ᠲᠡᠷᠡ ᠡᠭᠡᠯ ᠵᠢᠷ ᠤᠨ ᠬᠥᠳᠡᠯᠮᠦᠷᠢ ᠪᠠᠷ ᠢᠶᠠᠨ ᠶᠡᠷᠦ ᠪᠤᠰᠤ ᠶᠢᠨ ᠠᠮᠵᠢᠯᠲᠠ ᠪᠦᠲᠦᠮᠵᠢ ᠡᠭᠦᠳᠴᠦ᠂ ᠲᠡᠭᠦᠨ ᠤ ᠪᠡᠶ᠎ᠡ | ᠳᠡᠭᠡᠷ᠎ᠡ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠬᠦ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ | ᠥᠪᠡᠷ ᠢ ᠪᠠᠨ ᠬᠦᠴᠦᠷᠬᠡᠭᠵᠢᠭᠦᠯᠬᠦ ᠭᠡᠷᠡᠯ ᠭᠢᠯᠪᠠᠭ᠎ᠠ ᠰᠠᠴᠤᠷᠠᠵᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ | ᠵᠣᠷᠢᠭᠲᠠᠢ ᠪᠠᠷ ᠰᠢᠨ᠎ᠡ ᠶᠢ ᠡᠭᠦᠳᠬᠦ ᠴᠠᠭ ᠦᠶ᠎ᠡ ᠶᠢᠨ ᠠᠭᠤᠷ ᠠᠮᠢᠰᠬᠤᠯ ᠪᠢᠯᠬᠠᠵᠤ᠂ ᠨᠡᠷ᠎ᠡ ᠠᠰᠢᠭ ᠢ ᠦᠯᠦ | ᠬᠥᠭᠡᠭᠡᠴᠡᠯᠳᠦᠬᠦ᠂ ᠵᠣᠷᠢᠭᠲᠠᠢ ᠪᠠᠷ ᠬᠤᠪᠢ ᠨᠡᠮᠡᠷᠢ ᠦᠵᠡᠭᠦᠯᠬᠦ ᠤᠯᠠᠮᠵᠢᠯᠠᠯᠲᠤ ᠰᠠᠶᠢᠬᠠᠨ ᠰᠤᠷᠲᠠᠯ ᠰᠢᠩᠭᠡᠵᠦ ᠪᠠᠶᠢᠳᠠᠭ᠂ | ᠲᠡᠷᠡ ᠪᠣᠯ ᠳᠠᠷᠤᠢ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠨᠡᠶᠢᠭᠡᠮᠯᠢᠭ ᠤᠨ ᠬᠡᠭᠡᠷ᠎ᠡ ᠭᠠᠳᠠᠨᠠᠬᠢ ᠵᠠᠯᠠᠭᠤᠴᠤᠳ ᠤᠨ | ᠭᠠᠵᠠᠷ ᠰᠢᠨᠵᠢᠯᠡᠭᠡᠨ ᠤ ᠬᠤᠪᠢ ᠨᠡᠮᠡᠷᠢ ᠦᠵᠡᠭᠦᠯᠦᠭᠰᠡᠨ ᠱᠠᠩᠨᠠᠯ ᠬᠦᠷᠳᠡᠭᠴᠢ ᠯᠢᠦ ᠸᠧᠢ ᠪᠣᠯᠤᠨ᠎ᠠ᠃ | | | | | | ᠯᠢᠦ ᠸᠧᠶ ᠬᠡᠭᠡᠷ᠎ᠡ ᠶᠢᠨ ᠲᠥᠷᠥᠯ ᠵᠦᠢᠯ ᠤᠨ ᠲᠣᠭᠤᠷᠢᠭ ᠲᠤ ᠴᠢᠯᠠᠭᠤᠯᠢᠭ ᠤᠨ ᠰᠣᠷᠢᠯ ᠢ ᠪᠠᠶᠢᠴᠠᠭᠠᠨ ᠦᠵᠡᠵᠦ | ᠪᠠᠶᠢᠨ᠎ᠠ | ᠯᠢᠦ ᠸᠧᠶ ᠣᠲᠣ ᠥᠪᠥᠷ ᠮᠣᠩᠭᠤᠯ ᠤᠨ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ︵ᠪᠦᠯᠦᠭᠯᠡᠯ︶ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠭᠤᠳ ᠬᠠᠷᠢᠶ᠎ᠠ ᠬᠤᠶᠠᠳᠤᠭᠠᠷ ᠭᠠᠵᠠᠷ ᠰᠢᠨᠵᠢᠯᠡᠭᠡ ᠠᠭᠤᠷᠬᠠᠶ ᠶᠢᠨ | ᠭᠠᠷᠤᠯᠲᠠ ᠶᠢᠨ ᠬᠠᠶᠢᠨ ᠪᠠᠶᠢᠴᠠᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠠᠵᠢᠯᠯᠠᠵᠤ ᠪᠣᠶ᠂ ᠤᠤᠯ ᠨᠢ ᠨᠢᠭᠡᠨ | ᠬᠡᠭᠡᠷ᠎ᠡ ᠭᠠᠳᠠᠨᠠᠬᠢ ᠭᠠᠵᠠᠷ ᠰᠢᠨᠵᠢᠯᠡᠭᠡᠨ ᠤ ᠡᠩ ᠤᠨ ᠠᠵᠢᠯᠲᠠᠨ ᠪᠠᠶᠢᠵᠤ᠂ 2022 ᠣᠨ ᠳᠤ ᠺᠣᠮᠫᠠᠨᠢ ᠶᠢᠨ ᠳᠡᠳ᠋ | ᠶᠡᠷᠦᠩᠬᠡᠶ ᠳᠠᠭᠠᠭᠠᠮᠠᠯ ᠢᠶᠠᠷ ᠲᠣᠮᠢᠯᠠᠭᠳᠠᠪᠠ᠃ ᠲᠡᠷᠡ ᠡᠬᠡ ᠣᠷᠣᠨ ᠢᠶᠠᠨ ᠬᠠᠶᠢᠷᠠᠯᠠᠬᠤ᠂ ᠭᠠᠵᠠᠷ ᠰᠢᠨᠵᠢᠯᠡᠭᠡᠨ ᠤ ᠦᠢᠯᠡᠰ ᠢ | ᠬᠠᠶᠢᠷᠠᠯᠠᠬᠤ ᠪᠠᠷ ᠪᠠᠷᠠᠬᠤ ᠦᠭᠡᠢ ᠪᠠᠰᠠ ︽ᠰᠢᠨ᠎ᠡ ᠶᠢ ᠡᠭᠦᠳᠦᠨ ᠪᠣᠳᠠᠲᠠᠢ ᠶᠢ ᠡᠷᠬᠢᠮᠯᠡᠬᠦ᠂ ᠠᠮᠢ ᠪᠡᠶ᠎ᠡ ᠪᠠᠨ ᠵᠣᠷᠢᠭᠤᠯᠬᠤ | ᠬᠠᠮᠵᠢᠯᠴᠠᠭ᠎ᠠ︾ ᠶᠢᠨ ᠵᠣᠷᠢᠭ ᠰᠠᠨᠠᠭ᠎ᠠ ᠲᠠᠢ ᠪᠠᠶᠢᠳᠠᠭ᠃ | ᠶᠡᠭᠡ ᠰᠤᠷᠭᠠᠭᠤᠯᠢ ᠲᠡᠭᠦᠰᠦᠭᠰᠡᠨ ᠤ ᠳᠠᠷᠠᠭ᠎ᠠ᠂ ᠯᠢᠦ ᠸᠧᠶ ︽ᠭᠠᠵᠠᠷ ᠰᠢᠨᠵᠢᠯᠡᠭᠡᠨ ᠤ ᠦᠢᠯᠡᠰ ᠲᠤ ᠠᠮᠢ ᠪᠡᠶ᠎ᠡ ᠪᠠᠨ | ᠵᠣᠷᠢᠭᠤᠯᠬᠤ︾ ᠬᠦᠰᠡᠯ ᠵᠡᠭᠦᠳᠦ ᠡᠪᠦᠷᠯᠡᠵᠦ᠂ ᠶᠡᠭᠡ ᠬᠤᠲᠠ ᠶᠢᠨ ᠥᠨᠳᠥᠷ ᠴᠠᠯᠢᠩ ᠤᠯᠬᠤ ᠵᠠᠪᠰᠢᠶᠠᠨ ᠢᠶᠠᠨ ᠡᠷᠡᠰ | ᠲᠠᠶᠠᠭᠳᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠳᠤ ᠣᠴᠢᠬᠤ ᠶᠢ ᠰᠣᠩᠭᠤᠵᠤ᠂ ᠲᠠᠯ᠎ᠠ | ᠨᠤᠲᠤᠭ ᠲᠤ ᠦᠨᠳᠦᠰᠦᠯᠡᠭᠰᠡᠨ ︽ᠭᠠᠵᠠᠷ ᠰᠢᠨᠵᠢᠯᠡᠭᠡᠨ ᠤ ᠬᠤᠰᠢᠭᠤᠴᠢ︾ ᠪᠣᠯᠪᠠ᠃ | ᠲᠡᠷᠡ ᠬᠡᠭᠡᠷ᠎ᠡ ᠭᠠᠳᠠᠨ᠎ᠠ ᠠᠵᠢᠯᠯᠠᠭᠠᠳ 17 ᠵᠢᠯ ᠪᠤᠯᠵᠤ᠂ ᠮᠠᠰᠢ ᠤᠯᠠᠨ ᠪᠡᠷᠬᠡ ᠬᠠᠲᠠᠭᠤᠵᠢᠯᠲᠠᠢ ᠣᠷᠴᠢᠨ | ᠲᠣᠭᠤᠷᠢᠨ ᠪᠠ ᠠᠵᠢᠯ ᠤᠨ ᠨᠥᠬᠦᠴᠡᠯ ᠢ ᠥᠩᠭᠡᠷᠡᠭᠡᠵᠡᠢ᠂ ᠭᠡᠪᠡᠴᠦ ᠲᠡᠷᠡ ᠢᠮᠠᠭᠲᠠ ᠠᠵᠢᠯ ᠢᠶᠠᠨ ᠪᠠᠷᠢᠮᠲᠠᠯᠠᠭᠰᠠᠭᠠᠷ | ᠢᠷᠡᠭᠰᠡᠨ ᠪᠥᠭᠡᠳ ᠢᠯᠡᠳᠲᠡ ᠦᠷ᠎ᠡ ᠪᠦᠲᠦᠮᠵᠢ ᠣᠯᠵᠠᠢ᠃ ᠲᠡᠷᠡ ᠤᠯᠠᠨ ᠲᠦᠷᠦᠯ ᠵᠦᠢᠯ ᠳᠤ ᠣᠷᠣᠯᠴᠠᠵᠤ᠂ ᠤᠯᠠᠨ | ᠭᠠᠵᠠᠷ ᠲᠤᠮᠤ᠂ ᠳᠤᠮᠳᠠ ᠬᠡᠯᠪᠡᠷᠢ ᠶᠢᠨ ᠠᠭᠤᠷᠬᠠᠢ ᠶᠢᠨ ᠭᠠᠷᠤᠯᠲᠠ ᠶᠢᠨ ᠣᠷᠣᠨ ᠢ ᠢᠯᠡᠷᠡᠭᠦᠯᠵᠦ᠂ ᠤᠯᠤᠰ ᠪᠣᠯᠤᠨ ᠣᠷᠣᠨ | ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠲᠤᠪᠤᠶᠢᠮ᠎ᠠ ᠬᠤᠪᠢ ᠨᠡᠮᠡᠷᠢ ᠦᠵᠡᠭᠦᠯᠪᠡ᠃ | 2008 ᠣᠨ ᠤ 8 ᠳ᠋ᠤᠭᠠᠷ ᠰᠠᠷ᠎ᠠ ᠠᠴᠠ 2010 ᠣᠨ ᠤ 12 ᠳ᠋ᠤᠭᠠᠷ ᠰᠠᠷ᠎ᠠ ᠪᠣᠯᠲᠠᠯᠠᠬᠢ ᠬᠤᠭᠤᠴᠠᠭᠠᠨ ᠳᠤ᠂ | ᠯᠢᠦ ᠸᠧᠶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠤᠭ ᠤᠨ ᠡᠮᠦᠨᠡᠲᠦ ᠬᠤᠰᠢᠭᠤᠨ ᠤ ᠰᠢᠨ᠎ᠡ ᠱᠠᠩ | ᠬᠠᠢ ᠰᠦᠮ᠎ᠡ ᠶᠢᠨ ᠨᠡᠭᠦᠷᠡᠰᠦᠨ ᠠᠭᠤᠷᠬᠠᠶ ᠶᠢᠨ ᠶᠢᠨ ᠴᠠᠩ ᠴᠧᠩ ᠠᠭᠤᠷᠬᠠᠶ ᠶᠢᠨ ᠣᠷᠣᠨ ᠤ ᠡᠮᠦᠨ᠎ᠡ ᠬᠡᠰᠡᠭ ᠤᠨ | ᠨᠡᠭᠦᠷᠡᠰᠦᠨ ᠠᠭᠤᠷᠬᠠᠶ ᠶᠢᠨ ᠨᠡᠭᠦᠷᠡᠰᠦᠨ ᠤ ᠬᠠᠶᠢᠨ ᠰᠢᠨᠵᠢᠯᠡᠯᠲᠡ︾ ᠶᠢᠨ ᠬᠡᠭᠡᠷ᠎ᠡ ᠶᠢᠨ ᠠᠵᠢᠯ ᠵᠢᠴᠢ ᠮᠠᠲ᠋ᠧᠷᠢᠶᠠᠯ ᠢ | ᠡᠮᠬᠢᠳᠬᠡᠬᠦ ᠳᠤ ᠣᠷᠣᠯᠴᠠᠵᠤ᠂ ᠲᠣᠮᠣ ᠬᠡᠯᠪᠡᠷᠢ ᠶᠢᠨ ᠨᠡᠭᠦᠷᠡᠰᠦᠨ ᠠᠭᠤᠷᠬᠠᠶ 1 ᠶᠢ ᠬᠠᠶᠢᠨ ᠲᠣᠳᠣᠯᠠᠵᠤ᠂ ᠨᠡᠭᠦᠷᠡᠰᠦᠨ ᠤ | ᠡᠬᠢ ᠪᠠᠶᠠᠯᠢᠭ ᠤᠨ ᠬᠡᠮᠵᠢᠶ᠎ᠡ ᠶᠢ 8074 ᠲᠦᠮᠡᠨ ᠲᠣᠨ ᠲᠤᠰᠢᠶᠠᠵᠠᠶ᠃ ᠡᠭᠦᠨ ᠠᠴᠠ ᠭᠠᠳᠠᠨ᠎ᠠ᠂ ᠲᠡᠷᠡ ᠪᠠᠰᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠳ ᠤᠨ ᠬᠤᠶᠢᠲᠤ ᠬᠤᠰᠢᠭᠤᠨ ᠤ ᠬᠥᠬᠡ ᠴᠠᠪ ᠤᠨ ᠵᠠᠨᠠᠷ ᠤᠨ | ᠴᠢᠯᠠᠭᠤᠯᠢᠭ ᠤᠨ ᠠᠭᠤᠷᠬᠠᠢ ᠶᠢᠨ ᠨᠠᠷᠢᠨ ᠪᠠᠶᠢᠴᠠᠭᠠᠯᠲᠠ︾ ᠶᠢᠨ ᠠᠵᠢᠯ ᠢ ᠡᠷᠬᠢᠯᠡᠨ ᠪᠡᠶᠡᠯᠡᠭᠦᠯᠵᠦ᠂ ᠳᠤᠮᠳᠠ ᠬᠡᠯᠪᠡᠷᠢ ᠶᠢᠨ | ᠵᠠᠨᠠᠷ ᠤᠨ ᠴᠢᠯᠠᠭᠤᠯᠢᠭ ᠤᠨ ᠠᠭᠤᠷᠬᠠᠢ 1 ᠶᠢ ᠬᠠᠶᠢᠨ ᠲᠣᠳᠣᠯᠠᠵᠤ᠂ ᠵᠠᠨᠠᠷ ᠤᠨ ᠴᠢᠯᠠᠭᠤᠯᠢᠭ ᠤᠨ ᠠᠭᠤᠷᠬᠠᠢ ᠶᠢᠨ ᠡᠬᠢ | ᠪᠠᠶᠠᠯᠢᠭ ᠤᠨ ᠬᠡᠮᠵᠢᠶ᠎ᠡ ᠶᠢ 48450 ᠲᠦᠮᠡᠨ ᠲᠣᠨ᠂ ᠵᠠᠨᠠᠷ ᠤᠨ ᠲᠣᠰᠣ ᠶᠢ 2664.75 ᠲᠦᠮᠡᠨ ᠲᠣᠨ ᠳᠤ ᠬᠦᠷᠭᠡᠪᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠳ ᠤᠨ ᠬᠤᠶᠢᠲᠤ ᠬᠤᠰᠢᠭᠤᠨ ᠤ ᠴᠠᠭᠠᠨᠲᠣᠬᠤᠢ ᠶᠢᠨ | ᠵᠡᠭᠦᠨ ᠬᠡᠰᠡᠭ ᠤᠨ ᠵᠠᠨᠠᠷ ᠤᠨ ᠴᠢᠯᠠᠭᠤᠯᠢᠭ ᠤᠨ ᠠᠭᠤᠷᠬᠠᠢ ᠶᠢᠨ ᠨᠠᠷᠢᠨ ᠪᠠᠶᠢᠴᠠᠭᠠᠯᠲᠠ︾ ᠶᠢᠨ ᠠᠵᠢᠯ ᠤᠨ ᠳᠤᠮᠳᠠ᠂ | ᠳᠤᠮᠳᠠ ᠬᠡᠯᠪᠡᠷᠢ ᠶᠢᠨ ᠵᠠᠨᠠᠷ ᠤᠨ ᠴᠢᠯᠠᠭᠤᠯᠢᠭ ᠤᠨ ᠠᠭᠤᠷᠬᠠᠢ 1 ᠶᠢ ᠬᠠᠶᠢᠨ ᠲᠣᠳᠣᠯᠠᠵᠤ᠂ ᠵᠠᠨᠠᠷ ᠤᠨ ᠴᠢᠯᠠᠭᠤᠯᠢᠭ ᠤᠨ | ᠠᠭᠤᠷᠬᠠᠢ ᠶᠢᠨ ᠡᠬᠢ ᠪᠠᠶᠠᠯᠢᠭ ᠤᠨ ᠬᠡᠮᠵᠢᠶ᠎ᠡ ᠶᠢ 24884 ᠲᠦᠮᠡᠨ ᠲᠣᠨ᠂ ᠵᠠᠨᠠᠷ ᠤᠨ ᠲᠣᠰᠣ ᠶᠢ 1327.24 ᠲᠦᠮᠡᠨ | ᠲᠣᠨ ᠲᠤᠰᠢᠶᠠᠪᠠ᠃ ᠡᠭᠦᠨ ᠤ ᠵᠡᠷᠭᠡᠴᠡᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠳ ᠤᠨ | ᠳᠤᠮᠳᠠ ᠬᠤᠰᠢᠭᠤᠨ ᠤ ᠱᠤᠸᠠᠩ ᠱᠧᠩ ᠮᠸᠢ ᠠᠭᠤᠷᠬᠠᠢ ᠶᠢᠨ ᠤᠷᠤᠨ ᠤ ᠮᠥᠩᠭᠦ ᠠᠯᠲᠠᠨ ᠤ ᠣᠷᠳᠣ ᠶᠢᠨ ᠦᠢᠯᠡᠳᠪᠦᠷᠢᠯᠡᠯ | ᠪᠣᠯᠤᠨ ᠭᠦᠨ ᠬᠡᠰᠡᠭ ᠲᠤ ᠬᠠᠶᠢᠨ ᠰᠢᠨᠵᠢᠯᠡᠬᠦ︾ ᠠᠵᠢᠯ ᠢ ᠳᠠᠭᠠᠭᠠᠴᠢᠯᠠᠨ ᠪᠡᠶᠡᠯᠡᠭᠦᠯᠵᠦ᠂ ᠳᠤᠮᠳᠠ ᠵᠡᠷᠭᠡ ᠤᠨ ᠮᠥᠩᠭᠦ | ᠠᠯᠲᠠᠨ ᠤ ᠣᠷᠳᠣ 1 ᠶᠢ ᠬᠠᠶᠢᠵᠤ ᠢᠯᠡᠷᠡᠭᠦᠯᠦᠭᠰᠡᠨ ᠪᠠᠶᠢᠨ᠎ᠠ᠃ ᠲᠡᠷᠡ ᠪᠠᠷ ᠪᠠᠰᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠷᠠᠳ ᠤᠨ ᠳᠤᠮᠳᠠᠳᠤ ᠬᠤᠰᠢᠭᠤᠨ ᠤ ᠪᠠᠶᠠᠨᠬᠠᠳᠠᠢ ᠠᠭᠤᠷᠬᠠᠢ ᠶᠢᠨ ᠲᠣᠭᠤᠷᠢᠭ ᠤᠨ ᠬᠠᠶᠢᠯᠤᠭᠤᠷ | ᠵᠣᠩᠰᠢ ᠶᠢᠨ ᠠᠭᠤᠷᠬᠠᠢ ᠶᠢ ᠬᠠᠶᠢᠨ ᠰᠢᠨᠵᠢᠯᠡᠬᠦ︾ ᠠᠵᠢᠯ ᠢ ᠡᠷᠬᠢᠯᠡᠨ ᠪᠡᠶᠡᠯᠡᠭᠦᠯᠵᠦ᠂ ᠳᠤᠮᠳᠠ ᠵᠡᠷᠭᠡ ᠶᠢᠨ 1 ᠬᠠᠶᠢᠯᠤᠭᠤᠷ | ᠵᠣᠩᠰᠢ ᠶᠢᠨ ᠠᠭᠤᠷᠬᠠᠢ ᠶᠢ ᠬᠠᠶᠢᠨ ᠲᠣᠳᠣᠯᠠᠪᠠ᠃ | | | | | | ᠲᠥᠰᠦᠯ ᠤᠨ ᠳᠤᠭᠤᠶᠢᠯᠠᠩ ᠤᠨ ᠭᠡᠰᠢᠭᠦᠨ ᠴᠢᠯᠠᠭᠤᠯᠢᠭ ᠤᠨ ᠰᠣᠷᠢᠯ ᠢ ᠰᠣᠩᠭᠤᠵᠤ ᠶᠠᠩᠵᠤ ᠬᠦᠷᠭᠡᠨ᠎ᠡ | ︽2013 ᠣᠨ ᠤ 5 ᠳ᠋ᠤᠭᠠᠷ ᠰᠠᠷ᠎ᠠ ᠳᠤ᠂ ᠪᠢ ᠠᠩᠬ᠎ᠠ ᠤᠳᠠᠭ᠎ᠠ ᠲᠦᠷᠦᠯ ᠵᠦᠢᠯ ᠤᠨ ᠳᠠᠭᠠᠭᠠᠮᠠᠯ ᠤᠨ | ᠲᠤᠰᠢᠶᠠᠯ ᠢ ᠡᠭᠦᠷᠭᠡᠯᠡᠵᠦ ᠪᠠᠶᠢᠨ᠎ᠠ᠂ ᠤᠷᠠᠳ ᠤᠨ ᠬᠤᠶᠢᠲᠤ ᠬᠤᠰᠢᠭᠤᠨ ᠤ ᠪᠠᠭᠮᠤᠳᠤ ᠳᠤ ᠲᠤᠰᠤᠨ ᠵᠠᠨᠠᠷ ᠤᠨ ᠬᠠᠶᠢᠨ | ᠪᠠᠶᠢᠴᠠᠭᠠᠯᠲᠠ ᠬᠢᠵᠦ᠂ ᠪᠠᠷᠢᠯᠭ᠎ᠠ ᠶᠢᠨ ᠭᠠᠵᠠᠷ ᠨᠢ ᠮᠣᠩᠭᠤᠯ ᠤᠯᠤᠰ ᠤᠨ ᠬᠢᠯᠢ ᠶᠢᠨ ᠱᠤᠭᠤᠮ ᠠᠴᠠ 5 ᠺᠢᠯᠤᠮᠧᠲᠷ ᠵᠠᠶᠢᠲᠠᠢ | ᠂ ᠪᠠᠷᠢᠯᠭ᠎ᠠ ᠶᠢᠨ ᠭᠠᠵᠠᠷ ᠨᠢ ᠡᠯᠡᠰᠦᠨ ᠴᠦᠯ ᠤᠨ ᠭᠤᠪᠢ ᠶᠢᠨ ᠣᠷᠴᠢᠨ ᠳᠤ ᠪᠠᠶᠢᠷᠢᠯᠠᠵᠤ᠂ ᠴᠠᠬᠢᠯᠭᠠᠨ ᠤᠰᠤ᠂ ᠲᠤᠬᠢᠶ᠎ᠠ | ᠦᠭᠡᠢ᠂ 5 ᠰᠠᠷ᠎ᠠ ᠶᠢᠨ ᠤᠷᠠᠳ ᠤᠨ ᠭᠤᠪᠢ ᠳᠤ ᠪᠠᠷᠤᠭ ᠡᠳᠦᠷ ᠪᠦᠷᠢ ᠰᠠᠯᠬᠢᠯᠠᠵᠤ᠂ ᠵᠠᠷᠢᠮ ᠳᠠᠭᠠᠨ ᠨᠢᠭᠡ ᠰᠥᠨᠢ | ᠤᠨᠲᠠᠬᠤ ᠳᠤ ᠨᠢᠭᠤᠷ ᠴᠢᠷᠠᠢ ᠳᠡᠭᠡᠷ᠎ᠡ ᠨᠢ ᠪᠦᠷ ᠡᠯᠡᠰᠦ ᠰᠢᠷᠣᠢ ᠲᠠᠢ᠃ ᠲᠥᠷᠥᠯ ᠵᠦᠢᠯ ᠤᠨ ᠳᠤᠭᠤᠶᠢᠯᠠᠩ ᠤᠨ ᠪᠣᠶ ᠪᠥᠬᠦᠶ | ᠬᠥᠮᠦᠰ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠡᠴᠦᠰ ᠲᠡᠭᠡᠨ ᠣᠯᠠᠨ ᠤ ᠬᠠᠮᠲᠤ ᠶᠢᠨ | ᠴᠢᠷᠮᠠᠶᠢᠯᠭ᠎ᠠ ᠪᠠᠷ᠂ ᠬᠤᠶᠠᠷ ᠵᠢᠯ ᠤᠨ ᠬᠤᠭᠤᠴᠠᠭᠠᠨ ᠳᠤ ᠪᠥᠬᠦ ᠠᠵᠢᠯ ᠢᠶᠠᠨ ᠤᠷᠤᠭᠰᠢᠲᠠᠶ ᠪᠡᠶᠡᠯᠡᠭᠦᠯᠵᠦ᠂ ᠬᠤᠶᠠᠷ ᠳᠤᠮᠳᠠ | ᠬᠡᠯᠪᠡᠷᠢ ᠶᠢᠨ ᠲᠣᠰᠣᠲᠤ ᠵᠠᠨᠠᠷ ᠤᠨ ᠠᠭᠤᠷᠬᠠᠶ ᠶᠢᠨ ᠬᠡᠪᠲᠡᠰᠢ ᠶᠢ ᠢᠯᠡᠷᠡᠭᠦᠯᠪᠡ︾ ᠭᠡᠵᠦ ᠯᠢᠦ ᠸᠧᠶ ᠲᠠᠨᠢᠯᠴᠠᠭᠤᠯᠪᠠ᠃ | ᠲᠣᠰ ᠲᠥᠷᠥᠯ ᠵᠦᠢᠯ ᠳᠤ ᠲᠣᠰᠣ ᠪᠣᠯᠪᠠᠰᠤᠷᠠᠭᠤᠯᠬᠤ᠂ ᠴᠠᠬᠢᠯᠭᠠᠨ ᠭᠠᠷᠭᠠᠬᠤ ᠵᠢᠴᠢ ᠪᠠᠷᠢᠯᠭ᠎ᠠ ᠶᠢᠨ ᠮᠠᠲ᠋ᠧᠷᠢᠶᠠᠯ | ᠦᠢᠯᠡᠳᠪᠦᠷᠢᠯᠡᠬᠦ ᠵᠡᠷᠭᠡ ᠪᠠᠭᠲᠠᠨ᠎ᠠ᠂ ᠨᠢᠭᠡ ᠯᠡ ᠳᠡᠭᠡᠷ᠎ᠡ ᠣᠯᠠᠨ ᠣᠯᠬᠤ ᠰᠢᠯᠢᠳᠡᠭ ᠢᠨᠵᠧᠨᠧᠷᠢᠩ ᠪᠣᠯᠤᠨ᠎ᠠ᠃ ᠲᠥᠷᠥᠯ | ᠵᠦᠢᠯ ᠪᠠᠶᠢᠭᠤᠯᠤᠭᠳᠠᠨ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠭᠦᠨ ᠤ ᠥᠷᠲᠡᠭ ᠢ 1. | 5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠰᠢᠭ ᠭᠠᠶᠢᠯᠢ ᠶᠢ 3900 ᠲᠦᠮᠡᠨ ᠲᠥᠭᠦᠷᠢᠭ ᠪᠡᠶᠡᠯᠡᠭᠦᠯᠦᠨ᠎ᠡ᠃ | ᠠᠭᠤᠷᠬᠠᠶ ᠶᠢᠨ ᠦᠢᠯᠡᠳᠪᠦᠷᠢᠯᠡᠯ ᠤᠨ ᠬᠡᠪᠴᠢᠶ᠎ᠡ ᠨᠢ ᠵᠢᠯ ᠳᠤ 1200 ᠲᠦᠮᠡᠨ ᠲᠣᠨ᠂ ᠵᠢᠷᠤᠭᠯᠠᠨ ᠲᠥᠯᠥᠪᠯᠡᠵᠦ | ᠦᠢᠯᠡᠴᠢᠯᠡᠬᠦ ᠬᠤᠭᠤᠴᠠᠭ᠎ᠠ ᠨᠢ 35 ᠵᠢᠯ ᠪᠣᠯᠤᠨ᠎ᠠ᠃ ᠣᠷᠣᠨ ᠨᠤᠲᠤᠭ ᠲᠤ ᠶᠡᠭᠡ ᠬᠡᠮᠵᠢᠶᠡᠨ ᠤ ᠬᠥᠮᠦᠰ ᠲᠤ ᠠᠵᠢᠯ | ᠣᠯᠭᠤᠬᠤ ᠠᠵᠢᠯ ᠤᠨ ᠪᠠᠶᠢᠷᠢ ᠬᠠᠩᠭᠠᠵᠤ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠯᠤᠲᠤ ᠶᠡᠭᠡ | ᠠᠬᠢᠭᠤᠯᠬᠤ ᠦᠢᠯᠡᠳᠦᠯ ᠦᠵᠡᠭᠦᠯᠬᠦ ᠪᠥᠭᠡᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ | ᠬᠦᠴᠦ ᠨᠡᠮᠡᠷᠢᠯᠡᠨ᠎ᠡ᠃ | | | | | | ᠬᠡᠭᠡᠷ᠎ᠡ ᠭᠠᠳᠠᠨᠠᠬᠢ ᠲᠥᠷᠥᠯ ᠵᠦᠢᠯ ᠤᠨ ᠬᠡᠯᠲᠡᠰ ᠤᠨ ᠲᠤᠬᠠᠶ ᠶᠢᠨ ᠲᠠᠯᠠᠪᠠᠶ ᠶᠢ ᠬᠠᠶᠢᠨ ᠪᠠᠶᠢᠴᠠᠭᠠᠬᠤ ᠳᠤ᠂ ᠵᠡᠭᠦᠨ ︵ | ᠭᠤᠷᠪᠠ︶ ᠨᠢ ᠯᠢᠦ ᠸᠧᠶ ᠪᠣᠯᠤᠨ᠎ᠠ | 2017 ᠣᠨ ᠳᠤ ᠪᠠᠶᠠᠨᠨᠠᠭᠤᠷ ᠬᠤᠲᠠ ᠶᠢᠨ ᠱᠤᠸᠠᠩ ᠱᠧᠩ ᠮᠧᠶ ᠠᠯᠲᠠᠨ ᠤ ᠠᠭᠤᠷᠬᠠᠶ ᠶᠢᠨ ᠦᠢᠯᠡᠳᠪᠦᠷᠢᠯᠡᠯ ᠤᠨ | ᠬᠠᠶᠢᠨ ᠰᠢᠨᠵᠢᠯᠡᠯᠲᠡ ᠶᠢᠨ ᠡᠭᠦᠷᠭᠡ ᠶᠢ ᠭᠥᠯᠢᠶᠡᠨ ᠠᠪᠴᠠᠶ᠂ ᠲᠣᠰ ᠠᠭᠤᠷᠬᠠᠶ ᠪᠣᠯ ᠵᠢᠵᠢᠭ ᠬᠡᠯᠪᠡᠷᠢ ᠶᠢᠨ ᠬᠤᠳᠳᠤᠭ | ᠳᠣᠲᠣᠷ᠎ᠠ ᠠᠭᠤᠷᠬᠠᠶ ᠮᠠᠯᠲᠠᠬᠤ ᠠᠵᠢᠯ ᠪᠣᠯᠤᠨ᠎ᠠ᠂ ᠡᠷᠬᠡᠪᠰᠢ ᠬᠤᠳᠳᠤᠭ ᠳᠣᠲᠣᠷ᠎ᠠ ᠬᠢᠵᠦ ᠳᠠᠭᠤᠰᠬᠠᠬᠤ ᠬᠡᠷᠡᠭᠲᠡᠶ᠂ | ᠬᠤᠳᠳᠤᠭ ᠳᠡᠭᠡᠷ᠎ᠡ ᠭᠠᠷᠴᠤ ᠪᠠᠭᠤᠬᠤ ᠳᠤ ᠬᠥᠮᠦᠨ ᠰᠠᠭᠤᠯᠭᠠᠬᠤ ᠴᠠᠬᠢᠯᠭᠠᠨ ᠱᠠᠲᠤ ᠥᠬᠡᠶ ᠪᠣᠯ ᠵᠥᠪᠬᠡᠨ ᠪᠠᠷᠠᠭᠠᠨ ᠤ | ᠭᠠᠩᠰᠠ ᠳᠤ ᠰᠠᠭᠤᠵᠤ ᠳᠡᠭᠡᠭᠰᠢ ᠳᠣᠷᠣᠭᠰᠢ ᠪᠠᠭᠤᠵᠤ ᠪᠣᠯᠤᠨ᠎ᠠ᠂ ᠠᠵᠢᠯ ᠤᠨ ᠣᠷᠴᠢᠨ ᠲᠣᠭᠤᠷᠢᠨ ᠨᠡᠯᠢᠶᠡᠳ ᠮᠠᠭᠤ᠂ | ᠨᠦᠬᠡᠨ ᠵᠠᠮ ᠳᠡᠭᠡᠷ᠎ᠡ ᠳᠤᠰᠤᠯ ᠤᠰᠤ ᠪᠣᠷᠣᠭᠠᠨ ᠣᠷᠣᠵᠤ᠂ ᠳᠤᠤᠷ᠎ᠠ ᠲᠠᠯ᠎ᠠ ᠶᠢᠨ ᠨᠦᠬᠡᠨ ᠵᠠᠮ ᠳᠤ ᠤᠰᠤ ᠬᠤᠷᠠᠵᠤ᠂ | ᠨᠡᠯᠢᠶᠡᠳ ᠭᠦᠨ ᠭᠠᠵᠠᠷ ᠲᠤ ᠡᠪᠦᠳᠦᠭ ᠬᠦᠷᠴᠦ ᠪᠣᠯᠤᠨ᠎ᠠ᠃ ᠪᠠᠶᠢᠭᠤᠯᠭ᠎ᠠ ᠶᠢᠨ ᠮᠠᠰᠢ ᠣᠯᠠᠨ ᠬᠠᠮᠲᠤ ᠠᠵᠢᠯᠲᠠᠨ ᠪᠦᠷ | ᠬᠤᠳᠳᠤᠭ ᠲᠤ ᠣᠷᠣᠵᠤ ᠠᠵᠢᠯᠯᠠᠬᠤ ᠵᠣᠷᠢᠭ ᠦᠭᠡᠢ᠂ ᠪᠠᠰᠠ ᠬᠤᠳᠳᠤᠭ ᠲᠤ ᠣᠷᠣᠵᠤ ᠠᠵᠢᠯᠯᠠᠬᠤ ᠳᠤᠷ᠎ᠠ ᠦᠭᠡᠢ᠂ ᠯᠢᠦ | ᠸᠧᠢ ᠰᠠᠨᠠᠭᠠᠴᠢᠯᠠᠭ᠎ᠠ ᠠᠴᠠ ᠪᠠᠨ ᠳᠤᠭᠤᠶᠢᠯᠠᠩ ᠳᠠᠭᠠᠭᠤᠯᠤᠨ ᠬᠤᠳᠳᠤᠭ ᠲᠤ ᠣᠷᠣᠵᠤ ᠠᠵᠢᠯᠯᠠᠨ᠂ ᠬᠠᠭᠠᠰ ᠵᠢᠯ ᠤᠨ | ᠳᠣᠲᠣᠷ᠎ᠠ ᠡᠳᠦᠷ ᠪᠦᠷᠢ ᠬᠤᠳᠳᠤᠭ ᠳᠣᠲᠣᠷ᠎ᠠ 6 ᠴᠠᠭ ᠠᠵᠢᠯᠯᠠᠬᠤ ᠶᠢ ᠪᠠᠷᠢᠮᠲᠠᠯᠠᠵᠤ᠂ ᠬᠠᠮᠤᠭ ᠰᠡᠭᠦᠯ ᠳᠤ ᠠᠵᠢᠯ ᠤᠨ | ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠳᠤᠮᠳᠠ ᠬᠡᠯᠪᠡᠷᠢ ᠶᠢᠨ ᠮᠥᠩᠭᠦᠨ ᠠᠯᠲᠠᠨ ᠠᠭᠤᠷᠬᠠᠢ ᠶᠢ | ᠢᠯᠡᠷᠡᠭᠦᠯᠵᠦ᠂ ᠱᠤᠸᠠᠩ ᠱᠧᠩ ᠮᠧᠢ ᠮᠥᠩᠭᠦᠨ ᠠᠯᠲᠠᠨ ᠠᠭᠤᠷᠬᠠᠢ ᠶᠢ ᠦᠢᠯᠡᠳᠪᠦᠷᠢᠯᠡᠯ ᠳᠤ ᠣᠷᠣᠭᠤᠯᠤᠭᠰᠠᠨ ᠤ ᠳᠠᠷᠠᠭ᠎ᠠ | ᠂ ᠲᠤᠬᠠᠢ ᠶᠢᠨ ᠭᠠᠵᠠᠷ ᠤᠨ ᠬᠡᠳᠦᠨ ᠵᠠᠭᠤᠨ ᠬᠥᠮᠦᠨ ᠤ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠵᠦ᠂ | ᠠᠭᠤᠷᠬᠠᠢ ᠶᠢᠨ ᠲᠠᠯ᠎ᠠ ᠪᠣᠯᠤᠨ ᠪᠠᠶᠢᠭᠤᠯᠭ᠎ᠠ ᠶᠢᠨ ᠰᠠᠶᠢᠨ ᠦᠨᠡᠯᠡᠯᠲᠡ ᠶᠢ ᠣᠯᠵᠠᠢ᠃ | 2022 ᠣᠨ ᠤ 4 ᠳ᠋ᠦ᠋ᠭᠡᠷ ᠰᠠᠷ᠎ᠠ ᠳᠤ᠂ ᠯᠢᠦ ᠸᠧᠶ ᠶᠢᠨ ᠪᠠᠶᠢᠭ᠎ᠠ ᠨᠢᠭᠡᠴᠢ ᠨᠢ ᠵᠠᠰᠠᠭ ᠤᠨ ᠣᠷᠳᠣᠨ ᠤ | ᠨᠠᠶᠢᠳᠠᠯᠭ᠎ᠠ ᠪᠠᠷ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠠᠭᠤᠷᠬᠠᠶ ᠳᠤ ᠵᠢᠷᠤᠭ ᠬᠡᠪᠯᠡᠯ ᠤᠨ ᠬᠢᠨᠠᠨ | ᠪᠠᠶᠢᠴᠠᠭᠠᠯᠲᠠ ᠬᠢᠪᠠ᠂ ᠲᠤᠬᠠᠶ ᠶᠢᠨ ᠦᠶ᠎ᠡ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠬᠦᠨᠳᠦ ᠨᠣᠴᠢᠲᠠᠶ ᠪᠠᠶᠢᠭᠰᠠᠨ ᠴᠤ ᠪᠠᠶᠢᠭᠤᠯᠭ᠎ᠠ ᠨᠢᠭᠡᠴᠢ ᠨᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ | ᠥᠬᠡᠶ ᠪᠠᠶᠢᠪᠠ᠂ ᠭᠡᠪᠡᠴᠦ ᠲᠣᠰ ᠲᠥᠷᠥᠯ ᠵᠦᠢᠯ ᠨᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ | ᠲᠥᠷᠥᠯ ᠵᠦᠢᠯ ᠪᠠᠶᠢᠵᠤ᠂ ᠡᠷᠬᠡᠪᠰᠢ ᠴᠠᠭ ᠲᠠᠭᠠᠨ ᠠᠵᠢᠯ ᠢᠶᠠᠨ ᠪᠡᠶᠡᠯᠡᠭᠦᠯᠬᠦ ᠬᠡᠷᠡᠭᠲᠡᠶ᠃ ᠴᠠᠭ ᠪᠠᠴᠢᠮ ᠡᠭᠦᠷᠭᠡ ᠬᠦᠨᠳᠦ᠂ | ᠪᠠᠶᠢᠭᠤᠯᠭ᠎ᠠ ᠨᠢᠭᠡᠴᠢ ᠶᠢᠨ ᠡᠭᠦᠷᠭᠡ ᠪᠠᠭᠤᠯᠭᠠᠭᠰᠠᠨ ᠤ ᠳᠠᠷᠠᠭ᠎ᠠ᠂ ᠯᠢᠦ ᠸᠧᠶ ᠪᠠᠶᠠᠨᠨᠠᠭᠤᠷ ᠬᠤᠲᠠ ᠶᠢᠨ ᠲᠤᠬᠠᠶ ᠶᠢᠨ | ᠭᠠᠵᠠᠷ ᠲᠠᠬᠢ ᠬᠠᠮᠲᠤ ᠠᠵᠢᠯᠯᠠᠭᠰᠠᠳ ᠢᠶᠠᠨ ᠢᠳᠡᠪᠬᠢᠲᠡᠶ ᠵᠣᠬᠢᠶᠠᠨ ᠪᠠᠶᠢᠭᠤᠯᠬᠤ ᠶᠢᠨ ᠬᠠᠮᠲᠤ ᠲᠤᠬᠠᠶ ᠶᠢᠨ ᠭᠠᠵᠠᠷ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠠᠢ ᠨᠡᠪᠲᠡᠷᠡᠯᠴᠡᠵᠦ ᠵᠥᠪᠰᠢᠶᠡᠷᠡᠭᠰᠡᠨ ᠤ ᠳᠠᠷᠠᠭ᠎ᠠ᠂ | ᠰᠠᠨᠠᠭᠠᠴᠢᠯᠠᠭ᠎ᠠ ᠠᠴᠠ ᠪᠠᠨ ᠲᠦᠷᠦᠭᠦᠯᠡᠨ ᠬᠢᠵᠢᠭᠲᠦ ᠣᠷᠣᠨ ᠳᠤ ᠣᠷᠣᠵᠤ ᠠᠵᠢᠯᠯᠠᠵᠤ᠂ ᠵᠠᠰᠠᠭ ᠤᠨ ᠣᠷᠳᠣᠨ ᠤ | ᠲᠤᠰᠢᠶᠠᠭᠰᠠᠨ ᠠᠵᠢᠯ ᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠦᠭᠰᠡᠨ ᠪᠠᠶᠢᠨ᠎ᠠ᠃ | ᠯᠢᠦ ᠸᠧᠢ ᠠᠵᠢᠯ ᠤᠨ ᠳᠤᠮᠳᠠ ᠪᠠᠨ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠭᠰᠠᠨ ᠪᠣᠯᠪᠠᠴᠤ | ᠲᠡᠷᠡ ᠢᠮᠠᠭᠲᠠ ᠢᠳᠡᠪᠬᠢᠲᠡᠢ ᠣᠪᠣᠷ ᠪᠠ ᠡᠷᠡᠰ ᠪᠠᠲᠤ ᠢᠲᠡᠭᠡᠯ ᠵᠣᠷᠢᠭ ᠢᠶᠠᠷ ᠬᠠᠨᠳᠤᠵᠤ ᠢᠯᠠᠨ ᠳᠠᠪᠠᠵᠤ ᠴᠢᠳᠠᠭᠰᠠᠨ | ᠪᠠᠶᠢᠨ᠎ᠠ᠃ ᠲᠡᠷᠡ ᠪᠣᠯ ᠭᠠᠵᠠᠷ ᠰᠢᠨᠵᠢᠯᠡᠭᠡᠨ ᠤ ᠰᠢᠯᠢᠳᠡᠭ ᠠᠵᠢᠯᠲᠠᠨ᠂ ᠭᠠᠵᠠᠷ ᠰᠢᠨᠵᠢᠯᠡᠭᠡᠨ ᠤ ᠵᠠᠯᠠᠭᠤ ᠬᠥᠮᠦᠰ ᠤᠨ | ᠰᠤᠷᠤᠯᠴᠠᠬᠤ ᠳᠠᠭᠤᠷᠢᠶᠠᠯ ᠮᠥᠨ᠂ ᠲᠡᠷᠡ ᠰᠢᠷᠭᠠᠭᠤ ᠬᠥᠳᠡᠯᠮᠦᠷᠢ ᠪᠠᠷ ᠢᠶᠠᠨ ︽ᠤᠯᠤᠰ ᠢᠶᠠᠨ ᠬᠠᠶᠢᠷᠠᠯᠠᠵᠤ ᠬᠤᠪᠢ ᠨᠡᠮᠡᠷᠢ | ᠦᠵᠡᠭᠦᠯᠬᠦ᠂ ᠵᠠᠮ ᠨᠡᠭᠡᠭᠡᠨ ᠰᠢᠨ᠎ᠡ ᠶᠢ ᠡᠭᠦᠳᠬᠦ᠂ ᠬᠠᠲᠠᠭᠤᠵᠢᠯᠲᠠᠢ ᠪᠣᠷᠣᠭᠵᠢᠭᠤᠨ ᠪᠠᠶᠢᠬᠤ︾ ᠶᠢ ᠥᠪᠥᠷ ᠮᠣᠩᠭᠤᠯ ᠤᠨ | ᠡᠬᠡ ᠭᠠᠵᠠᠷ ᠲᠤ ᠪᠢᠴᠢᠭᠯᠡᠵᠡᠢ᠃ ︵ᠸᠠᠩ ᠶᠠ ᠨᠠᠨ︶ | |