8 ᠳ᠋ᠤᠭᠠᠷ ᠰᠠᠷ᠎ᠠ ᠶᠢᠨ 17 ᠤ ᠦᠳᠡ ᠶᠢᠨ ᠡᠮᠦᠨᠡᠬᠢ 10 ᠴᠠᠭ ᠲᠤ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠰᠬᠠᠶ ᠲᠤᠰᠢᠶᠠᠯᠲᠤ ᠳᠡᠳ᠋ ᠶᠡᠷᠦᠩᠬᠡᠶ ᠬᠢᠨᠠᠨ ᠪᠠᠶᠢᠴᠠᠭᠠᠭᠴᠢ ᠵᠣᠣ | ᠹᠠᠩ ᠲᠥᠯᠥᠭᠡᠯᠡᠭᠴᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︽︿8 ᠳ᠋ᠤᠭᠠᠷ ᠰᠠᠷ᠎ᠠ ᠶᠢᠨ 5 ᠤ ᠡᠳᠦᠷ﹀ | ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢᠨ ᠴᠠᠭ︾ ᠤᠨ ᠰᠢᠭᠤᠳ ᠨᠡᠪᠲᠡᠷᠡᠭᠦᠯᠭᠡ ᠶᠢᠨ ᠰᠤᠷᠪᠤᠯᠵᠢᠯᠠᠭ᠎ᠠ ᠶᠢᠨ | ᠫᠷᠤᠭ᠍ᠷᠠᠮ ᠳᠤ ᠰᠠᠭᠠᠲᠠᠵᠤ᠂ ᠮᠠᠨ ᠤ ᠲᠢᠩᠬᠢᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠤᠬᠠᠭᠤᠯᠤᠨ | ᠲᠤᠭᠤᠰᠢᠯᠠᠭᠤᠯᠤᠭᠰᠠᠨ᠂ ︽︿8 ᠳ᠋ᠤᠭᠠᠷ ᠰᠠᠷ᠎ᠠ ᠶᠢᠨ 5 ᠤ ᠡᠳᠦᠷ﹀︾ ᠤᠨ ᠬᠠᠤᠯᠢ ᠲᠦᠭᠡᠮᠡᠯᠵᠢᠭᠦᠯᠬᠦ | ᠲᠥᠯᠥᠪᠵᠢᠭᠦᠯᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠭᠰᠠᠨ᠂ ᠬᠠᠥᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠭᠰᠠᠨ ᠠᠵᠢᠯ ᠤᠨ ᠦᠷ᠎ᠡ ᠪᠦᠲᠦᠮᠵᠢ ᠶᠢ ᠪᠥᠬᠦ | ᠲᠠᠯ᠎ᠠ ᠪᠠᠷ ᠲᠠᠨᠢᠯᠴᠠᠭᠤᠯᠪᠠ᠃ ᠡᠳᠦᠭᠡ ᠰᠤᠷᠪᠤᠯᠵᠢᠯᠠᠭᠰᠠᠨ ᠪᠣᠳᠠᠲᠤ ᠲᠡᠮᠳᠡᠭᠯᠡᠯ ᠳᠣᠣᠷᠠᠬᠢ ᠮᠡᠲᠦ᠂ ᠰᠤᠷᠤᠯᠴᠠᠯᠭ᠎ᠠ ᠳᠤ | ᠯᠠᠪᠯᠠᠯᠲᠠ ᠪᠣᠯᠭᠠᠮᠤ᠃ | ᠬᠥᠲᠥᠯᠥᠭᠴᠢ᠄ ᠶᠠᠭ ᠫᠷᠤᠭ᠍ᠷᠠᠮ ᠦᠵᠡᠵᠦ ᠪᠠᠶᠢᠭ᠎ᠠ ᠨᠠᠶᠢᠵᠠ ᠨᠠᠷ ᠡ᠂ ᠰᠠᠶᠢᠨ ᠪᠠᠶᠢᠵᠠᠭᠠᠨ᠎ᠠ ᠦᠦ︕ ᠡᠨᠡ | ᠦᠶ᠎ᠡ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ | ᠬᠠᠤᠯᠢ ᠪᠠᠷ ᠵᠠᠰᠠᠬᠤ ᠤᠬᠠᠭᠤᠯᠭ᠎ᠠ ᠶᠢᠨ ᠲᠥᠪ ᠤᠨ ᠨᠡᠪᠲᠡᠷᠡᠭᠦᠯᠭᠡ ᠶᠢᠨ ᠶᠡᠭᠡ ᠲᠢᠩᠬᠢᠮ ᠳᠤ᠂ ᠲᠠᠨ ᠳᠤ ︽︿8 ᠳ᠋ᠤᠭᠠᠷ | ᠰᠠᠷ᠎ᠠ ᠶᠢᠨ 5 ᠤ ᠡᠳᠦᠷ﹀ ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢᠨ ᠴᠠᠭ︾ ᠭᠡᠬᠦ ᠬᠠᠮ ᠵᠠᠭᠤᠴᠢᠯᠠᠭᠤᠷ ᠤᠨ | ᠰᠢᠭᠤᠳ ᠨᠡᠪᠲᠡᠷᠡᠭᠦᠯᠭᠡ ᠶᠢᠨ ᠫᠷᠤᠭ᠍ᠷᠠᠮ ᠢ ᠠᠪᠴᠢᠷᠠᠵᠠᠶ᠂ ᠪᠢ ᠪᠣᠯ ᠬᠥᠲᠥᠯᠥᠭᠴᠢ ᠸᠠᠩ ᠱᠠ ᠪᠣᠯᠤᠨ᠎ᠠ᠃ ᠲᠠ ᠥᠪᠥᠷ | ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠣᠨᠢᠨ ᠮᠡᠳᠡᠭᠡᠨ ᠤ ᠶᠡᠷᠦᠩᠬᠡᠶᠢᠯᠡᠭᠰᠡᠨ ᠷᠠᠳᠢᠣ᠋ ᠨᠡᠪᠲᠡᠷᠡᠭᠦᠯᠭᠡ᠂ ᠪᠧᠨ ᠲᠧᠩ | ᠬᠠᠮ ᠵᠠᠭᠤᠴᠢᠯᠠᠭᠤᠷ᠂ ᠬᠠᠤᠯᠢ ᠴᠠᠭᠠᠵᠠ ᠶᠢᠨ ᠲᠢᠩᠬᠢᠮ ᠤᠨ ᠠᠯᠪᠠᠨ ᠲᠠᠯ᠎ᠠ ᠶᠢᠨ ᠲᠢᠭ ᠲᠤᠭ᠂ ᠬᠤᠷᠳᠤᠨ ᠭᠠᠷ᠂ ᠸᠠᠩ ᠢ | ᠰᠣᠨᠢᠨ ᠮᠡᠳᠡᠭᠡᠨ ᠤ ᠬᠡᠷᠡᠭᠯᠡᠭᠴᠢ ᠶᠢᠨ ᠦᠵᠦᠭᠦᠷ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠦᠯᠢᠶᠡᠨ ᠰᠣᠨᠣᠰᠴᠤ ᠦᠵᠡᠵᠦ | ᠪᠣᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠥᠪᠥᠷ ᠮᠣᠩᠭᠤᠯ ᠤᠨ | ᠷᠠᠳᠢᠣ᠋ ᠲᠧᠯᠸᠢᠰ ᠬᠤᠷᠢᠶ᠎ᠠ ᠶᠢᠨ ᠷᠠᠳᠢᠣ᠋ ᠨᠡᠪᠲᠡᠷᠡᠭᠦᠯᠭᠡ ᠰᠣᠨᠢᠨ ᠮᠡᠳᠡᠭᠡᠨ ᠤ ᠲᠥᠪ ᠲᠠᠢ ᠬᠠᠮᠲᠤᠷᠠᠨ ᠬᠠᠮ ᠵᠠᠭᠤᠴᠢᠯᠠᠭᠤᠷ ᠤᠨ | ᠰᠢᠷᠢᠰ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ︽︿8 ᠳ᠋ᠤᠭᠠᠷ ᠰᠠᠷ᠎ᠠ ᠶᠢᠨ 5 ᠤ ᠡᠳᠦᠷ﹀ ᠤᠨ ᠬᠠᠤᠯᠢ | ᠲᠦᠭᠡᠮᠡᠯᠵᠢᠭᠦᠯᠬᠦ ᠠᠵᠢᠯᠯᠠᠭ᠎ᠠ︾ ᠶᠢ ᠨᠡᠶᠢᠲᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠰᠬᠠᠶ ᠲᠤᠰᠢᠶᠠᠯᠲᠤ ᠳᠡᠳ᠋ ᠶᠡᠷᠦᠩᠬᠡᠶ ᠬᠢᠨᠠᠨ ᠪᠠᠶᠢᠴᠠᠭᠠᠬᠤ ᠵᠣᠣ ᠹᠠᠩ ᠶᠢ | ᠣᠨᠴᠠᠭᠠᠶᠢᠯᠠᠨ ᠤᠷᠢᠵᠤ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ︽8 ᠳ᠋ᠤᠭᠠᠷ ᠰᠠᠷ᠎ᠠ ᠶᠢᠨ 5 ᠤ ᠡᠳᠦᠷ︾ ᠤᠨ | ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ ᠡᠭᠦᠷᠭᠡ ᠶᠢ ᠬᠢᠨᠠᠮᠠᠭᠠᠶ ᠭᠦᠢᠴᠡᠳᠭᠡᠭᠰᠡᠨ ᠠᠵᠢᠯ ᠤᠨ ᠦᠷ᠎ᠡ ᠪᠦᠲᠦᠭᠡᠯ ᠤᠨ | ᠲᠤᠬᠠᠶ ᠠᠭᠤᠵᠢᠷᠠᠲᠠᠯ᠎ᠠ ᠶᠠᠷᠢᠯᠴᠠᠪᠠ᠃ | ᠬᠥᠲᠥᠯᠥᠭᠴᠢ᠄ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠪᠠᠷ ᠭᠤᠤᠯ ᠪᠣᠯᠭᠠᠭᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠶᠡᠭᠡ ᠪᠠᠷ ᠤᠬᠠᠭᠤᠯᠵᠤ᠂ ᠲᠥᠷᠥ ᠶᠢᠨ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ︽8 ᠳ᠋ᠤᠭᠠᠷ ᠰᠠᠷ᠎ᠠ ᠶᠢᠨ 5 ᠤ ᠡᠳᠦᠷ︾ ᠤᠨ ᠬᠠᠤᠯᠢ ᠲᠦᠭᠡᠮᠡᠯᠵᠢᠭᠦᠯᠬᠦ ᠠᠵᠢᠯ ᠳᠤ ᠭᠤᠤᠯᠳᠠᠭᠤ | ᠶᠠᠮᠠᠷ ᠶᠠᠮᠠᠷ ᠤᠬᠠᠭᠤᠯᠭ᠎ᠠ ᠶᠢᠨ ᠡᠭᠦᠷᠭᠡ ᠶᠢ ᠡᠭᠦᠷᠭᠡᠯᠡᠬᠦ ᠪᠣᠶ︖ | ᠵᠤᠤ ᠹᠠᠩ᠄ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ︽8 ᠳ᠋ᠤᠭᠠᠷ ᠰᠠᠷ᠎ᠠ ᠶᠢᠨ 5 ᠤ ᠡᠳᠦᠷ︾ ᠤᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠤᠮᠳᠠ ᠨᠡᠶᠢᠲᠡᠴᠢ ᠴᠢᠨᠠᠷᠲᠠᠢ ᠡᠭᠦᠷᠭᠡ ᠶᠢ ᠡᠭᠦᠷᠭᠡᠯᠡᠭᠰᠡᠨ | ᠮᠥᠷᠲᠡᠭᠡᠨ ᠪᠠᠰᠠ ᠪᠠᠶᠢᠭᠠᠯᠢ ᠶᠢᠨ ᠡᠬᠢ ᠪᠠᠶᠠᠯᠢᠭ ᠤᠨ ᠣᠨᠴᠠᠯᠢᠭ ᠪᠦᠬᠦᠢ ᠰᠠᠯᠠᠭ᠎ᠠ ᠮᠥᠴᠢᠷ ᠤᠨ ᠴᠢᠨᠠᠷᠲᠠᠢ | ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠡᠢ᠃ | ᠨᠢᠭᠡ ᠳᠤ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ ᠶᠢ | ᠳᠣᠪᠤᠶᠢᠯᠭᠠᠵᠤ᠂ ᠲᠡᠭᠦᠨ ᠢ ᠪᠠᠶᠢᠭᠠᠯᠢ ᠶᠢᠨ ᠡᠬᠢ ᠪᠠᠶᠠᠯᠢᠭ ᠤᠨ ᠬᠠᠥᠯᠢ ᠪᠠᠷ ᠵᠠᠰᠠᠬᠤ ᠪᠠᠶᠢᠭᠤᠯᠤᠯᠲᠠ ᠶᠢᠨ ᠦᠨᠳᠦᠰᠦᠨ | ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠭᠠᠨ᠎ᠠ᠃ | ᠬᠤᠶᠠᠷ ᠲᠤ᠂ ᠦᠨᠳᠦᠰᠦᠨ ᠬᠠᠤᠯᠢ ᠶᠢ ᠤᠬᠠᠭᠤᠯᠬᠤ ᠶᠢ ᠲᠤᠪᠤᠶᠢᠯᠭᠠᠨ᠂ ᠰᠢᠨ᠎ᠡ ᠴᠠᠭ ᠦᠶ᠎ᠡ ᠶᠢᠨ ᠦᠨᠳᠦᠰᠦᠨ | ᠬᠠᠤᠯᠢ ᠶᠣᠰᠣᠭᠠᠷ ᠤᠯᠤᠰ ᠢᠶᠠᠨ ᠵᠠᠰᠠᠬᠤ᠂ ᠦᠨᠳᠦᠰᠦᠨ ᠬᠠᠤᠯᠢ ᠶᠣᠰᠣᠭᠠᠷ ᠲᠦᠷᠦ ᠪᠠᠷᠢᠬᠤ ᠶᠢᠨ ᠠᠭᠤᠯᠤᠭᠳᠠᠬᠤᠨ ᠪᠠ | ᠠᠴᠢ ᠬᠤᠯᠪᠣᠭᠳᠠᠯ ᠢ ᠬᠦᠴᠦᠯᠡᠨ ᠰᠠᠶᠢᠲᠤᠷ ᠲᠠᠶᠢᠯᠪᠤᠷᠢᠯᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠤᠨ᠂ ᠦᠨᠳᠦᠰᠦᠨ ᠬᠠᠤᠯᠢ ᠶᠢᠨ ᠡᠷᠬᠡ ᠰᠦᠷ ᠢ ᠪᠠᠲᠤ ᠪᠠᠬᠢ ᠪᠤᠢ ᠪᠣᠯᠭᠠᠨ᠎ᠠ᠃ | ᠭᠤᠷᠪᠠ ᠳᠤ᠂ ᠢᠷᠭᠡᠨ ᠤ ᠬᠠᠤᠯᠢ ᠶᠢᠨ ᠪᠢᠴᠢᠭ ᠢ ᠭᠦᠨᠵᠡᠭᠡᠶ ᠰᠤᠷᠤᠯᠴᠠᠨ ᠤᠬᠠᠭᠤᠯᠵᠤ᠂ ᠲᠡᠭᠦᠨ ᠢ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠠᠰᠠᠭ ᠵᠠᠬᠢᠷᠭᠠᠨ ᠤ ᠬᠠᠮᠢᠶᠠᠷᠤᠯᠲᠠ ᠬᠢᠬᠦ᠂ ᠵᠠᠰᠠᠭ ᠵᠠᠬᠢᠷᠭᠠᠨ ᠤ | ᠬᠢᠨᠠᠯᠲᠠ ᠲᠠᠯᠪᠢᠬᠤ ᠴᠢᠬᠤᠯᠠ ᠪᠠᠷᠢᠮᠵᠢᠶ᠎ᠠ ᠪᠣᠯᠭᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠪᠦᠲᠦᠮᠵᠢᠲᠡᠶ ᠵᠠᠰᠠᠭ ᠤᠨ | ᠣᠷᠳᠣᠨ ᠢ ᠨᠠᠩ ᠰᠠᠶᠢᠲᠤᠷ ᠤᠶᠠᠯᠳᠤᠭᠤᠯᠬᠤ ᠶᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ᠃ | ᠲᠦᠷᠪᠡ ᠳᠤ᠂ ᠤᠯᠤᠰ ᠤᠨ ᠠᠮᠤᠷ ᠲᠦᠪᠰᠢᠨ ᠤ ᠬᠠᠤᠯᠢ᠂ ᠤᠯᠤᠰ ᠣᠷᠣᠨ ᠢ ᠬᠠᠭᠠᠴᠠᠭᠤᠯᠬᠤ ᠶᠢ ᠡᠰᠡᠷᠭᠦᠴᠡᠬᠦ | ᠬᠠᠤᠯᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ | ᠤᠬᠠᠭᠤᠯᠵᠤ᠂ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠴᠢᠳᠠᠪᠤᠷᠢ ᠶᠢ ᠴᠢᠩᠭᠠᠳᠬᠠᠬᠤ ᠶᠢ ᠲᠦᠯᠬᠢᠨ ᠠᠬᠢᠭᠤᠯᠤᠨ᠎ᠠ᠃ | ᠲᠠᠪᠤ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ | ᠬᠠᠮᠠᠭᠠᠯᠠᠨ᠎ᠠ᠃ | ᠵᠢᠷᠭᠤᠭ᠎ᠠ ᠳᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ ︵ᠵᠠᠰᠠᠪᠤᠷᠢ ᠣᠷᠣᠭᠤᠯᠬᠤ ᠲᠥᠰᠦᠯ︶︾ | ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠨ ᠤᠬᠠᠭᠤᠯᠵᠤ᠂ ᠥᠷᠭᠡᠨ ᠤᠯᠠᠨ | ᠨᠠᠮ ᠤᠨ ᠭᠡᠰᠢᠭᠦᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠬᠠᠤᠯᠢ ᠪᠠᠷ ᠵᠠᠰᠠᠬᠤ ᠦᠵᠡᠯᠲᠡ ᠶᠢ ᠨᠢ ᠴᠢᠩᠭᠠᠳᠬᠠᠵᠤ᠂ | ᠬᠠᠤᠯᠢ ᠪᠠᠷ ᠵᠠᠰᠠᠬᠤ ᠰᠡᠳᠬᠢᠬᠦᠢ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠨᠠᠮ ᠤᠨ ᠲᠦᠷᠢᠮ ᠤᠯᠤᠰ ᠤᠨ ᠬᠠᠤᠯᠢ ᠶᠢ | ᠵᠢᠷᠤᠮᠯᠠᠭᠤᠯᠤᠨ᠎ᠠ᠃ | ᠲᠤᠯᠤᠭ᠎ᠠ ᠳᠤ᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ | ᠬᠠᠤᠯᠢ︾᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠡᠬᠢ ᠪᠠᠶᠠᠯᠢᠭ ᠤᠨ ᠬᠠᠤᠯᠢ︾᠂ | ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ ᠵᠢᠷᠤᠬᠤ ᠬᠠᠤᠯᠢ︾᠂ ︽ᠪᠦᠬᠦᠳᠠ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾ ᠵᠡᠷᠭᠡ ᠪᠠᠶᠢᠭᠠᠯᠢ ᠶᠢᠨ ᠡᠬᠢ | ᠪᠠᠶᠠᠯᠢᠭ ᠤᠨ ᠬᠦᠷᠢᠶᠡᠨ ᠤ ᠬᠠᠤᠯᠢ ᠴᠠᠭᠠᠵᠠ ᠬᠠᠤᠯᠢ ᠲᠦᠷᠢᠮ ᠢ ᠭᠦᠨᠵᠡᠭᠡᠢ ᠰᠤᠷᠤᠯᠴᠠᠨ ᠤᠬᠠᠭᠤᠯᠵᠤ᠂ ᠪᠦᠬᠦ ᠨᠡᠶᠢᠭᠡᠮ ᠳᠤ | ᠪᠠᠶᠢᠭᠠᠯᠢ ᠶᠢᠨ ᠡᠬᠢ ᠪᠠᠶᠠᠯᠢᠭ ᠤᠨ ᠬᠠᠥᠯᠢ ᠪᠠᠷ ᠵᠠᠰᠠᠬᠤ ᠶᠡᠷᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠦᠨ᠎ᠡ᠃ | ᠬᠥᠲᠥᠯᠥᠭᠴᠢ᠄ ︽8 ᠳ᠋ᠤᠭᠠᠷ ᠰᠠᠷ᠎ᠠ ᠶᠢᠨ 5 ᠤ ᠡᠳᠦᠷ︾ ᠶᠢᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠳᠤᠮᠳᠠ᠂ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠠᠵᠢᠯᠯᠠᠭ᠎ᠠ ᠨᠢ ᠶᠠᠮᠠᠷ ᠶᠠᠮᠠᠷ ᠬᠢᠯᠠᠰ | ᠴᠡᠭ᠂ ᠣᠨᠴᠠᠯᠢᠭ ᠲᠠᠢ ᠪᠣᠶ︖ | ᠵᠤᠤ ᠹᠠᠩ᠄ ︽8 ᠳ᠋ᠤᠭᠠᠷ ᠰᠠᠷ᠎ᠠ ᠶᠢᠨ 5 ᠤ ᠡᠳᠦᠷ︾ ᠤᠨ ᠬᠠᠤᠯᠢ ᠲᠦᠭᠡᠮᠡᠯᠵᠢᠭᠦᠯᠬᠦ ᠠᠵᠢᠯ ᠢ | ᠥᠷᠨᠢᠭᠦᠯᠦᠭᠰᠡᠨ ᠠᠴᠠ ᠨᠠᠭᠠᠰᠢ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠪᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠦᠢᠯᠡᠴᠢᠯᠡᠬᠦ ᠶᠢᠨ ᠲᠣᠭᠤᠷᠢᠨ ᠳᠤ᠂ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠭᠤᠤᠯᠯᠠᠬᠤ | ᠡᠭᠦᠷᠭᠡ ᠬᠠᠷᠢᠭᠤᠴᠠᠯᠭ᠎ᠠ ᠳᠤ ᠰᠠᠭᠤᠷᠢᠯᠠᠬᠤ ᠬᠡᠷᠡᠭᠲᠡᠶ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ᠂ ᠬᠠᠤᠯᠢ ᠪᠠᠷ ᠵᠠᠰᠠᠬᠤ | ᠰᠡᠳᠬᠢᠬᠦᠶ ᠶᠢ ᠬᠡᠷᠡᠭᠯᠡᠬᠦ ᠶᠢ ᠪᠠᠷᠢᠮᠲᠠᠯᠠᠨ᠎ᠠ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ | ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢᠶᠠᠷ ᠭᠠᠷᠳᠠᠴᠠ ᠪᠣᠯᠭᠠᠨ᠎ᠠ᠂ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠢ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠲᠦᠯᠬᠢᠨ | ᠠᠬᠢᠭᠤᠯᠤᠨ᠎ᠠ᠂ ᠪᠦᠬᠦ ᠰᠢᠰᠲ᠋ᠧᠮ ᠤᠨ ᠪᠦᠬᠦ ᠨᠡᠶᠢᠭᠡᠮ ᠳᠤ ᠬᠠᠤᠯᠢ ᠶᠢ ᠮᠡᠳᠡᠬᠦ ᠶᠢ ᠬᠥᠲᠥᠯᠥᠨ ᠵᠢᠯᠣᠭᠤᠳᠬᠤ᠂ ᠬᠠᠤᠯᠢ ᠶᠢ | ᠰᠠᠬᠢᠬᠤ᠂ ᠬᠠᠤᠯᠢ ᠮᠡᠳᠡᠬᠦ᠂ ᠬᠡᠷᠡᠭᠯᠡᠬᠦ ᠠᠷᠭ᠎ᠠ᠃ | ᠨᠢᠭᠡ ᠳᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠴᠢᠩᠭ᠎ᠠ ᠠᠳᠬᠤᠪᠠ᠃ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ︽8 ᠳ᠋ᠤᠭᠠᠷ ᠰᠠᠷ᠎ᠠ ᠶᠢᠨ 5 ᠤ ᠡᠳᠦᠷ︾ ᠤᠨ ᠬᠠᠤᠯᠢ ᠲᠦᠭᠡᠮᠡᠯᠵᠢᠭᠦᠯᠬᠦ | ᠲᠥᠯᠥᠪᠵᠢᠭᠦᠯᠭᠡ ᠶᠢ ᠡᠮᠬᠢ ᠵᠢᠷᠤᠮ ᠲᠠᠢ ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽8 ᠳ᠋ᠤᠭᠠᠷ | ᠰᠠᠷ᠎ᠠ ᠶᠢᠨ 5 ᠤ ᠡᠳᠦᠷ︾ ᠤᠨ ᠬᠠᠤᠯᠢ ᠲᠦᠭᠡᠮᠡᠯᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠤᠯᠢ | ᠲᠦᠭᠡᠮᠡᠯᠵᠢᠭᠦᠯᠬᠦ ᠠᠵᠢᠯ ᠢ ᠣᠨ ᠤ ᠬᠠᠤᠯᠢ ᠪᠠᠷ ᠵᠠᠰᠠᠬᠤ ᠠᠵᠢᠯ ᠤᠨ ᠭᠤᠤᠯᠳᠠᠯᠭ᠎ᠠ ᠳᠤ ᠣᠷᠣᠭᠤᠯᠵᠤ᠂ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠵᠤ᠂ ᠬᠠᠤᠯᠢ | ᠲᠦᠭᠡᠮᠡᠯᠵᠢᠭᠦᠯᠬᠦ ᠲᠥᠯᠥᠪᠯᠡᠭᠡ ᠵᠢᠴᠢ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠨᠠᠷᠢᠨ ᠲᠠᠩᠰᠠ ᠶᠢ | ᠲᠣᠭᠲᠠᠭᠠᠨ ᠳᠠᠷᠤᠮᠠᠯᠯᠠᠨ ᠲᠠᠷᠬᠠᠭᠠᠵᠤ᠂ 18 ᠬᠠᠷᠢᠭᠤᠴᠠᠯᠭ᠎ᠠ ᠶᠢᠨ ᠭᠠᠵᠠᠷ ᠲᠠᠰᠤᠭ ᠲᠣᠪᠴᠢᠶ᠎ᠠ ︵ᠨᠢᠭᠡᠴᠢ︶᠂ 31 | ᠵᠦᠢᠯ ᠤᠨ ᠬᠠᠤᠯᠢ ᠲᠦᠭᠡᠮᠡᠯᠵᠢᠭᠦᠯᠬᠦ ᠭᠤᠤᠯᠳᠠᠯᠭ᠎ᠠ ᠲᠠᠢ ᠠᠭᠤᠯᠭ᠎ᠠ᠂ 31 ᠵᠦᠢᠯ ᠤᠨ ᠬᠠᠤᠯᠢ ᠲᠦᠭᠡᠮᠡᠯᠵᠢᠭᠦᠯᠬᠦ ᠪᠣᠳᠠᠲᠠᠶ | ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠲᠤ ᠬᠤᠪᠢᠶᠠᠨ | ᠠᠬᠢᠭᠤᠯᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠥᠪ᠂ ᠥᠪᠡᠷᠲᠡᠭᠡᠨ ᠵᠠᠰᠠᠬᠤ | ᠣᠷᠣᠨ ᠤ ᠬᠠᠤᠯᠢ ᠲᠦᠭᠡᠮᠡᠯᠵᠢᠭᠦᠯᠬᠦ ᠠᠵᠢᠯ ᠢ ᠪᠣᠳᠠᠲᠠᠶ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠨ᠎ᠠ᠃ | ᠬᠤᠶᠠᠷ ᠲᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠣᠨᠴᠠᠯᠢᠭ ᠲᠠᠢ ᠠᠯᠢ ᠣᠯᠠᠨ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ︽4·22︾ ᠤᠨ ᠳᠡᠯᠡᠬᠡᠶ ᠶᠢᠨ ᠪᠥᠮᠪᠥᠷᠴᠡᠭ ᠤᠨ ᠡᠳᠦᠷ᠂ | ︽5·12︾ ᠤᠨ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ᠂ ︽6·25︾ ᠶᠢᠨ ᠪᠥᠬᠦ | ᠤᠯᠤᠰ ᠤᠨ ᠭᠠᠵᠠᠷ ᠰᠢᠷᠣᠶ ᠶᠢᠨ ᠡᠳᠦᠷ᠂ ︽8·29︾ ᠶᠢᠨ ᠪᠥᠬᠦ ᠤᠯᠤᠰ ᠤᠨ ᠬᠡᠮᠵᠢᠨ ᠵᠢᠷᠤᠬᠤ ᠬᠠᠤᠯᠢ ᠶᠢᠨ | ᠤᠬᠠᠭᠤᠯᠭ᠎ᠠ ᠶᠢᠨ ᠡᠳᠦᠷ ᠵᠡᠷᠭᠡ ᠣᠨᠴᠠᠭᠠᠶ ᠴᠠᠭ ᠬᠤᠭᠤᠴᠠᠭᠠᠨ ᠤ ᠵᠠᠩᠭᠢᠶᠠᠰᠤ ᠶᠢ ᠠᠳᠬᠤᠵᠤ᠂ ᠪᠢᠴᠢᠭᠡᠰᠦ ᠨᠠᠭᠠᠬᠤ᠂ | ᠤᠬᠠᠭᠤᠯᠭ᠎ᠠ ᠶᠢᠨ ᠰᠠᠮᠪᠠᠷ᠎ᠠ ᠪᠠᠶᠢᠷᠢᠯᠠᠭᠤᠯᠬᠤ᠂ ᠵᠢᠷᠤᠭᠲᠤ ᠳᠡᠪᠲᠡᠷ ᠤᠨ ᠤᠩᠰᠢᠬᠤ ᠪᠢᠴᠢᠭ ᠲᠠᠷᠬᠠᠭᠠᠬᠤ᠂ ᠲᠤᠬᠠᠶ ᠶᠢᠨ | ᠲᠠᠯᠠᠪᠠᠶ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠣᠨᠴᠠᠯᠢᠭᠲᠤ ᠦᠵᠡᠰᠬᠦᠯᠡᠩ ᠨᠡᠭᠡᠭᠡᠬᠦ ᠵᠡᠷᠭᠡ ᠬᠡᠯᠪᠡᠷᠢ ᠪᠠᠷ | ᠳᠠᠮᠵᠢᠭᠤᠯᠤᠨ᠂ ︽ᠳᠡᠯᠡᠬᠡᠶ ᠶᠢᠨ ᠪᠥᠮᠪᠥᠷᠴᠡᠭ ᠢ ᠨᠠᠨᠳᠢᠩᠨᠠᠨ ᠬᠠᠶᠢᠷᠠᠯᠠᠬᠤ ᠬᠥᠮᠦᠨ ᠬᠢᠭᠡᠳ ᠪᠠᠶᠢᠭᠠᠯᠢ ᠡᠶ᠎ᠡ | ᠵᠣᠬᠢᠴᠠᠯ ᠲᠠᠢ ᠪᠠᠷ ᠬᠠᠮᠲᠤ ᠣᠷᠣᠰᠢᠬᠤ︾᠂ ︽ᠭᠠᠵᠠᠷ ᠤᠨ ᠵᠢᠷᠤᠭ ᠢ ᠵᠢᠷᠤᠮᠵᠢᠭᠤᠯᠤᠨ ᠬᠡᠷᠡᠭᠯᠡᠬᠦ᠂ ᠥᠴᠦᠬᠡᠨ ᠴᠦ | ᠪᠤᠷᠤᠭᠤ ᠭᠠᠷᠭᠠᠵᠤ ᠪᠣᠯᠬᠤ ᠥᠬᠡᠶ︾ ᠵᠡᠷᠭᠡ ᠭᠤᠤᠯ ᠰᠡᠳᠦᠪᠲᠦ ᠪᠠᠶᠢᠭᠠᠯᠢ ᠶᠢᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠪᠠ ᠬᠠᠥᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ᠃ ᠡᠭᠦᠨ ᠤ ᠬᠠᠮᠲᠤ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠤᠨ ᠠᠯᠪᠠᠨ ᠰᠦᠯᠵᠢᠶ᠎ᠡ᠂ ︽ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ︾ ᠸᠢᠴᠠᠲ ᠤᠨ | ᠣᠯᠠᠨ ᠨᠡᠶᠢᠲᠡ ᠶᠢᠨ ᠳ᠋ᠤᠭᠠᠷ᠂ ︽ᠥᠪᠥᠷ ᠮᠣᠩᠭᠤᠯ ᠤᠨ ᠠᠮᠢ ᠠᠬᠤᠶ ᠶᠢ ᠵᠠᠰᠠᠨ ᠰᠡᠷᠭᠦᠭᠡᠬᠦ︾᠂ ︽ᠥᠪᠥᠷ ᠮᠣᠩᠭᠤᠯ ᠤᠨ | ᠪᠣᠬᠢᠷᠲᠤᠯ ᠥᠬᠡᠶ ᠠᠭᠤᠷᠬᠠᠶ︾ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ᠂ ᠪᠠᠶᠢᠭᠠᠯᠢ ᠶᠢᠨ ᠡᠬᠢ ᠪᠠᠶᠠᠯᠢᠭ ᠤᠨ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠬᠢᠭᠡᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ︽ | ᠬᠤᠷᠤᠭᠤᠨ ᠦᠵᠦᠭᠦᠷ︾ ᠤᠨ ᠤᠬᠠᠭᠤᠯᠭ᠎ᠠ ᠶᠢ ᠥᠷᠨᠢᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠪᠠᠷ ᠵᠠᠰᠠᠬᠤ ᠰᠣᠶᠣᠯ ᠢ ᠲᠦᠭ ᠲᠦᠮᠡᠨ | ᠠᠶᠢᠯ ᠡᠷᠦᠬᠡ ᠳᠤ ᠬᠦᠷᠭᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠠᠷᠠᠳ ᠣᠯᠠᠨ ᠤ ᠣᠶᠢᠯᠠᠭᠠᠬᠤ ᠬᠡᠮᠵᠢᠶ᠎ᠡ᠂ | ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠮᠡᠳᠡᠷᠡᠬᠦ ᠬᠡᠮᠵᠢᠶ᠎ᠡ᠂ ᠬᠠᠤᠯᠢ ᠪᠠᠷ ᠵᠠᠰᠠᠬᠤ ᠦᠢᠯᠡᠳᠦᠯᠭᠡ ᠶᠢᠨ ᠣᠷᠣᠯᠴᠠᠬᠤ | ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠣᠨᠴᠠᠯᠢᠭ ᠪᠥᠬᠦᠶ ᠬᠠᠤᠯᠢ ᠲᠦᠭᠡᠮᠡᠯᠵᠢᠭᠦᠯᠬᠦ | ᠠᠵᠢᠯᠯᠠᠭ᠎ᠠ ᠳᠤ ᠲᠣᠪᠤᠶᠢᠮ᠎ᠠ ᠦᠷ᠎ᠡ ᠪᠦᠲᠦᠮᠵᠢ ᠤᠯᠪᠠ᠃ | ᠭᠤᠷᠪᠠ ᠳᠤ᠂ ᠨᠠᠮ ᠤᠨ ᠪᠠᠶᠢᠭᠤᠯᠤᠯᠲᠠ ᠪᠠᠷ ᠬᠠᠤᠯᠢ ᠲᠦᠭᠡᠮᠡᠯᠵᠢᠭᠦᠯᠬᠦ ᠬᠡᠯᠪᠡᠷᠢ ᠶᠢ ᠬᠥᠲᠥᠯᠥᠨ ᠳᠠᠭᠠᠭᠤᠯᠬᠤ | ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ ᠡᠭᠦᠳᠦᠨ᠎ᠡ᠃ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠲᠠᠢ ᠭᠦᠨᠵᠡᠭᠡᠶ ᠠᠭᠤᠰᠤᠯᠴᠠᠭᠤᠯᠵᠤ᠂ ︽ᠰᠠᠷ᠎ᠠ ᠪᠦᠷᠢ ᠨᠢᠭᠡ ᠭᠤᠤᠯ | ᠰᠡᠳᠦᠪ︾ ᠤᠨ ᠬᠠᠥᠯᠢ ᠪᠠᠷ ᠵᠠᠰᠠᠬᠤ ᠤᠬᠠᠭᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠪᠥᠬᠦ ᠰᠢᠰᠲ᠋ᠧᠮ ᠢᠶᠠᠷ ᠢᠶᠠᠨ ᠨᠠᠮ ᠤᠨ | ᠡᠭᠦᠷ ᠢᠶᠠᠷ ᠨᠢᠭᠡᠴᠢ ᠪᠣᠯᠭᠠᠵᠤ᠂ ᠲᠤᠬᠠᠶᠢᠯᠠᠭᠰᠠᠨ ᠠᠵᠢᠯ ᠤᠨ ᠣᠨᠴᠠᠯᠢᠭ ᠲᠠᠢ ᠤᠶᠠᠯᠳᠤᠭᠤᠯᠤᠨ᠂ ᠠᠯᠢ ᠣᠯᠠᠨ ︽ᠨᠠᠮ ᠤᠨ | ᠪᠠᠶᠢᠭᠤᠯᠤᠯᠲᠠ +︾ ᠭᠤᠤᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | ᠲᠢᠩᠬᠢᠮ ᠤᠨ ᠠᠯᠪᠠᠨ ᠬᠡᠷ ᠤᠨ ᠨᠠᠮ ᠤᠨ ᠡᠭᠦᠷ ᠫᠤᠷᠲ᠋ᠧᠯ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ᠂ ᠰᠢᠯᠵᠢᠮᠡᠯ | ᠡᠯᠧᠺᠲᠷᠣᠨ ᠳᠡᠯᠭᠡᠴᠡ᠂ ᠭᠤᠤᠯ ᠰᠡᠳᠦᠪᠲᠦ ᠣᠬᠤᠷ ᠸᠢᠳᠢᠣ᠋ ᠦᠵᠡᠭᠦᠯᠭᠡ ᠨᠡᠪᠲᠡᠷᠡᠭᠦᠯᠭᠡ ᠵᠡᠷᠭᠡ ᠠᠴᠢᠶᠠᠯᠠᠪᠤᠷᠢ ᠶᠢᠨ | ᠬᠡᠯᠪᠡᠷᠢ ᠶᠢ ᠠᠰᠢᠭᠯᠠᠨ ᠬᠠᠤᠯᠢ ᠲᠦᠭᠡᠮᠡᠯᠵᠢᠭᠦᠯᠬᠦ ᠠᠭᠤᠯᠭ᠎ᠠ ᠶᠢ ᠬᠦᠷᠭᠡᠵᠦ᠂ ᠳᠡᠯᠡᠬᠡᠶ ᠶᠢᠨ ᠪᠥᠮᠪᠥᠷᠴᠡᠭ ᠤᠨ ᠡᠳᠦᠷ ᠤᠨ | ᠮᠡᠳᠡᠯᠭᠡ ᠶᠢᠨ ᠤᠷᠤᠯᠳᠤᠭᠠᠨ᠂ ︽ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠳᠤ | ᠠᠩᠬᠠᠷᠤᠯ ᠢᠶᠠᠨ ᠲᠥᠪᠯᠡᠷᠡᠭᠦᠯᠵᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ︾ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠮᠡᠳᠡᠯᠭᠡ ᠶᠢᠨ ᠠᠰᠠᠭᠤᠯᠲᠠ | ᠬᠠᠷᠢᠭᠤᠯᠲᠠ ᠶᠢᠨ ᠰᠢᠷᠢᠰ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠪᠡ︔ ᠪᠠᠶᠢᠭᠠᠯᠢ ᠶᠢᠨ ᠡᠬᠢ ᠪᠠᠶᠠᠯᠢᠭ ᠤᠨ | ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠬᠤ ᠲᠣᠪᠴᠢᠶᠠᠨ ᠤ ᠨᠠᠮ ᠤᠨ ᠡᠭᠦᠷ ︽ᠬᠠᠮᠤᠭ ᠤᠨ ᠭᠤᠶᠣ ᠪᠦᠷᠢᠳᠬᠡᠭᠴᠢ︾ | ᠶᠢ ᠰᠢᠯᠭᠠᠷᠠᠭᠤᠯᠬᠤ ᠪᠠ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠤᠷ᠎ᠠ ᠴᠢᠳᠠᠪᠤᠷᠢ ᠶᠢᠨ ᠤᠷᠤᠯᠳᠤᠭᠠᠨ ᠡᠷᠭᠢᠯᠡᠵᠦ᠂ | ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠡᠷᠬᠡ ᠶᠢ | ᠨᠤᠲᠠᠯᠠᠨ ᠲᠣᠭᠲᠠᠭᠠᠵᠤ ᠳᠠᠩᠰᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠶᠢᠨ ᠠᠰᠠᠭᠤᠳᠠᠯ ᠳᠤ ᠣᠨᠣᠪᠴᠢᠲᠠᠶ ᠬᠠᠷᠢᠭᠤᠯᠲᠠ | ᠥᠭᠪᠡ︔ ᠬᠠᠤᠯᠢ ᠲᠣᠭᠲᠠᠭᠠᠯ ᠤᠨ ᠭᠠᠵᠠᠷ ᠤᠨ ᠨᠠᠮ ᠤᠨ ᠡᠭᠦᠷ᠂ ᠪᠠᠶᠢᠭᠤᠯᠭ᠎ᠠ ᠶᠢᠨ ᠨᠠᠮ ᠤᠨ ᠡᠭᠦᠷ ᠨᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠣᠯᠠᠨ ᠨᠠᠮ ᠤᠨ | ᠡᠭᠦᠷ ᠲᠠᠢ ᠬᠠᠮᠲᠤᠷᠠᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠣᠷᠴᠢᠨ ᠲᠣᠭᠤᠷᠢᠨ ᠡᠬᠢ | ᠪᠠᠶᠠᠯᠢᠭ ᠤᠨ ᠬᠡᠷᠡᠭ ᠤᠨ ᠲᠢᠩᠬᠢᠮ ᠤᠨ ᠰᠢᠭᠦᠯᠲᠡ ᠶᠢ ᠲᠣᠭᠤᠷᠢᠨ ᠦᠵᠡᠵᠦ ᠰᠤᠯᠠ ᠰᠣᠨᠣᠰᠴᠤ᠂ ᠠᠵᠢᠯᠲᠠᠨ ᠤ ᠬᠠᠤᠯᠢ ᠶᠢ | ᠰᠤᠷᠴᠤ ᠬᠠᠤᠯᠢ ᠶᠢ ᠣᠶᠢᠯᠠᠭᠠᠵᠤ ᠬᠠᠤᠯᠢ ᠶᠢ ᠬᠡᠷᠡᠭᠯᠡᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠴᠢᠩᠭᠠᠳᠬᠠᠪᠠ︔ | ᠪᠠᠶᠢᠭᠠᠯᠢ ᠶᠢᠨ ᠮᠦᠽᠧᠶ ᠶᠢᠨ ᠨᠠᠮ ᠤᠨ ᠡᠭᠦᠷ ᠣᠲᠣ ᠦᠶ᠎ᠡ ᠶᠢᠨ ᠲᠠᠭᠤᠨ᠂ ᠬᠡᠷᠡᠯ᠂ ᠴᠠᠬᠢᠯᠭᠠᠨ ᠵᠡᠷᠭᠡ ᠰᠢᠨᠵᠢᠯᠡᠬᠦ | ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠣᠯᠠᠨ ᠶᠠᠩᠵᠤ ᠶᠢᠨ ᠰᠦᠷᠯᠢᠭ ᠰᠠᠶᠢᠬᠠᠨ ᠪᠠᠶᠢᠭᠠᠯᠢ ᠶᠢᠨ ᠦᠵᠡᠮᠵᠢ᠂ | ᠭᠢᠯᠠᠯᠵᠠᠮ᠎ᠠ ᠰᠠᠶᠢᠬᠠᠨ ᠬᠦᠳᠡᠷ ᠤᠨ ᠥᠯᠢᠭᠡᠷ ᠬᠡᠪ ᠵᠢᠴᠢ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠵᠡᠷᠭᠡ | ᠪᠠᠶᠢᠭᠠᠯᠢ ᠶᠢᠨ ᠡᠬᠢ ᠪᠠᠶᠠᠯᠢᠭ ᠪᠠ ᠪᠠᠶᠢᠭᠠᠯᠢ ᠶᠢᠨ ᠦᠯᠡᠳᠡᠭᠳᠡᠯ ᠢ ᠳᠡᠯᠭᠡᠨ ᠦᠵᠡᠭᠦᠯᠵᠦ᠂ 118.3 ᠲᠦᠮᠡᠨ ᠲᠡᠭᠰᠢ | ᠳᠥᠷᠪᠡᠯᠵᠢᠨ ᠺᠢᠯᠣᠮᠧᠲᠷ ᠤᠨ ᠰᠦᠷᠯᠢᠭ ᠰᠠᠶᠢᠬᠠᠨ ᠤᠮᠠᠷᠠᠲᠤ ᠬᠢᠯᠢ ᠶᠢ 2 ᠲᠦᠮᠡ ᠭᠠᠷᠤᠶ ᠲᠡᠭᠰᠢ ᠳᠥᠷᠪᠡᠯᠵᠢᠨ ᠮᠧᠲᠷ ︽ | ᠪᠠᠶᠢᠭᠠᠯᠢ ᠶᠢᠨ ᠬᠢᠴᠢᠶᠡᠯ ᠤᠨ ᠲᠠᠩᠬᠢᠮ︾ ᠲᠤ ᠰᠠᠪᠠᠯᠠᠵᠤ᠂ ᠠᠷᠠᠳ ᠣᠯᠠᠨ ᠤ ᠠᠮᠢ ᠠᠬᠤᠶ ᠣᠷᠴᠢᠨ ᠲᠣᠭᠤᠷᠢᠨ ᠢ | ᠬᠠᠮᠠᠭᠠᠯᠠᠬᠤ᠂ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠬᠢᠨ ᠬᠠᠮᠠᠭᠠᠯᠠᠬᠤ ᠬᠠᠥᠯᠢ ᠪᠠᠷ | ᠵᠠᠰᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠪᠡ᠃ ᠡᠯ᠎ᠡ ᠭᠠᠵᠠᠷ ᠣᠷᠣᠨ᠂ ᠡᠯ᠎ᠡ ᠨᠢᠭᠡᠴᠢ ᠮᠦᠽᠧᠶ᠂ ᠭᠠᠵᠠᠷ | ᠰᠢᠨᠵᠢᠯᠡᠭᠡᠨ ᠤ ᠴᠡᠴᠡᠷᠯᠢᠭ᠂ ᠪᠠᠶᠢᠭᠠᠯᠢ ᠶᠢᠨ ᠴᠡᠴᠡᠷᠯᠢᠭ᠂ ᠠᠵᠢᠯ ᠶᠠᠪᠤᠳᠠᠯ ᠭᠦᠢᠴᠡᠳᠭᠡᠬᠦ ︵ᠦᠨᠡᠮᠯᠡᠯ︶ ᠲᠢᠩᠬᠢᠮ ᠵᠡᠷᠭᠡ | ᠣᠯᠠᠨ ᠨᠡᠶᠢᠲᠡ ᠶᠢᠨ ᠲᠠᠯᠠᠪᠤᠷ ᠭᠠᠵᠠᠷ ᠢ ᠭᠦᠢᠴᠡᠳ ᠠᠰᠢᠭᠯᠠᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ᠂ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠭᠠᠵᠠᠷ ᠵᠦᠶ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠵᠡᠷᠭᠡ ᠭᠤᠤᠯ ᠰᠡᠳᠦᠪ ᠢᠯᠡ ᠲᠣᠳᠣ | ᠪᠠᠶᠢᠭᠠᠯᠢ ᠶᠢᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠤᠬᠠᠭᠤᠯᠭ᠎ᠠ ᠶᠢᠨ | ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠰᠢᠰᠲ᠋ᠧᠮ ᠤᠨ ᠳᠡᠭᠡᠳᠦ ᠳᠤᠤᠷᠠᠳᠤ ᠱᠠᠲᠤ ᠪᠠᠷ ᠢᠶᠠᠨ | ᠢᠵᠢᠯ ᠠᠯᠬᠤᠮ ᠢᠶᠠᠷ ᠤᠷᠤᠭᠰᠢᠯᠠᠵᠤ᠂ ᠢᠵᠢᠯ ᠴᠢᠭᠯᠡᠯ ᠢᠶᠠᠷ ᠬᠦᠴᠦᠯᠡᠵᠦ᠂ ᠨᠠᠮ ᠤᠨ ᠪᠠᠶᠢᠭᠤᠯᠤᠯᠲᠠ ᠪᠠᠷ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠪᠠᠷ | ᠵᠠᠰᠠᠬᠤ ᠬᠠᠮᠠᠭᠠᠯᠠᠯᠲᠠ᠂ ᠠᠰᠢᠭᠯᠠᠯᠲᠠ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠥᠲᠥᠯᠥᠭᠴᠢ᠄ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ | ᠲᠦᠷᠢᠮ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠬᠡᠷᠬᠢᠨ | ᠳᠡᠭᠡᠭᠰᠢᠯᠡᠭᠦᠯᠬᠦ ᠪᠣᠶ︖ | ᠵᠤᠤ ᠹᠠᠩ᠄ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠ ᠤᠯᠤᠰ | ᠲᠦᠷᠦ ᠶᠢᠨ ᠡᠭᠦᠷᠭᠡ ᠪᠣᠯᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ ᠬᠠᠤᠯᠢ | ᠲᠦᠭᠡᠮᠡᠯᠵᠢᠭᠦᠯᠬᠦ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠰᠬᠠᠢ ᠰᠡᠳᠦᠪᠲᠦ ᠰᠤᠷᠤᠯᠴᠠᠯᠭ᠎ᠠ | ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠪᠦᠬᠦ ᠰᠢᠰᠲ᠋ᠧᠮ ᠤᠨ ᠬᠠᠤᠯᠢ | ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠪᠡ᠃ | ᠨᠢᠭᠡ ᠳᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠨ᠎ᠠ᠃ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠤᠯᠢ ᠰᠤᠷᠤᠯᠴᠠᠬᠤ ᠲᠦᠷᠢᠮ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠨᠠᠮ ᠤᠨ | ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠳᠤ | ᠣᠷᠣᠭᠤᠯᠵᠤ᠂ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠤᠷᠢᠳᠬᠤ | ᠺᠠᠳ᠋ᠷ ᠤᠨ ᠲᠦᠷᠦᠭᠦᠯᠡᠨ ᠬᠠᠤᠯᠢ ᠶᠢ ᠬᠦᠨᠳᠦᠳᠬᠡᠵᠦ ᠬᠠᠤᠯᠢ ᠶᠢ ᠰᠤᠷᠤᠯᠴᠠᠵᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠶᠢ | ᠠᠬᠢᠭᠤᠯᠤᠨ᠎ᠠ᠃ ᠪᠠᠶᠢᠭᠤᠯᠭ᠎ᠠ ᠶᠢᠨ ᠺᠠᠳ᠋ᠷᠴᠤᠳ ᠤᠨ ᠡᠳᠦᠷ ᠲᠤᠳᠤᠮ ᠤᠨ ᠬᠠᠤᠯᠢ ᠰᠤᠷᠬᠤ ᠲᠦᠷᠢᠮ ᠢ ᠪᠦᠷᠢᠨᠰᠢᠬᠦᠯᠤᠨ | ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠪᠠᠶᠢᠭᠤᠯᠭ᠎ᠠ ᠶᠢᠨ ᠺᠠᠳ᠋ᠷᠴᠤᠳ ᠤᠨ ᠬᠥᠮᠦᠵᠢᠯ | ᠪᠤᠯᠪᠠᠰᠤᠷᠠᠯ ᠤᠨ ᠴᠢᠬᠤᠯᠠ ᠠᠭᠤᠯᠭ᠎ᠠ ᠳᠤ ᠣᠷᠣᠭᠤᠯᠤᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠪᠠᠷ ᠪᠦᠬᠦ ᠰᠢᠰᠲ᠋ᠧᠮ ᠢᠶᠠᠷ ᠢᠶᠠᠨ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠨ᠂ | ᠠᠵᠢᠯ ᠢᠶᠠᠨ ᠠᠬᠢᠭᠤᠯᠵᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠬᠠᠤᠯᠢ ᠶᠣᠰᠣᠭᠠᠷ ᠣᠷᠣᠨ ᠢᠶᠠᠨ | ᠵᠠᠰᠠᠬᠤ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠥᠮᠦᠵᠢᠭᠦᠯᠦᠨ ᠬᠥᠳᠤᠯᠤᠨ | ᠵᠢᠯᠣᠭᠤᠳᠤᠨ᠎ᠠ᠃ ︽8 ᠳ᠋ᠤᠭᠠᠷ ᠰᠠᠷ᠎ᠠ ᠶᠢᠨ 5 ᠤ ᠡᠳᠦᠷ ᠤᠨ ᠬᠠᠤᠯᠢ ᠲᠦᠭᠡᠮᠡᠯᠵᠢᠭᠦᠯᠬᠦ︾ ᠠᠵᠢᠯᠯᠠᠭ᠎ᠠ ᠶᠢ | ᠥᠷᠨᠢᠭᠦᠯᠦᠭᠰᠡᠨ ᠠᠴᠠ ᠨᠠᠭᠠᠰᠢ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ | ᠳᠤᠭᠤᠶᠢᠯᠠᠩ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ 18 ᠤᠳᠠᠭ᠎ᠠ ᠰᠤᠷᠤᠯᠴᠠᠵᠤ᠂ ᠰᠢ ᠶᠢᠨ ᠫᠢᠩ ᠤᠨ | ᠬᠠᠤᠯᠢ ᠪᠠᠷ ᠵᠠᠰᠠᠬᠤ ᠦᠵᠡᠯ ᠰᠠᠨᠠᠭ᠎ᠠ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠵᠡᠷᠭᠡ ᠠᠭᠤᠯᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠴᠢᠭᠯᠡᠭᠦᠯᠦᠨ ᠲᠤᠰᠬᠠᠶ | ᠰᠡᠳᠦᠪ ᠢᠶᠠᠷ 6 ᠤᠳᠠᠭ᠎ᠠ ᠰᠤᠳᠤᠯᠤᠨ ᠶᠠᠷᠢᠯᠴᠠᠪᠠ᠃ | ᠬᠤᠶᠠᠷ ᠲᠤ᠂ ᠰᠤᠷᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠳᠣᠪᠤᠶᠢᠯᠭᠠᠨ᠎ᠠ᠃ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠶᠢ ᠪᠠᠷᠢᠮᠲᠠᠯᠠᠬᠤ ᠲᠤᠬᠠᠢ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠲᠤᠬᠠᠶ ᠴᠢᠬᠤᠯᠠ ᠥᠭᠦᠯᠡᠯᠲᠡ᠂ ᠦᠨᠳᠦᠰᠦᠨ ᠬᠠᠤᠯᠢ᠂ ᠢᠷᠭᠡᠨ ᠤ ᠬᠠᠤᠯᠢ ᠪᠠ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠵᠡᠷᠭᠡ ᠶᠢ ᠭᠤᠣᠯᠳᠠᠯᠭ᠎ᠠ ᠲᠠᠢ ᠰᠤᠷᠤᠯᠴᠠᠬᠤ ᠠᠭᠤᠯᠭ᠎ᠠ ᠪᠣᠯᠭᠠᠪᠠ᠂ ᠶᠡᠷᠦᠩᠬᠡᠶ ᠱᠦᠵᠢ ᠶᠢᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠠᠶᠢᠭᠠᠯᠢ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠲᠠᠢ ᠤᠶᠠᠯᠳᠤᠭᠤᠯᠤᠨ᠎ᠠ᠂ ︽ᠠᠵᠤ ᠠᠬᠤᠶᠢᠯᠠᠯ ᠳᠤ | ᠬᠤᠯᠪᠣᠭᠳᠠᠭᠰᠠᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠬᠠᠤᠯᠢ ᠴᠠᠭᠠᠵᠠ ᠶᠢᠨ ᠲᠦᠭᠰᠢᠭᠦᠷᠢ ᠶᠢᠨ | ᠰᠠᠨᠠᠭᠤᠯᠤᠮᠵᠢ ᠶᠢᠨ ᠪᠢᠴᠢᠭ︾ ᠪᠠ ︽ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠠᠵᠢᠯ ᠤᠨ ᠭᠠᠷ ᠳᠡᠪᠲᠡᠷ︾ ᠵᠡᠷᠭᠡ ᠠᠵᠢᠯ ᠤᠨ ᠵᠢᠯᠣᠭᠤᠳᠤᠮᠵᠢ ᠶᠢ ᠰᠤᠳᠤᠯᠤᠨ | ᠨᠠᠶᠢᠷᠠᠭᠤᠯᠤᠨ ᠳᠠᠷᠤᠮᠠᠯᠯᠠᠪᠠ᠂ ᠪᠥᠬᠦ ᠰᠢᠰᠲ᠋ᠧᠮ ᠤᠨ ᠺᠠᠳ᠋ᠷ ᠠᠵᠢᠯᠲᠠᠨ ᠤ ᠪᠠᠶᠢᠭᠠᠯᠢ ᠶᠢᠨ ᠡᠬᠢ ᠪᠠᠶᠠᠯᠢᠭ ᠤᠨ ︽ᠬᠤᠶᠠᠷ ᠢ | ᠨᠢᠭᠡᠳᠬᠡᠬᠦ︾ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠬᠠᠤᠯᠢ ᠲᠣᠭᠲᠠᠭᠠᠯ ᠶᠣᠰᠣᠭᠠᠷ ᠭᠦᠢᠴᠡᠳᠭᠡᠬᠦ ᠶᠢ | ᠠᠬᠢᠭᠤᠯᠤᠨ᠎ᠠ᠃ | ᠭᠤᠷᠪᠠ ᠳᠤ᠂ ᠮᠡᠳᠡᠬᠦᠶ ᠬᠢᠬᠦᠶ ᠶᠢᠨ ᠦᠢᠯᠡᠳᠦᠯᠭᠡ ᠶᠢ ᠭᠦᠨᠵᠡᠭᠡᠶᠢᠷᠡᠭᠦᠯᠦᠨ᠎ᠡ᠃ ᠳᠠᠭᠠᠭᠤᠯᠢ ᠣᠳᠣᠨ ᠤ ᠠᠯᠤᠰ | ᠰᠡᠷᠡᠯ ᠤᠨ ᠵᠢᠷᠤᠭ ᠢᠶᠠᠷ ᠬᠠᠤᠯᠢ ᠬᠡᠷᠡᠭᠵᠢᠭᠦᠯᠬᠦ᠂ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ | ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ᠂ ᠭᠠᠵᠠᠷ ᠰᠢᠷᠣᠶ ᠶᠢᠨ | ᠬᠠᠮᠢᠶᠠᠷᠤᠯᠲᠠ ᠵᠡᠷᠭᠡ ᠲᠠᠯ᠎ᠠ ᠶᠢᠨ ᠲᠤᠰᠬᠠᠶ ᠰᠡᠳᠦᠪᠲᠦ ᠪᠤᠯᠪᠠᠰᠤᠷᠠᠯ ᠢ ᠤᠷᠢᠳ ᠬᠤᠵᠢᠳ 30 ᠭᠠᠷᠤᠶ ᠤᠳᠠᠭ᠎ᠠ ᠵᠣᠬᠢᠶᠠᠨ | ᠪᠠᠶᠢᠭᠤᠯᠤᠨ ᠥᠷᠨᠢᠭᠦᠯᠵᠦ᠂ ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠲᠦᠢᠮᠣᠴᠢᠯᠠᠯ︾᠂ ︽ | ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠢᠷᠭᠡᠨ ᠤ ᠬᠠᠤᠯᠢ ᠶᠢᠨ ᠠᠷᠪᠠᠨ ᠲᠠᠶᠢᠯᠤᠮᠵᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ︾᠂ ︽ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠬᠠᠤᠯᠢ ᠴᠠᠭᠠᠵᠠ ᠬᠠᠤᠯᠢ | ᠲᠣᠭᠲᠠᠭᠠᠯ ᠤᠨ ᠡᠮᠬᠢᠳᠬᠡᠯ︾᠂ ︽ᠰᠢᠨ᠎ᠡ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠰᠤᠷᠤᠯᠴᠠᠬᠤ ᠤᠩᠰᠢᠬᠤ | ᠪᠢᠴᠢᠭ︾ ᠵᠡᠷᠭᠡ ᠨᠣᠮ ᠪᠢᠴᠢᠭ ᠢ ᠲᠦᠮᠡ ᠭᠠᠷᠤᠶ ᠳᠡᠪᠲᠡᠷ ᠵᠣᠬᠢᠶᠠᠨ ᠪᠠᠶᠢᠭᠤᠯᠤᠨ ᠲᠠᠷᠬᠠᠭᠠᠵᠤ᠂ ᠠᠯᠪᠠᠨ ᠰᠦᠯᠵᠢᠶ᠎ᠡ ᠪᠠ | ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠤᠬᠠᠭᠤᠯᠬᠤ ᠲᠤᠰᠬᠠᠶ | ᠪᠤᠯᠤᠩ ᠨᠡᠭᠡᠭᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠪᠢᠴᠢᠭ | ᠮᠠᠲ᠋ᠧᠷᠢᠶᠠᠯ ᠢ ᠨᠡᠶᠢᠲᠡᠯᠡᠵᠦ ᠬᠦᠷᠭᠡᠬᠦ ᠰᠣᠨᠢᠨ ᠮᠡᠳᠡᠭᠡᠨ ᠤ ᠬᠠᠯᠠᠮᠰᠢᠯ ᠴᠡᠭ᠂ ᠴᠠᠭ ᠤᠨ ᠪᠠᠶᠢᠳᠠᠯ ᠤᠨ ᠬᠥᠳᠡᠯᠦᠩᠭᠦᠶ ᠪᠠᠶᠢᠳᠠᠯ | ᠪᠠ ᠲᠤᠰᠬᠠᠶ ᠰᠡᠳᠦᠪᠲᠦ ᠲᠠᠶᠢᠯᠤᠮᠵᠢ ᠬᠢᠵᠦ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠬᠡᠷᠡᠭᠯᠡᠵᠦ ᠵᠢᠯᠣᠭᠤᠳᠬᠤ ᠠᠵᠢᠯ ᠢ ᠰᠠᠶᠢᠲᠤᠷ ᠬᠢᠵᠦ᠂ ᠪᠥᠬᠦ | ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠦᠵᠡᠯ ᠰᠠᠨᠠᠭᠠᠨ ᠤ | ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠬᠤ ᠶᠢ ᠬᠢᠨᠠᠨ ᠵᠢᠯᠣᠭᠤᠳᠴᠤ᠂ ᠬᠠᠤᠯᠢ ᠪᠠᠷ ᠵᠠᠰᠠᠬᠤ ᠠᠷᠭ᠎ᠠ ᠪᠠᠷᠢᠯ ᠢ | ᠬᠡᠷᠡᠭᠯᠡᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠬᠤ᠂ ᠦᠢᠯᠡᠳᠦᠯᠭᠡ ᠶᠢᠨ ᠠᠰᠠᠭᠤᠳᠠᠯ ᠢ | ᠰᠢᠢᠳᠪᠦᠷᠢᠡᠯᠬᠦ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠥᠲᠥᠯᠥᠭᠴᠢ᠄ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ︽8 ᠳ᠋ᠤᠭᠠᠷ ᠰᠠᠷ᠎ᠠ ᠶᠢᠨ 5 ᠤ ᠡᠳᠦᠷ︾ ᠤᠨ ᠬᠠᠤᠯᠢ | ᠲᠦᠭᠡᠮᠡᠯᠵᠢᠭᠦᠯᠬᠦ ᠠᠵᠢᠯ ᠢ ᠥᠷᠨᠢᠭᠦᠯᠬᠦ᠂ ᠬᠠᠥᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ | ᠲᠠᠯ᠎ᠠ ᠪᠠᠷ ᠶᠠᠮᠠᠷ ᠶᠠᠮᠠᠷ ᠠᠵᠢᠯ ᠤᠨ ᠦᠷ᠎ᠡ ᠪᠦᠲᠦᠮᠵᠢ ᠣᠯᠤᠭᠰᠠᠨ ᠪᠣᠶ︖ | ᠵᠤᠤ ᠹᠠᠩ᠄ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠡᠬᠢ ᠪᠠᠶᠠᠯᠢᠭ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠬᠥᠭᠵᠢᠯᠲᠡ ᠶᠢ ᠠᠬᠢᠭᠤᠯᠵᠤ᠂ ᠡᠬᠢ ᠪᠠᠶᠠᠯᠢᠭ ᠡᠳ᠋ ᠬᠦᠷᠦᠩᠭᠡ ᠶᠢᠨ ᠡᠷᠬᠡ ᠠᠰᠢᠭ ᠢ ᠬᠠᠮᠠᠭᠠᠯᠠᠬᠤ︾ ᠠᠵᠢᠯ ᠤᠨ | ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠬᠤᠶᠠᠷ ᠢ ᠨᠢᠭᠡᠳᠬᠡᠬᠦ︾ ᠭᠤᠣᠯ ᠲᠤᠰᠢᠶᠠᠯ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠬᠡᠵᠦ᠂ ︽ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠡᠷᠬᠡᠪᠰᠢ | ᠭᠦᠢᠴᠡᠳᠬᠡᠵᠦ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ︾ ᠬᠠᠥᠯᠢ ᠪᠠᠷ ᠵᠠᠰᠠᠬᠤ | ᠣᠶᠢᠯᠠᠭᠠᠭᠳᠠᠬᠤᠨ ᠪᠠ ︽ᠡᠷᠬᠡ ᠲᠠᠢ ᠪᠣᠯ ᠡᠷᠬᠡᠪᠰᠢ ᠬᠠᠷᠢᠭᠤᠴᠠᠯᠭ᠎ᠠ ᠲᠠᠢ ᠪᠠᠶᠢᠬᠤ᠂ ᠡᠷᠬᠡ ᠪᠠᠨ ᠬᠡᠷᠡᠭᠯᠡᠪᠡᠯ ᠬᠢᠨᠠᠯᠲᠠ | ᠬᠦᠯᠢᠶᠡᠬᠦ︾ ᠬᠠᠥᠯᠢ ᠪᠠᠷ ᠵᠠᠰᠠᠬᠤ ᠤᠬᠠᠮᠰᠠᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠬᠠᠥᠯᠢ ᠪᠠᠷ ᠵᠠᠰᠠᠬᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠠᠥᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠠᠢ᠃ | ᠨᠢᠭᠡ ᠳᠤ᠂ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠠᠥᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠪᠦᠲᠦᠮᠵᠢᠲᠡᠶ | ᠨᠠᠶᠢᠳᠠᠪᠤᠷᠢᠵᠢᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠬᠠᠥᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠬᠠᠥᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ | ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠠᠰᠠᠭᠤᠵᠤ᠂ ᠭᠤᠣᠯᠳᠠᠯᠭ᠎ᠠ ᠲᠠᠢ ᠭᠤᠭᠴᠤᠭ᠎ᠠ ᠶᠢ ᠪᠡᠶ᠎ᠡ ᠪᠠᠷ ᠢᠶᠠᠨ | ᠵᠣᠬᠢᠴᠠᠭᠤᠯᠵᠤ᠂ ᠴᠢᠬᠤᠯᠠ ᠡᠭᠦᠷᠭᠡ ᠶᠢ ᠪᠡᠶ᠎ᠡ ᠪᠠᠷ ᠢᠶᠠᠨ ᠬᠢᠨᠠᠨ ᠭᠦᠢᠴᠡᠳᠬᠡᠵᠦ᠂ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠬᠤᠷᠠᠯᠳᠤᠭᠤᠯᠵᠤ ᠬᠠᠥᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠲᠤᠰᠬᠠᠢ ᠰᠡᠳᠦᠪ ᠢᠶᠠᠷ | ᠰᠤᠳᠤᠯᠤᠨ ᠪᠠᠶᠢᠷᠢᠯᠠᠭᠤᠯᠵᠤ᠂ ᠣᠨ ᠤ ᠬᠠᠥᠯᠢ ᠪᠠᠷ ᠵᠠᠰᠠᠬᠤ ᠠᠵᠢᠯ ᠤᠨ ᠡᠭᠦᠷᠭᠡ᠂ ᠬᠠᠷᠢᠭᠤᠴᠠᠯᠭ᠎ᠠ ᠶᠢᠨ ᠭᠠᠵᠠᠷ ᠲᠠᠰᠤᠭ | ᠪᠣᠯᠤᠨ ᠬᠠᠷᠠᠯᠲᠠ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠠᠥᠯᠢ ᠪᠠᠷ | ᠵᠠᠰᠠᠬᠤ ᠪᠠᠶᠢᠭᠤᠯᠤᠯᠲᠠ ᠶᠢᠨ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠯ᠎ᠡ ᠵᠦᠢᠯ ᠤᠨ ᠠᠵᠢᠯ ᠢ ᠬᠠᠥᠯᠢ ᠪᠠᠷ ᠵᠠᠰᠠᠬᠤ | ᠵᠠᠮ ᠳᠤ ᠦᠨᠡᠨ ᠬᠦ ᠣᠷᠣᠭᠤᠯᠪᠠ᠃ | ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ ᠬᠠᠤᠯᠢ ᠪᠠᠷ ᠵᠠᠰᠠᠨ᠎ᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠢᠳᠡᠪᠬᠢᠲᠡᠢ | ᠨᠠᠶᠢᠳᠠᠪᠤᠷᠢᠵᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠡ ᠲᠠᠢ ᠬᠠᠮᠵᠢᠯᠴᠠᠨ ᠲᠠᠪᠤᠨ ᠵᠢᠯ ᠤᠨ ᠬᠠᠤᠯᠢ ᠲᠣᠭᠲᠠᠭᠠᠬᠤ ᠲᠥᠯᠥᠪᠵᠢᠭᠦᠯᠭᠡ ᠪᠠ ᠡᠯ᠎ᠡ ᠣᠨ ᠤ | ᠬᠠᠤᠯᠢ ᠲᠣᠭᠲᠠᠭᠠᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠨ᠎ᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠬᠤ ᠪᠠ ᠨᠡᠶᠢᠲᠡᠯᠡᠨ ᠬᠡᠷᠡᠭᠵᠢᠭᠦᠯᠵᠦ᠂ | ᠭᠠᠵᠠᠷ ᠰᠢᠷᠣᠶ ᠶᠢᠨ ᠬᠠᠮᠢᠶᠠᠷᠤᠯᠲᠠ ᠶᠢ ᠴᠢᠩᠭᠠᠳᠬᠠᠬᠤ᠂ ᠭᠠᠵᠠᠷ ᠰᠢᠷᠣᠶ ᠶᠢᠨ ᠡᠬᠢ ᠪᠠᠶᠠᠯᠢᠭ ᠢ ᠬᠠᠮᠠᠭᠠᠯᠠᠬᠤ᠂ ᠨᠡᠭᠡᠭᠡᠬᠦ ᠪᠠ | ᠵᠦᠢ ᠵᠣᠬᠢᠰᠲᠠᠶ ᠠᠰᠢᠭᠯᠠᠬᠤ ᠳᠤ ᠬᠠᠤᠯᠢ ᠲᠣᠭᠲᠠᠭᠠᠬᠤ ᠪᠠᠲᠤᠯᠠᠭ᠎ᠠ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ︽ | ᠬᠤᠶᠠᠷ ᠶᠡᠭᠡ ᠶᠠᠪᠤᠳᠠᠯ︾ ᠢ ᠪᠡᠶᠡᠯᠡᠭᠦᠯᠬᠦ᠂ ᠶᠠᠷᠢᠯᠴᠠᠬᠤ ᠳᠤ ᠣᠷᠣᠯᠴᠠᠬᠤ᠂ ᠬᠠᠷᠢᠭᠤ ᠲᠤᠰᠬᠠᠬᠤ ᠲᠠᠪᠤᠨ ᠶᠡᠭᠡ | ᠡᠭᠦᠷᠭᠡ ᠶᠢᠨ ᠲᠤᠰᠬᠠᠶ ᠵᠦᠢᠯ ᠢᠶᠠᠷ ᠠᠬᠢᠭᠤᠯᠬᠤ ᠬᠠᠤᠯᠢ ᠵᠡᠷᠭᠡ ᠡᠯ᠎ᠡ ᠲᠥᠷᠥᠯ ᠤᠨ ᠲᠥᠰᠦᠯ ᠢ ᠭᠦᠢᠴᠡᠳᠭᠡᠬᠦ ᠳᠤ 28 | ᠬᠤᠪᠢ ᠤᠳᠠᠭ᠎ᠠ ᠰᠠᠨᠠᠯ ᠬᠤᠷᠢᠶᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠢ | ᠠᠷᠠᠴᠢᠯᠠᠨ ᠬᠠᠮᠠᠭᠠᠯᠠᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ︾ ᠤᠨ ᠬᠠᠤᠯᠢ ᠲᠣᠭᠲᠠᠭᠠᠬᠤ ᠪᠠᠶᠢᠴᠠᠭᠠᠨ | ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ | ᠵᠡᠷᠭᠡ ᠬᠦᠷᠢᠶᠡᠨ ᠳᠠᠬᠢ ᠲᠥᠬᠦᠷ ᠲᠥᠷᠥ ᠶᠢᠨ ᠪᠣᠳᠣᠯᠭ᠎ᠠ ᠶᠢᠨ ᠪᠠᠷᠠᠭᠠᠯᠬᠢᠯᠠᠯ ᠤᠨ ᠴᠢᠨᠠᠷᠲᠠᠶ ᠰᠤᠳᠤᠯᠭᠠᠨ ᠢ ᠴᠢᠩᠭᠠᠳᠬᠠᠪᠠ᠃ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠪᠣᠯᠤᠨ ᠭᠤᠣᠯᠴᠢ ᠥᠷᠢᠰᠥᠯᠳᠦᠭᠡᠨ ᠤ | ᠴᠢᠨᠠᠷ ᠤᠨ ︽ᠬᠤᠣᠰ ᠬᠢᠨᠠᠨ ᠪᠠᠶᠢᠴᠠᠭᠠᠯᠲᠠ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠤᠣᠰ ᠬᠢᠨᠠᠨ | ᠪᠠᠶᠢᠴᠠᠭᠠᠯᠲᠠ︾ ᠶᠢ ᠥᠩᠭᠡᠷᠡᠭᠡᠭᠰᠡᠨ ᠦᠭᠡᠶ ᠪᠤᠶᠤ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠴᠥᠮ ᠨᠠᠮ ᠤᠨ ᠤᠳᠤᠷᠢᠳᠬᠤ ᠳᠤᠭᠤᠶᠢᠯᠠᠩ ᠳᠤ ᠳᠡᠪᠰᠢᠭᠦᠯᠦᠨ ᠬᠢᠨᠠᠨ ᠵᠥᠪᠯᠡᠭᠦᠯᠵᠦ | ᠪᠣᠯᠬᠤ ᠦᠭᠡᠶ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠭᠤᠯᠬᠤ ᠬᠠᠮᠢᠶᠠᠷᠤᠯᠲᠠ ᠶᠢ ᠴᠢᠩᠭᠠᠳᠬᠠᠨ᠂ | ᠦᠷᠭᠦᠯᠵᠢᠯᠡᠨ ᠬᠦᠴᠦᠨ ᠲᠠᠢ ᠪᠠᠶᠢᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ᠢ ᠲᠣᠭᠲᠠᠮᠠᠯ | ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠲᠡᠯᠡᠵᠦ᠂ ᠬᠤᠭᠤᠴᠠᠭ᠎ᠠ ᠨᠢ ᠲᠤᠯᠤᠭᠰᠠᠨ᠂ ᠪᠠᠶᠢᠭᠠᠯᠢ ᠶᠢᠨ ᠡᠬᠢ ᠪᠠᠶᠠᠯᠢᠭ ᠤᠨ | ᠬᠦᠴᠦᠨ ᠵᠦᠢᠯ ᠤᠨ ᠪᠠᠲᠤᠯᠠᠭ᠎ᠠ ᠶᠢ ᠬᠠᠷᠰᠢᠯᠠᠭᠰᠠᠨ ᠪᠤᠶᠤ ᠠᠰᠢᠭ ᠦᠭᠡᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠴᠠᠭ ᠲᠤᠬᠠᠶ ᠳᠤᠨᠢ ᠢᠯᠭᠠᠷᠠᠭᠤᠯᠤᠨ ᠬᠦᠴᠦᠨ ᠦᠭᠡᠶ ᠪᠣᠯᠭᠠᠬᠤ ᠶᠢᠨ ᠬᠠᠮᠲᠤ ᠵᠠᠷᠯᠠᠬᠤ ᠬᠡᠷᠡᠭᠲᠡᠶ᠃ | ᠭᠤᠷᠪᠠ ᠳᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠴᠢᠩᠭᠠᠳᠬᠠᠵᠤ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠵᠡᠩᠨᠡᠬᠦ | ᠬᠠᠮᠤᠭ ᠤᠨ ᠰᠠᠶᠢᠨ ᠣᠷᠴᠢᠨ ᠨᠥᠬᠦᠴᠡᠯ ᠮᠥᠨ ᠭᠡᠬᠦ ᠡᠨᠡ ᠬᠦ ᠣᠶᠢᠯᠠᠭᠠᠭᠳᠠᠬᠤᠨ ᠢ ᠨᠠᠶᠢᠳᠠᠪᠤᠷᠢᠵᠢᠭᠤᠯᠵᠤ᠂ ᠵᠠᠰᠠᠭ | ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ | ᠬᠡᠷᠡᠭᠵᠢᠭᠦᠯᠦᠨ᠂ ᠴᠢᠬᠤᠯᠠ ᠶᠡᠭᠡ ᠬᠡᠷᠡᠭ ᠶᠠᠪᠤᠳᠠᠯ ᠤᠨ ᠲᠤᠬᠠᠢ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠴᠢᠬᠤᠯᠠ | ᠺᠠᠳ᠋ᠷ ᠢ ᠲᠣᠮᠢᠯᠠᠬᠤ ᠪᠠ ᠪᠠᠭᠤᠯᠭᠠᠬᠤ᠂ ᠴᠢᠬᠤᠯᠠ ᠵᠦᠢᠯᠡᠰ ᠢ ᠲᠤᠬᠢᠷᠠᠭᠤᠯᠬᠤ᠂ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ | ︽ᠭᠤᠷᠪᠠᠨ ᠴᠢᠬᠤᠯᠠ ᠨᠢᠭᠡ ᠶᠡᠭᠡ︾ ᠬᠡᠷᠡᠭ ᠶᠠᠪᠤᠳᠠᠯ ᠳᠤ ᠤᠯᠠᠨ ᠨᠡᠶᠢᠲᠡ ᠶᠢᠨ ᠣᠷᠣᠯᠴᠠᠬᠤ᠂ ᠲᠤᠰᠬᠠᠢ ᠮᠡᠷᠭᠡᠵᠢᠯᠲᠡᠨ | ᠨᠤᠲᠠᠯᠠᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ | ᠶᠠᠷᠢᠯᠴᠠᠬᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠴᠢᠩᠭ᠎ᠠ ᠭᠦᠢᠴᠡᠳᠬᠡᠨ᠎ᠡ᠃ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠭᠠᠷᠴᠠᠭ ᠢ ᠬᠠᠤᠯᠢ ᠶᠣᠰᠣᠭᠠᠷ ᠲᠣᠭᠲᠠᠭᠠᠬᠤ ᠶᠢᠨ ᠬᠠᠮᠲᠤ ᠨᠡᠶᠢᠲᠡᠯᠡᠬᠦ | ᠬᠡᠷᠡᠭᠲᠡᠶ᠃ ︽ᠡᠭᠦᠳᠡ ᠪᠠᠨ ᠨᠡᠭᠡᠭᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ︾ ᠲᠣᠭᠲᠠᠴᠠ ᠶᠢ ᠪᠦᠷᠢᠨᠰᠢᠭᠦᠯᠵᠦ᠂ | ᠨᠡᠶᠢᠲᠡ ᠣᠯᠠᠨ ᠢᠶᠠᠷ ᠢᠶᠠᠨ ᠣᠷᠣᠯᠴᠠᠬᠤ ᠪᠠ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠡᠷᠴᠢᠮ ᠢ ᠨᠡᠮᠡᠭᠳᠡᠭᠦᠯᠦᠨ᠎ᠡ᠃ | ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠬᠤᠶᠠᠷ ᠢ ᠰᠤᠭᠤᠴᠢᠵᠤ᠂ ᠨᠢᠭᠡ ᠶᠢ | ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ | ᠴᠢᠩᠭᠠᠳᠬᠠᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ | ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ︽ᠦᠨᠡᠮᠯᠡᠯ ᠢ ᠬᠠᠰᠤᠵᠤ ᠠᠷᠠᠳ ᠲᠤ ᠲᠥᠬᠦᠮ ᠦᠵᠡᠭᠦᠯᠬᠦ︾᠂ | ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠮᠡᠳᠡᠭᠳᠡᠬᠦ | ᠠᠮᠠᠯᠠᠯᠲᠠ ᠶᠢᠨ ᠲᠦᠷᠢᠮ ᠢ ᠦᠷᠭᠦᠯᠵᠢᠯᠡᠨ ᠥᠷᠨᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠲᠦᠰᠢᠭᠯᠡᠨ᠂ ︽ᠨᠢᠭᠡ ᠤᠴᠢᠷ ᠢ ᠨᠢᠭᠡ ᠯᠡ ᠤᠳᠠᠭ᠎ᠠ ᠳᠤ | ᠭᠦᠢᠴᠡᠳᠭᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠠᠵᠤ | ᠠᠬᠤᠶᠢᠯᠠᠯ ᠳᠤ ᠬᠤᠯᠪᠣᠭᠳᠠᠭᠰᠠᠨ ᠠᠷᠠᠳ ᠲᠤ ᠲᠥᠬᠦᠮ ᠦᠵᠡᠭᠦᠯᠬᠦ ᠵᠦᠢᠯᠡᠰ ᠢ ᠪᠥᠬᠦ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠪᠥᠬᠦ ᠶᠠᠪᠤᠴᠠ ᠪᠠᠷ ᠰᠦᠯᠵᠢᠶ᠎ᠡ ᠪᠠᠷ | ᠭᠦᠢᠴᠡᠳᠭᠡᠬᠦ ᠶᠢ ᠠᠬᠢᠭᠤᠯᠤᠨ᠎ᠠ᠃ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ᠢ | ᠭᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠮᠴᠢᠯᠡᠯ ᠤᠨ ᠡᠷᠬᠡ᠂ | ᠪᠡᠶ᠎ᠡ ᠪᠠᠨ ᠳᠠᠭᠠᠭᠠᠵᠤ ᠡᠵᠡᠩᠨᠡᠬᠦ ᠡᠷᠬᠡ ᠪᠣᠯᠤᠨ ᠪᠤᠰᠤᠳ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ | ᠲᠡᠭᠰᠢ ᠪᠠᠷ ᠬᠠᠮᠠᠭᠠᠯᠠᠵᠤ᠂ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠵᠤ ᠬᠢᠨᠠᠨ ᠬᠠᠷᠭᠤᠭᠤᠯᠬᠤ ᠪᠣᠭᠤᠮᠲᠠ ᠶᠢ | ᠰᠠᠬᠢᠬᠤ ᠶᠢ ᠴᠢᠩᠭᠠᠳᠬᠠᠵᠤ᠂ ᠨᠢᠭᠡᠳᠦᠯᠲᠡᠢ ᠵᠠᠬ᠎ᠠ ᠳᠡᠯᠭᠡᠭᠦᠷ ᠪᠣᠯᠤᠨ ᠡᠷᠬᠡ ᠲᠡᠭᠰᠢ ᠥᠷᠢᠰᠥᠯᠳᠦᠭᠡᠨ ᠢ ᠬᠠᠷᠰᠢᠯᠠᠬᠤ | ᠲᠣᠭᠲᠠᠭᠠᠯ ᠪᠣᠯᠤᠨ ᠬᠢᠳᠡᠯ ᠢ ᠪᠦᠬᠦ ᠲᠠᠯ᠎ᠠ ᠪᠠᠷ ᠴᠡᠪᠡᠷᠯᠡᠨ ᠬᠦᠴᠦᠨ ᠦᠭᠡᠢ ᠪᠣᠯᠭᠠᠵᠤ᠂ ᠭᠡᠷ᠎ᠡ ᠪᠠᠨ ᠭᠦᠢᠴᠡᠳᠬᠡᠬᠦ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ | ᠢᠳᠡᠪᠬᠢᠲᠡᠢ ᠬᠠᠮᠠᠭᠠᠯᠠᠨ᠎ᠠ᠃ | ᠲᠦᠷᠪᠡ ᠳᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠡᠳᠦᠷ ᠢᠷᠡᠬᠦᠶ᠎ᠡ ᠴᠢᠩᠭ᠎ᠠ ᠵᠢᠷᠤᠮᠵᠢᠭᠤᠯᠵᠤ᠂ ᠲᠥᠪ ᠭᠤᠣᠯᠴᠢ ᠪᠣᠯᠪᠠᠰᠤᠨ ᠪᠣᠯᠭᠠᠪᠠ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ | ᠲᠡᠮᠳᠡᠭᠯᠡᠬᠦ ᠲᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ | ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ | ᠬᠡᠷᠡᠭᠯᠡᠬᠦ ᠲᠦᠷᠢᠮ︾ ᠢ ᠲᠣᠭᠲᠠᠭᠠᠨ ᠨᠡᠶᠢᠲᠡᠯᠡᠵᠦ᠂ ᠭᠠᠵᠠᠷ ᠰᠢᠷᠣᠶ᠂ ᠭᠠᠵᠠᠷ ᠰᠢᠨᠵᠢᠯᠡᠭᠡᠨ ᠠᠭᠤᠷᠬᠠᠶ ᠶᠢᠨ ᠭᠠᠷᠤᠯᠲᠠ᠂ | ᠭᠠᠵᠠᠷ ᠵᠦᠶ ᠶᠢ ᠬᠡᠮᠵᠢᠨ ᠵᠢᠷᠤᠭᠰᠠᠨ ᠮᠡᠳᠡᠭᠡ ᠵᠠᠩᠭᠢ᠂ ᠲᠥᠯᠥᠪᠵᠢᠭᠦᠯᠦᠭᠰᠡᠨ 4 ᠲᠥᠷᠥᠯ ᠬᠡᠯᠪᠡᠷᠢ ᠶᠢᠨ 59 ᠵᠦᠢᠯ ᠤᠨ | ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠵᠦᠢᠯᠡᠰ ᠤᠨ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ | ᠪᠠᠷᠢᠮᠵᠢᠶ᠎ᠠ ᠶᠢ ᠲᠣᠳᠣᠷᠬᠠᠶᠢᠯᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠣᠯᠤᠨ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ | ᠬᠡᠷᠡᠭᠵᠢᠭᠦᠯᠬᠦ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ︿ᠠᠷᠪᠠᠨ ᠡᠷᠬᠡᠪᠰᠢ﹀︾ ᠶᠢᠨ ᠬᠠᠮᠢᠶ᠎ᠠ ᠪᠦᠬᠦᠢ | ᠱᠠᠭᠠᠷᠳᠠᠯᠭ᠎ᠠ ᠶᠢ ᠰᠤᠳᠤᠯᠤᠨ ᠲᠣᠭᠲᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ | ᠴᠢᠩᠭᠠᠳᠬᠠᠬᠤ ᠬᠡᠷᠡᠭᠲᠡᠶ᠃ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ᠂ ᠦᠨᠡᠮᠯᠡᠯ ᠦᠭᠡᠢ ᠪᠠᠷ ᠨᠡᠭᠡᠭᠡᠨ | ᠮᠠᠯᠲᠠᠬᠤ᠂ ᠵᠠᠭᠠᠭ ᠢ ᠳᠠᠪᠠᠵᠤ ᠨᠡᠭᠡᠭᠡᠨ ᠮᠠᠯᠲᠠᠬᠤ ᠵᠡᠷᠭᠡ ᠤᠯᠠᠨ ᠲᠦᠮᠡᠨ ᠤ ᠲᠤᠰᠬᠠᠯ ᠶᠡᠬᠡᠲᠡᠢ ᠪᠠᠶᠢᠬᠤ ᠪᠠ | ᠭᠤᠣᠯᠳᠠᠯᠭ᠎ᠠ ᠲᠠᠢ ᠬᠦᠷᠢᠶᠡᠨ ᠤ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ | ᠬᠠᠤᠯᠢ ᠶᠢ ᠵᠥᠷᠢᠴᠡᠭᠰᠡᠨ ᠬᠦᠨᠳᠦ ᠶᠡᠭᠡ ᠨᠡᠶᠢᠲᠡᠯᠢᠭ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠪᠠᠶᠢᠭᠠᠯᠢ ᠶᠢᠨ ᠡᠬᠢ | ᠪᠠᠶᠠᠯᠢᠭ ᠤᠨ ᠡᠷᠡᠭᠦᠦ ᠰᠢᠢᠳᠭᠡᠯ ᠢ ᠵᠣᠯᠭᠠᠯᠳᠤᠭᠤᠯᠬᠤ ᠶᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠲᠠᠢ | ᠬᠠᠮᠲᠤᠷᠠᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠲᠤᠰᠬᠠᠢ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠪᠠᠶᠢᠭᠠᠯᠢ ᠶᠢᠨ ᠡᠬᠢ | ᠪᠠᠶᠠᠯᠢᠭ ᠤᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ | ᠠᠵᠢᠯᠯᠠᠭ᠎ᠠ ᠶᠢᠨ ᠪᠠᠶᠢᠳᠠᠯ ᠪᠠ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠶᠢ ᠵᠥᠷᠢᠴᠡᠭᠰᠡᠨ 9 ᠨᠡᠶᠢᠲᠡᠯᠢᠭ ᠬᠡᠷᠡᠭ ᠢ | ᠨᠡᠶᠢᠭᠡᠮ ᠨᠡᠶᠢᠲᠡ ᠳᠤ ᠢᠯᠡ ᠪᠠᠷ ᠵᠠᠷᠯᠠᠨ ᠮᠡᠳᠡᠭᠳᠡᠵᠦ᠂ ︽ᠤᠷᠳᠤ ᠰᠢᠳᠤ︾ ᠬᠠᠲᠠᠭᠤ ᠠᠷᠭ᠎ᠠ ᠬᠡᠮᠵᠢᠶ᠎ᠡ ᠠᠪᠴᠤ ᠪᠠᠶᠢᠭᠠᠳ | ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠨ᠂ ᠰᠦᠷᠳᠡᠭᠦᠯᠬᠦ ᠦᠢᠯᠡᠳᠦᠯ ᠢ ᠴᠢᠩᠭᠠᠷᠠᠭᠤᠯᠪᠠ᠃ ᠣᠷᠣᠨ ᠨᠤᠲᠤᠭ ᠤᠨ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠬᠠᠶ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠬᠢᠬᠦ ᠪᠠ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠴᠠᠭᠠᠵᠠ ᠬᠠᠤᠯᠢ ᠲᠣᠭᠲᠠᠭᠠᠯ | ᠪᠠᠶᠢᠭᠠᠯᠢ ᠶᠢᠨ ᠡᠬᠢ ᠪᠠᠶᠠᠯᠢᠭ ᠢ ᠬᠢᠨᠠᠨ ᠪᠠᠶᠢᠴᠠᠭᠠᠬᠤ ᠶᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠢ ᠬᠠᠤᠯᠢ ᠶᠣᠰᠣᠭᠠᠷ ᠬᠠᠮᠠᠭᠠᠯᠠᠬᠤ ᠪᠠ | ᠠᠷᠪᠢᠲᠠᠶ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠶᠢ ᠠᠬᠢᠭᠤᠯᠬᠤ ᠶᠢ ᠠᠬᠢᠭᠤᠯᠤᠨ᠎ᠠ᠃ | ᠲᠠᠪᠤ ᠳᠤ᠂ ᠲᠠᠬᠢᠨ ᠵᠥᠪᠯᠡᠵᠦ ᠵᠠᠷᠭᠤ ᠬᠦᠯᠢᠶᠡᠬᠦ ᠶᠢ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠤᠨ | ᠮᠠᠷᠭᠤᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠪᠡ᠃ ᠵᠠᠷᠭᠤ ᠶᠢᠨ ᠡᠬᠢ ᠰᠤᠷᠪᠤᠯᠵᠢ ᠶᠢᠨ ᠵᠠᠰᠠᠯᠲᠠ ᠶᠢ | ᠴᠢᠩᠭᠠᠳᠬᠠᠵᠤ᠂ ᠡᠶᠡᠳᠡᠭᠦᠯᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠵᠠᠰᠠᠭ ᠵᠠᠬᠢᠷᠭᠠᠨ ᠤ ᠲᠠᠰᠤᠯᠤᠯᠲᠠ ᠬᠢᠬᠦ᠂ | ᠬᠠᠤᠯᠢ ᠴᠠᠭᠠᠵᠠ ᠶᠢᠨ ᠡᠶᠡᠳᠡᠭᠦᠯᠭᠡ ᠬᠢᠬᠦ᠂ ᠵᠠᠰᠠᠭ ᠵᠠᠬᠢᠷᠭᠠᠨ ᠤ ᠡᠶᠡᠳᠡᠭᠦᠯᠭᠡ ᠬᠢᠬᠦ᠂ ᠵᠠᠬᠢᠳᠠᠯ ᠰᠤᠷᠪᠤᠯᠵᠢᠯᠠᠭ᠎ᠠ ᠶᠢ | ᠡᠶᠡᠳᠡᠭᠦᠯᠬᠦ ᠵᠡᠷᠭᠡ ᠮᠠᠷᠭᠤᠯᠳᠤᠭᠠᠨ ᠢ ᠰᠢᠢᠳᠪᠦᠷᠢᠯᠡᠬᠦ ᠣᠯᠠᠨ ᠡᠰᠢᠴᠢᠯᠡᠭᠰᠡᠨ ᠲᠣᠭᠲᠠᠴᠠ ᠶᠢ ᠬᠡᠷᠡᠭᠵᠢᠭᠦᠯᠵᠦ᠂ ᠲᠤᠬᠠᠢ ᠶᠢᠨ | ᠭᠠᠵᠠᠷ ᠲᠤᠨᠢ ᠣᠴᠢᠵᠤ ᠰᠤᠷᠪᠤᠯᠵᠢᠯᠠᠬᠤ᠂ ᠬᠡᠷᠡᠭ ᠢ ᠬᠢᠨᠠᠨ ᠪᠠᠶᠢᠴᠠᠭᠠᠬᠤ ᠬᠤᠷᠠᠯ ᠬᠤᠷᠠᠯᠳᠤᠭᠤᠯᠬᠤ᠂ ᠭᠡᠷᠡᠴᠢᠯᠡᠭᠡ | ᠰᠣᠨᠣᠰᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ | ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ᠂ ᠲᠠᠲᠠᠪᠤᠷᠢᠯᠠᠬᠤ ᠨᠥᠬᠦᠪᠥᠷᠢᠯᠡᠬᠦ ᠵᠡᠷᠭᠡ ᠭᠤᠣᠯᠳᠠᠯᠭ᠎ᠠ ᠲᠠᠢ ᠬᠦᠷᠢᠶᠡᠨ ᠤ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠠᠵᠢᠯ ᠢ ᠴᠢᠩᠭᠠᠳᠬᠠᠪᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ | ᠵᠠᠰᠠᠭ ᠵᠠᠬᠢᠷᠭᠠᠨ ᠤ ᠵᠠᠷᠭᠤ ᠳᠤ ᠬᠠᠤᠯᠢ ᠶᠣᠰᠣᠭᠠᠷ ᠣᠷᠣᠯᠴᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ | ᠴᠠᠭᠠᠵᠠ ᠶᠢᠨ ᠵᠥᠪᠯᠡᠭᠴᠢ ᠶᠢᠨ ᠳᠦᠷᠢᠮ ᠢ ᠨᠠᠶᠢᠳᠠᠪᠤᠷᠢᠵᠢᠭᠤᠯᠤᠨ᠂ ᠠᠷᠠᠳ ᠤᠨ ᠰᠢᠭᠦᠬᠦ ᠬᠤᠷᠢᠶ᠎ᠠ ᠪᠠ ᠳᠠᠬᠢᠨ ᠵᠥᠪᠯᠡᠬᠦ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠡᠷᠡᠭ ᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠪᠠ ᠰᠢᠭᠦᠬᠦ ᠶᠢ | ᠢᠳᠡᠪᠬᠢᠲᠡᠢ ᠳᠠᠮᠵᠢᠵᠤ᠂ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠪᠠ ᠳᠠᠬᠢᠨ ᠵᠥᠪᠯᠡᠭᠰᠡᠨ ᠲᠣᠭᠲᠠᠭᠠᠯ ᠢ | ᠬᠠᠤᠯᠢ ᠶᠣᠰᠣᠭᠠᠷ ᠭᠦᠢᠴᠡᠳᠬᠡᠵᠦ᠂ ᠪᠠᠶᠢᠴᠠᠭᠠᠬᠤ ᠬᠤᠷᠢᠶ᠎ᠠ ᠶᠢᠨ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ | ᠠᠵᠢᠯ ᠥᠷᠨᠢᠭᠦᠯᠬᠦ ᠶᠢ ᠳᠠᠮᠵᠢᠨ᠎ᠠ᠃ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠢ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠪᠣᠯᠤᠨ ᠳᠡᠭᠡᠳᠦ ᠱᠠᠲᠤᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠠᠴᠠ ᠬᠡᠷᠡᠭ ᠰᠢᠯᠵᠢᠭᠦᠯᠦᠨ ᠰᠢᠢᠳᠪᠦᠷᠢᠡᠯᠬᠦ ᠶᠢ | ᠬᠠᠤᠯᠢ ᠶᠣᠰᠣᠭᠠᠷ ᠴᠠᠭ ᠲᠤᠬᠠᠶ ᠳᠤᠨᠢ ᠰᠢᠢᠳᠪᠦᠷᠢᠯᠡᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ | ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠢ ᠪᠠᠲᠤᠯᠠᠬᠤ ᠬᠡᠷᠡᠭᠲᠡᠶ᠃ | ᠬᠥᠲᠥᠯᠥᠭᠴᠢ᠄ ᠲᠠᠷᠠᠭᠠᠴᠢ ᠶᠢᠨ ᠠᠯᠬᠤᠮ ᠳᠤ ᠬᠡᠷᠬᠢᠨ ᠡᠭᠦᠷᠭᠡᠯᠡᠯ ᠢᠶᠠᠨ ᠴᠢᠩᠭᠠᠳᠬᠠᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠵᠦ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠬᠠᠤᠯᠢ ᠶᠣᠰᠣᠭᠠᠷ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠪᠣᠶ︖ | ᠵᠤᠤ ᠹᠠᠩ᠄ ᠳᠠᠷᠠᠭ᠎ᠠ ᠠᠯᠬᠤᠮ ᠳᠤ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠬᠠᠥᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠶ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ︽ᠭᠤᠷᠪᠠᠨ ᠣᠶᠢᠯᠠᠭᠠᠯᠲᠠ︾ ᠶᠢ | ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠠᠢᠮᠠᠨ ᠰᠠᠷ᠎ᠠ ᠶᠢᠨ ᠲᠠᠪᠤᠨ ᠤ ᠡᠳᠦᠷ ᠤᠨ ᠬᠠᠤᠯᠢ ᠲᠦᠭᠡᠮᠡᠯᠵᠢᠭᠦᠯᠬᠦ | ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠤᠯᠢ ᠲᠦᠭᠡᠮᠡᠯᠵᠢᠭᠦᠯᠬᠦ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠬᠠᠥᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠤᠨ ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠭᠦᠯᠵᠦ᠂ ᠬᠠᠥᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ | ᠠᠷᠭ᠎ᠠ ᠶᠢᠨ ᠰᠢᠨ᠎ᠡ ᠶᠢ ᠡᠭᠦᠳᠴᠦ᠂ ᠪᠦᠬᠦ ᠨᠡᠶᠢᠭᠡᠮ ᠤᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ | ᠬᠠᠤᠯᠢ ᠶᠢ ᠬᠡᠷᠡᠭᠯᠡᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠵᠤ᠂ ᠪᠦᠬᠦ | ᠨᠡᠶᠢᠭᠡᠮ ᠢᠶᠠᠷ ᠢᠶᠠᠨ ᠬᠠᠤᠯᠢ ᠶᠣᠰᠣᠭᠠᠷ ᠠᠵᠢᠯᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ | ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠬᠠᠥᠯᠢ ᠪᠠᠷ ᠵᠠᠰᠠᠬᠤ | ᠣᠷᠴᠢᠨ ᠢ ᠦᠷᠭᠦᠯᠵᠢᠯᠡᠨ ᠪᠤᠢ ᠪᠣᠯᠭᠠᠵᠤ᠂ ᠬᠠᠤᠯᠢ ᠪᠠᠷ ᠣᠷᠣᠨ ᠢᠶᠠᠨ ᠵᠠᠰᠠᠬᠤ ᠰᠠᠭᠤᠷᠢ ᠶᠢ ᠪᠠᠬᠢᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ | | |