ᠠᠷᠠᠳ ᠤᠨ ᠡᠳᠦᠷ ᠤᠨ ᠰᠣᠨᠢᠨ ᠤ ᠮᠡᠳᠡᠭᠡ ᠣᠶᠢᠷ᠎ᠠ ᠳᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ | ᠬᠤᠷᠢᠶ᠎ᠠ ᠵᠡᠷᠭᠡ 23 ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽21 ᠳ᠋ᠦ᠋ᠭᠡᠷ ᠬᠤᠭᠤᠴᠠᠭᠠᠨ ᠤ | ᠪᠥᠬᠦ ᠤᠯᠤᠰ ᠤᠨ ᠵᠠᠯᠠᠭᠤᠴᠤᠳ ᠤᠨ ᠪᠣᠯᠪᠠᠰᠤᠨ ᠳ᠋ᠤᠭᠠᠷ ᠢ ᠨᠡᠷᠡᠶᠢᠳᠬᠦ ᠶᠢᠨ ᠬᠠᠮᠲᠤ ᠣᠳᠣᠨ ᠲᠠᠰ ᠢᠶᠠᠷ ᠮᠠᠭᠠᠳᠯᠠᠨ | ᠲᠤᠭᠲᠠᠭᠠᠬᠤ ᠲᠤᠬᠠᠶ ᠲᠣᠭᠲᠠᠭᠠᠯ︾ ᠳᠤ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ︽ᠨᠢᠭᠡ ᠣᠳᠣᠨ ᠲᠠᠰ ᠤᠨ | ᠪᠥᠬᠦ ᠤᠯᠤᠰ ᠤᠨ ᠵᠠᠯᠠᠭᠤᠴᠤᠳ ᠤᠨ ᠪᠣᠯᠪᠠᠰᠤᠨ ᠳ᠋ᠤᠭᠠᠷ︾ ᠢᠶᠠᠷ ᠦᠨᠡᠯᠡᠭᠳᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠪᠠᠶᠢᠭᠠᠯᠢ ᠶᠢᠨ | ᠮᠦᠽᠧᠶ ᠵᠠᠯᠠᠭᠤ ᠴᠢᠳᠠᠪᠤᠷᠢᠲᠠᠨ ᠢ ᠢᠳᠡᠪᠬᠢᠲᠡᠶ ᠣᠷᠣᠭᠤᠯᠤᠨ ᠠᠪᠴᠢᠷᠠᠵᠤ᠂ ᠵᠠᠯᠠᠭᠤ ᠺᠠᠳ᠋ᠷ ᠢ ᠰᠤᠳᠤᠯᠤᠨ ᠨᠡᠭᠡᠭᠡᠬᠦ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠴᠢᠬᠤᠯᠠ ᠠᠵᠢᠯ ᠤᠨ ᠪᠠᠶᠢᠷᠢᠨ ᠳᠤ ᠲᠠᠯᠪᠢᠵᠤ ᠳᠠᠪᠲᠠᠨ ᠪᠣᠯᠪᠠᠰᠤᠷᠠᠭᠤᠯᠵᠤ᠂ | ᠠᠷᠠᠳ ᠲᠦᠮᠡᠨ ᠳᠤ ᠲᠠᠭᠠᠰᠢᠶᠠᠭᠳᠠᠭᠰᠠᠨ ᠮᠦᠽᠧᠶ ᠶᠢ ᠪᠥᠬᠦ ᠬᠦᠴᠦᠨ ᠢᠶᠠᠷ ᠢᠶᠠᠨ ᠪᠠᠶᠢᠭᠤᠯᠪᠠ᠃ | ᠳᠡᠯᠡᠬᠡᠢ ᠶᠢᠨ ᠪᠥᠮᠪᠥᠷᠴᠡᠭ ᠤᠨ ᠡᠳᠦᠷ᠂ ᠤᠯᠠᠨ ᠤᠯᠤᠰ ᠤᠨ ᠮᠦᠽᠧᠢ ᠶᠢᠨ ᠡᠳᠦᠷ ᠵᠡᠷᠭᠡ ᠵᠠᠩᠭᠢᠯᠠᠭ᠎ᠠ ᠶᠢᠨ | ᠴᠠᠭ ᠲᠤ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ | ᠢᠳᠡᠪᠬᠢᠲᠡᠢ ᠤᠬᠠᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ | ᠲᠠᠪᠴᠠᠩ ᠤᠨ ᠦᠢᠯᠡᠳᠦᠯ ᠢ ᠪᠠᠳᠠᠷᠠᠭᠤᠯᠪᠠ︔ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ ᠲᠣᠰᠬᠤᠨ ᠳᠤ ᠬᠦᠷᠴᠦ | ᠦᠢᠯᠡᠴᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠵᠡᠷᠭᠡ ᠭᠤᠤᠯ ᠰᠡᠳᠦᠪᠲᠦ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠶᠠᠷ | ᠰᠤᠷᠭᠠᠭᠤᠯᠢ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠢᠴᠢᠶᠡᠯ ᠤᠨ ᠬᠡᠷ ᠪᠠᠶᠢᠭᠤᠯᠤᠨ ᠥᠭᠴᠦ᠂ ᠮᠢᠺᠷᠣᠰᠺᠣᠫ᠂ | ᠣᠲᠣ ᠪᠠᠶᠢᠭ᠎ᠠ ᠠᠮᠢᠲᠠᠨ ᠤᠷᠭᠤᠮᠠᠯ ᠤᠨ ᠵᠠᠭᠪᠤᠷ ᠵᠢᠴᠢ ᠡᠷᠲᠡᠨ ᠤ ᠠᠮᠢᠳᠤ ᠪᠣᠳᠠᠰ ᠤᠨ ᠵᠠᠭᠪᠤᠷ ᠢ ᠲᠣᠬᠢᠷᠠᠭᠤᠯᠤᠨ ᠥᠭᠴᠦ᠂ | ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ 1100 ᠳᠡᠪᠲᠡᠷ ᠨᠣᠮ ᠪᠢᠴᠢᠭ ᠢ ᠬᠠᠨᠳᠢᠪᠯᠠᠪᠠ︔ ︽ᠪᠦᠪᠠᠢ | ᠲᠣᠰᠬᠤᠨ ᠠᠴᠠ ᠭᠠᠷᠬᠤ · ᠰᠢᠪᠠᠭᠤᠨ ᠤ ᠲᠥᠷᠥᠯ ᠤᠨ ᠨᠢᠭᠤᠴᠠ ᠶᠢ ᠰᠣᠨᠢᠷᠬᠠᠬᠤ︾ ᠠᠵᠢᠯᠯᠠᠭ᠎ᠠ ᠥᠷᠨᠢᠭᠦᠯᠵᠦ᠂ 160 | ᠰᠤᠷᠤᠭᠴᠢ ᠶᠢ ᠳᠠᠭᠠᠭᠤᠯᠤᠨ ᠲᠦᠮᠡᠯᠵᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠦᠷᠴᠦ | ᠰᠤᠳᠤᠯᠤᠨ ᠰᠤᠷᠤᠯᠴᠠᠬᠤ ᠵᠢᠭᠤᠯᠴᠢᠯᠠᠯ ᠥᠷᠨᠢᠭᠦᠯᠪᠡ᠃ | ᠦᠵᠡᠭᠦᠯᠭᠡ ᠶᠢᠨ ᠲᠠᠲᠠᠬᠤ ᠬᠦᠴᠦᠨ ᠢ ᠨᠡᠮᠡᠭᠳᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠪᠠᠶᠢᠭᠠᠯᠢ ᠶᠢᠨ | ᠮᠦᠽᠧᠶ ᠲᠣᠭᠲᠠᠮᠠᠯ ᠬᠤᠭᠤᠴᠠᠭ᠎ᠠ ᠲᠠᠢ ᠪᠠᠷ ᠪᠠᠶᠢᠩᠭᠤ ᠶᠢᠨ ᠦᠵᠡᠭᠦᠯᠭᠡ ᠶᠢᠨ ᠲᠢᠩᠬᠢᠮ ᠳᠤ ᠲᠤᠭ᠎ᠠ ᠪᠠᠷᠢᠮᠲᠠ ᠶᠢ | ᠰᠢᠨᠡᠳᠬᠡᠵᠦ᠂ ᠲᠠᠰ ᠳᠡᠪᠰᠢᠭᠦᠯᠦᠨ ᠥᠭᠡᠷᠡᠴᠢᠯᠡᠵᠦ᠂ ᠪᠥᠬᠦ ᠦᠵᠡᠮᠵᠢ ᠶᠢᠨ ᠵᠢᠱᠢᠮᠡᠭ ᠬᠥᠲᠥᠴᠢ ᠶᠢ ᠵᠡᠷᠭᠡᠪᠡᠷ ᠦᠢᠯᠡᠳᠴᠦ᠂ | 15 ᠲᠥᠷᠥᠯ ᠤᠨ᠂ 69 ᠵᠦᠢᠯ ᠤᠨ ᠪᠦᠲᠦᠭᠡᠯᠴᠢ ᠰᠣᠶᠣᠯ ᠤᠨ ᠪᠦᠲᠦᠭᠡᠭᠳᠡᠬᠦᠨ ᠢ ᠪᠥᠬᠦ ᠬᠦᠴᠦᠨ ᠢᠶᠠᠷ ᠢᠶᠠᠨ ᠰᠤᠳᠤᠯᠤᠨ | ᠨᠡᠭᠡᠭᠡᠵᠦ᠂ ᠮᠦᠽᠧᠶ ᠶᠢᠨ IP ᠳᠦᠷᠢ ᠲᠥᠷᠬᠦ ᠶᠢ ᠡᠭᠦᠳᠦᠨ ᠪᠠᠶᠢᠭᠤᠯᠵᠤ᠂ ᠸᠢᠴᠠᠲ ᠤᠨ ᠳᠦᠷᠢ ᠲᠥᠷᠬᠦ ᠶᠢ ᠨᠡᠭᠡᠭᠡᠨ | ᠬᠥᠭᠵᠢᠭᠦᠯᠵᠦ᠂ ᠣᠯᠠᠨ ᠲᠦᠮᠡᠨ ᠤ ᠪᠠᠭ᠋ᠠᠷᠬᠠᠯ ᠢ ᠶᠡᠬᠡᠳᠡ ᠣᠯᠤᠭᠰᠠᠨ ᠪᠠᠶᠢᠨ᠎ᠠ᠃ | 2018 ᠣᠨ ᠤ 10 ᠳ᠋ᠤᠭᠠᠷ ᠰᠠᠷ᠎ᠠ ᠠᠴᠠ ᠡᠬᠢᠯᠡᠨ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠨᠡᠶᠢᠲᠡ | 300 ᠲᠦᠮᠡᠨ ᠬᠥᠮᠦᠨ ᠤᠳᠠᠭ᠎ᠠ ᠶᠢᠨ ᠦᠵᠡᠭᠴᠢᠳ ᠢ ᠭᠥᠯᠢᠶᠡᠨ ᠠᠪᠴᠤ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ | ᠬᠠᠨᠳᠤᠭᠤᠯᠤᠨ ᠥᠷᠨᠢᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠬᠢᠴᠢᠶᠡᠯ ᠳᠤ ᠣᠷᠣᠯᠴᠠᠭᠰᠠᠨ ᠬᠥᠮᠦᠨ ᠤ ᠲᠤᠭ᠎ᠠ 10 ᠲᠦᠮᠡᠨ ᠬᠥᠮᠦᠨ ᠤᠳᠠᠭ᠎ᠠ ᠶᠢ ᠳᠠᠪᠠᠪᠠ︔ ︽ᠣᠬᠢ ᠰᠣᠳᠣᠨ | ᠤᠨᠴᠠᠯᠢᠭᠲᠤ ᠡᠷᠦᠳᠡᠰᠦ ᠶᠢᠨ ᠲᠠᠯᠠᠰᠲᠤ ᠶᠢᠨ ᠦᠵᠡᠭᠦᠯᠭᠡ︾᠂ ︽ᠰᠠᠬᠢᠨ ᠪᠡᠷᠡᠯᠡᠵᠦ · ᠮᠥᠬᠦᠬᠦ ᠰᠢᠬᠠᠭᠰᠠᠨ ᠠᠮᠢᠲᠠᠨ︾᠂ | ︽ᠤᠮᠠᠷᠠᠲᠤ ᠬᠢᠯᠢ ᠬᠢᠵᠠᠭᠠᠷ ᠤᠨ ᠥᠪᠥᠷ ᠮᠣᠩᠭᠤᠯ ᠤᠨ ᠰᠢᠪᠠᠭᠤᠨ ᠤ ᠲᠥᠷᠥᠯ ᠤᠨ ᠣᠨᠴᠠ ᠦᠵᠡᠭᠦᠯᠭᠡ︾ ᠵᠡᠷᠭᠡ ᠭᠤᠤᠯ | ᠰᠡᠳᠦᠪᠲᠦ ᠦᠵᠡᠭᠦᠯᠭᠡ ᠶᠢ ᠠᠮᠵᠢᠯᠲᠠ ᠲᠠᠢ ᠡᠷᠭᠢᠯᠡᠵᠦ᠂ ᠮᠦᠽᠧᠶ ᠶᠢᠨ ᠨᠡᠶᠢᠭᠡᠮ ᠤᠨ ᠨᠥᠯᠥᠭᠡᠯᠡᠬᠦ ᠬᠦᠴᠦᠨ ᠢ | ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠤᠯᠤᠰ ᠤᠨ ᠵᠠᠯᠠᠭᠤᠴᠤᠳ ᠤᠨ ᠪᠣᠯᠪᠠᠰᠤᠨ ᠤ ᠳ᠋ᠤᠭᠠᠷ ᠭᠡᠬᠦ ᠡᠨᠡ ᠬᠦ ᠨᠡᠷ᠎ᠡ ᠶᠢᠨ | ᠬᠠᠭᠤᠳᠠᠰᠤ ᠶᠢ ᠨᠠᠩ ᠭᠡᠭᠡᠨ ᠰᠠᠷᠠᠭᠤᠯ ᠪᠣᠯᠭᠠᠨ᠎ᠠ᠃ | |