ | ᠰᠡᠷᠭᠡᠶᠢᠯᠡᠵᠦ ᠤᠨᠲᠠᠷᠠᠭᠠᠬᠤ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠵᠦᠢᠯᠡᠰ ᠢ ᠬᠠᠷᠢᠭᠤᠴᠠᠵᠤ ᠪᠣᠯᠣᠨ᠎ᠠ᠃ | ᠬᠤᠶᠠᠳᠤᠭᠠᠷ ᠪᠦᠯᠦᠭ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ | ᠳᠣᠯᠣᠳᠤᠭᠠᠷ ᠵᠦᠢᠯ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠨᠢ ᠳᠣᠣᠷᠠᠬᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠬᠦ ᠬᠡᠷᠡᠭᠲᠡᠢ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ | ᠲᠤᠭᠤᠰᠢᠯᠠᠭᠤᠯᠤᠨᠬᠡᠷᠡᠭᠵᠢᠭᠦᠯᠦᠨᠡ︔ | ︵ᠬᠤᠶᠠᠷ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠰᠤᠳᠤᠯᠤᠨ | ᠪᠠᠶᠢᠷᠢᠯᠠᠭᠤᠯᠤᠨ᠎ᠠ︔ | ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠵᠤ᠂ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ | ︵ᠳᠥᠷᠪᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠲᠣᠰ ᠭᠠᠵᠠᠷ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠲᠥᠯᠦᠪᠵᠢᠭᠦᠯᠭᠡ ᠶᠢᠨ ᠠᠭᠤᠯᠭ᠎ᠠ ᠳᠤ ᠣᠷᠣᠭᠤᠯᠵᠤ᠂ ᠬᠠᠷᠢᠶᠠᠲᠤ ᠣᠷᠣᠨ ᠤ ᠰᠤᠮᠤ ᠰᠢᠶᠠᠩ ᠪᠠᠯᠭᠠᠰᠤ ᠶᠢᠨ ᠭᠠᠯ ᠰᠡᠷᠭᠡᠶᠢᠯᠡᠵᠦ | ᠤᠨᠲᠠᠷᠠᠭᠠᠬᠤ ᠲᠥᠯᠦᠪᠵᠢᠭᠦᠯᠭᠡ ᠶᠢ ᠵᠣᠬᠢᠰᠲᠠᠢ ᠲᠣᠭᠲᠠᠭᠠᠨ᠎ᠠ︔ | ︵ᠲᠠᠪᠤ︶ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ᠂ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠵᠡᠷᠭᠡ | ᠣᠯᠡᠨ ᠬᠡᠯᠪᠡᠷᠢ ᠮᠠᠶ᠋ᠢᠭ ᠤᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠪᠠᠶᠢᠭᠤᠯᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠵᠦᠢᠯ ᠤᠨ | ᠪᠠᠶᠢᠭᠤᠯᠤᠯᠲᠠ ᠶᠢ ᠴᠢᠩᠭᠠᠳᠬᠠᠨ᠎ᠠ︔ | ︵ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠪᠠᠶᠢᠩᠭᠤᠵᠢᠭᠤᠯᠤᠭᠰᠠᠨ ᠭᠠᠯ ᠲᠦᠢᠮᠡᠷ ᠤᠨ ᠠᠶᠤᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ | ᠲᠣᠭᠲᠠᠴᠠ ᠶᠢ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠤᠰᠬᠠᠢ ᠵᠠᠰᠠᠯᠲᠠ ᠥᠷᠨᠢᠭᠦᠯᠬᠦ ᠶᠢ ᠪᠠᠶᠢᠷᠢᠯᠠᠭᠤᠯᠵᠤ᠂ ᠭᠠᠯ | ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ | ︵ᠳᠣᠯᠤᠭ᠎ᠠ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠣᠷᠤᠭᠤᠯᠤᠯᠲᠠ ᠶᠢ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ | ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠨᠥᠬᠦᠴᠡᠯ ᠢ ᠰᠠᠶᠢᠵᠢᠷᠠᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ | ᠤᠨᠲᠠᠷᠠᠭᠠᠬᠤ ᠠᠵᠢᠯ ᠦᠢᠯᠡᠰ ᠤᠨ ᠬᠥᠭᠵᠢᠯᠲᠡ ᠶᠢ ᠪᠠᠲᠤᠯᠠᠨ᠎ᠠ︔ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠭᠠᠯ ᠰᠡᠷᠭᠡᠶᠢᠯᠡᠵᠦ ᠤᠨᠲᠠᠷᠠᠭᠠᠬᠤ ᠡᠭᠦᠷᠭᠡ ᠬᠠᠷᠢᠭᠤᠴᠠᠯᠭ᠎ᠠ᠃ | ᠨᠠᠢᠮᠠᠳᠤᠭᠠᠷ ᠵᠦᠢᠯ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ | ᠠᠷᠭ᠎ᠠ ︾ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠠᠴᠠ ᠭᠠᠳᠠᠨ᠎ᠠ ᠪᠠᠰᠠ ᠳᠣᠣᠷᠠᠬᠢ ᠲᠠᠷᠢᠶᠠᠯᠠᠬᠤ ᠮᠠᠯᠵᠢᠬᠤ ᠣᠷᠣᠨ ᠤ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠨᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠢᠯᠣᠭᠤᠳᠤᠯᠭ᠎ᠠ | ᠳᠣᠣᠷ᠎ᠠ᠂ ᠬᠠᠤᠯᠢ ᠶᠣᠰᠣᠭᠠᠷ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠬᠢᠨᠠᠯᠲᠠ ᠪᠠᠶᠢᠴᠠᠭᠠᠯᠲᠠ᠂ ᠭᠠᠯ ᠰᠡᠷᠭᠡᠶᠢᠯᠡᠵᠦ | ᠤᠨᠲᠠᠷᠠᠭᠠᠬᠤ ᠤᠬᠠᠭᠤᠯᠭ᠎ᠠ ᠬᠥᠮᠦᠵᠢᠯ ᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠨᠢ ᠰᠢᠪᠠᠳᠠᠨ ᠱᠠᠭᠠᠷᠳᠠᠬᠤ ᠪᠠ ᠵᠢᠯᠣᠭᠤᠳᠤᠨ᠎ᠠ︔ ᠲᠠᠷᠢᠶᠠᠯᠠᠬᠤ ᠮᠠᠯᠵᠢᠬᠤ ᠣᠷᠣᠨ ᠳᠤ ᠭᠠᠯ | ᠲᠦᠢᠮᠡᠷ ᠤᠨ ᠠᠶᠤᠯ ᠭᠠᠷᠪᠠᠯ᠂ ᠭᠠᠯ ᠲᠦᠢᠮᠡᠷ ᠢ ᠤᠨᠲᠠᠷᠠᠭᠠᠨ ᠠᠪᠤᠷᠠᠬᠤ ᠠᠵᠢᠯ ᠢ ᠵᠣᠬᠢᠶᠠᠨ ᠪᠠᠶᠢᠭᠤᠯᠬᠤ ᠳᠤ ᠣᠷᠣᠯᠴᠠᠵᠤ᠂ ᠲᠠᠷᠢᠶᠠᠴᠢᠨ ᠮᠠᠯᠴᠢᠨ ᠢ ᠠᠮᠤᠷ | ᠲᠦᠪᠰᠢᠨ ᠢᠶᠠᠷ ᠲᠠᠷᠬᠠᠭᠠᠬᠤ ᠶᠢ ᠵᠢᠯᠤᠭᠤᠳᠴᠤ᠂ ᠭᠠᠯ ᠲᠦᠢᠮᠡᠷ ᠤᠨ ᠲᠤᠬᠠᠢ ᠶᠢᠨ ᠲᠠᠯᠠᠪᠤᠷ ᠤᠨ ᠰᠡᠷᠡᠮᠵᠢᠯᠡᠯᠲᠡ᠂ ᠬᠠᠮᠠᠭᠠᠯᠠᠯᠲᠠ ᠵᠡᠷᠭᠡ ᠠᠵᠢᠯ ᠢ ᠰᠠᠶᠢᠲᠤᠷ | ᠬᠢᠬᠦ ᠬᠡᠷᠡᠭᠲᠡᠢ︔ | ︵ᠬᠤᠶᠠᠷ︶ ᠬᠠᠤᠯᠢ ᠴᠠᠭᠠᠵᠠ ᠶᠢᠨ ᠰᠠᠯᠠᠭ᠎ᠠ ᠮᠥᠴᠢᠷ ᠨᠢ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠠᠷᠢᠶᠠᠴᠢᠨ | ᠮᠠᠯᠴᠢᠨ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠠᠭᠤᠯᠭ᠎ᠠ ᠳᠤ ᠣᠷᠣᠭᠤᠯᠬᠤ ᠶᠢ ᠬᠠᠷᠢᠭᠤᠴᠠᠨ᠎ᠠ︔ | ︵ᠭᠤᠷᠪᠠ︶ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠵᠠᠷᠤᠳᠠᠯ ᠢ ᠲᠤᠬᠠᠢ ᠶᠢᠨ | ᠭᠠᠵᠠᠷ ᠤᠨ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠶᠢ ᠬᠠᠷᠢᠭᠤᠴᠠᠨ᠎ᠠ︔ | ︵ᠳᠥᠷᠪᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠪᠠᠷᠢᠯᠭ᠎ᠠ ᠶᠢᠨ | ᠪᠠᠶᠢᠭᠤᠯᠤᠯᠲᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠬᠢᠬᠦ | ᠴᠢᠬᠤᠯᠠᠲᠠᠢ ᠲᠠᠷᠢᠶᠠᠯᠠᠬᠤ ᠮᠠᠯᠵᠢᠬᠤ ᠣᠷᠣᠨ ᠤ ᠭᠡᠷ ᠪᠠᠶᠢᠰᠢᠩ ᠳᠤ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠥᠷᠨᠢᠭᠦᠯᠬᠦ ᠶᠢ ᠬᠠᠷᠢᠭᠤᠴᠠᠨ | ᠴᠢᠩᠭᠠᠳᠬᠠᠨ᠎ᠠ︔ | ︵ᠲᠠᠪᠤ︶ ᠤᠰᠤ ᠬᠠᠩᠭᠠᠬᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠤᠰᠤ ᠬᠠᠩᠭᠠᠬᠤ ᠨᠢᠭᠡᠴᠢ ᠶᠢᠨ ᠲᠠᠷᠢᠶᠠᠯᠠᠬᠤ ᠮᠠᠯᠵᠢᠬᠤ | ᠣᠷᠣᠨ ᠤ ᠭᠠᠯ ᠤᠨᠲᠠᠷᠠᠭᠠᠯᠲᠠ ᠶᠢᠨ ᠤᠰᠤᠨ ᠤ ᠰᠤᠷᠪᠤᠯᠵᠢ ᠪᠠ ᠭᠠᠯ ᠤᠨᠲᠠᠷᠠᠭᠠᠯᠲᠠ ᠶᠢᠨ ᠤᠰᠤ ᠬᠠᠩᠭᠠᠬᠤ ᠰᠢᠰᠲ᠋ᠧᠮ ᠤᠨ ᠪᠦᠲᠦᠭᠡᠨ ᠪᠠᠶᠢᠭᠤᠯᠬᠤ ᠪᠠ | ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠵᠢᠭᠠᠨ ᠵᠢᠯᠤᠭᠤᠳᠴᠤ ᠰᠢᠪᠠᠳᠠᠨ ᠱᠠᠭᠠᠷᠳᠠᠬᠤ ᠶᠢ ᠬᠠᠷᠢᠭᠤᠴᠠᠨ᠎ᠠ︔ | ︵ᠵᠢᠷᠭᠤᠭ᠎ᠠ︶ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠴᠠᠬᠢᠯᠭᠠᠨ ᠬᠦᠴᠦᠨ ᠤ ᠠᠵᠤ ᠠᠬᠤᠶᠢᠯᠠᠯ ᠢ ᠰᠢᠪᠠᠳᠠᠨ ᠱᠠᠭᠠᠷᠳᠠᠵᠤ | ᠪᠠᠶᠢᠭᠠᠳ ᠲᠠᠷᠢᠶᠠᠯᠠᠬᠤ ᠮᠠᠯᠵᠢᠬᠤ ᠣᠷᠣᠨ ᠤ ᠴᠠᠬᠢᠯᠭᠠᠨ ᠬᠠᠩᠭᠠᠬᠤ ᠪᠡᠯᠡᠳᠬᠡᠮᠵᠢ᠂ ᠴᠠᠬᠢᠯᠭᠠᠨ ᠬᠡᠯᠬᠢᠶᠡᠨ ᠳᠤ ᠲᠣᠭᠲᠠᠭᠰᠠᠨ ᠬᠤᠭᠤᠴᠠᠭ᠎ᠠ ᠲᠠᠢ ᠪᠠᠷ | ᠪᠠᠶᠢᠴᠠᠭᠠᠯᠲᠠ ᠬᠢᠵᠦ᠂ ᠴᠠᠬᠢᠯᠭᠠᠨ ᠬᠠᠩᠭᠠᠬᠤ ᠪᠡᠯᠡᠳᠬᠡᠮᠵᠢ ᠪᠠ ᠴᠠᠬᠢᠯᠭᠠᠨ ᠬᠡᠯᠬᠢᠶ᠎ᠡ ᠶᠢ ᠴᠠᠭ ᠲᠤᠬᠠᠢ ᠳᠤ ᠨᠢ ᠰᠣᠯᠢᠵᠤ ᠥᠭᠡᠷᠡᠴᠢᠯᠡᠨ ᠰᠢᠨᠡᠳᠬᠡᠵᠦ᠂ | ᠲᠠᠷᠢᠶᠠᠯᠠᠬᠤ ᠮᠠᠯᠵᠢᠬᠤ ᠣᠷᠣᠨ ᠤ ᠬᠡᠷᠡᠭᠯᠡᠭᠴᠢ ᠶᠢᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢ ᠥᠷᠨᠢᠭᠦᠯᠦᠨ᠂ ᠴᠠᠬᠢᠯᠭᠠᠨ ᠬᠡᠯᠬᠢᠶᠡᠨ ᠤ | ᠠᠮᠤᠷ ᠲᠦᠪᠰᠢᠨ ᠤ ᠭᠡᠮ ᠰᠣᠭᠤᠭ ᠢ ᠰᠢᠮᠳᠠᠭᠤᠯᠵᠤ ᠴᠡᠭᠴᠡᠯᠡᠨ ᠵᠠᠰᠠᠬᠤ ᠶᠢ ᠬᠠᠷᠢᠭᠤᠴᠠᠨ᠎ᠠ︔ | ︵ᠳᠣᠯᠤᠭ᠎ᠠ︶ ᠡᠪᠯᠡᠯ ᠤᠨ ᠬᠤᠷᠢᠶ᠎ᠠ ᠨᠢ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ ᠲᠠᠷᠢᠶᠠᠯᠠᠬᠤ ᠮᠠᠯᠵᠢᠬᠤ ᠣᠷᠣᠨ ᠳᠤ ᠭᠦᠨᠵᠡᠭᠡᠶᠢᠷᠡᠨ ᠭᠠᠯ | ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠠᠷᠢᠶᠠᠴᠢᠨ ᠮᠠᠯᠴᠢᠨ ᠤ ᠠᠶᠢᠯ ᠭᠡᠷ ᠲᠤ ᠭᠦᠨᠵᠡᠭᠡᠶᠢᠷᠡᠨ ᠭᠠᠯ ᠰᠡᠷᠭᠡᠶᠢᠯᠡᠵᠦ | ᠤᠨᠲᠠᠷᠠᠭᠠᠬᠤ ᠤᠬᠠᠭᠤᠯᠭ᠎ᠠ ᠬᠥᠮᠦᠵᠢᠯ ᠥᠷᠨᠢᠭᠦᠯᠬᠦ ᠶᠢ ᠬᠠᠷᠢᠭᠤᠴᠠᠨ᠎ᠠ︔ | ︵ᠨᠠᠢᠮᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠶᠡᠷᠦᠩᠬᠡᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠢᠨᠠᠯᠲᠠ ᠪᠠᠶᠢᠴᠠᠭᠠᠯᠲᠠ ᠶᠢ ᠬᠠᠤᠯᠢ | ᠶᠣᠰᠣᠭᠠᠷ ᠬᠡᠷᠡᠭᠵᠢᠭᠦᠯᠦᠨ᠎ᠡ︔ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠨᠢ | ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠥᠷᠨᠢᠭᠦᠯᠬᠦ ᠶᠢ ᠵᠢᠭᠠᠨ ᠵᠢᠯᠤᠭᠤᠳᠴᠤ᠂ ᠲᠣᠭᠲᠠᠭᠰᠠᠨ ᠬᠤᠭᠤᠴᠠᠭ᠎ᠠ ᠲᠠᠢ ᠪᠠᠷ | ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠠᠶᠢᠳᠠᠯ ᠢ | ᠮᠡᠳᠡᠭᠦᠯᠵᠦ᠂ ᠠᠵᠢᠯ ᠤᠨ ᠰᠠᠨᠠᠭᠤᠯᠭ᠎ᠠ ᠳᠤᠷᠠᠳᠤᠨ᠎ᠠ︔ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ᠂ ᠰᠠᠶᠢᠨ ᠳᠤᠷ᠎ᠠ ᠶᠢᠨ ᠭᠠᠯ | ᠰᠡᠷᠭᠡᠶᠢᠯᠡᠵᠦ ᠤᠨᠲᠠᠷᠠᠭᠠᠬᠤ ᠠᠩᠭᠢ ᠵᠡᠷᠭᠡ ᠣᠯᠠᠨ ᠬᠡᠯᠪᠡᠷᠢ ᠮᠠᠶ᠋ᠢᠭ ᠤᠨ ᠭᠠᠯ ᠰᠡᠷᠭᠡᠶᠢᠯᠡᠵᠦ ᠤᠨᠲᠠᠷᠠᠭᠠᠬᠤ ᠬᠦᠴᠦᠨ ᠵᠦᠢᠯ ᠳᠤ ᠲᠤᠬᠠᠶᠢᠯᠠᠭᠰᠠᠨ ᠠᠵᠢᠯ ᠤᠨ | ᠵᠢᠯᠣᠭᠤᠳᠤᠯᠭ᠎ᠠ ᠬᠢᠨ᠎ᠡ᠃ | ᠶᠢᠰᠦᠳᠦᠭᠡᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠳᠣᠣᠷᠠᠬᠢ ᠲᠠᠷᠢᠶᠠᠯᠠᠬᠤ ᠮᠠᠯᠵᠢᠬᠤ ᠣᠷᠣᠨ ᠤ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ︽ᠲᠣᠣᠷᠯᠢᠭᠵᠢᠭᠤᠯᠬᠤ︾ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ | ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ᠂ ᠭᠠᠴᠠᠭ᠎ᠠ ᠲᠣᠰᠬᠤᠨ ᠤ | ᠠᠷᠠᠳ ᠤᠨ ᠵᠥᠪᠯᠡᠯ ᠤᠨ ᠠᠷᠠᠳ ᠲᠦᠮᠡᠨᠴᠢ ᠴᠢᠨᠠᠷᠲᠠᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠥᠷᠨᠢᠭᠦᠯᠬᠦ ᠶᠢ ᠵᠢᠭᠠᠨ ᠵᠢᠯᠤᠭᠤᠳᠴᠤ ᠬᠠᠪᠰᠤᠷᠤᠨ | ᠳᠡᠮᠵᠢᠨ᠎ᠡ︔ ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠭᠤᠯᠭ᠎ᠠ ᠶᠢ ᠰᠤᠮᠤ ᠰᠢᠶᠠᠩ ᠪᠠᠯᠭᠠᠰᠤ ᠶᠢᠨ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠭᠠᠴᠠᠭ᠎ᠠ ᠲᠣᠰᠬᠤᠨ ᠤ ᠲᠥᠯᠦᠪᠵᠢᠭᠦᠯᠭᠡ ᠳᠤ ᠣᠷᠣᠭᠤᠯᠬᠤ ᠶᠢᠨ ᠬᠠᠮᠲᠤ ᠡᠷᠡᠰ ᠴᠢᠩᠭ᠎ᠠ ᠪᠠᠷ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ︔ | ︵ᠳᠥᠷᠪᠡ︶ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ | ᠤᠬᠠᠭᠤᠯᠭ᠎ᠠ ᠬᠥᠮᠦᠵᠢᠯ ᠥᠷᠨᠢᠭᠦᠯᠬᠦ ᠶᠢ ᠵᠣᠬᠢᠶᠠᠨ ᠪᠠᠶᠢᠭᠤᠯᠵᠤ᠂ ᠲᠠᠷᠢᠶᠠᠴᠢᠨ ᠮᠠᠯᠴᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠦᠵᠡᠯ | ᠤᠬᠠᠮᠰᠠᠷ ᠪᠠ ᠥᠪᠡᠷᠲᠡᠭᠡᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ | ᠭᠡᠰᠢᠭᠦᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯᠲᠠᠨ᠂ ᠲᠤᠰᠬᠠᠢ ᠲᠤᠰᠢᠶᠠᠯᠲᠤ ᠪᠠ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠶᠢᠨ | ᠭᠡᠰᠢᠭᠦᠨ ᠢ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠭᠠᠯ ᠰᠡᠷᠭᠡᠶᠢᠯᠡᠵᠦ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢ | ᠰᠣᠷᠣᠯᠴᠠᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠤᠷ᠎ᠠ ᠮᠡᠷᠭᠡᠵᠢᠯ ᠢ ᠨᠢ ᠳᠡᠭᠡᠭᠰᠢᠯᠡᠭᠦᠯᠦᠨ᠎ᠡ︔ | ︵ᠲᠠᠪᠤ︶ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠪᠠ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ | ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠪᠤᠶᠤ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠪᠠᠶᠢᠭᠤᠯᠵᠤ᠂ ᠭᠠᠯ | ᠲᠦᠢᠮᠡᠷ ᠢ ᠤᠨᠲᠠᠷᠠᠭᠠᠨ ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠵᠤ ᠲᠤᠰᠠᠯᠠᠨ ᠠᠪᠤᠷᠠᠬᠤ ᠵᠡᠷᠭᠡ ᠡᠭᠦᠷᠭᠡ ᠬᠠᠷᠢᠭᠤᠴᠠᠯᠭ᠎ᠠ ᠡᠭᠦᠷᠭᠡᠯᠡᠨ᠎ᠡ︔ | ︵ᠵᠢᠷᠭᠤᠭ᠎ᠠ︶ ᠴᠢᠬᠤᠯᠠ ᠪᠦᠬᠦᠢ ᠪᠡᠯᠡ ᠮᠥᠩᠭᠦ ᠲᠣᠬᠢᠷᠠᠭᠤᠯᠤᠨ᠂ ᠲᠠᠷᠢᠶᠠᠯᠠᠬᠤ ᠮᠠᠯᠵᠢᠬᠤ ᠣᠷᠣᠨ ᠤ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ | ᠪᠡᠯᠡᠳᠬᠡᠮᠵᠢ ᠶᠢᠨ ᠪᠠᠶᠢᠭᠤᠯᠤᠯᠲᠠ᠂ ᠬᠠᠮᠠᠭᠠᠯᠠᠯᠲᠠ ᠬᠠᠮᠢᠶᠠᠷᠤᠯᠲᠠ ᠪᠠ ᠡᠯ᠎ᠡ ᠵᠦᠢᠯ ᠤᠨ ᠭᠠᠯ ᠰᠡᠷᠭᠡᠶᠢᠯᠡᠵᠦ ᠤᠨᠲᠠᠷᠠᠭᠠᠬᠤ ᠵᠠᠷᠤᠳᠠᠯ ᠤᠨ ᠵᠠᠷᠤᠯᠭ᠎ᠠ ᠶᠢ | ᠪᠠᠲᠤᠯᠠᠨ᠎ᠠ︔ | ︵ᠳᠣᠯᠤᠭ᠎ᠠ︶ ᠭᠠᠯ ᠤᠨᠲᠠᠷᠠᠭᠠᠵᠤ ᠲᠤᠰᠠᠯᠠᠨ ᠠᠪᠤᠷᠠᠬᠤ᠂ ᠭᠠᠯ ᠲᠦᠢᠮᠡᠷ ᠤᠨ ᠠᠳᠡᠭᠳᠡᠯ ᠢ ᠪᠠᠶᠢᠴᠠᠭᠠᠬᠤ ᠪᠠ ᠰᠡᠭᠦᠯ ᠬᠤᠷᠢᠶᠠᠵᠤ ᠰᠢᠢᠳᠪᠦᠷᠢᠯᠡᠬᠦ | ᠠᠵᠢᠯ ᠢ ᠬᠠᠪᠰᠤᠷᠤᠨ ᠭᠦᠢᠴᠡᠳᠬᠡᠨ᠎ᠡ᠃ | ᠠᠷᠪᠠᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠳᠣᠣᠷᠠᠬᠢ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠦᠷᠢᠮ ᠢ ᠵᠣᠬᠢᠶᠠᠨ ᠪᠠᠶᠢᠭᠤᠯᠵᠤ ᠲᠣᠭᠲᠠᠭᠠᠨ᠎ᠠ︔ | | ︵ᠬᠤᠶᠠᠷ︶ ᠬᠠᠮᠢᠶ᠎ᠠ ᠪᠦᠬᠦᠢ ᠨᠢᠭᠡᠴᠢ ᠪᠠ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠰᠢᠪᠠᠳᠠᠨ ᠱᠠᠭᠠᠷᠳᠠᠵᠤ ᠪᠠᠶᠢᠭᠠᠳ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ︔ | ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠪᠠ ᠭᠠᠯ ᠰᠡᠷᠭᠡᠶᠢᠯᠡᠵᠦ | ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠯ ᠲᠦᠢᠮᠡᠷ ᠤᠨ ᠠᠶᠤᠯ ᠤᠨ ᠭᠡᠮ ᠰᠣᠭᠤᠭ ᠢ ᠴᠡᠭᠴᠡᠯᠡᠨ | ᠵᠠᠰᠠᠬᠤ ᠶᠢ ᠰᠢᠪᠠᠳᠠᠨ ᠱᠠᠭᠠᠷᠳᠠᠨ᠎ᠠ︔ | ︵ᠳᠥᠷᠪᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠠᠶᠢᠴᠠᠭᠠᠨ ᠰᠤᠳᠤᠯᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠠᠷᠭᠠᠴᠠᠭᠠᠬᠤ ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠠᠷᠪᠠᠨ ᠨᠢᠭᠡᠳᠦᠭᠡᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠳᠣᠣᠷᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠲᠣᠭᠲᠠᠭᠠᠵᠤ᠂ ᠲᠠᠷᠢᠶᠠᠴᠢᠨ ᠮᠠᠯᠴᠢᠨ ᠤ ᠦᠢᠯᠡ ᠠᠵᠢᠯᠯᠠᠭ᠎ᠠ ᠶᠢ | ᠵᠢᠷᠤᠮᠵᠢᠭᠤᠯᠬᠤ ᠭᠠᠯ ᠰᠡᠷᠭᠡᠶᠢᠯᠡᠬᠦ ᠨᠡᠶᠢᠲᠡ ᠶᠢᠨ ᠭᠡᠷ᠎ᠡ ᠲᠣᠭᠲᠠᠬᠤ ᠶᠢ ᠵᠣᠬᠢᠶᠠᠨ ᠪᠠᠶᠢᠭᠤᠯᠵᠤ᠂ ᠲᠠᠷᠢᠶᠠᠴᠢᠨ ᠮᠠᠯᠴᠢᠨ ᠤ ᠭᠠᠯ ᠰᠡᠷᠭᠡᠶᠢᠯᠡᠬᠦ ᠨᠡᠶᠢᠲᠡ ᠶᠢᠨ | ᠭᠡᠷ᠎ᠡ ᠶᠢ ᠭᠦᠢᠴᠡᠳᠬᠡᠬᠦ ᠪᠠᠶᠢᠳᠠᠯ ᠢ ᠰᠢᠪᠠᠳᠠᠨ ᠱᠠᠭᠠᠷᠳᠠᠵᠤ᠂ ᠪᠠᠶᠢᠴᠠᠭᠠᠯᠲᠠ ᠬᠢᠨ᠎ᠡ︔ | ︵ᠬᠤᠶᠠᠷ︶ ᠬᠠᠭᠠᠰ ᠵᠢᠯ ᠪᠦᠷᠢ ᠳᠤ ᠲᠣᠰ ᠭᠠᠴᠠᠭ᠎ᠠ ᠲᠣᠰᠬᠤᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠳᠤ ᠵᠠᠳᠠᠯᠤᠯᠲᠠ | ᠮᠠᠭᠠᠳᠯᠠᠯᠲᠠ ᠬᠢᠬᠦ ᠶᠢᠨ ᠬᠠᠮᠲᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠪᠢᠴᠢᠭ ᠤᠨ ᠬᠡᠯᠪᠡᠷᠢ ᠪᠠᠷ ᠮᠡᠳᠡᠭᠦᠯᠦᠯᠲᠡ ᠬᠢᠨ᠎ᠡ︔ | ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠭᠠᠯ ᠤᠨᠲᠠᠷᠠᠭᠠᠬᠤ ᠪᠠ ᠪᠠᠴᠢᠮ | ᠪᠠᠶᠢᠳᠠᠯ ᠢ ᠠᠷᠭᠠᠴᠠᠭᠠᠵᠤ ᠲᠠᠷᠬᠠᠭᠠᠬᠤ ᠰᠣᠷᠢᠯᠲᠠ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠴᠢᠨ ᠮᠠᠯᠴᠢᠨ ᠤ ᠥᠪᠡᠷᠲᠡᠭᠡᠨ ᠰᠡᠷᠭᠡᠶᠢᠯᠡᠵᠦ | ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ︔ | ︵ᠳᠥᠷᠪᠡ︶ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ ᠶᠢ ᠥᠷᠨᠢᠭᠦᠯᠵᠦ᠂ ᠲᠠᠷᠢᠶᠠᠴᠢᠨ ᠮᠠᠯᠴᠢᠨ ᠤ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠰᠡᠷᠡᠵᠦ ᠮᠡᠳᠡᠬᠦ ᠪᠠ ᠵᠠᠯᠠᠷᠠᠭᠤᠯᠤᠨ᠎ᠠ︔ | ︵ᠲᠠᠪᠤ︶ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠳᠡᠭᠡ︶ | ᠪᠠᠶᠢᠭᠤᠯᠵᠤ᠂ ᠴᠢᠬᠤᠯᠠ ᠪᠦᠬᠦᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠨᠣᠭᠯᠠᠯ ᠢ ᠲᠣᠬᠢᠷᠠᠭᠤᠯᠤᠨ᠎ᠠ︔ | ︵ᠵᠢᠷᠭᠤᠭ᠎ᠠ︶ ᠭᠠᠯ ᠲᠦᠢᠮᠡᠷ ᠡᠭᠦᠰᠬᠦ ᠦᠶ᠎ᠡ ᠳᠤ᠂ ᠴᠠᠭ ᠲᠤᠬᠠᠢ ᠳᠤ ᠨᠢ ᠰᠡᠷᠡᠮᠵᠢ ᠶᠢᠨ ᠳᠣᠬᠢᠶ᠎ᠠ ᠥᠭᠴᠦ᠂ ᠣᠶᠢᠷ᠎ᠠ ᠣᠷᠴᠢᠮ ᠤᠨ ᠣᠯᠡᠨ | ᠲᠦᠮᠡᠨ ᠢ ᠵᠣᠬᠢᠶᠠᠨ ᠪᠠᠶᠢᠭᠤᠯᠤᠨ ᠲᠠᠷᠬᠠᠭᠠᠵᠤ᠂ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ︶ ᠶᠢ | ᠵᠣᠬᠢᠶᠠᠨ ᠪᠠᠶᠢᠭᠤᠯᠵᠤ ᠪᠠᠶᠢᠭᠠᠳ ᠭᠠᠯ ᠲᠦᠢᠮᠡᠷ ᠢ ᠤᠨᠲᠠᠷᠠᠭᠠᠬᠤ ᠠᠪᠤᠷᠠᠯᠳᠠ ᠬᠢᠵᠦ᠂ ᠭᠠᠯ ᠰᠡᠷᠭᠡᠶᠢᠯᠡᠵᠦ ᠤᠨᠲᠠᠷᠠᠭᠠᠬᠤ ᠶᠢᠨ ᠠᠪᠤᠷᠠᠨ ᠲᠤᠰᠠᠯᠠᠬᠤ | ᠪᠠᠶᠢᠭᠤᠯᠤᠮᠵᠢ ᠲᠤᠬᠠᠢ ᠶᠢᠨ ᠲᠠᠯᠠᠪᠤᠷ ᠲᠤ ᠬᠥᠷᠥᠭᠰᠡᠨ ᠤ ᠳᠠᠷᠠᠭ᠎ᠠ᠂ ᠭᠠᠯ ᠲᠦᠢᠮᠡᠷ ᠢ ᠤᠨᠲᠠᠷᠠᠭᠠᠬᠤ ᠠᠪᠤᠷᠠᠯᠳᠠ ᠬᠢᠬᠦ ᠳᠤ ᠬᠠᠮᠵᠢᠯᠴᠠᠵᠤ᠂ ᠭᠠᠯ ᠲᠦᠢᠮᠡᠷ ᠢ | ᠤᠨᠲᠠᠷᠠᠭᠠᠭᠰᠠᠨ ᠤ ᠳᠠᠷᠠᠭ᠎ᠠ᠂ ᠭᠠᠯ ᠰᠡᠷᠭᠡᠶᠢᠯᠡᠵᠦ ᠤᠨᠲᠠᠷᠠᠭᠠᠬᠤ ᠶᠢᠨ ᠠᠪᠤᠷᠠᠨ ᠲᠤᠰᠠᠯᠠᠬᠤ ᠪᠠᠶᠢᠭᠤᠯᠤᠮᠵᠢ ᠵᠢᠴᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ ᠶᠢ ᠬᠠᠮᠵᠢᠨ ᠭᠠᠯ ᠲᠦᠢᠮᠡᠷ ᠤᠨ ᠲᠤᠬᠠᠢ ᠶᠢᠨ ᠲᠠᠯᠠᠪᠤᠷ ᠢ ᠬᠠᠮᠠᠭᠠᠯᠠᠨ᠂ ᠭᠠᠯ ᠲᠦᠢᠮᠡᠷ ᠡᠭᠦᠰᠦᠭᠰᠡᠨ ᠰᠢᠯᠲᠠᠭᠠᠨ ᠢ ᠰᠤᠳᠤᠯᠤᠨ ᠪᠠᠶᠢᠴᠠᠭᠠᠵᠤ᠂ ᠭᠠᠯ | ᠲᠦᠢᠮᠡᠷ ᠠᠴᠠ ᠪᠣᠯᠤᠭᠰᠠᠨ ᠬᠤᠬᠢᠷᠠᠯ ᠢ ᠪᠦᠷᠢᠳᠬᠡᠨ᠎ᠡ᠃ | ᠠᠷᠪᠠᠨ ᠬᠤᠶᠠᠳᠤᠭᠠᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠵᠤ ᠲᠣᠭᠲᠠᠭᠠᠭᠰᠠᠨ ᠭᠠᠯ ᠰᠡᠷᠭᠡᠶᠢᠯᠡᠬᠦ | ᠨᠡᠶᠢᠲᠡ ᠶᠢᠨ ᠭᠡᠷ᠎ᠡ ᠳᠤ ᠳᠣᠣᠷᠠᠬᠢ ᠠᠭᠤᠯᠭ᠎ᠠ ᠪᠠᠭᠲᠠᠬᠤ ᠬᠡᠷᠡᠭᠲᠡᠢ᠄ | ︵ᠨᠢᠭᠡ︶ ᠭᠠᠯ ᠴᠠᠬᠢᠯᠭᠠᠨ ᠲᠣᠰᠣ ᠰᠢᠲᠠᠮᠠᠬᠠᠢ ᠬᠡᠢ ᠬᠡᠷᠡᠭᠯᠡᠬᠦ ᠪᠠ ᠨᠣᠴᠣᠮᠠᠲᠠᠭᠠᠢ ᠰᠢᠲᠠᠮᠠᠬᠠᠢ ᠪᠣᠳᠠᠰ ᠣᠪᠣᠭᠠᠯᠠᠨ ᠲᠠᠯᠪᠢᠬᠤ ᠵᠡᠷᠭᠡ ᠦᠢᠯᠡ | ᠠᠵᠢᠯᠯᠠᠭ᠎ᠠ ᠶᠢᠨ ᠠᠮᠤᠷ ᠲᠦᠪᠰᠢᠨ ᠤ ᠱᠠᠭᠠᠷᠳᠠᠯᠭ᠎ᠠ︔ | ︵ᠬᠤᠶᠠᠷ︶ ᠭᠠᠯ ᠤᠨᠲᠠᠷᠠᠭᠠᠬᠤ ᠲᠡᠷᠭᠡᠨ ᠵᠠᠮ ᠰᠠᠭᠠᠳ ᠦᠭᠡᠢ ᠨᠡᠪᠲᠡᠷᠡᠬᠦ᠂ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠪᠠᠭᠠᠵᠢ | ᠬᠡᠷᠡᠭᠰᠡᠯ ᠤᠨ ᠪᠦᠷᠢᠨ ᠪᠦᠲᠦᠨ ᠬᠦᠴᠦᠨ ᠲᠠᠢ ᠪᠠᠶᠢᠬᠤ ᠶᠢ ᠪᠠᠲᠤᠯᠠᠬᠤ ᠶᠢᠨ ᠠᠷᠭ᠎ᠠ ᠬᠡᠮᠵᠢᠶ᠎ᠡ︔ | ︵ᠭᠤᠷᠪᠠ︶ ᠨᠠᠰᠤᠨ ᠳᠤ ᠦᠯᠦ ᠬᠦᠷᠦᠭᠰᠡᠳ᠂ ᠮᠡᠳᠡᠷᠡᠯ ᠤᠨ ᠰᠠᠭᠠᠲᠠᠯ ᠲᠠᠢ ᠡᠪᠡᠳᠴᠢᠲᠡᠳ ᠵᠡᠷᠭᠡ ᠢᠷᠭᠡᠨ ᠤ ᠬᠡᠷᠡᠭ ᠤᠨ ᠠᠵᠢᠯᠯᠠᠭᠠᠨ ᠤ ᠪᠦᠷᠢᠨ | ᠪᠤᠰᠤ ᠴᠢᠳᠠᠪᠤᠷᠢᠲᠤ ᠬᠥᠮᠥᠨ ᠪᠠ ᠥᠲᠡᠭᠦᠰ ᠲᠣᠷᠣᠶᠢᠴᠤᠳ ᠵᠡᠮᠳᠡᠭᠴᠦᠳ ᠵᠡᠷᠭᠡ ᠪᠠᠭᠤᠷᠠᠶᠢᠴᠤᠳ ᠤᠨ ᠠᠮᠤᠷ ᠲᠦᠪᠰᠢᠨ ᠤ ᠲᠠᠯ᠎ᠠ ᠪᠠᠷ ᠬᠢᠨᠠᠨ ᠬᠠᠮᠠᠭᠠᠯᠠᠬᠤ | ᠪᠠ ᠬᠠᠪᠰᠤᠷᠤᠨ ᠳᠡᠮᠵᠢᠬᠦ ᠠᠷᠭ᠎ᠠ ᠬᠡᠮᠵᠢᠶ᠎ᠡ︔ | ︵ᠳᠥᠷᠪᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠪᠤᠰᠤᠳ ᠠᠭᠤᠯᠭ᠎ᠠ᠃ | ᠠᠷᠪᠠᠨ ᠭᠤᠷᠪᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ᠂ ᠰᠠᠶᠢᠨ | ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠳᠡᠭᠡ︶ ᠨᠢ ᠳᠣᠣᠷᠠᠬᠢ ᠠᠵᠢᠯ ᠤᠨ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠄ | ︵ᠨᠢᠭᠡ︶ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠬᠤ ᠶᠢᠨ ᠬᠠᠮᠲᠤ ᠲᠣᠭᠲᠠᠭᠰᠠᠨ ᠬᠤᠭᠤᠴᠠᠭ᠎ᠠ | ᠲᠠᠢ ᠪᠠᠷ ᠵᠣᠬᠢᠶᠠᠨ ᠪᠠᠶᠢᠭᠤᠯᠵᠤ ᠰᠣᠷᠢᠯᠲᠠ ᠬᠢᠨ᠎ᠡ︔ | ︵ᠬᠤᠶᠠᠷ︶ ᠵᠢᠵᠢᠭᠦᠷᠯᠡᠨ ᠠᠵᠢᠯᠯᠠᠵᠤ ᠳᠠᠶᠢᠨ ᠳᠤ ᠪᠡᠯᠡᠳᠬᠡᠬᠦ ᠳᠦᠷᠢᠮ ᠢ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠥᠷᠨᠢᠭᠦᠯᠦᠨ᠎ᠡ︔ | ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠴᠠᠭᠳᠠᠨ ᠪᠠᠶᠢᠴᠠᠭᠠᠯᠲᠠ ᠪᠠ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ | ᠬᠥᠮᠦᠵᠢᠯ ᠥᠷᠨᠢᠭᠦᠯᠦᠨ᠎ᠡ︔ | ︵ᠳᠥᠷᠪᠡ︶ ᠭᠠᠯ ᠲᠦᠢᠮᠡᠷ ᠢ ᠤᠨᠲᠠᠷᠠᠭᠠᠬᠤ ᠠᠪᠤᠷᠠᠯᠳᠠ ᠬᠢᠬᠦ ᠪᠠ ᠪᠤᠰᠤᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ | ᠬᠡᠷᠡᠭᠵᠢᠭᠦᠯᠦᠨ᠎ᠡ᠃ | ᠠᠷᠪᠠᠨ ᠳᠥᠷᠪᠡᠳᠦᠭᠡᠷ ᠵᠦᠢᠯ ᠲᠠᠷᠢᠶᠠᠴᠢᠨ ᠮᠠᠯᠴᠢᠨ ᠨᠢ ᠳᠣᠣᠷᠠᠬᠢ ᠭᠠᠯ ᠰᠡᠷᠭᠡᠶᠢᠯᠡᠵᠦ ᠤᠨᠲᠠᠷᠠᠭᠠᠬᠤ ᠠᠯᠪᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠭᠠᠯ ᠰᠡᠷᠭᠡᠶᠢᠯᠡᠬᠦ ᠨᠡᠶᠢᠲᠡ ᠶᠢᠨ ᠭᠡᠷ᠎ᠡ ᠶᠢ ᠵᠢᠷᠤᠮᠯᠠᠬᠤ ᠬᠡᠷᠡᠭᠲᠡᠢ︔ | ︵ᠬᠤᠶᠠᠷ︶ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ ᠬᠠᠶᠢᠷᠠᠯᠠᠨ ᠬᠠᠮᠠᠭᠠᠯᠠᠬᠤ ᠬᠡᠷᠡᠭᠲᠡᠢ︔ | ︵ᠭᠤᠷᠪᠠ︶ ᠭᠠᠯ ᠰᠡᠷᠭᠡᠶᠢᠯᠡᠯᠲᠡ ᠶᠢᠨ ᠲᠤᠰᠠᠭᠠᠷᠯᠠᠬᠤ ᠪᠦᠰᠡ ᠶᠢ ᠡᠵᠡᠯᠡᠨ ᠬᠡᠷᠡᠭᠯᠡᠬᠦ ᠦᠭᠡᠢ᠂ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠢ | ᠡᠵᠡᠯᠡᠨ ᠬᠡᠷᠡᠭᠯᠡᠬᠦ ᠪᠠ ᠬᠠᠰᠢᠵᠤ ᠪᠥᠭᠯᠡᠬᠦ ᠦᠭᠡᠢ︔ ︵ᠳᠥᠷᠪᠡ︶ ᠳᠡᠭᠦᠵᠢᠯᠡᠭᠦᠷ ᠴᠠᠬᠢᠯᠭᠠᠨ ᠬᠦᠷᠭᠡᠬᠦ ᠤᠲᠠᠰᠤᠨ ᠤ ᠳᠣᠣᠷ᠎ᠠ ᠡᠪᠡᠰᠦ ᠲᠦᠯᠡᠭᠡ ᠵᠡᠷᠭᠡ | ᠨᠣᠴᠣᠮᠠᠲᠠᠭᠠᠢ ᠰᠢᠲᠠᠮᠠᠬᠠᠢ ᠪᠣᠳᠠᠰ ᠢ ᠣᠪᠣᠭᠠᠯᠠᠨ ᠲᠠᠯᠪᠢᠬᠤ ᠦᠭᠡᠢ︔ | ︵ᠲᠠᠪᠤ︶ ᠬᠢᠷᠢ ᠲᠡᠩᠴᠡᠭᠰᠡᠨ ᠲᠡᠮᠳᠡᠭ ᠦᠭᠡᠢ ᠴᠠᠬᠢᠯᠭᠠᠨ ᠬᠡᠷᠡᠭᠰᠡᠯ ᠤᠨ ᠦᠢᠯᠡᠳᠬᠦᠨ ᠢ ᠤᠭᠰᠠᠷᠠᠬᠤ ᠪᠠ ᠬᠡᠷᠡᠭᠯᠡᠬᠦ ᠦᠭᠡᠢ᠂ ᠴᠠᠬᠢᠯᠭᠠᠨ ᠬᠡᠷᠡᠭᠰᠡᠯ ᠢ | ᠠᠮᠤᠷ ᠲᠦᠪᠰᠢᠨ ᠢᠶᠠᠷ ᠬᠡᠷᠡᠭᠯᠡᠬᠦ ᠲᠣᠭᠲᠠᠭᠠᠯ ᠢ ᠵᠢᠷᠤᠮᠯᠠᠵᠤ᠂ ᠳᠠᠭᠠᠭᠠᠴᠠ ᠠᠴᠠ ᠬᠡᠲᠦᠷᠡᠲᠡᠯ᠎ᠡ ᠴᠠᠬᠢᠯᠭᠠᠨ ᠬᠡᠷᠡᠭᠯᠡᠬᠦ ᠦᠭᠡᠢ᠂ ᠳᠤᠷ᠎ᠠ ᠪᠠᠷ ᠴᠠᠬᠢᠯᠭᠠᠨ ᠤᠲᠠᠰᠤ | ᠵᠠᠯᠭᠠᠨ ᠲᠠᠲᠠᠬᠤ ᠦᠭᠡᠢ︔ | ︵ᠵᠢᠷᠭᠤᠭ᠎ᠠ︶ ᠲᠣᠭᠲᠠᠭᠰᠠᠨ ᠬᠤᠭᠤᠴᠠᠭ᠎ᠠ ᠲᠠᠢ ᠪᠠᠷ ᠬᠠᠨᠵᠤ᠂ ᠬᠤᠯᠠᠩ ᠢᠶᠠᠨ ᠴᠡᠪᠡᠷᠯᠡᠵᠦ᠂ ᠭᠠᠯ ᠲᠦᠢᠮᠡᠷ ᠡᠭᠦᠰᠬᠦ ᠠᠶᠤᠯ ᠲᠦᠭᠰᠢᠭᠦᠷᠢ ᠲᠠᠢ | ᠲᠠᠯᠠᠪᠤᠷ ᠭᠠᠵᠠᠷ ᠲᠤ ᠭᠠᠯ ᠬᠡᠷᠡᠭᠯᠡᠬᠦ ᠦᠭᠡᠢ︔ | ︵ᠳᠣᠯᠤᠭ᠎ᠠ︶ ᠭᠡᠷ ᠪᠦᠯᠢ ᠶᠢᠨ ᠭᠠᠯ ᠤᠨᠲᠠᠷᠠᠭᠠᠵᠤ ᠠᠪᠤᠷᠠᠯᠳᠠ ᠬᠢᠬᠦ ᠪᠠ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠭᠠᠯ ᠰᠡᠷᠭᠡᠶᠢᠯᠡᠵᠦ | ᠤᠨᠲᠠᠷᠠᠭᠠᠬᠤ ᠤᠷ᠎ᠠ ᠮᠡᠷᠭᠡᠰᠢᠯ ᠢ ᠰᠣᠷᠣᠯᠴᠠᠬᠤ ᠪᠠ ᠡᠵᠡᠮᠰᠢᠵᠦ᠂ ᠥᠲᠡᠭᠦᠰ᠂ ᠪᠠᠭᠠᠴᠤᠳ᠂ ᠮᠡᠳᠡᠷᠡᠯ ᠤᠨ ᠰᠠᠭᠠᠲᠠᠯ ᠲᠠᠢ ᠡᠪᠡᠳᠴᠢᠲᠡᠳ᠂ ᠣᠶᠣᠨ | ᠴᠢᠳᠠᠪᠤᠷᠢ ᠶᠢᠨ ᠰᠠᠭᠠᠲᠠᠯ ᠲᠠᠢ ᠬᠥᠮᠥᠰ ᠵᠡᠷᠭᠡ ᠬᠠᠷᠠᠭᠠᠯᠵᠠᠨ ᠬᠠᠮᠠᠭᠠᠯᠠᠭᠳᠠᠭᠴᠢ ᠶᠢᠨ ᠠᠮᠤᠷ ᠲᠦᠪᠰᠢᠨ ᠤ ᠬᠥᠮᠦᠵᠢᠯ ᠪᠠ ᠬᠠᠷᠠᠵᠤ ᠬᠠᠷᠠᠭᠠᠯᠵᠠᠬᠤ ᠠᠵᠢᠯ ᠢ | ᠰᠠᠶᠢᠲᠤᠷ ᠬᠢᠬᠦ ᠬᠡᠷᠡᠭᠲᠡᠢ︔ | ︵ᠨᠠᠢᠮᠠ︶ ᠭᠡᠷ ᠪᠠᠶᠢᠰᠢᠩ ᠲᠦᠷᠢᠶᠡᠰᠦᠯᠡᠬᠦ ᠪᠤᠶᠤ ᠡᠵᠡᠩᠨᠡᠯᠲᠡ ᠶᠢᠨ ᠲᠠᠯᠠᠪᠤᠷ ᠭᠠᠵᠠᠷ ᠳᠠᠭᠠᠭᠠᠴᠢᠯᠠᠨ ᠡᠵᠡᠩᠨᠡᠬᠦ ᠳᠤ᠂ ᠡᠯ᠎ᠡ ᠲᠠᠯ᠎ᠠ ᠶᠢᠨ ᠬᠢ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠬᠤ ᠬᠡᠷᠡᠭᠲᠡᠢ᠃ | ᠭᠤᠷᠪᠠᠳᠤᠭᠠᠷ ᠪᠦᠯᠦᠭ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ | ᠠᠷᠪᠠᠨ ᠲᠠᠪᠤᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠮᠠᠯᠵᠢᠬᠤ ᠣᠷᠣᠨ ᠤ ᠭᠠᠯ | ᠰᠡᠷᠭᠡᠶᠢᠯᠡᠵᠦ ᠤᠨᠲᠠᠷᠠᠭᠠᠬᠤ ᠠᠩᠭᠢ ᠥᠷᠳᠡᠭᠡ᠂ ᠭᠠᠯ ᠤᠨᠲᠠᠷᠠᠭᠠᠬᠤ ᠤᠰᠤᠨ ᠤ ᠬᠠᠩᠭᠠᠯᠭ᠎ᠠ᠂ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ᠂ ᠭᠠᠯ | ᠤᠨᠲᠠᠷᠠᠭᠠᠬᠤ ᠲᠣᠨᠤᠭ ᠲᠥᠬᠦᠭᠡᠷᠦᠮᠵᠢ ᠵᠡᠷᠭᠡ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠲᠠᠷᠢᠶᠠᠯᠠᠬᠤ ᠮᠠᠯᠵᠢᠬᠤ ᠣᠷᠣᠨ ᠤ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠬᠠᠮᠠᠭᠠᠯᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ | ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠭᠠᠯ ᠰᠡᠷᠭᠡᠶᠢᠯᠡᠵᠦ ᠤᠨᠲᠠᠷᠠᠭᠠᠬᠤ ᠲᠤᠰᠬᠠᠢ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ᠂ ᠰᠤᠮᠤ ᠰᠢᠶᠠᠩ ᠪᠠᠯᠭᠠᠰᠤ ᠶᠢᠨ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠲᠥᠯᠦᠪᠵᠢᠭᠦᠯᠭᠡ᠂ ᠭᠠᠴᠠᠭ᠎ᠠ ᠲᠣᠰᠬᠤᠨ ᠤ ᠲᠥᠯᠦᠪᠵᠢᠭᠦᠯᠭᠡ ᠶᠢᠨ ᠵᠣᠯᠭᠠᠭᠤᠯᠤᠯᠲᠠ ᠶᠢ ᠴᠢᠩᠭᠠᠳᠬᠠᠨ᠎ᠠ᠃ | ᠠᠷᠪᠠᠨ ᠳᠣᠯᠣᠳᠤᠭᠠᠷ ᠵᠦᠢᠯ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ ᠵᠠᠮ ᠱᠤᠭᠤᠮ᠂ ᠴᠢᠮᠡᠭᠡ ᠬᠤᠯᠪᠣᠭ᠎ᠠ ᠵᠡᠷᠭᠡ | ᠨᠡᠶᠢᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠬᠦ ᠳᠤ᠂ ᠵᠡᠷᠭᠡ ᠳᠤ ᠨᠢ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠬᠢᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠨᠡᠭᠦᠳᠡᠯᠴᠢᠳ ᠢ ᠲᠥᠪᠬᠢᠨᠡᠭᠦᠯᠬᠦ᠂ ᠨᠤᠷᠠᠬᠤ ᠠᠶᠤᠯᠲᠠᠢ ᠭᠡᠷ ᠪᠠᠶᠢᠰᠢᠩ ᠢ | ᠲᠥᠪᠯᠡᠷᠡᠭᠦᠯᠦᠨ ᠳᠠᠬᠢᠨ ᠪᠠᠶᠢᠭᠤᠯᠵᠤ ᠥᠭᠡᠷᠡᠴᠢᠯᠡᠨ ᠵᠠᠰᠠᠬᠤ ᠵᠡᠷᠭᠡ ᠪᠠᠶᠢᠭᠤᠯᠤᠯᠲᠠ ᠬᠢᠬᠦ ᠳᠤ ᠪᠠᠨ᠂ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ | ᠪᠡᠯᠡᠳᠬᠡᠮᠵᠢ ᠶᠢ ᠲᠥᠯᠥᠪᠵᠢᠭᠦᠯᠬᠦ᠂ ᠵᠢᠷᠤᠭᠯᠠᠨ ᠲᠥᠯᠥᠪᠯᠡᠬᠦ ᠪᠠ ᠪᠦᠲᠦᠭᠡᠨ ᠪᠠᠶᠢᠭᠤᠯᠬᠤ ᠶᠢ ᠵᠡᠷᠭᠡ ᠳᠤ ᠨᠢ ᠪᠡᠶᠡᠯᠡᠭᠦᠯᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠤᠰᠤ ᠬᠠᠩᠭᠠᠬᠤ ᠬᠤᠭᠤᠯᠠᠢ ᠭᠤᠤᠷᠰᠤᠨ ᠲᠣᠣᠷ ᠢ ᠪᠦᠷᠢᠳᠦᠭᠦᠯᠬᠦ ᠨᠥᠬᠦᠴᠡᠯ ᠲᠠᠢ ᠭᠠᠴᠠᠭ᠎ᠠ ᠲᠣᠰᠬᠤᠨ ᠨᠢ ᠥᠷᠥᠭᠡᠨ | ᠭᠠᠳᠠᠨᠠᠬᠢ ᠭᠠᠯ ᠤᠨᠲᠠᠷᠠᠭᠠᠬᠤ ᠤᠰᠤᠨ ᠤ ᠬᠠᠩᠭᠠᠯᠲᠠ ᠶᠢᠨ ᠰᠢᠰᠲ᠋ᠧᠮ ᠲᠣᠬᠢᠷᠠᠭᠤᠯᠬᠤ ᠬᠡᠷᠡᠭᠲᠡᠢ᠃ ᠤᠰᠤ ᠬᠠᠩᠭᠠᠬᠤ ᠬᠤᠭᠤᠯᠠᠢ ᠭᠤᠤᠷᠰᠤᠨ ᠲᠣᠣᠷ | ᠪᠦᠷᠢᠯᠳᠦᠭᠦᠯᠬᠦ ᠨᠥᠬᠦᠴᠡᠯ ᠦᠭᠡᠢ ᠪᠣᠯ᠂ ᠭᠠᠯ ᠤᠨᠲᠠᠷᠠᠭᠠᠬᠤ ᠤᠰᠤᠨ ᠲᠠᠲᠠᠭᠠᠯ ᠵᠠᠰᠠᠨ ᠪᠠᠶᠢᠭᠤᠯᠬᠤ ᠪᠤᠶᠤ ᠪᠠᠶᠢᠭᠠᠯᠢ ᠶᠢᠨ ᠤᠰᠤᠨ ᠰᠤᠷᠪᠤᠯᠵᠢ ᠶᠢ | ᠠᠰᠢᠭᠯᠠᠵᠤ ᠭᠠᠯ ᠤᠨᠲᠠᠷᠠᠭᠠᠬᠤ ᠤᠰᠤᠨ ᠤ ᠬᠡᠷᠡᠭᠴᠡᠭᠡ ᠶᠢ ᠬᠠᠩᠭᠠᠬᠤ ᠬᠡᠷᠡᠭᠲᠡᠢ᠃ ᠭᠠᠯ ᠤᠨᠲᠠᠷᠠᠭᠠᠬᠤ ᠤᠰᠤᠨ ᠲᠠᠲᠠᠭᠠᠯ ᠤᠨ ᠪᠠᠭᠲᠠᠭᠠᠮᠵᠢ ᠶᠢ 100 ᠺᠦᠪ | ᠮᠧᠲᠷ ᠠᠴᠠ ᠪᠠᠭ᠎ᠠ ᠪᠠᠶᠢᠯᠭᠠᠪᠠᠯ ᠵᠣᠬᠢᠬᠤ ᠦᠭᠡᠢ᠃ ᠥᠷᠥᠭᠡᠨ ᠭᠠᠳᠠᠨᠠᠬᠢ ᠭᠠᠯ ᠤᠨᠲᠠᠷᠠᠭᠠᠬᠤ ᠤᠰᠤ ᠬᠠᠩᠭᠠᠬᠤ ᠰᠢᠰᠲ᠋ᠧᠮ᠂ ᠭᠠᠯ ᠤᠨᠲᠠᠷᠠᠭᠠᠬᠤ ᠤᠰᠤᠨ | ᠲᠠᠲᠠᠭᠠᠯ ᠪᠠ ᠪᠠᠶᠢᠭᠠᠯᠢ ᠶᠢᠨ ᠤᠰᠤᠨ ᠤ ᠰᠤᠷᠪᠤᠯᠵᠢ ᠶᠢᠨ ᠤᠰᠤ ᠠᠪᠬᠤ ᠠᠮᠠᠰᠠᠷ ᠤᠨ ᠲᠣᠬᠢᠷᠠᠭᠤᠯᠤᠯᠲᠠ ᠨᠢ ᠭᠠᠯ ᠤᠨᠲᠠᠷᠠᠭᠠᠬᠤ ᠮᠡᠷᠭᠡᠵᠢᠯ ᠤᠨ | ᠪᠠᠷᠢᠮᠵᠢᠶᠠᠨ ᠤ ᠱᠠᠭᠠᠷᠳᠠᠯᠭ᠎ᠠ ᠳᠤ ᠨᠡᠶᠢᠴᠡᠬᠦ ᠬᠡᠷᠡᠭᠲᠡᠢ᠃ | ᠬᠤᠷᠢᠳᠤᠭᠠᠷ ᠵᠦᠢᠯ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠤᠨ ᠥᠷᠭᠡᠨ ᠢ 4 ᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ ᠮᠥᠷᠲᠡᠭᠡᠨ | ᠡᠵᠡᠯᠡᠨ ᠬᠡᠷᠡᠭᠯᠡᠬᠦ᠂ ᠬᠠᠰᠢᠵᠤ ᠪᠥᠭᠯᠡᠬᠦ᠂ ᠬᠤᠷᠢᠭᠯᠠᠨ ᠲᠠᠰᠤᠯᠵᠤ ᠪᠣᠯᠬᠤ ᠦᠭᠡᠢ᠃ ᠬᠤᠭᠤᠯᠠᠢ ᠶᠢᠨ ᠴᠠᠬᠤ ᠵᠡᠷᠭᠡ ᠬᠠᠷᠰᠢ ᠰᠠᠭᠠᠳ ᠪᠣᠯᠬᠤ ᠪᠣᠳᠠᠰ ᠤᠳ ᠢ | ᠵᠠᠪᠠᠯ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠪᠠ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠤᠨ ᠳᠡᠭᠡᠭᠦᠷ ᠥᠩᠭᠡᠷᠡᠭᠦᠯᠬᠦ ᠳᠤ ᠲᠡᠭᠦᠨ ᠤ ᠴᠡᠪᠡᠷ | ᠥᠨᠳᠥᠷ ᠢ 4 ᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠃ | ᠳᠥᠷᠪᠡᠳᠦᠭᠡᠷ ᠪᠦᠯᠦᠭ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ | ᠬᠤᠷᠢᠨ ᠨᠢᠭᠡᠳᠦᠭᠡᠷ ᠵᠦᠢᠯ ᠳᠣᠣᠷᠠᠬᠢ ᠨᠥᠬᠦᠴᠡᠯ ᠳᠤ ᠨᠡᠶᠢᠴᠡᠭᠰᠡᠨ ᠰᠤᠮᠤ ᠰᠢᠶᠠᠩ ᠪᠠᠯᠭᠠᠰᠤ ᠨᠢ ᠰᠤᠮᠤ ᠰᠢᠶᠠᠩ ᠪᠠᠯᠭᠠᠰᠤ ᠶᠢᠨ ᠵᠠᠰᠠᠭ ᠤᠨ | ᠣᠷᠳᠣᠨ ᠤ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠪᠠᠶᠢᠭᠤᠯᠬᠤ ᠶᠢᠨ ᠬᠠᠮᠲᠤ ᠠᠵᠢᠯᠲᠠᠨ᠂ ᠲᠡᠷᠭᠡ᠂ ᠪᠠᠭᠠᠵᠢ ᠬᠡᠷᠡᠭᠰᠡᠯ ᠪᠠ ᠲᠣᠨᠤᠭ | ᠲᠥᠬᠦᠭᠡᠷᠦᠮᠵᠢ ᠲᠣᠬᠢᠷᠠᠭᠤᠯᠬᠤ ᠬᠡᠷᠡᠭᠲᠡᠢ᠄ | ︵ᠨᠢᠭᠡ︶ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠲᠠᠯᠠᠪᠠᠢ ᠨᠢ 2 ᠲᠡᠭᠰᠢ ᠳᠥᠷᠪᠡᠯᠵᠢᠨ ᠺᠢᠯᠣᠮᠧᠲᠷ ᠠᠴᠠ ᠬᠡᠲᠦᠷᠡᠭᠰᠡᠨ ᠪᠤᠶᠤ ᠬᠤᠲᠠ ᠶᠢᠨ | ᠪᠠᠶᠢᠭᠤᠯᠤᠭᠰᠠᠨ ᠲᠣᠭᠤᠷᠢᠭ ᠤᠨ ᠰᠠᠭᠤᠭ᠎ᠠ ᠬᠥᠮᠥᠨ ᠠᠮᠠ ᠨᠢ 1 ᠲᠦᠮᠡ ᠠᠴᠠ ᠳᠡᠭᠡᠭᠰᠢ ᠬᠡᠲᠦᠷᠡᠭᠰᠡᠨ ᠰᠤᠮᠤ ᠰᠢᠶᠠᠩ ᠪᠠᠯᠭᠠᠰᠤ︔ | ︵ ᠬᠤᠶᠠᠷ︶ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠡᠳ᠋ ᠪᠣᠳᠠᠰ ᠤᠨ ᠦᠢᠯᠡᠳᠪᠦᠷᠢᠯᠡᠯ᠂ ᠡᠵᠡᠩᠨᠡᠯᠲᠡ ᠶᠢᠨ ᠨᠢᠭᠡᠴᠢ ᠪᠠ ᠬᠥᠳᠡᠯᠮᠦᠷᠢ ᠨᠢᠭᠲᠠ | ᠡᠷᠴᠢᠮᠵᠢᠭᠰᠡᠨ ᠠᠵᠤ ᠠᠬᠤᠶᠢᠯᠠᠯ ᠲᠥᠪᠯᠡᠷᠡᠭᠰᠡᠨ ᠰᠤᠮᠤ ᠰᠢᠶᠠᠩ ᠪᠠᠯᠭᠠᠰᠤ︔ | ︵ᠭᠤᠷᠪᠠ︶ ᠪᠥᠬᠦ ᠤᠯᠤᠰ ᠤᠨ ᠭᠤᠣᠯᠳᠠᠯᠭᠠᠲᠤ ᠪᠠᠯᠭᠠᠰᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠤ ᠪᠠᠯᠭᠠᠰᠤ᠂ ᠲᠥᠪ ᠪᠠᠯᠭᠠᠰᠤ᠂ ᠲᠡᠦᠬᠡ | ᠰᠣᠶᠣᠯ ᠤᠨ ᠨᠡᠷᠡᠲᠦ ᠪᠠᠯᠭᠠᠰᠤ︔ | ︵ᠳᠥᠷᠪᠡ︶ ᠪᠤᠰᠤᠳ ᠠᠵᠤ ᠠᠬᠤᠢ ᠨᠡᠯᠢᠶᠡᠳ ᠬᠥᠭᠵᠢᠭᠰᠡᠨ᠂ ᠬᠥᠮᠥᠨ ᠠᠮᠠ ᠨᠡᠯᠢᠶᠡᠳ ᠲᠥᠪᠯᠡᠷᠡᠭᠰᠡᠨ ᠪᠤᠶᠤ ᠤᠯᠤᠰ ᠤᠨ ᠶᠡᠷᠦᠩᠬᠡᠶᠢᠯᠡᠭᠰᠡᠨ | ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠳᠡᠭᠡ ᠠᠴᠠ ᠨᠡᠯᠢᠶᠡᠳ ᠬᠤᠯᠠ ︵100 ᠺᠢᠯᠣᠮᠧᠲᠷ ᠠᠴᠠ ᠳᠡᠭᠡᠭᠰᠢ︶ ᠪᠠᠶᠢᠭ᠎ᠠ ᠰᠤᠮᠤ ᠰᠢᠶᠠᠩ | ᠪᠠᠯᠭᠠᠰᠤ᠃ | ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠶᠢᠨ ᠪᠣᠳᠠᠲᠠᠢ | ᠪᠠᠶᠢᠭᠤᠯᠤᠯᠲᠠ ᠶᠢᠨ ᠪᠠᠷᠢᠮᠵᠢᠶ᠎ᠠ ᠨᠢ ︽ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠶᠢᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠵᠢᠷᠤᠮᠵᠢᠯ︾ ︵DB15/T 1897-2020 ) ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠬᠤᠷᠢᠨ ᠬᠤᠶᠠᠳᠤᠭᠠᠷ ᠵᠦᠢᠯ ᠲᠣᠰ ᠲᠣᠭᠲᠠᠭᠠᠯ ᠤᠨ ᠬᠤᠷᠢᠨ ᠨᠢᠭᠡᠳᠦᠭᠡᠷ ᠵᠦᠢᠯ ᠤᠨ ᠲᠣᠭᠲᠠᠭᠠᠯ ᠳᠠᠬᠢ ᠠᠴᠠ ᠪᠤᠰᠤᠳ ᠰᠤᠮᠤ ᠰᠢᠶᠠᠩ ᠪᠠᠯᠭᠠᠰᠤ ᠨᠢ | ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠪᠠ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠠᠵᠢᠯᠲᠠᠨ | ᠲᠠᠢ᠂ ᠲᠡᠷᠭᠡ ᠲᠠᠢ᠂ ᠥᠷᠲᠡᠭᠡᠨ ᠤ ᠭᠡᠷ ᠲᠠᠢ᠂ ᠵᠠᠷᠤᠳᠠᠯ ᠲᠠᠢ ᠪᠠᠶᠢᠬᠤ ᠲᠤᠰᠬᠠᠢ ︵ᠬᠠᠪᠰᠤᠷᠭᠠᠬᠤ︶ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ | ᠪᠠᠶᠢᠭᠤᠯᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠲᠤᠰᠬᠠᠢ ︵ᠬᠠᠪᠰᠤᠷᠭᠠᠬᠤ︶ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ | ᠠᠩᠭᠢ ᠶᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠢᠶᠠᠷᠴᠤ᠂ ᠭᠠᠯ ᠲᠦᠢᠮᠡᠷ ᠤᠨ ᠠᠶᠤᠯ ᠤᠨ ᠮᠡᠳᠡᠭᠦᠯᠦᠯᠲᠡ᠂ ᠠᠪᠤᠷᠠᠨ | ᠲᠤᠰᠠᠯᠠᠬᠤ ᠲᠤᠰᠠᠯᠠᠮᠵᠢ ᠬᠦᠯᠢᠶᠡᠭᠰᠡᠨ ᠵᠢᠴᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ᠂ ᠭᠠᠯ ᠰᠡᠷᠭᠡᠶᠢᠯᠡᠵᠦ ᠤᠨᠲᠠᠷᠠᠭᠠᠬᠤ ᠶᠢᠨ ᠠᠪᠤᠷᠠᠨ | ᠲᠤᠰᠠᠯᠠᠬᠤ ᠪᠠᠶᠢᠭᠤᠯᠤᠮᠵᠢ ᠶᠢᠨ ᠵᠠᠷᠯᠢᠭ ᠵᠢᠭᠠᠪᠤᠷᠢ ᠶᠢ ᠣᠯᠣᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠲᠤ ᠳᠠᠷᠤᠢ ᠲᠦᠷᠭᠡᠨ ᠵᠠᠪᠳᠤᠨ ᠣᠴᠢᠵᠤ | ᠰᠢᠢᠳᠪᠦᠷᠢᠯᠡᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠭᠠᠴᠠᠭ᠎ᠠ ᠲᠣᠰᠬᠤᠨ ᠨᠢ ᠲᠣᠰᠬᠤᠨ ᠤ ᠠᠷᠠᠳ ᠢᠶᠠᠷ ᠪᠦᠷᠢᠯᠳᠦᠭᠰᠡᠨ ᠰᠠᠶᠢᠨ ᠳᠤᠷ᠎ᠠ ᠶᠢᠨ ᠭᠠᠯ ᠰᠡᠷᠭᠡᠶᠢᠯᠡᠵᠦ | ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠳᠡᠭᠡ︶ ᠪᠠᠶᠢᠭᠤᠯᠵᠤ᠂ ᠪᠠᠭᠠᠵᠢ ᠬᠡᠷᠡᠭᠰᠡᠯ ᠤᠨ ᠲᠠᠰᠤᠭ ᠪᠠ | ᠵᠢᠵᠢᠭᠦᠷᠯᠡᠬᠦ ᠳᠤ ᠬᠡᠷᠡᠭᠯᠡᠬᠦ ᠭᠡᠷ ᠲᠣᠬᠢᠷᠠᠭᠤᠯᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤ ᠴᠢᠬᠤᠯᠠ ᠪᠦᠬᠦᠢ ᠪᠠᠭᠠᠵᠢ ᠬᠡᠷᠡᠭᠰᠡᠯ ᠢ ᠲᠣᠬᠢᠷᠠᠭᠤᠯᠬᠤ | ᠬᠡᠷᠡᠭᠲᠡᠢ᠃ | ᠬᠤᠷᠢᠨ ᠲᠠᠪᠤᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠭᠠᠯ | ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠲᠠᠷᠬᠠᠭᠠᠬᠤ ᠪᠡᠯᠡᠳᠬᠡᠯ ᠲᠥᠰᠥᠯ ᠢ ᠲᠣᠭᠲᠠᠭᠠᠬᠤ ᠬᠡᠷᠡᠭᠲᠡᠢ᠃ ᠪᠡᠯᠡᠳᠬᠡᠯ ᠲᠥᠰᠥᠯ ᠳᠤ ᠳᠣᠣᠷᠠᠬᠢ | ᠠᠭᠤᠯᠭ᠎ᠠ ᠪᠠᠭᠲᠠᠬᠤ ᠬᠡᠷᠡᠭᠲᠡᠢ᠄ | ︵ᠨᠢᠭᠡ︶ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠤᠯᠪᠣᠭᠳᠠᠯ ᠪᠦᠬᠦᠢ ᠦᠨᠳᠦᠰᠦᠨ ᠪᠠᠶᠢᠳᠠᠯ︔ | ︵ᠬᠤᠶᠠᠷ︶ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠪᠠ ᠭᠠᠯ ᠤᠨᠲᠠᠷᠠᠭᠠᠬᠤ ᠲᠡᠷᠭᠡ᠂ | ᠪᠠᠭᠠᠵᠢ ᠬᠡᠷᠡᠭᠰᠡᠯ ᠤᠨ ᠲᠣᠬᠢᠷᠠᠭᠤᠯᠤᠭᠰᠠᠨ ᠪᠠᠶᠢᠳᠠᠯ᠂ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ᠂ ᠲᠠᠷᠬᠠᠯᠲᠠ ᠶᠢᠨ ᠪᠠᠶᠢᠳᠠᠯ︔ | ︵ᠭᠤᠷᠪᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠠᠵᠢᠯ ᠤᠨ ᠪᠠᠶᠢᠷᠢ ᠶᠢᠨ ᠡᠭᠦᠷᠭᠡ | ᠬᠠᠷᠢᠭᠤᠴᠠᠯᠭ᠎ᠠ︔ | ︵ᠳᠥᠷᠪᠡ︶ ᠲᠦᠭᠰᠢᠭᠦᠷᠢ ᠮᠡᠳᠡᠭᠦᠯᠬᠦ ᠪᠠ ᠲᠦᠭᠰᠢᠭᠦᠷᠢ ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠳᠡᠰ ᠳᠠᠷᠠᠭᠠᠯᠠᠯ᠂ ᠭᠠᠯ ᠤᠨ | ᠠᠶᠤᠯ ᠠᠴᠠ ᠠᠪᠤᠷᠠᠬᠤ᠂ ᠲᠠᠷᠬᠠᠭᠠᠨ ᠵᠢᠯᠤᠭᠤᠳᠬᠤ᠂ ᠴᠢᠮᠡᠭᠡ ᠬᠤᠯᠪᠣᠭ᠎ᠠ ᠠᠪᠬᠤ᠂ ᠠᠮᠤᠷ ᠲᠦᠪᠰᠢᠨ ᠢᠶᠠᠷ ᠲᠤᠰᠠᠯᠠᠨ ᠠᠪᠤᠷᠠᠬᠤ ᠳᠡᠰ ᠳᠠᠷᠠᠭᠠᠯᠠᠯ︔ | ︵ᠲᠠᠪᠤ︶ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠯᠤᠭ᠎ᠠ ᠬᠠᠮᠵᠢᠯᠴᠠᠬᠤ ᠳᠡᠰ ᠳᠠᠷᠠᠭᠠᠯᠠᠯ᠃ | ᠬᠤᠷᠢᠨ ᠵᠢᠷᠭᠤᠳᠤᠭᠠᠷ ᠵᠦᠢᠯ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ᠂ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ︵ᠪᠢᠴᠢᠯ | ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠳᠡᠭᠡ︶ ᠨᠢ ᠪᠠᠶᠢᠩᠭᠤ ᠶᠢᠨ ᠴᠢᠨᠠᠷᠲᠠᠢ ᠭᠠᠯ ᠰᠡᠷᠭᠡᠶᠢᠯᠡᠵᠦ ᠤᠨᠲᠠᠷᠠᠭᠠᠬᠤ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠥᠷᠨᠢᠭᠦᠯᠬᠦ ᠶᠢᠨ ᠳᠠᠭᠠᠤ ᠳᠤ ᠭᠠᠯ ᠰᠡᠷᠭᠡᠶᠢᠯᠡᠵᠦ ᠤᠨᠲᠠᠷᠠᠭᠠᠬᠤ ᠰᠣᠷᠢᠯᠲᠠ ᠵᠣᠬᠢᠶᠠᠨ ᠪᠠᠶᠢᠭᠤᠯᠬᠤ ᠬᠡᠷᠡᠭᠲᠡᠢ᠃ | ᠬᠤᠷᠢᠨ ᠳᠣᠯᠣᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ | ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠶᠢᠨ ᠭᠡᠰᠢᠭᠦᠨ ᠳᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠥᠭᠬᠦ᠂ ᠭᠠᠯ | ᠤᠨᠲᠠᠷᠠᠭᠠᠬᠤ ᠬᠠᠮᠠᠭᠠᠯᠠᠯᠲᠠ ᠶᠢᠨ ᠬᠤᠪᠴᠠᠰᠤ ᠲᠣᠬᠢᠷᠠᠭᠤᠯᠤᠨ ᠥᠭᠴᠦ᠂ ᠡᠳᠦᠷ ᠲᠤᠲᠤᠮ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠭᠠᠯ | ᠤᠨᠲᠠᠷᠠᠭᠠᠵᠤ ᠠᠪᠤᠷᠠᠨ ᠲᠤᠰᠠᠯᠠᠬᠤ ᠳᠤᠮᠳᠠᠬᠢ ᠢᠯᠡᠷᠡᠯ ᠢᠶᠠᠷ ᠲᠣᠪᠣᠶᠢᠮ᠎ᠠ ᠠᠩᠭᠢ ᠶᠢᠨ ᠭᠡᠰᠢᠭᠦᠨ ᠳᠤ ᠱᠠᠩᠨᠠᠯ ᠱᠠᠩᠨᠠᠨ ᠥᠭᠬᠦ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠳᠤ ᠭᠠᠯ ᠲᠦᠢᠮᠡᠷ ᠭᠠᠷᠪᠠᠯ᠂ ᠭᠠᠯ ᠲᠦᠢᠮᠡᠷ ᠡᠭᠦᠰᠦᠭᠰᠡᠨ ᠨᠢᠭᠡᠴᠢ ᠪᠤᠶᠤ ᠭᠠᠴᠠᠭ᠎ᠠ | ᠲᠣᠰᠬᠤᠨ ᠤ ᠠᠷᠠᠳ ᠤᠨ ᠵᠥᠪᠯᠡᠯ ᠳᠠᠷᠤᠢ ᠲᠦᠷᠭᠡᠨ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ | ᠤᠨᠲᠠᠷᠠᠭᠠᠬᠤ ᠥᠷᠳᠡᠭᠡ︶ ᠶᠢ ᠵᠣᠬᠢᠶᠠᠨ ᠪᠠᠶᠢᠭᠤᠯᠵᠤ ᠭᠠᠯ ᠲᠦᠢᠮᠡᠷ ᠤᠨᠲᠠᠷᠠᠭᠠᠨ ᠠᠪᠤᠷᠠᠬᠤ ᠪᠠ ᠬᠥᠮᠥᠨ ᠬᠠᠷ᠎ᠠ ᠶᠢ ᠲᠠᠷᠬᠠᠭᠠᠬᠤ ᠠᠵᠢᠯ ᠬᠢᠬᠦ ᠬᠡᠷᠡᠭᠲᠡᠢ᠃ | ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠤᠨᠲᠠᠷᠠᠭᠠᠬᠤ ᠶᠢᠨ ᠠᠪᠤᠷᠠᠨ ᠲᠤᠰᠠᠯᠠᠬᠤ ᠡᠩᠨᠡᠭᠡ᠂ ᠲᠤᠰᠬᠠᠢ ᠲᠤᠰᠢᠶᠠᠯᠲᠤ ᠭᠠᠯ ᠤᠨᠲᠠᠷᠠᠭᠠᠬᠤ | ᠠᠩᠭᠢ ᠨᠢ ᠲᠦᠭᠰᠢᠭᠦᠷᠢ ᠮᠡᠳᠡᠭᠦᠯᠬᠦ ᠶᠢ ᠲᠣᠰᠣᠨ ᠣᠯᠣᠭᠰᠠᠨ ᠤ ᠳᠠᠷᠠᠭ᠎ᠠ᠂ ᠳᠠᠷᠤᠢ ᠲᠦᠷᠭᠡᠨ ᠭᠠᠯ ᠤᠨ ᠠᠶᠤᠯ ᠡᠭᠦᠰᠦᠭᠰᠡᠨ ᠲᠠᠯᠠᠪᠤᠷ ᠲᠤ ᠵᠠᠪᠳᠤᠨ ᠬᠦᠷᠴᠦ | ᠂ ᠭᠠᠯ ᠲᠦᠢᠮᠡᠷ ᠢ ᠤᠨᠲᠠᠷᠠᠭᠠᠬᠤ᠂ ᠠᠶᠤᠯ ᠳᠤ ᠤᠴᠠᠷᠠᠭᠰᠠᠨ ᠬᠥᠮᠥᠰ ᠢ ᠠᠪᠤᠷᠠᠨ ᠲᠤᠰᠠᠯᠠᠬᠤ ᠪᠠ ᠠᠶᠤᠯ ᠲᠦᠭᠰᠢᠭᠦᠷᠢᠲᠦ ᠪᠠᠶᠢᠳᠠᠯ ᠢ ᠠᠷᠢᠯᠭᠠᠬᠤ ᠬᠡᠷᠡᠭᠲᠡᠢ᠃ | | ᠬᠤᠷᠢ ᠶᠢᠰᠦᠳᠦᠭᠡᠷ ᠵᠦᠢᠯ ᠭᠠᠯ ᠲᠦᠢᠮᠡᠷ ᠢ ᠤᠨᠲᠠᠷᠠᠭᠠᠭᠰᠠᠨ ᠤ ᠳᠠᠷᠠᠭ᠎ᠠ᠂ ᠭᠠᠯ ᠲᠦᠢᠮᠡᠷ ᠡᠭᠦᠰᠦᠭᠰᠡᠨ ᠨᠢᠭᠡᠴᠢ ︵ᠬᠤᠪᠢ ᠬᠥᠮᠥᠨ︶ ᠪᠤᠶᠤ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠲᠤᠬᠠᠢ ᠶᠢᠨ ᠲᠠᠯᠠᠪᠤᠷ ᠢ ᠬᠠᠮᠠᠭᠠᠯᠠᠵᠤ᠂ ᠦᠨᠡᠨ ᠪᠣᠳᠠᠲᠠᠢ ᠪᠠᠷ ᠭᠠᠯ ᠲᠦᠢᠮᠡᠷ ᠤᠨ ᠠᠳᠡᠯ ᠤᠨ ᠪᠠᠶᠢᠳᠠᠯ ᠢ | ᠬᠠᠩᠭᠠᠵᠤ᠂ ᠠᠳᠡᠯ ᠤᠨ ᠪᠠᠶᠢᠳᠠᠯ ᠤᠨ ᠪᠠᠶᠢᠴᠠᠭᠠᠯᠲᠠ ᠶᠢ ᠬᠦᠯᠢᠶᠡᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ ᠰᠡᠷᠭᠡᠶᠢᠯᠡᠵᠦ | ᠤᠨᠲᠠᠷᠠᠭᠠᠬᠤ ᠶᠢᠨ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠥᠪᠰᠢᠶᠡᠷᠡᠯ ᠦᠭᠡᠢ ᠪᠠᠷ ᠳᠤᠷ᠎ᠠ ᠪᠠᠷ ᠭᠠᠯ ᠤᠨ ᠠᠶᠤᠯ ᠤᠨ ᠲᠤᠬᠠᠢ ᠶᠢᠨ ᠲᠠᠯᠠᠪᠤᠷ ᠢ ᠠᠷᠢᠯᠭᠠᠨ | ᠴᠡᠪᠡᠷᠯᠡᠵᠦ ᠪᠣᠯᠬᠤ ᠦᠭᠡᠢ᠃ | ᠭᠤᠴᠢᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠳᠤ ᠨᠡᠯᠢᠶᠡᠳ ᠶᠡᠭᠡ ᠭᠠᠯ ᠲᠦᠢᠮᠡᠷ ᠤᠨ ᠠᠶᠤᠯ ᠭᠠᠷᠬᠤ᠂ ᠵᠢᠴᠢ ᠬᠥᠮᠥᠨ ᠬᠠᠷ᠎ᠠ ᠦᠬᠦᠭᠰᠡᠨ | ᠪᠤᠶᠤ ᠨᠡᠶᠢᠭᠡᠮ ᠤᠨ ᠨᠥᠯᠥᠭᠡ ᠲᠠᠢ ᠪᠣᠯᠣᠭᠰᠨ ᠡᠩ ᠤᠨ ᠭᠠᠯ ᠲᠦᠢᠮᠡᠷ ᠤᠨ ᠠᠳᠡᠯ ᠭᠠᠷᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠤᠨ ᠬᠠᠷᠢᠭᠤᠴᠠᠯᠭ᠎ᠠ ᠶᠢᠨ ᠪᠠᠶᠢᠴᠠᠭᠠᠯᠲᠠ ᠶᠢᠨ | ᠲᠣᠭᠲᠠᠭᠠᠯ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ᠂ ᠪᠠᠶᠢᠴᠠᠭᠠᠬᠤ ᠳᠤᠭᠤᠶᠢᠯᠠᠩ ᠪᠠᠶᠢᠭᠤᠯᠵᠤ ᠪᠠᠶᠢᠴᠠᠭᠠᠯᠲᠠ ᠬᠢᠬᠦ ᠬᠡᠷᠡᠭᠲᠡᠢ᠃ | ᠲᠠᠷᠢᠶᠠᠯᠠᠬᠤ ᠮᠠᠯᠵᠢᠬᠤ ᠣᠷᠣᠨ ᠳᠤ ᠨᠡᠯᠢᠶᠡᠳ ᠶᠡᠭᠡ ᠭᠠᠯ ᠤᠨ ᠠᠶᠤᠯ ᠭᠠᠷᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠠᠴᠠ ᠭᠠᠢ ᠭᠠᠮᠰᠢᠭ ᠤᠨ ᠮᠡᠳᠡᠭᠡ ᠵᠠᠩᠭᠢ ᠶᠢ ᠨᠢᠭᠡᠳᠦᠯᠲᠡᠢ ᠨᠡᠶᠢᠲᠡᠯᠡᠨ᠎ᠡ᠃ | ᠲᠠᠪᠤᠳᠤᠭᠠᠷ ᠪᠦᠯᠦᠭ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ | ᠭᠤᠴᠢᠨ ᠨᠢᠭᠡᠳᠦᠭᠡᠷ ᠵᠦᠢᠯ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠭᠠᠯ ᠠᠴᠠ ᠰᠡᠷᠭᠡᠶᠢᠯᠡᠬᠦ ᠵᠢᠷᠤᠭ | ᠲᠥᠯᠥᠪᠯᠡᠭᠡ᠂ ᠣᠳᠣ ᠨᠢᠭᠡᠨᠲᠡ ᠪᠠᠶᠢᠭ᠎ᠠ ᠪᠠᠷᠢᠯᠭ᠎ᠠ ᠶᠢᠨ ᠭᠠᠯ ᠠᠴᠠ ᠰᠡᠷᠭᠡᠶᠢᠯᠡᠬᠦ ᠥᠭᠡᠷᠡᠴᠢᠯᠡᠨ ᠰᠢᠨᠡᠳᠬᠡᠬᠦ ᠵᠢᠴᠢ ᠴᠠᠬᠢᠯᠭᠠᠨ ᠬᠦᠴᠦᠨ ᠤ ᠲᠣᠣᠷ ᠤᠨ | ᠪᠠᠶᠢᠭᠤᠯᠤᠯᠲᠠ ᠬᠢᠭᠡᠳ ᠥᠭᠡᠷᠡᠴᠢᠯᠡᠨ ᠰᠢᠨᠡᠳᠬᠡᠬᠦ ᠠᠵᠢᠯ ᠨᠢ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶᠠᠨ ᠤ ᠱᠠᠭᠠᠷᠳᠠᠯᠭ᠎ᠠ ᠳᠤ | ᠨᠡᠶᠢᠴᠡᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠥᠮᠦᠵᠢᠯ ᠢ ᠵᠢᠭᠠᠨ ᠰᠤᠷᠭᠠᠬᠤ ᠠᠭᠤᠯᠭ᠎ᠠ ᠳᠤ ᠪᠠᠨ ᠣᠷᠣᠭᠤᠯᠵᠤ᠂ ᠬᠤᠭᠤᠴᠠᠭ᠎ᠠ ᠪᠦᠷᠢ 4 ᠤᠳᠠᠭ᠎ᠠ ᠠᠴᠠ ᠳᠤᠲᠠᠭᠤ ᠦᠭᠡᠢ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠬᠢᠴᠢᠶᠡᠯ ᠣᠷᠣᠬᠤ ᠬᠡᠷᠡᠭᠲᠡᠢ᠃ ᠡᠭᠦᠨ ᠳᠤ᠂ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ | ᠳᠠᠷᠠᠭ᠎ᠠ ᠪᠠ ᠴᠢᠯᠦᠭᠡ ᠲᠠᠯᠪᠢᠬᠤ ᠠᠴᠠ ᠡᠮᠦᠨ᠎ᠡ ᠲᠣᠰ ᠲᠣᠰ 1 ᠤᠳᠠᠭ᠎ᠠ ᠬᠢᠴᠢᠶᠡᠯ ᠣᠷᠣᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠡᠰᠢ ᠰᠦᠷᠡᠯ᠂ ᠲᠦᠯᠡᠭᠡ ᠡᠪᠡᠰᠦ ᠵᠡᠷᠭᠡ ᠨᠣᠴᠣᠮᠠᠲᠠᠭᠠᠢ ᠰᠢᠲᠠᠮᠠᠬᠠᠢ | ᠮᠠᠲ᠋ᠧᠷᠢᠶᠠᠯ ᠤᠨ ᠣᠪᠣᠭᠠᠯᠠᠬᠤ ᠭᠠᠵᠠᠷ ᠤᠨ ᠲᠣᠬᠢᠷᠠᠭᠤᠯᠤᠯᠲᠠ ᠨᠢ ᠳᠣᠣᠷᠠᠬᠢ ᠱᠠᠭᠠᠷᠳᠠᠯᠭ᠎ᠠ ᠳᠤ ᠨᠡᠶᠢᠴᠡᠬᠦ ᠬᠡᠷᠡᠭᠲᠡᠢ᠄ | ︵ᠨᠢᠭᠡ︶ ᠬᠠᠷᠢᠴᠠᠩᠭᠤᠢ ᠲᠤᠰᠠᠭᠠᠷᠯᠠᠭᠰᠠᠨ ᠠᠮᠤᠷ ᠲᠦᠪᠰᠢᠨ ᠤ ᠣᠷᠣᠨ ᠪᠦᠰᠡ ᠳᠤ ᠪᠤᠶᠤ ᠠᠶᠢᠯ ᠲᠣᠰᠬᠤᠨ ᠤ ᠵᠠᠬ᠎ᠠ ᠬᠥᠪᠡᠭᠡ ᠪᠠᠷ ᠲᠣᠬᠢᠷᠠᠭᠤᠯᠪᠠᠯ | ᠵᠣᠬᠢᠰᠲᠠᠢ︔ | ︵ᠬᠤᠶᠠᠷ︶ ᠵᠠᠮ᠂ ᠣᠶᠢᠲᠤ ᠭᠠᠵᠠᠷ ᠢ ᠡᠵᠡᠯᠡᠨ ᠬᠡᠷᠡᠭᠯᠡᠬᠦ ᠶᠢ ᠴᠠᠭᠠᠵᠠᠯᠠᠨ᠎ᠠ︔ ᠣᠪᠣᠭᠠᠯᠠᠬᠤ ᠭᠠᠵᠠᠷ ᠲᠤ ᠮᠠᠰᠢᠨ ᠲᠡᠷᠭᠡ ᠬᠥᠰᠬᠡ ᠵᠣᠭᠰᠤᠭᠠᠬᠤ᠂ | ᠰᠡᠯᠪᠢᠨ ᠵᠠᠰᠠᠬᠤ ᠶᠢ ᠴᠠᠭᠠᠵᠠᠯᠠᠨ᠎ᠠ︔ | ︵ᠭᠤᠷᠪᠠ︶ ᠡᠰᠢ ᠰᠦᠷᠡᠯ ᠢ ᠶᠡᠭᠡ ᠬᠡᠮᠵᠢᠶ᠎ᠡ ᠪᠠᠷ ᠠᠶᠢᠯ ᠲᠣᠰᠬᠤᠨ ᠡᠷᠦᠬᠡ ᠳᠤ ᠣᠷᠣᠭᠤᠯᠵᠤ ᠪᠣᠯᠬᠤ ᠦᠭᠡᠢ᠂ ᠦᠢᠯᠡᠳᠪᠦᠷᠢᠯᠡᠯ᠂ ᠠᠮᠢᠳᠤᠷᠠᠯ ᠤᠨ | ᠪᠠᠷᠢᠯᠭ᠎ᠠ ᠶᠢᠨ ᠬᠠᠵᠠᠭᠤ ᠬᠠᠪᠢ ᠪᠠᠷ ᠨᠥᠭᠡᠴᠡᠯᠡᠨ ᠬᠠᠳᠠᠭᠠᠯᠠᠵᠤ ᠪᠣᠯᠬᠤ ᠦᠭᠡᠢ᠂ ᠴᠠᠬᠢᠯᠭᠠᠨ ᠬᠦᠴᠦᠨ ᠤ ᠳᠡᠭᠦᠵᠢᠯᠡᠭᠦᠷ ᠤᠲᠠᠰᠤ᠂ ᠬᠦᠴᠦᠳᠡᠯ | ᠬᠤᠪᠢᠷᠠᠭᠠᠭᠴᠢ ᠶᠢᠨ ᠳᠣᠣᠷ᠎ᠠ ᠣᠪᠣᠭᠠᠯᠠᠨ ᠲᠠᠯᠪᠢᠵᠤ ᠪᠣᠯᠬᠤ ᠦᠭᠡᠢ︔ | ︵ᠳᠥᠷᠪᠡ︶ ᠰᠢᠲᠠᠮᠠᠬᠠᠢ ᠮᠠᠲ᠋ᠧᠷᠢᠶᠠᠯ ᠣᠪᠣᠭᠠᠯᠠᠬᠤ ᠭᠠᠵᠠᠷ ᠤᠨ ᠡᠷᠭᠢᠨ ᠲᠣᠭᠤᠷᠢᠨ ᠤ ᠪᠠᠷᠢᠯᠭ᠎ᠠ ᠳᠤ ᠬᠤᠯᠠᠩ ᠤᠨ ᠳᠡᠭᠡᠷ᠎ᠡ ᠨᠢ ᠭᠠᠯ ᠠᠴᠠ | ᠰᠡᠷᠭᠡᠶᠢᠯᠡᠬᠦ ᠮᠠᠯᠠᠭᠠᠢ ᠲᠠᠭᠠᠷᠠᠭᠤᠯᠬᠤ ᠵᠡᠷᠭᠡ ᠭᠠᠯ ᠤᠨ ᠣᠴᠢ ᠦᠰᠦᠷᠦᠨ ᠭᠠᠷᠬᠤ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ︔ | ︵ᠲᠠᠪᠤ︶ ᠲᠠᠷᠢᠶᠠᠴᠢᠨ ᠮᠠᠯᠴᠢᠨ ᠤ ᠬᠦᠷᠢᠶ᠎ᠡ ᠬᠠᠰᠢᠶᠠᠨ ᠳᠤ ᠣᠪᠣᠭᠠᠯᠠᠨ ᠲᠠᠯᠪᠢᠭᠰᠠᠨ ᠪᠠᠭ᠎ᠠ ᠬᠡᠮᠵᠢᠶᠡᠨ ᠤ ᠲᠦᠯᠡᠭᠡ ᠡᠪᠡᠰᠦ᠂ ᠲᠡᠵᠢᠭᠡᠯ ᠪᠣᠷᠳᠤᠭ᠎ᠠ | ᠵᠡᠷᠭᠡ ᠪᠠ ᠪᠠᠷᠢᠯᠭ᠎ᠠ ᠶᠢᠨ ᠬᠤᠭᠤᠷᠣᠨᠳᠤ ᠭᠠᠯ ᠠᠴᠠ ᠰᠡᠷᠭᠡᠶᠢᠯᠡᠵᠦ ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠲᠠᠷᠢᠶᠠᠯᠠᠬᠤ ᠮᠠᠯᠵᠢᠬᠤ ᠣᠷᠣᠨ ᠤ ᠪᠢᠲᠡᠭᠦᠦ ᠮᠠᠶ᠋ᠢᠭ ᠤᠨ ᠮᠠᠯ ᠤᠨ ᠰᠠᠷᠠᠪᠴᠢ ᠶᠢ ᠠᠰᠲᠠᠭᠠᠨ ᠪᠠᠶᠢᠭᠤᠯᠤᠨ ᠪᠠᠷᠢᠬᠤ ᠶᠢᠨ | ᠬᠠᠮᠲᠤ ᠳᠣᠣᠷᠠᠬᠢ ᠲᠣᠭᠲᠠᠭᠠᠯ ᠳᠤ ᠨᠡᠶᠢᠴᠡᠭᠦᠯᠬᠦ ᠬᠡᠷᠡᠭᠲᠡᠢ᠄ | ︵ᠨᠢᠭᠡ︶ ᠭᠠᠯ ᠳᠠᠭᠠᠭᠠᠮᠠᠭᠠᠢ ᠵᠡᠷᠭᠡ ᠳᠡᠰ ᠨᠢ ᠭᠤᠷᠪᠠᠳᠤᠭᠠᠷ ᠳᠡᠰ ᠠᠴᠠ ᠳᠣᠣᠷ᠎ᠠ ᠪᠠᠶᠢᠵᠤ ᠪᠣᠯᠬᠤ ᠦᠭᠡᠢ᠂ ᠨᠢᠭᠡᠨᠲᠡ ᠪᠠᠶᠢᠭᠤᠯᠤᠨ ᠪᠠᠷᠢᠭᠰᠠᠨ | ᠭᠤᠷᠪᠠᠳᠤᠭᠠᠷ ᠳᠡᠰ ᠠᠴᠠ ᠳᠣᠣᠷ᠎ᠠ ᠪᠠᠶᠢᠬᠤ ᠰᠠᠷᠠᠪᠴᠢ ᠬᠠᠰᠢᠶ᠎ᠠ ᠶᠢ ᠠᠯᠬᠤᠮ ᠳᠠᠷᠠᠭᠠᠯᠠᠨ ᠥᠭᠡᠷᠡᠴᠢᠯᠡᠨ ᠰᠢᠨᠡᠳᠬᠡᠬᠦ ᠬᠡᠷᠡᠭᠲᠡᠢ︔ | ︵ᠬᠤᠶᠠᠷ︶ ᠴᠠᠬᠢᠯᠭᠠᠨ ᠬᠡᠯᠬᠢᠶᠡᠨ ᠤ ᠤᠲᠠᠰᠤ ᠳᠡᠪᠢᠰᠬᠦ ᠳᠤ ᠦᠯᠦ ᠰᠢᠲᠠᠬᠤ ᠬᠤᠭᠤᠯᠠᠢ ᠭᠤᠤᠷᠰᠤ ᠪᠠᠷ ᠨᠠᠪᠲᠠᠷᠡᠭᠦᠯᠵᠦ᠂ ᠲᠡᠭᠦᠨ ᠤ ᠭᠡᠷᠡᠯᠲᠦᠭᠦᠯᠬᠦ | ᠳ᠋ᠧᠩ ᠤᠨ ᠬᠡᠷᠡᠭᠰᠡᠯ ᠢ ᠪᠠᠲᠤ ᠪᠠᠬᠢ ᠤᠭᠰᠠᠷᠠᠭᠤᠯᠤᠨ ᠲᠠᠭᠠᠷᠠᠭᠤᠯᠬᠤ ᠬᠡᠷᠡᠭᠲᠡᠢ︔ | ︵ᠭᠤᠷᠪᠠ︶ ᠰᠢᠭᠤᠳ ᠭᠠᠳᠠᠭᠰᠢ ᠬᠠᠨᠳᠤᠭᠤᠯᠤᠭᠰᠠᠨ ᠠᠮᠤᠷ ᠲᠦᠪᠰᠢᠨ ᠭᠠᠷᠬᠤ ᠡᠭᠦᠳᠡ ᠲᠣᠬᠢᠷᠠᠭᠤᠯᠵᠤ᠂ ᠬᠡᠷᠴᠢᠮᠡᠯ ᠡᠪᠡᠰᠦ᠂ ᠲᠡᠵᠢᠭᠡᠯ | ᠪᠣᠷᠳᠣᠭᠠᠨ ᠤ ᠥᠷᠥᠭᠡ ᠵᠢᠴᠢ ᠲᠡᠵᠢᠭᠡᠭᠴᠢ ᠶᠢᠨ ᠪᠠᠶᠢᠷᠢ ᠶᠢ ᠬᠠᠰᠢᠶ᠎ᠠ ᠰᠠᠷᠠᠪᠴᠢ ᠲᠠᠢ ᠰᠠᠯᠭᠠᠨ ᠲᠣᠬᠢᠷᠠᠭᠤᠯᠬᠤ ᠬᠡᠷᠡᠭᠲᠡᠢ᠂ ᠦᠨᠡᠬᠡᠷ ᠬᠠᠷᠢᠯᠴᠠᠨ | ᠵᠠᠯᠭᠠᠯᠳᠤᠭᠤᠯᠬᠤ ᠴᠢᠬᠤᠯᠠ ᠲᠠᠢ ᠦᠶ᠎ᠡ ᠳᠤ ᠭᠠᠯ ᠠᠴᠠ ᠰᠡᠷᠭᠡᠶᠢᠯᠡᠵᠦ ᠵᠠᠭᠠᠭᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠲᠣᠭᠤᠭᠠᠨ ᠭᠡᠷ ᠤᠨ ᠵᠤᠤᠬ᠎ᠠ ᠶᠢᠨ ᠠᠰ ᠳᠡᠭᠡᠷ᠎ᠡ 1.5 ᠮᠧᠲᠷ ᠤᠨ ᠬᠡᠪᠴᠢᠶᠡᠨ ᠳᠤ | ᠰᠢᠲᠠᠮᠠᠬᠠᠢ ᠪᠣᠳᠠᠰ ᠪᠠᠶᠢᠯᠭᠠᠵᠤ ᠪᠣᠯᠬᠤ ᠦᠭᠡᠢ᠃ ᠫᠢᠰᠢᠩ᠂ ᠬᠠᠨᠵᠤ᠂ ᠬᠤᠯᠠᠩ ᠢ ᠲᠣᠭᠲᠠᠭᠰᠠᠨ ᠬᠤᠭᠤᠴᠠᠭ᠎ᠠ ᠲᠠᠢ ᠪᠠᠷ ᠴᠡᠪᠡᠷᠯᠡᠨ ᠨᠠᠪᠲᠠᠷᠡᠭᠦᠯᠵᠦ᠂ | ᠲᠣᠭᠤᠰᠬ᠎ᠠ ᠪᠠᠷ ᠦᠷᠦᠵᠦ ᠪᠠᠷᠢᠭᠰᠠᠨ ᠬᠤᠯᠠᠩ ᠤᠨ ᠳᠣᠲᠣᠭᠠᠳᠤ ᠬᠠᠨ᠎ᠠ ᠪᠠ ᠰᠢᠲᠠᠮᠠᠬᠠᠢ ᠪᠣᠳᠠᠰ ᠤᠨ ᠬᠤᠭᠤᠷᠣᠨᠳᠤᠬᠢ ᠵᠠᠢ ᠶᠢ 240 ᠮᠢᠯᠢᠮᠧᠲᠷ ᠠᠴᠠ | ᠪᠠᠭ᠎ᠠ ᠪᠠᠶᠢᠯᠭᠠᠵᠤ ᠪᠣᠯᠬᠤ ᠦᠭᠡᠢ᠂ ᠲᠡᠮᠦᠷᠯᠢᠭ ᠢᠶᠠᠷ ᠬᠢᠭᠰᠡᠨ ᠬᠤᠯᠠᠩ ᠪᠠ ᠰᠢᠲᠠᠮᠠᠬᠠᠢ ᠪᠣᠳᠠᠰ ᠤᠨ ᠬᠤᠭᠤᠷᠣᠨᠳᠤᠬᠢ ᠵᠠᠢ ᠶᠢ 700 ᠮᠢᠯᠢᠮᠧᠲᠷ ᠠᠴᠠ ᠪᠠᠭ᠎ᠠ | ᠪᠠᠶᠢᠯᠭᠠᠵᠤ ᠪᠣᠯᠬᠤ ᠦᠭᠡᠢ᠃ | ᠭᠤᠴᠢᠨ ᠵᠢᠷᠭᠤᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠬᠦᠷᠢᠶ᠎ᠡ ᠬᠡᠪᠴᠢᠶᠡᠨ ᠳᠠᠬᠢ ᠨᠢᠭᠡᠴᠢ ᠪᠤᠶᠤ ᠬᠤᠪᠢ ᠬᠥᠮᠥᠨ ᠳᠣᠣᠷᠠᠬᠢ ᠦᠢᠯᠡ | ᠠᠵᠢᠯᠯᠠᠭ᠎ᠠ ᠲᠠᠢ ᠪᠠᠶᠢᠬᠤ ᠶᠢ ᠴᠠᠭᠠᠵᠠᠯᠠᠨ᠎ᠠ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠪᠠ ᠭᠠᠯ ᠠᠴᠠ ᠰᠡᠷᠭᠡᠶᠢᠯᠡᠬᠦ ᠲᠡᠮᠳᠡᠭ ᠢ ᠳᠤᠷ᠎ᠠ ᠪᠠᠷ ᠪᠤᠯᠠᠵᠤ ᠳᠠᠷᠤᠬᠤ᠂ | ᠬᠦᠷᠢᠶᠡᠯᠡᠨ ᠡᠵᠡᠯᠡᠬᠦ᠂ ᠡᠪᠳᠡᠨ ᠰᠦᠢᠳᠬᠡᠬᠦ᠂ ᠨᠤᠷᠠᠭᠠᠵᠤ ᠬᠠᠶᠠᠬᠤ᠂ ᠬᠡᠷᠡᠭᠯᠡᠬᠦ ᠪᠠᠨ ᠵᠣᠭᠰᠣᠬᠤ ᠶᠢ ᠴᠠᠭᠠᠵᠠᠯᠠᠨ᠎ᠠ︔ | ︵ᠬᠤᠶᠠᠷ︶ ᠲᠦᠷ ᠴᠠᠭ ᠤᠨ ᠭᠡᠷ ᠪᠠᠷᠢᠯᠭ᠎ᠠ ︵ᠪᠠᠷᠢᠯᠭ᠎ᠠ ᠶᠢᠨ ᠵᠦᠢᠯᠡᠰ︶ ᠶᠢ ᠪᠠᠷᠢᠵᠤ ᠪᠣᠰᠬᠠᠬᠤ ᠵᠢᠴᠢ ᠲᠦᠯᠡᠭᠡ ᠡᠪᠡᠰᠦ ᠵᠡᠷᠭᠡ ᠥᠯᠥᠭ ᠡᠳ᠋ | ᠣᠪᠣᠭᠠᠯᠠᠨ ᠲᠠᠯᠪᠢᠬᠤ ᠦᠶ᠎ᠡ ᠳᠤ ᠭᠠᠯ ᠠᠴᠠ ᠰᠡᠷᠭᠡᠶᠢᠯᠡᠬᠦ ᠵᠠᠢ ᠶᠢ ᠡᠵᠡᠯᠡᠨ ᠬᠡᠷᠡᠭᠯᠡᠬᠦ ᠪᠤᠶᠤ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠢ ᠬᠠᠰᠢᠵᠤ | ᠪᠥᠭᠯᠡᠬᠦ ᠶᠢ ᠴᠠᠭᠠᠵᠠᠯᠠᠨ᠎ᠠ︔ | ︵ᠭᠤᠷᠪᠠ︶ ᠲᠠᠪᠤᠳᠤᠭᠠᠷ ᠳᠡᠰ ᠠᠴᠠ ᠳᠡᠭᠡᠭᠰᠢᠬᠢ ᠶᠡᠭᠡ ᠰᠠᠯᠬᠢ ᠲᠠᠢ ᠡᠳᠦᠷ ᠭᠡᠷ ᠤᠨ ᠭᠠᠳᠠᠨ᠎ᠠ ᠲᠠᠮᠠᠬᠢ ᠲᠠᠲᠠᠬᠤ᠂ ᠬᠤᠭ ᠨᠣᠪᠰᠢ ᠰᠢᠲᠠᠭᠠᠬᠤ ᠶᠢ | ᠴᠠᠭᠠᠵᠠᠯᠠᠨ᠎ᠠ︔ ᠴᠤᠷᠮᠠᠳᠠᠬᠤ᠂ ᠳᠡᠭᠳᠡᠭᠦᠷ ᠳ᠋ᠧᠩᠯᠦ ᠲᠠᠯᠪᠢᠬᠤ ᠶᠢ ᠴᠠᠭᠠᠵᠠᠯᠠᠨ᠎ᠠ︔ ᠦᠯᠡᠳᠡᠪᠦᠷᠢ ᠭᠠᠯ ᠢ ᠤᠷᠢᠳ ᠢᠶᠠᠷ ᠴᠡᠪᠡᠷᠯᠡᠬᠦ ᠦᠭᠡᠢ ᠪᠠᠷ ᠴᠤᠴᠠᠯᠢ ᠪᠣᠯᠣᠨ | ᠲᠣᠪᠷᠠᠭ ᠵᠡᠷᠭᠡ ᠶᠢ ᠴᠢᠣᠬᠤᠬᠤ ᠶᠢ ᠴᠠᠭᠠᠵᠠᠯᠠᠨ᠎ᠠ︔ | ︵ᠳᠥᠷᠪᠡ︶ ᠰᠢᠩᠭᠡᠵᠢᠯ ᠴᠢᠯᠠᠭᠤᠨ ᠲᠣᠰᠣᠨ ᠤ ᠰᠢᠲᠠᠮᠠᠬᠠᠢ ᠬᠡᠢ ᠶᠢᠨ ᠪᠣᠯᠣᠳ ᠯᠣᠩᠬᠤ ᠵᠢᠴᠢ ᠰᠢᠲᠠᠮᠠᠬᠠᠢ ᠬᠡᠢ ᠶᠢᠨ ᠲᠣᠭᠤᠭ᠎ᠠ ᠲᠤᠯᠭ᠎ᠠ ᠶᠢ | ᠳᠤᠷ᠎ᠠ ᠪᠠᠷ ᠢᠶᠠᠨ ᠵᠠᠳᠠᠯᠤᠨ ᠵᠠᠰᠠᠬᠤ ᠶᠢ ᠴᠠᠭᠠᠵᠠᠯᠠᠨ᠎ᠠ᠂ ᠰᠢᠩᠭᠡᠵᠢᠯ ᠤᠨ ᠴᠢᠯᠠᠭᠤᠨ ᠲᠣᠰᠣᠨ ᠤ ᠰᠢᠲᠠᠮᠠᠬᠠᠢ ᠬᠡᠢ ᠶᠢᠨ ᠪᠣᠯᠣᠳ ᠯᠣᠩᠬᠤ ᠶᠢᠨ ᠦᠯᠡᠳᠡᠪᠦᠷᠢ | ᠰᠢᠩᠭᠡᠨ ᠢ ᠴᠢᠳᠬᠤᠬᠤ ᠶᠢ ᠴᠠᠭᠠᠵᠠᠯᠠᠨ᠎ᠠ︔ | ︵ᠲᠠᠪᠤ︶ ᠥᠷᠥᠭᠡ ᠲᠠᠰᠤᠭ᠂ ᠬᠦᠷᠢᠶ᠎ᠡ ᠬᠠᠰᠢᠶ᠎ᠠ ᠳᠤ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠪᠣᠳᠠᠰ ᠢ ᠬᠠᠳᠠᠭᠠᠯᠠᠵᠤ ᠲᠠᠯᠪᠢᠬᠤ ᠪᠠ | ᠦᠢᠯᠡᠳᠪᠦᠷᠢᠯᠡᠬᠦ ᠶᠢ ᠴᠠᠭᠠᠵᠠᠯᠠᠨ᠎ᠠ︔ | ︵ᠵᠢᠷᠭᠤᠭ᠎ᠠ︶ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠪᠣᠳᠠᠰ ᠬᠠᠳᠠᠭᠠᠯᠠᠨ ᠲᠠᠯᠪᠢᠬᠤ ᠭᠠᠵᠠᠷ ᠪᠠ ᠲᠦᠯᠡᠭᠡ ᠡᠪᠡᠰᠦ᠂ ᠲᠡᠵᠢᠭᠡᠯ ᠡᠪᠡᠰᠦ | ᠣᠪᠣᠭᠠᠯᠠᠨ ᠲᠠᠯᠪᠢᠬᠤ ᠭᠠᠵᠠᠷ ᠤᠨ ᠣᠶᠢᠷ᠎ᠠ ᠬᠠᠪᠢ ᠪᠠᠷ ᠬᠤᠸᠠᠷ ᠫᠤᠤᠵᠢᠩ ᠲᠠᠯᠪᠢᠬᠤ᠂ ᠲᠠᠮᠠᠬᠢ ᠲᠠᠲᠠᠬᠤ᠂ ᠭᠠᠯ ᠬᠡᠷᠡᠭᠯᠡᠬᠦ ᠶᠢ ᠴᠠᠭᠠᠵᠠᠯᠠᠨ᠎ᠠ᠃ | ᠭᠤᠴᠢᠨ ᠳᠣᠯᠣᠳᠤᠭᠠᠷ ᠵᠦᠢᠯ ᠲᠠᠷᠢᠶᠠᠯᠠᠩ ᠤᠨ ᠬᠤᠷᠢᠶᠠᠯᠲᠠ ᠶᠢᠨ ᠤᠯᠠᠷᠢᠯ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠠᠴᠠ ᠰᠡᠷᠭᠡᠶᠢᠯᠡᠬᠦ | ᠤᠯᠠᠷᠢᠯ᠂ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠵᠢᠴᠢ ᠨᠠᠭᠠᠳᠤᠮ ᠤᠨ ᠬᠤᠷᠠᠯ ᠵᠡᠷᠭᠡ ᠴᠢᠬᠤᠯᠠ ᠠᠵᠢᠯᠯᠠᠭᠠᠨ ᠤ ᠬᠤᠭᠤᠴᠠᠭᠠᠨ ᠳᠤ᠂ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠢᠵᠦ᠂ ᠬᠠᠨᠳᠤᠯᠭᠠᠲᠤ ᠴᠢᠨᠠᠷᠲᠠᠢ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠥᠷᠨᠢᠭᠦᠯᠵᠦ᠂ | ᠭᠠᠯ ᠤᠨ ᠠᠶᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠨ᠎ᠠ᠃ | ᠭᠤᠴᠢᠨ ᠨᠠᠢᠮᠠᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠳᠤ ᠳ᠋ᠧᠩᠯᠦ ᠶᠢᠨ ᠬᠤᠷᠠᠯ᠂ ᠰᠦᠮ᠎ᠡ ᠶᠢᠨ ᠴᠤᠭᠯᠠᠭᠠᠨ᠂ ᠤᠷᠠᠨ ᠰᠠᠶᠢᠬᠠᠨ ᠤ | ᠲᠣᠭᠯᠠᠯᠲᠠ ᠵᠡᠷᠭᠡ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠢ ᠠᠵᠢᠯᠯᠠᠭᠠᠨ ᠶᠠᠪᠤᠭᠳᠠᠭᠤᠯᠬᠤ ᠳᠤ᠂ ᠭᠤᠣᠯᠯᠠᠨ ᠡᠷᠬᠢᠯᠡᠭᠰᠡᠨ ᠨᠢᠭᠡᠴᠢ ᠨᠢ ᠬᠠᠤᠯᠢ | ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠮᠤᠷ ᠲᠦᠪᠰᠢᠨ ᠤ ᠵᠥᠪᠰᠢᠶᠡᠷᠡᠯ ᠭᠤᠶᠤᠴᠢᠯᠠᠨ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ | ᠠᠷᠭᠠᠴᠠᠭᠠᠵᠤ ᠲᠠᠷᠬᠠᠭᠠᠵᠤ ᠶᠠᠪᠤᠭᠤᠯᠬᠤ ᠶᠢᠨ ᠪᠡᠯᠡᠳᠬᠡᠯ ᠲᠥᠰᠥᠯ ᠢ ᠲᠣᠭᠲᠠᠭᠠᠵᠤ᠂ ᠭᠠᠯ ᠰᠡᠷᠭᠡᠶᠢᠯᠡᠵᠦ ᠤᠨᠲᠠᠷᠠᠭᠠᠬᠤ ᠶᠢ ᠬᠠᠮᠢᠶᠠᠷᠬᠤ ᠠᠵᠢᠯᠲᠠᠨ ᠪᠠ ᠭᠠᠯ | ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠵᠤ᠂ ᠲᠠᠷᠬᠠᠭᠠᠵᠤ ᠶᠠᠪᠤᠭᠤᠯᠬᠤ ᠶᠢᠨ ᠵᠠᠮ᠂ ᠠᠮᠤᠷ ᠲᠦᠪᠰᠢᠨ ᠭᠠᠷᠬᠤ ᠡᠭᠦᠳᠡ ᠪᠠ ᠭᠠᠯ ᠤᠨᠲᠠᠷᠠᠭᠠᠬᠤ | ᠲᠡᠷᠭᠡ ᠶᠢᠨ ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ᠭᠤᠣᠯᠯᠠᠨ ᠡᠷᠬᠢᠯᠡᠭᠰᠡᠨ ᠨᠢᠭᠡᠴᠢ ᠦᠭᠡᠢ ᠪᠣᠯ᠂ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠠᠵᠢᠯ ᠢ ᠠᠵᠢᠯᠯᠠᠭᠠᠨ ᠶᠠᠪᠤᠭᠤᠯᠤᠭᠰᠠᠨ ᠭᠠᠵᠠᠷ ᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠠᠴᠠ ᠬᠠᠷᠢᠭᠤᠴᠠᠨ᠎ᠠ᠃ | | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢ ᠶᠢᠰᠦᠳᠦᠭᠡᠷ ᠵᠦᠢᠯ ᠲᠣᠰ ᠲᠣᠭᠲᠠᠭᠠᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠳᠠᠷᠤᠮᠠᠯᠯᠠᠨ | ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠦᠰᠦᠭ ﹇ | 2006﹈ 389 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | |