ᠡᠯ᠎ᠡ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠬᠤᠲᠠ ᠬᠥᠳᠡᠭᠡ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠨᠢᠭᠡᠴᠢ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾᠂ ︽ᠬᠤᠲᠠ ᠬᠥᠳᠡᠭᠡ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ︵ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ | ᠵᠠᠷᠯᠢᠭ 11 ᠳ᠋ᠦ᠋ᠭᠡᠷ ᠲᠣᠭᠠᠲᠤ᠂ ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢᠨ ᠬᠤᠯᠪᠣᠭᠳᠠᠯ ᠪᠥᠬᠦᠶ ᠲᠣᠭᠲᠠᠭᠠᠯ ᠢ | ᠦᠨᠳᠦᠰᠦᠯᠡᠨ᠂ ᠡᠳᠦᠭᠡ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠥᠬᠡᠭᠴᠢᠨ ᠲᠠᠰ ᠤᠨ ᠬᠢᠷᠢ ᠬᠡᠮ ︵ᠬᠢᠷᠢ ᠬᠡᠮ ᠭᠡᠵᠦ ᠲᠣᠪᠴᠢᠯᠠᠨ᠎ᠠ︶ ᠢ | ᠨᠠᠶᠢᠷᠠᠭᠤᠯᠤᠨ ᠵᠣᠬᠢᠶᠠᠬᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠴᠢᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ︽ᠬᠠᠮᠢᠶᠠᠷᠤᠯᠲᠠ ᠶᠢᠨ ᠠᠷᠭ᠎ᠠ︾ | ᠶᠢ ᠬᠡᠷᠡᠭᠵᠢᠭᠦᠯᠬᠦ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨᠠᠨ ᠣᠯᠭᠤᠭᠰᠠᠨ ᠬᠦᠴᠦᠨ ᠲᠠᠢ | ᠬᠤᠭᠤᠴᠠᠭ᠎ᠠ ᠨᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ ᠬᠢᠷᠢ ᠬᠡᠮ ᠤᠨ ᠦᠨᠡᠮᠯᠡᠯ ᠪᠠᠶᠢᠵᠤ᠂ ᠬᠦᠴᠦᠨ ᠲᠠᠢ ᠬᠤᠭᠤᠴᠠᠭ᠎ᠠ ᠨᠢ | 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠤᠷᠲᠤᠳᠬᠠᠨ᠎ᠠ᠃ ᠲᠣᠰ ᠤᠳᠠᠭᠠᠨ ᠤ ᠬᠤᠭᠤᠴᠠᠭ᠎ᠠ ᠶᠢ ᠤᠷᠲᠤᠳᠬᠠᠬᠤ ᠳᠤ | ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ ᠴᠢᠬᠤᠯᠠ ᠥᠬᠡᠶ᠂ ᠲᠣᠰ ᠲᠥᠷᠥᠯ ᠤᠨ ᠬᠢᠷᠢ ᠬᠡᠮ ᠤᠨ ᠦᠨᠡᠮᠯᠡᠯ ᠲᠠᠢ ᠨᠢᠭᠡᠴᠢ ᠨᠢ ᠲᠣᠰ | ᠮᠡᠳᠡᠭᠳᠡᠯ ᠲᠠᠢ ᠤᠶᠠᠯᠳᠤᠭᠤᠯᠤᠨ ᠬᠤᠭᠤᠴᠠᠭ᠎ᠠ ᠤᠷᠲᠤᠳᠬᠠᠭᠰᠠᠨ ᠬᠤᠭᠤᠴᠠᠭᠠᠨ ᠳᠤ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠦᠷᠭᠦᠯᠵᠢᠯᠡᠨ ᠥᠷᠨᠢᠭᠦᠯᠵᠦ | ᠪᠣᠯᠤᠨ᠎ᠠ᠃ | ᠬᠤᠶᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠯᠪᠠᠨ ᠬᠡᠷ᠂ ᠪᠠᠶᠢᠭᠠᠯᠢ ᠶᠢᠨ ᠡᠬᠢ | ᠪᠠᠶᠠᠯᠢᠭ ᠤᠨ ᠶᠠᠮᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠣᠪᠴᠢᠶ᠎ᠠ ᠶᠢᠨ ᠨᠡᠶᠢᠲᠡᠯᠡᠭᠰᠡᠨ ︽ᠪᠥᠬᠦ ᠤᠯᠤᠰ ᠤᠨ | ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠬᠢᠷᠢ ᠬᠡᠮ ᠤᠨ ᠦᠨᠡᠮᠯᠡᠯ ᠤᠨ ᠡᠯᠧᠺᠲᠷᠣᠨ ᠦᠨᠡᠮᠯᠡᠯ ᠤᠨ ᠪᠠᠷᠢᠮᠵᠢᠶ᠎ᠠ︾ ︵C0305 — 2022︶ ᠶᠢ ᠦᠨᠳᠦᠰᠦᠯᠡᠪᠡᠯ᠂ ᠮᠠᠨ ᠤ ᠲᠢᠩᠬᠢᠮ | ᠨᠢᠭᠡᠨᠲᠡ ᠬᠢᠷᠢ ᠬᠡᠮ ᠤᠨ ᠦᠨᠡᠮᠯᠡᠯ ︵ᠲᠣᠰ ᠤᠳᠠᠭᠠᠨ ᠤ ᠬᠤᠭᠤᠴᠠᠭ᠎ᠠ ᠶᠢ ᠤᠷᠲᠤᠳᠬᠠᠬᠤ ᠵᠢᠴᠢ ᠰᠢᠨ᠎ᠡ ᠪᠠᠷ ᠬᠢᠨᠠᠨ ᠣᠯᠭᠤᠭᠰᠠᠨ ᠦᠨᠡᠮᠯᠡᠯ ᠢ ᠪᠠᠭᠲᠠᠭᠠᠨ᠎ᠠ︶ | ᠢ ᠰᠢᠨ᠎ᠡ ᠬᠡᠪᠯᠡᠯ ᠤᠨ ᠬᠡᠯᠪᠡᠷᠢ ᠮᠠᠶ᠋ᠢᠭ ᠢᠶᠠᠷ ᠰᠣᠯᠢᠵᠤ᠂ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠡᠯ᠎ᠡ ᠨᠢᠭᠡᠴᠢ ᠠᠴᠠ | ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠪᠤᠶᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠲᠡᠮᠳᠡᠭ ᠢ ᠬᠡᠷᠡᠭᠯᠡᠵᠦ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠭᠠᠷᠴᠤ᠂ ︽ᠮᠢᠨᠦ ᠦᠨᠡᠮᠯᠡᠯ︾ ᠤᠨ ᠳᠣᠲᠣᠷ᠎ᠠ ᠠᠴᠠ | ᠡᠯᠧᠺᠲᠷᠣᠨ ᠦᠨᠡᠮᠯᠡᠯ ᠢ ᠪᠠᠶᠢᠴᠠᠭᠠᠨ ᠯᠠᠪᠯᠠᠬᠤ ᠪᠠ ᠪᠠᠭᠤᠯᠭᠠᠨ ᠠᠪᠬᠤ ᠬᠡᠷᠡᠭᠲᠡᠶ ᠃ ᠪᠠᠭᠤᠯᠭᠠᠭᠰᠠᠨ ᠤ ᠳᠠᠷᠠᠭ᠎ᠠ ᠳᠠᠷᠤᠮᠠᠯᠯᠠᠭᠰᠠᠨ ᠡᠯᠧᠺᠲᠷᠣᠨ ᠦᠨᠡᠮᠯᠡᠯ ᠨᠢ | ᠴᠠᠭᠠᠰᠤᠨ ᠤ ᠦᠨᠡᠮᠯᠡᠯ ᠲᠠᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ᠃ ᠬᠢᠷᠢ ᠬᠡᠮ ᠤᠨ ᠦᠨᠡᠮᠯᠡᠯ ᠳᠤ ᠬᠤᠶᠠᠷ ᠬᠡᠮᠵᠢᠯᠳᠦ ᠺᠣᠳ᠋ ᠳᠠᠭᠠᠯᠳᠤᠭᠤᠯᠵᠤ᠂ | ᠡᠯ᠎ᠡ ᠨᠢᠭᠡᠴᠢ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠮᠥᠩᠬᠡ ᠰᠤᠪᠠᠭ ᠤᠨ APP ᠪᠠᠷ ᠳᠠᠮᠵᠢᠭᠤᠯᠤᠨ ᠬᠢᠷᠢ ᠬᠡᠮ ᠤᠨ ᠦᠨᠡᠮᠯᠡᠯ ᠤᠨ ᠨᠠᠷᠢᠨ ᠮᠡᠳᠡᠭᠡ | ᠵᠠᠩᠭᠢ ᠶᠢ ᠣᠯᠵᠤ ᠪᠣᠯᠤᠨ᠎ᠠ᠃ | ᠭᠤᠷᠪᠠ᠂ ᠰᠢᠨ᠎ᠡ ᠪᠠᠷ ᠭᠤᠶᠤᠴᠢᠯᠠᠬᠤ ᠬᠢᠷᠢ ᠬᠡᠮ ᠢ ᠮᠠᠭᠠᠳᠯᠠᠨ ᠲᠣᠭᠲᠠᠭᠠᠬᠤ᠂ ᠬᠢᠷᠢ ᠬᠡᠮ ᠤᠨ ᠦᠨᠡᠮᠯᠡᠯ ᠤᠨ ᠮᠡᠳᠡᠭᠡ ᠵᠠᠩᠭᠢ ᠶᠢ ᠬᠤᠪᠢᠷᠠᠭᠤᠯᠬᠤ | ᠴᠢᠬᠤᠯᠠᠲᠠᠶ ᠨᠢᠭᠡᠴᠢ ᠨᠦᠭᠦᠳ ︽ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠮᠢᠶ᠎ᠠ ᠪᠥᠬᠦᠶ ᠮᠠᠲ᠋ᠧᠷᠢᠶᠠᠯ ᠢ | ᠪᠡᠯᠡᠳᠬᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ᠳᠠᠮᠵᠢᠭᠤᠯᠤᠨ ᠰᠦᠯᠵᠢᠶᠡᠨ ᠳᠡᠭᠡᠷ᠎ᠡ | ᠭᠤᠶᠤᠴᠢᠯᠠᠨ ᠮᠡᠳᠡᠭᠦᠯᠵᠦ᠂ ᠰᠦᠯᠵᠢᠶᠡᠨ ᠤ ᠰᠠᠨᠠᠭᠤᠯᠤᠮᠵᠢ ᠶᠢ ᠦᠨᠳᠦᠰᠦᠯᠡᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠴᠤᠪᠤᠷᠠᠯ ᠢ ᠦᠨᠳᠦᠰᠦᠯᠡᠨ | ᠰᠦᠯᠵᠢᠶᠡᠨ ᠳᠡᠭᠡᠷ᠎ᠡ ᠭᠦᠢᠴᠡᠳᠬᠡᠭᠡᠷᠡᠢ᠃ ᠪᠣᠳᠠᠲᠠᠶ ᠠᠷᠭ᠎ᠠ ᠵᠠᠮ ᠪᠣᠯ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ — | ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠢᠷᠢ ᠬᠡᠮ ᠢ ᠮᠠᠭᠠᠳᠯᠠᠨ ᠲᠣᠭᠲᠠᠭᠠᠨ᠎ᠠ᠃ | ᠳᠥᠷᠪᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠤᠯᠪᠣᠭᠳᠠᠯ ᠪᠥᠬᠦᠶ ᠠᠶᠢᠮᠠᠭ ᠬᠤᠲᠠ ᠶᠢᠨ ᠪᠠᠶᠢᠭᠠᠯᠢ ᠶᠢᠨ | ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ᠬᠤᠣᠰ ᠲᠤᠬᠢᠶᠠᠯᠳᠤᠮᠵᠢ ᠨᠢᠭᠡ ᠢᠯᠡ︾ ᠵᠡᠷᠭᠡ ᠠᠷᠭ᠎ᠠ ᠮᠠᠶ᠋ᠢᠭ ᠢ | ᠠᠪᠴᠤ᠂ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠳᠤ ᠬᠢᠨᠠᠯᠲᠠ ᠲᠠᠯᠪᠢᠵᠤ ᠬᠠᠮᠢᠶᠠᠷᠬᠤ ᠶᠢ ᠤᠯᠠᠮ ᠨᠢᠭᠡ ᠠᠯᠬᠤᠮ | ᠴᠢᠩᠭᠠᠳᠬᠠᠨ᠎ᠠ᠃ ᠪᠠᠶᠢᠴᠠᠭᠠᠯᠲᠠ ᠪᠠᠷ ᠳᠠᠮᠵᠢᠭᠠᠳ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠣᠯᠠᠨ ᠲᠥᠯᠥᠪᠵᠢᠭᠦᠯᠭᠡ ᠶᠢ | ᠨᠢᠭᠡᠳᠬᠡᠭᠰᠡᠨ︾ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠵᠥᠷᠢᠴᠡᠭᠰᠡᠨ᠂ ᠬᠠᠤᠯᠢ ᠲᠣᠭᠲᠠᠭᠠᠯ ᠠᠴᠠ ᠵᠥᠷᠢᠴᠡᠨ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠥᠯᠥᠪᠵᠢᠭᠦᠯᠭᠡ ᠶᠢᠨ ᠬᠢᠷᠢ ᠬᠡᠮ ᠤᠨ ᠪᠠᠷᠢᠮᠵᠢᠶ᠎ᠠ ᠳᠤ | ᠨᠡᠶᠢᠴᠡᠬᠦ ᠥᠬᠡᠶ ᠵᠡᠷᠭᠡ ᠪᠠᠶᠢᠳᠠᠯ ᠣᠷᠣᠰᠢᠵᠤ ᠪᠠᠶᠢᠭ᠎ᠠ ᠨᠢᠭᠡᠴᠢ ᠪᠠ ᠬᠠᠮᠢᠶ᠎ᠠ ᠪᠥᠬᠦᠶ ᠬᠥᠮᠦᠰ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠬᠤᠲᠠ ᠬᠥᠳᠡᠭᠡ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠥᠬᠡᠭᠴᠢᠨ ᠲᠠᠰ ᠤᠨ ᠬᠢᠷᠢ ᠬᠡᠮ ᠤᠨ ᠦᠨᠡᠮᠯᠡᠯ ᠤᠨ ᠬᠤᠭᠤᠴᠠᠭ᠎ᠠ ᠨᠢ ᠲᠤᠯᠵᠤ ᠤᠷᠲᠤᠳᠬᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠥᠰᠥᠭ ﹇ | 2020﹈ 603 ᠲᠣᠭᠠᠲᠤ︶ ᠢ ᠳᠠᠭᠢᠵᠤ ᠬᠡᠷᠡᠭᠵᠢᠭᠦᠯᠬᠦ ᠥᠬᠡᠶ᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | 2024 ᠣᠨ ᠤ 2 ᠳ᠋ᠤᠭᠠᠷ ᠰᠠᠷ᠎ᠠ ᠶᠢᠨ 22 ᠤᠨ ᠡᠳᠦᠷ | |