ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠡᠳ᠋ ᠤᠨ ᠵᠠᠰᠠᠭ ᠤᠨ ᠶᠠᠮᠤᠨ ᠤᠯᠤᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ | ᠪᠠᠶᠢᠭᠠᠯᠢ ᠶᠢᠨ ᠡᠬᠢ ᠪᠠᠶᠠᠯᠢᠭ ᠳᠦᠷᠢᠮ ﹇2020﹈ 1 ᠳ᠋ᠤᠬᠡᠷ ᠲᠣᠭᠠᠲᠤ | ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ᠂ ᠠᠮᠢ ᠠᠬᠤᠶ ᠣᠷᠴᠢᠨ ᠲᠣᠭᠤᠷᠢᠨ ᠤ ᠲᠢᠩᠬᠢᠮ ︵ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︵ᠲᠣᠪᠴᠢᠶ᠎ᠠ︶᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠲᠢᠩᠬᠢᠮ᠂ ᠵᠥᠪᠯᠡᠯ︶᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠄ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠣᠯ ᠠᠭᠤᠷᠬᠠᠶ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠮᠥᠨ᠂ ᠠᠭᠤᠷᠬᠠᠶ ᠶᠢᠨ ᠦᠢᠯᠡᠰ ᠤᠨ ᠬᠦᠷᠢᠶᠡᠨ ᠳᠠᠬᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠦᠴᠦᠲᠡᠶ | ᠭᠠᠷᠳᠠᠴᠠ ᠮᠥᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠬᠦ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ | ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠵᠦ᠂ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ | ᠳᠣᠤᠷᠠᠬᠢ ᠮᠡᠲᠦ ᠮᠡᠳᠡᠭᠳᠡᠪᠡ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ | ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠪᠣᠯᠤᠨ ᠥᠨᠳᠥᠷ ᠲᠦᠪᠰᠢᠨ ᠢᠶᠠᠷ ᠬᠠᠮᠠᠭᠠᠯᠠᠬᠤ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠦᠨᠳᠦᠷᠴᠡ ᠠᠴᠠ ᠠᠭᠤᠷᠬᠠᠢ ᠶᠢᠨ ᠦᠢᠯᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ | ᠲᠥᠯᠥᠪᠵᠢᠭᠦᠯᠵᠦ᠂ ᠵᠠᠰᠠᠭ ᠤᠨ ᠣᠷᠳᠣᠨ ᠬᠦᠳᠦᠯᠦᠨ ᠵᠢᠯᠣᠭᠤᠳᠬᠤ᠂ ᠰᠠᠯᠠᠭ᠎ᠠ ᠮᠥᠴᠢᠷ ᠬᠠᠮᠵᠢᠯᠴᠠᠬᠤ᠂ ᠠᠵᠤ ᠠᠬᠤᠶᠢᠯᠠᠯ ᠭᠤᠣᠯᠯᠠᠨ ᠪᠠᠶᠢᠭᠤᠯᠬᠤ᠂ | ᠨᠡᠶᠢᠭᠡᠮ ᠤᠨ ᠬᠢᠨᠠᠯᠲᠠ ᠲᠠᠯᠪᠢᠬᠤ ᠪᠠᠷ ᠳᠠᠮᠵᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠪᠦᠬᠦ ᠶᠠᠪᠤᠴᠠ ᠳᠤ ᠲᠤᠭᠤᠰᠢᠯᠠᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ | ᠬᠥᠭᠵᠢᠭᠦᠯᠵᠦ ᠬᠠᠮᠠᠭᠠᠯᠠᠬᠤ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠳᠤ | ᠬᠦᠴᠦᠨ ᠨᠡᠮᠡᠷᠢᠯᠡᠨ᠎ᠡ᠃ | ︵ᠬᠤᠶᠠᠷ︶ ᠦᠨᠳᠦᠰᠦᠨ ᠵᠠᠷᠴᠢᠮ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠡᠯ᠎ᠡ ᠭᠠᠵᠠᠷ ᠤᠨ ᠬᠢᠨ | ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠵᠠᠮ | ᠱᠤᠭᠤᠮ ᠤᠨ ᠵᠢᠷᠤᠭ ᠪᠠ ᠴᠠᠭ ᠤᠨ ᠬᠦᠰᠦᠨᠦᠭᠲᠦ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠲᠥᠯᠥᠪᠵᠢᠭᠦᠯᠭᠡ ᠶᠢᠨ ᠬᠠᠮᠢᠶᠠᠷᠤᠯᠲᠠ | ᠡᠵᠡᠮᠳᠡᠯ ᠢ ᠴᠢᠩᠭᠠᠳᠬᠠᠨ᠂ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠶᠢ ᠠᠬᠢᠭᠤᠯᠵᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ | ᠥᠷᠭᠡᠳᠬᠡᠨ ᠪᠠᠶᠢᠭᠤᠯᠬᠤ᠂ ᠦᠢᠯᠡᠳᠪᠦᠷᠢᠯᠡᠵᠦ ᠪᠠᠶᠢᠭ᠎ᠠ ᠠᠭᠤᠷᠬᠠᠢ ︵ᠭᠡᠷᠡᠴᠢ ᠦᠨᠡᠮᠯᠡᠯ ᠨᠢ ᠬᠠᠤᠯᠢ ᠶᠣᠰᠣᠨ ᠤ ᠪᠥᠭᠡᠳ ᠬᠦᠴᠦᠨ ᠲᠠᠢ᠂ ᠣᠶᠢᠷ᠎ᠠ ᠶᠢᠨ 3 | ᠵᠢᠯ ᠤᠨ ᠳᠣᠲᠣᠷ᠎ᠠ ᠬᠡᠪ ᠤᠨ ᠶᠣᠰᠣᠭᠠᠷ ᠦᠢᠯᠡᠳᠪᠦᠷᠢᠯᠡᠵᠦ᠂ ᠦᠯᠡᠳᠡᠭᠰᠡᠨ ᠬᠠᠳᠠᠭᠠᠯᠠᠭᠳᠠᠴᠠ ᠨᠢ ᠮᠠᠯᠲᠠᠵᠤ ᠪᠣᠯᠬᠤ ᠵᠢᠯ ᠬᠤᠭᠤᠴᠠᠭ᠎ᠠ ᠶᠢ 3 ᠵᠢᠯ ᠠᠴᠠ | ᠳᠣᠣᠷ᠎ᠠ ᠪᠠᠶᠢᠯᠭᠠᠬᠤ ᠦᠭᠡᠢ︶ ᠪᠦᠬᠦᠨ ᠢ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠪᠠᠷᠢᠮᠲᠠᠯᠠᠨ᠎ᠠ᠃ ᠰᠢᠨ᠎ᠡ ᠶᠢ | ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠭᠤᠷᠬᠠᠶ ᠶᠢᠨ ᠦᠢᠯᠡᠰ ᠤᠨ ᠬᠦᠷᠢᠶᠡᠨ ᠳᠠᠬᠢ ᠮᠡᠷᠭᠡᠵᠢᠯ ᠤᠨ ᠰᠢᠨ᠎ᠡ ᠶᠢ ᠡᠭᠦᠳᠬᠦ ᠪᠠ | ᠲᠣᠨᠤᠭ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ᠂ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠶᠢ ᠬᠦᠴᠦᠯᠡᠨ | ᠠᠬᠢᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠲᠣᠨᠤᠭ ᠲᠥᠬᠦᠭᠡᠷᠦᠮᠵᠢ ᠶᠢ | ᠲᠦᠷᠭᠡᠪᠴᠢᠯᠡᠨ ᠬᠥᠭᠵᠢᠭᠦᠯᠬᠦ ᠪᠠ ᠥᠷᠭᠡᠨ ᠢᠶᠠᠷ ᠬᠡᠷᠡᠭᠯᠡᠬᠦ ᠶᠢ ᠠᠬᠢᠭᠤᠯᠤᠨ᠎ᠠ᠃ | ᠬᠠᠮᠵᠢᠯᠴᠠᠨ ᠬᠢᠨᠠᠯᠲᠠ ᠲᠠᠯᠪᠢᠬᠤ᠂ ᠬᠥᠳᠡᠯᠦᠩᠭᠦᠢ ᠪᠠᠷ ᠬᠠᠮᠢᠶᠠᠷᠬᠤ ᠶᠢ ᠪᠠᠷᠢᠮᠲᠠᠯᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠤᠭᠤᠷᠤᠨᠳᠤᠬᠢ | ᠵᠤᠬᠢᠴᠠᠯᠳᠤᠨ ᠬᠦᠳᠡᠯᠦᠯᠴᠡᠬᠦ ᠶᠢ ᠴᠢᠩᠭᠠᠳᠬᠠᠵᠤ᠂ ᠪᠤᠬᠢᠷᠳᠤᠯ ᠦᠭᠡᠢ ᠠᠭᠤᠷᠬᠠᠢ ᠶᠢᠨ ᠡᠳᠦᠷ ᠳᠤᠲᠤᠮ ᠤᠨ ᠬᠢᠨᠠᠯᠲᠠ ᠲᠠᠯᠪᠢᠯᠲᠠ ᠶᠢ ᠰᠠᠶᠢᠲᠤᠷ ᠬᠢᠵᠦ᠂ | ᠤᠯᠤᠰ ᠤᠨ ᠳᠡᠰ ᠪᠠ ᠮᠤᠵᠢ ᠶᠢᠨ ᠳᠡᠰ ᠤᠨ ᠪᠤᠬᠢᠷᠳᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠶᠢᠨ ᠬᠦᠳᠡᠯᠦᠩᠭᠦᠢ ᠬᠠᠮᠢᠶᠠᠷᠤᠯᠲᠠ ᠶᠢ | ᠴᠢᠩᠭᠠᠳᠬᠠᠨ᠂ ᠬᠤᠲᠠ ᠶᠢᠨ ᠳᠡᠰ᠂ ᠰᠢᠶᠠᠨ ᠤ ᠳᠡᠰ ᠤᠨ ᠪᠤᠬᠢᠷᠳᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠶᠢ ᠪᠠᠶᠢᠭᠤᠯᠬᠤ ᠦᠭᠡᠢ᠃ ᠨᠢᠭᠡᠨᠲᠡ | ᠪᠠᠶᠢᠭᠤᠯᠤᠭᠰᠠᠨ ᠬᠤᠲᠠ᠂ ᠰᠢᠶᠠᠨ ᠤ ᠱᠠᠲᠤᠨ ᠤ ᠪᠣᠬᠢᠷᠲᠤᠯ ᠥᠬᠡᠶ ᠠᠭᠤᠷᠬᠠᠶ ᠶᠢ ᠦᠨᠡᠯᠡᠨ ᠵᠢᠱᠢᠭᠰᠡᠨ ᠤ ᠳᠠᠷᠠᠭ᠎ᠠ ᠰᠢᠯᠢᠳᠡᠭ ᠢ ᠨᠢ ᠮᠤᠵᠢ ᠶᠢᠨ ᠱᠠᠲᠤᠨ ᠤ | ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠪᠣᠬᠢᠷᠲᠤᠯ ᠥᠬᠡᠶ ᠠᠭᠤᠷᠬᠠᠶ ᠶᠢ ᠰᠢᠮᠳᠠᠭᠤᠯᠵᠤ ᠪᠠᠶᠢᠭᠠᠳ ᠪᠥᠲᠥᠭᠡᠨ | ᠪᠠᠶᠢᠭᠤᠯᠤᠯᠲᠠ ᠶᠢᠨ ᠬᠢᠷᠢ ᠲᠦᠪᠰᠢᠨ ᠢ ᠨᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ | ︵ᠭᠤᠷᠪᠠ︶ ᠭᠤᠤᠯ ᠬᠠᠷᠠᠯᠲᠠ | 2028 ᠣᠨ ᠤ ᠰᠡᠭᠦᠯᠴᠢ ᠪᠣᠯᠬᠤ ᠳᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠨᠠᠩ | ᠲᠡᠭᠦᠯᠳᠡᠷᠵᠢᠭᠦᠯᠵᠦ᠂ ᠦᠨᠡᠮᠯᠡᠯ ᠲᠠᠢ ᠦᠢᠯᠡᠳᠪᠦᠷᠢᠯᠡᠯ ᠤᠨ 90% ᠶᠢᠨ ᠲᠣᠮᠣ ᠬᠡᠯᠪᠡᠷᠢ ᠶᠢᠨ ᠠᠭᠤᠷᠬᠠᠶ᠂ 80% ᠶᠢᠨ ᠳᠤᠮᠳᠠ ᠬᠡᠯᠪᠡᠷᠢ ᠶᠢᠨ ᠠᠭᠤᠷᠬᠠᠶ ᠶᠢ | ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠦᠯᠵᠦ᠂ ᠡᠯ᠎ᠡ ᠭᠠᠵᠠᠷ ᠤᠨ ᠬᠢᠨ ᠪᠣᠳᠠᠲᠠᠶ ᠲᠠᠢ ᠪᠠᠨ ᠤᠶᠠᠯᠳᠤᠭᠤᠯᠤᠨ᠂ | ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠵᠢᠵᠢᠭ ᠬᠡᠯᠪᠡᠷᠢ ᠶᠢᠨ ᠠᠭᠤᠷᠬᠠᠶ ᠶᠢᠨ ᠬᠠᠮᠢᠶᠠᠷᠤᠯᠲᠠ ᠶᠢ ᠴᠢᠩᠭᠠᠳᠬᠠᠵᠤ ᠪᠣᠯᠤᠨ᠎ᠠ᠃ | ᠬᠤᠶᠠᠷ᠂ ᠪᠤᠬᠢᠷᠳᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠤᠨ᠎ᠠ | ︵ᠲᠦᠷᠪᠡ︶ ᠠᠭᠤᠷᠬᠠᠶ ᠶᠢᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠬᠠᠤᠯᠢ ᠶᠣᠰᠣᠭᠠᠷ ᠡᠷᠭᠢᠯᠡᠵᠦ ᠪᠠᠶᠢᠭ᠎ᠠ ᠠᠭᠤᠷᠬᠠᠶ ᠶᠢᠨ ᠠᠵᠤ ᠠᠬᠤᠶᠢᠯᠠᠯ ᠪᠣᠯ ᠪᠣᠬᠢᠷᠲᠤᠯ | ᠥᠬᠡᠶ ᠠᠭᠤᠷᠬᠠᠶ ᠶᠢ ᠡᠭᠦᠳᠦᠨ ᠪᠠᠶᠢᠭᠤᠯᠬᠤ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ | ᠠᠭᠤᠯᠠ ᠮᠥᠨ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ᠂ ᠪᠠᠷᠢᠮᠵᠢᠶ᠎ᠠ ᠶᠢᠨ ᠵᠢᠷᠤᠮᠵᠢᠯ ᠢ ᠴᠢᠩᠭ᠎ᠠ ᠵᠢᠷᠤᠮᠯᠠᠨ᠂ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠬᠦ ᠪᠥᠬᠦ ᠶᠠᠪᠤᠴᠠ ᠳᠤ ᠠᠭᠤᠷᠬᠠᠶ ᠶᠢᠨ ᠣᠷᠣᠨ ᠵᠢᠴᠢ ᠡᠷᠬᠢᠨ ᠲᠣᠭᠤᠷᠢᠨ ᠤ ᠠᠮᠢ ᠠᠬᠤᠶ ᠶᠢᠨ ᠣᠷᠴᠢᠨ ᠲᠣᠭᠤᠷᠢᠨ ᠤ | ᠬᠠᠷᠰᠢᠯᠠᠯ ᠢ ᠡᠵᠡᠮᠳᠡᠵᠦ ᠪᠣᠯᠬᠤ ᠬᠡᠪᠴᠢᠶᠡᠨ ᠳᠣᠲᠣᠷ᠎ᠠ ᠡᠵᠡᠮᠳᠡᠵᠦ᠂ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠠᠮᠢ ᠠᠬᠤᠶᠢᠵᠢᠭᠤᠯᠬᠤ᠂ ᠨᠡᠭᠡᠭᠡᠨ | ᠮᠠᠯᠲᠠᠬᠤ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢᠯᠠᠬᠤ᠂ ᠡᠬᠢ ᠪᠠᠶᠠᠯᠢᠭ ᠤᠨ ᠠᠰᠢᠭᠯᠠᠯᠲᠠ ᠶᠢ ᠥᠨᠳᠥᠷ ᠦᠷ᠎ᠡ ᠪᠦᠲᠦᠮᠵᠢᠲᠡᠶ ᠪᠣᠯᠭᠠᠬᠤ᠂ ᠠᠵᠤ | ᠠᠬᠤᠶᠢᠯᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠠᠭᠤᠷᠬᠠᠶ ᠶᠢᠨ ᠣᠷᠣᠨ ᠤ ᠨᠡᠶᠢᠭᠡᠮ ᠲᠣᠭᠤᠷᠢᠭ ᠪᠠ ᠡᠶ᠎ᠡ ᠵᠣᠬᠢᠴᠠᠯ ᠲᠠᠢ ᠪᠣᠬᠢᠷᠲᠤᠯ ᠥᠬᠡᠶ | ᠠᠭᠤᠷᠬᠠᠶ ᠶᠢ ᠪᠥᠲᠥᠭᠡᠨ ᠪᠠᠶᠢᠭᠤᠯᠬᠤ ᠬᠡᠷᠡᠭᠲᠡᠶ᠃ ᠠᠭᠤᠷᠬᠠᠶ ᠶᠢᠨ ᠠᠵᠤ ᠠᠬᠤᠶᠢᠯᠠᠯ ᠤᠳ ᠠᠭᠤᠷᠬᠠᠶ ᠶᠢ ᠨᠡᠭᠡᠭᠡᠨ ᠠᠰᠢᠭᠯᠠᠬᠤ᠂ ᠠᠮᠢ ᠠᠬᠤᠶ ᠶᠢ ᠰᠡᠷᠭᠦᠭᠡᠬᠦ᠂ | ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠥᠰᠦᠯ ᠢ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ | ᠪᠠ ᠠᠬᠢᠴᠠ ᠶᠢ ᠲᠣᠳᠣᠷᠬᠠᠶᠢᠯᠠᠨ᠂ ︽ᠨᠡᠭᠡᠭᠡᠨ ᠮᠠᠯᠲᠠᠬᠤ ᠶᠢᠨ ᠳᠠᠭᠠᠤ ᠵᠠᠰᠠᠨ ᠰᠡᠷᠭᠦᠭᠡᠬᠦ︾ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠠᠭ | ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷ᠎ᠠ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠭᠤᠤᠯ ᠬᠠᠮᠠᠭᠠᠯᠠᠯᠲᠠ ᠶᠢᠨ ᠣᠷᠣᠨ ᠠᠴᠠ ᠭᠠᠳᠠᠨ᠎ᠠ ᠬᠠᠤᠯᠢ ᠶᠣᠰᠣᠭᠠᠷ ᠨᠡᠭᠡᠭᠡᠨ ᠮᠠᠯᠲᠠᠬᠤ ᠠᠭᠤᠷᠬᠠᠶ ᠳᠤ ᠬᠠᠮᠤᠭ ᠤᠨ ᠴᠢᠩᠭ᠎ᠠ | ᠪᠠᠷᠢᠮᠵᠢᠶ᠎ᠠ ᠵᠢᠷᠤᠮᠵᠢᠯ ᠢ ᠬᠡᠷᠡᠭᠵᠢᠭᠦᠯᠵᠦ᠂ ᠪᠣᠬᠢᠷᠲᠤᠯ ᠥᠬᠡᠶ ᠨᠡᠭᠡᠭᠡᠨ ᠮᠠᠯᠲᠠᠬᠤ ᠵᠢᠴᠢ ᠠᠭᠤᠷᠬᠠᠶ ᠶᠢᠨ ᠣᠷᠴᠢᠨ ᠲᠣᠭᠤᠷᠢᠨ ᠤ ᠠᠮᠢ ᠠᠬᠤᠶ ᠶᠢ ᠰᠡᠷᠭᠦᠭᠡᠬᠦ | ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠨᠥᠯᠥᠭᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠭᠤᠮᠣᠳᠠᠯ ᠲᠣᠭᠠᠴᠢᠵᠤ ᠬᠠᠷᠢᠭᠤ ᠥᠭᠬᠦ ᠲᠣᠭᠲᠠᠴᠠ ᠶᠢ | ᠪᠠᠶᠢᠭᠤᠯᠵᠤ᠂ ᠠᠭᠤᠷᠬᠠᠶ ᠶᠢᠨ ᠨᠥᠯᠥᠭᠡ ᠶᠢ ᠭᠥᠷᠳᠡᠭᠰᠡᠨ ᠨᠡᠶᠢᠭᠡᠮ ᠲᠣᠭᠤᠷᠢᠭ ᠵᠡᠷᠭᠡ ᠠᠰᠢᠭ ᠲᠤᠰᠠ ᠲᠠᠢ ᠬᠤᠯᠪᠣᠭᠳᠠᠬᠤ ᠬᠥᠮᠦᠰ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠰᠠᠭᠠᠳ ᠥᠬᠡᠶ ᠨᠡᠪᠲᠡᠷᠡᠭᠦᠯᠵᠦ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠠᠶᠢᠨ ᠰᠠᠶᠢᠬᠠᠨ ᠠᠵᠤ | ᠠᠬᠤᠶᠢᠯᠠᠯ ᠤᠨ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ᠃ | ︵ᠲᠠᠪᠤ︶ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠲᠥᠷᠥᠯ ᠬᠤᠪᠢᠶᠠᠨ ᠡᠮᠬᠢ ᠵᠢᠷᠤᠮ ᠲᠠᠢ ᠪᠠᠷ ᠠᠬᠢᠭᠤᠯᠤᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠵᠤ ᠪᠠᠶᠢᠭᠠᠳ | ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠳᠠᠬᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠲᠣᠭᠲᠠᠭᠠᠯ ᠢ ᠦᠨᠳᠦᠰᠦᠯᠡᠨ ᠲᠣᠳᠣᠷᠬᠠᠶ ᠱᠠᠭᠠᠷᠳᠠᠯᠭ᠎ᠠ | ᠲᠠᠯᠪᠢᠵᠤ᠂ ᠰᠢᠨ᠎ᠡ ᠪᠠᠷ ᠪᠠᠶᠢᠭᠤᠯᠤᠭᠰᠠᠨ ᠠᠭᠤᠷᠬᠠᠶ ᠳᠤ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠥᠲᠥᠭᠡᠨ ᠪᠠᠶᠢᠭᠤᠯᠤᠨ | ᠠᠵᠢᠯᠯᠠᠭᠤᠯᠵᠤ᠂ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ 1—2 ᠵᠢᠯ ᠤᠨ ᠳᠣᠲᠣᠷ᠎ᠠ ᠪᠣᠬᠢᠷᠲᠤᠯ ᠥᠬᠡᠶ ᠠᠭᠤᠷᠬᠠᠶ ᠶᠢ ᠦᠨᠡᠯᠡᠨ | ᠵᠢᠱᠢᠵᠦ ᠬᠢᠨᠠᠨ ᠪᠠᠶᠢᠴᠠᠭᠠᠬᠤ ᠳᠤ ᠬᠢᠷᠢ ᠲᠡᠩᠴᠡᠭᠰᠡᠨ ᠤ ᠬᠠᠮᠲᠤ᠂ ᠠᠭᠤᠷᠬᠠᠶ ᠮᠠᠯᠲᠠᠬᠤ ᠡᠷᠬᠡ ᠶᠢ ᠰᠢᠯᠵᠢᠭᠦᠯᠬᠦ ᠦᠶ᠎ᠡ ᠳᠤ ᠬᠠᠮᠢᠶ᠎ᠠ ᠪᠥᠬᠦᠶ ᠱᠠᠭᠠᠷᠳᠠᠯᠭ᠎ᠠ ᠪᠠ | ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠶᠢ ᠰᠢᠯᠵᠢᠭᠦᠯᠦᠨ ᠬᠤᠳᠠᠯᠳᠤᠬᠤ ᠭᠡᠷ᠎ᠡ ᠳᠤ ᠣᠷᠣᠭᠤᠯᠬᠤ ᠬᠡᠷᠡᠭᠲᠡᠶ᠃ ᠦᠢᠯᠡᠳᠪᠦᠷᠢᠯᠡᠵᠦ ᠪᠠᠶᠢᠭ᠎ᠠ ᠠᠭᠤᠷᠬᠠᠢ ᠳᠤ | ᠪᠤᠬᠢᠷᠳᠤᠯ ᠦᠭᠡᠢ ᠪᠠᠷ ᠳᠡᠰ ᠳᠡᠪᠰᠢᠭᠦᠯᠦᠨ ᠦᠭᠡᠷᠡᠴᠢᠯᠡᠬᠦ ᠶᠢ ᠲᠦᠷᠭᠡᠳᠭᠡᠵᠦ᠂ ᠦᠷᠭᠦᠯᠵᠢᠯᠡᠭᠦᠯᠬᠦ᠂ ᠬᠤᠪᠢᠷᠠᠭᠤᠯᠬᠤ ᠭᠠᠷᠳᠠᠮ ᠢ ᠭᠦᠢᠴᠡᠳᠭᠡᠬᠦ ᠳᠡᠭᠡᠨ | ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠴᠠᠭ ᠬᠤᠭᠤᠴᠠᠭ᠎ᠠ ᠪᠠ ᠱᠠᠭᠠᠷᠳᠠᠯᠭ᠎ᠠ ᠶᠢ ᠲᠤᠳᠤᠷᠬᠠᠶᠢᠯᠠᠬᠤ ᠬᠡᠷᠡᠭᠲᠡᠢ᠃ ᠣᠷᠣᠨ | ᠨᠣᠳᠤᠭ ᠤᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ ᠨᠢ ᠠᠭᠤᠷᠬᠠᠢ ᠶᠢᠨ ᠠᠵᠦ ᠠᠬᠤᠶᠢᠯᠠᠯ ᠯᠤᠭ᠎ᠠ ᠪᠣᠬᠢᠷᠳᠦᠯ ᠦᠭᠡᠢ | ᠠᠭᠤᠷᠬᠠᠢ ᠶᠢᠨ ᠪᠦᠳᠦᠭᠡᠨ ᠪᠠᠶᠢᠭᠤᠯᠥᠯᠳᠡ ᠶᠢᠨ ᠭᠡᠷ᠎ᠠ ᠲᠣᠠᠠᠳᠠᠭᠠᠬᠤ ᠶᠢ ᠵᠣᠷᠢᠠᠠᠵᠢᠭᠤᠯᠥᠨ᠎ᠠ᠃ ᠦᠯᠡᠳᠡᠵᠦ ᠪᠠᠶᠢᠭ᠎ᠠ ᠬᠠᠳᠠᠭᠠᠯᠠᠭᠳᠠᠴᠠ ᠶᠢᠨ ᠮᠠᠯᠲᠠᠵᠤ ᠪᠣᠯᠬᠤ | ᠵᠢᠯ ᠬᠤᠭᠤᠴᠠᠭ᠎ᠠ ᠨᠢ 3 ᠵᠢᠯ ᠬᠦᠷᠬᠦ ᠦᠭᠡᠶ ᠦᠢᠯᠡᠳᠪᠦᠷᠢᠯᠡᠯ ᠤᠨ ᠠᠭᠤᠷᠬᠠᠶ ᠳᠤ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠶᠣᠰᠣᠭᠠᠷ ᠬᠠᠮᠢᠶᠠᠷᠤᠯᠲᠠ ᠪᠠᠨ ᠴᠢᠩᠭᠠᠳᠬᠠᠵᠤ᠂ ᠨᠦᠭᠡ ᠬᠠᠭᠠᠬᠤ ᠠᠴᠠ ᠡᠮᠦᠨᠡᠬᠢ ᠪᠣᠬᠢᠷᠲᠤᠯ ᠢ ᠰᠡᠷᠭᠡᠶᠢᠯᠡᠨ ᠵᠠᠰᠠᠬᠤ ᠵᠢᠴᠢ ᠠᠭᠤᠷᠬᠠᠶ ᠶᠢᠨ | ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠵᠡᠷᠭᠡ ᠠᠮᠢ | ᠠᠬᠤᠶ ᠶᠢ ᠰᠡᠷᠭᠦᠭᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | ︵ᠵᠢᠷᠭᠤᠭ᠎ᠠ︶ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠬᠡᠷᠡᠭᠯᠡᠯᠲᠡ ᠶᠢ | ᠲᠦᠷᠭᠡᠳᠬᠡᠨ ᠠᠬᠢᠭᠤᠯᠤᠨ᠎ᠠ᠃ ᠠᠭᠤᠷᠬᠠᠶ ᠶᠢᠨ ᠠᠵᠤ ᠠᠬᠤᠶᠢᠯᠠᠯ ᠤᠳ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠮᠡᠷᠭᠡᠵᠢᠯ ᠤᠷ᠎ᠠ ᠮᠡᠷᠭᠡᠵᠢᠯ ᠤᠨ | ᠲᠣᠨᠤᠭ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠴᠢᠩᠭᠠᠳᠬᠠᠵᠤ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠶᠡᠷᠦᠩᠬᠡᠶᠢᠯᠡᠨ ᠠᠰᠢᠭᠯᠠᠬᠤ᠂ | ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠮᠢ ᠠᠬᠤᠶ ᠶᠢ ᠰᠡᠷᠭᠦᠭᠡᠬᠦ ᠵᠡᠷᠭᠡ ᠭᠤᠭᠴᠤᠭ᠎ᠠ ᠳᠤ ︽ᠤᠯᠤᠰ ᠤᠨ | ᠭᠤᠤᠯᠳᠠᠯᠭ᠎ᠠ ᠲᠠᠢ ᠳᠡᠯᠭᠡᠷᠡᠭᠦᠯᠬᠦ ᠳᠣᠤᠷ᠎ᠠ ᠨᠡᠭᠦᠷᠡᠰᠦᠲᠥ᠋ᠷᠥᠭᠴᠢᠲᠦ ᠮᠡᠷᠭᠡᠵᠢᠯ ᠤᠨ ᠭᠠᠷᠴᠠᠭ︾᠂ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ | ᠠᠷᠪᠢᠯᠠᠬᠤ ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠭᠠᠷᠴᠠᠭ︾ ᠲᠠᠬᠢ ᠮᠡᠷᠭᠡᠵᠢᠯ ᠢ ᠬᠡᠷᠡᠭᠯᠡᠬᠦ ᠶᠢ ᠵᠣᠷᠢᠭᠵᠢᠭᠤᠯᠵᠤ᠂ ᠠᠭᠤᠷᠬᠠᠶ ᠶᠢᠨ ᠪᠣᠬᠢᠷᠲᠤᠯ ᠥᠬᠡᠶ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠃ 5G᠂ ᠲᠣᠮᠣ ᠳ᠋ᠠᠶᠢᠲ᠋ᠠ᠂ ᠢᠨᠲ᠋ᠧᠷ ᠰᠦᠯᠵᠢᠶ᠎ᠡ᠂ | ᠵᠣᠬᠢᠶᠠᠮᠠᠯ ᠣᠶᠤᠨ ᠴᠢᠳᠠᠪᠤᠷᠢ ᠵᠡᠷᠭᠡ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠲᠦᠷᠭᠡᠳᠬᠡᠨ ᠠᠭᠤᠰᠤᠯᠴᠠᠭᠤᠯᠵᠤ᠂ ᠠᠭᠤᠷᠬᠠᠶ ᠶᠢᠨ ᠠᠵᠤ ᠠᠬᠤᠶᠢᠯᠠᠯ ᠤᠨ | ᠲᠣᠭᠠᠴᠢᠯᠠᠭᠰᠠᠨ᠂ ᠤᠶᠤᠨᠴᠢᠯᠠᠭᠰᠠᠨ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠳᠤᠯᠤᠭ᠎ᠠ︶ ᠠᠭᠤᠷᠬᠠᠶ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠭᠤᠷᠬᠠᠶ ᠶᠢᠨ | ᠠᠵᠤ ᠠᠬᠤᠶᠢᠯᠠᠯ ᠨᠢ ᠵᠣᠬᠢᠴᠠᠩᠭᠤᠶ ᠠᠵᠢᠯ ᠲᠥᠷᠥᠯ ᠤᠨ ᠪᠠᠷᠢᠮᠵᠢᠶ᠎ᠠ ᠪᠠ ᠦᠨᠡᠯᠡᠬᠦ ᠭᠦᠢᠴᠡᠳᠬᠡᠯ ᠲᠤᠭ᠎ᠠ ᠲᠠᠢ ᠰᠠᠨᠠᠭᠠᠴᠢᠯᠠᠭ᠎ᠠ ᠠᠴᠠ ᠪᠠᠨ ᠬᠠᠷᠢᠴᠠᠭᠤᠯᠤᠨ | ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠢ ᠪᠠᠨ ᠦᠨᠡᠯᠡᠵᠦ᠂ ᠲᠥᠯᠥᠪᠯᠡᠭᠡ ᠶᠣᠰᠣᠭᠠᠷ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ ᠠᠵᠢᠯ ᠢ | ᠥᠷᠨᠢᠭᠦᠯᠵᠦ᠂ ᠠᠰᠠᠭᠤᠳᠠᠯ ᠤᠨ ᠳᠤᠲᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠶ ᠠᠬᠢᠭᠤᠯᠬᠤ ᠬᠡᠷᠡᠭᠲᠡᠶ᠃ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠪᠥᠭᠡᠳ ᠥᠪᠡᠷ ᠢᠶᠠᠨ ᠦᠨᠡᠯᠡᠵᠦ ᠪᠠᠷᠢᠮᠵᠢᠶ᠎ᠠ ᠶᠢᠨ | ᠱᠠᠭᠠᠷᠳᠠᠯᠭ᠎ᠠ ᠳᠤ ᠬᠦᠷᠦᠭᠰᠡᠨ ᠪᠠᠶᠢᠪᠠᠯ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠦᠨᠡᠯᠡᠨ ᠵᠢᠱᠢᠭᠰᠡᠨ | ᠮᠡᠳᠡᠭᠦᠯᠦᠯᠲᠡ ᠪᠠᠨ ᠲᠤᠰᠢᠶᠠᠵᠤ᠂ ᠮᠤᠵᠢ ᠶᠢᠨ ᠱᠠᠲᠤᠨ ᠤ ᠪᠣᠬᠢᠷᠲᠤᠯ ᠥᠬᠡᠶ ᠠᠭᠤᠷᠬᠠᠶ ᠶᠢ ᠭᠤᠶᠤᠴᠢᠯᠠᠨ ᠮᠡᠳᠡᠭᠦᠯᠵᠦ ᠪᠣᠯᠤᠨ᠎ᠠ᠃ ᠠᠭᠤᠷᠬᠠᠢ ᠶᠢᠨ ᠠᠵᠤ | ᠠᠬᠤᠶᠢᠯᠠᠯ ᠨᠢ ᠥᠪᠡᠷ ᠤᠨ ᠬᠢᠨᠠᠨ ᠦᠨᠡᠯᠡᠭᠰᠡᠨ ᠮᠡᠳᠡᠭᠦᠯᠦᠯᠲᠡ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠃ | ᠭᠤᠷᠪᠠ᠂ ᠭᠤᠷᠪᠠᠳᠡᠬᠢ ᠡᠲᠡᠭᠡᠳ ᠤᠨ ᠦᠨᠡᠯᠡᠨ ᠵᠢᠱᠢᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | ︵ᠨᠠᠢᠮᠠ︶ ᠭᠤᠷᠪᠠᠳᠤᠭᠠᠷ ᠡᠲᠡᠭᠡᠳ ᠠᠴᠠ ᠦᠨᠡᠯᠡᠨ ᠵᠢᠱᠢᠬᠦ ᠶᠢ ᠴᠢᠩᠳᠠᠯᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠠᠭᠤᠷᠬᠠᠶ ᠶᠢᠨ ᠠᠵᠤ ᠠᠬᠤᠶᠢᠯᠠᠯ ᠤᠨ ᠮᠡᠳᠡᠭᠦᠯᠦᠭᠰᠡᠨ ᠮᠠᠲ᠋ᠧᠷᠢᠶᠠᠯ ᠳᠤ ᠠᠩᠬᠠᠨ ᠤ | ᠬᠢᠨᠠᠯᠲᠠ ᠲᠠᠯᠪᠢᠨ᠎ᠠ᠃ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠪᠠᠶᠢᠪᠠᠯ᠂ ᠮᠤᠵᠢ ᠶᠢᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠵᠤ ᠲᠤᠬᠠᠶ ᠶᠢᠨ ᠭᠠᠵᠠᠷ ᠲᠤᠨᠢ ᠬᠢᠨᠠᠨ | ᠪᠠᠶᠢᠴᠠᠭᠠᠵᠤ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ | ᠡᠯ᠎ᠡ ᠮᠤᠵᠢ ︵ᠣᠷᠣᠨ᠂ ᠬᠤᠲᠠ︶ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠮᠢᠶ᠎ᠠ ᠪᠥᠬᠦᠶ ᠰᠠᠯᠠᠭ᠎ᠠ | ᠮᠥᠴᠢᠷ ᠲᠠᠢ ᠬᠤᠯᠪᠣᠭᠠᠯᠠᠨ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠎ᠠ᠃ ᠭᠤᠷᠪᠠᠳᠠᠬᠢ ᠡᠲᠡᠭᠡᠳ ᠤᠨ | ᠦᠨᠡᠯᠡᠨ ᠵᠢᠱᠢᠬᠦ ᠪᠠᠶᠢᠭᠤᠯᠤᠮᠵᠢ ᠨᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠠᠵᠢᠯ ᠲᠥᠷᠥᠯ ᠤᠨ ᠨᠡᠶᠢᠭᠡᠮᠯᠢᠭ ᠪᠠᠶᠢᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠤᠨ | ᠴᠢᠳᠠᠪᠤᠷᠢ ᠲᠠᠢ ᠪᠠᠶᠢᠬᠤ ᠬᠡᠷᠡᠭᠲᠡᠶ᠃ ᠦᠨᠡᠯᠡᠨ ᠵᠢᠱᠢᠬᠦ ᠠᠵᠢᠯᠲᠠᠨ ᠪᠣᠬᠢᠷᠲᠤᠯ ᠥᠬᠡᠶ ᠠᠭᠤᠷᠬᠠᠶ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ | ᠪᠠᠷᠢᠮᠵᠢᠶ᠎ᠠ ᠶᠢ ᠣᠶᠢᠯᠠᠭᠠᠵᠤ᠂ ᠭᠠᠵᠠᠷ ᠰᠢᠨᠵᠢᠯᠡᠭᠡ᠂ ᠠᠭᠤᠷᠬᠠᠶ ᠮᠠᠯᠲᠠᠬᠤ᠂ ᠬᠦᠳᠡᠷ ᠰᠣᠩᠭᠤᠬᠤ᠂ ᠠᠮᠢ ᠠᠬᠤᠶ᠂ ᠣᠷᠴᠢᠨ ᠲᠣᠭᠤᠷᠢᠨ ᠵᠡᠷᠭᠡ ᠲᠤᠰᠬᠠᠶ | ᠮᠡᠷᠭᠡᠵᠢᠯ ᠢ ᠬᠠᠮᠤᠷᠴᠤ᠂ ᠦᠨᠡᠯᠡᠨ ᠵᠢᠱᠢᠬᠦ ᠠᠵᠢᠯ ᠢ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠥᠷᠨᠢᠭᠦᠯᠵᠦ ᠴᠢᠳᠠᠨ᠎ᠠ ︵ᠪᠣᠳᠠᠲᠠᠶ ᠠᠵᠢᠯ ᠤᠨ | ᠱᠠᠭᠠᠷᠳᠠᠯᠭ᠎ᠠ ᠶᠢ ᠳᠠᠭᠠᠯᠳᠤᠭᠤᠯᠤᠯ 1 ᠶᠢ ᠦᠵᠡ︶᠃ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠨᠢ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠢᠴᠢ ᠦᠨᠡᠯᠡᠬᠦ ᠭᠦᠢᠴᠡᠳᠬᠡᠯ ᠲᠤᠭ᠎ᠠ ᠶᠢ ᠴᠢᠩᠭ᠎ᠠ ᠬᠠᠷᠢᠴᠠᠭᠤᠯᠤᠨ᠂ ᠭᠤᠷᠪᠠᠳᠠᠬᠢ ᠡᠲᠡᠭᠡᠳ ᠤᠨ ᠦᠨᠡᠯᠡᠨ | ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠨ ᠪᠠᠶᠢᠴᠠᠭᠠᠭᠰᠠᠨ ᠲᠡᠮᠳᠡᠭᠯᠡᠯ ᠵᠢᠴᠢ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ | ᠳᠠᠭᠠᠯᠳᠤᠭᠤᠯᠵᠤ᠂ ᠠᠭᠤᠷᠬᠠᠶ ᠶᠢᠨ ᠠᠵᠤ ᠠᠬᠤᠶᠢᠯᠠᠯ ᠠᠴᠠ ᠦᠨᠡᠯᠡᠨ ᠵᠢᠱᠢᠬᠦ ᠵᠠᠷᠤᠳᠠᠯ ᠬᠤᠷᠢᠶᠠᠬᠤ ᠶᠢ ᠴᠢᠩᠭ᠎ᠠ ᠴᠠᠭᠠᠵᠠᠯᠠᠵᠤ᠂ ᠦᠨᠡᠨ ᠪᠣᠳᠠᠲᠤ ᠴᠢᠨᠠᠷ ᠤᠨ | ᠠᠮᠠᠯᠠᠯᠲᠠ ᠳᠤ ᠭᠠᠷ ᠤᠨ ᠥᠰᠥᠭ ᠵᠢᠷᠤᠵᠤ᠂ ᠦᠷ᠎ᠡ ᠳ᠋ᠦᠩ ᠤᠨ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠳᠥᠷᠪᠡ᠂ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠶᠢ ᠬᠥᠳᠡᠯᠦᠩᠭᠦᠶ ᠪᠠᠷ ᠬᠠᠮᠢᠶᠠᠷᠤᠨ᠎ᠠ᠃ | ︵ᠶᠢᠰᠦ︶ ᠰᠢᠯᠢᠳᠡᠭ ᠢ ᠨᠢ ᠰᠣᠩᠭᠤᠵᠤ ᠤᠯᠤᠰ ᠤᠨ ᠲᠡᠰ ᠤᠨ ᠪᠣᠬᠢᠷᠲᠤᠯ ᠦᠭᠡᠢ ᠠᠭᠤᠷᠬᠠᠢ ᠶᠢᠨ ᠨᠡᠷᠡᠰ ᠲᠤ ᠣᠷᠣᠭᠤᠯᠤᠨ᠎ᠠ᠃ ᠡᠯ᠎ᠡ ᠮᠤᠵᠢ ︵ | ᠣᠷᠣᠨ᠂ ᠬᠤᠲᠠ︶︶ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ | ᠪᠤᠰᠤ ᠬᠤᠭᠤᠴᠠᠭ᠎ᠠ ᠲᠠᠢ ᠪᠠᠷ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠯᠴᠠᠵᠤ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠᠷ ᠳᠡᠮᠵᠢᠨ ᠬᠢᠨᠠᠨ | ᠪᠠᠶᠢᠴᠠᠭᠠᠬᠤ ᠠᠵᠢᠯ ᠢ ᠥᠷᠨᠢᠭᠦᠯᠵᠦ᠂ ᠨᠤᠲᠠᠯᠠᠭᠰᠠᠨ ᠤ ᠳᠠᠷᠠᠭ᠎ᠠ ᠨᠡᠶᠢᠭᠡᠮ ᠳᠤ ᠵᠠᠷᠯᠠᠨ ᠨᠡᠶᠢᠲᠡᠯᠡᠵᠦ᠂ ᠨᠡᠶᠢᠲᠡ ᠳᠤ ᠵᠠᠷᠯᠠᠬᠤ ᠳᠤ ᠣᠨᠳᠣᠤ ᠰᠠᠨᠠᠯ ᠥᠬᠡᠶ ᠪᠣᠯ | ᠲᠠᠰ ᠳᠠᠷᠠᠭᠠᠯᠠᠯ ᠤᠨ ᠶᠣᠰᠣᠭᠠᠷ ᠮᠤᠵᠢ ᠶᠢᠨ ᠱᠠᠲᠤᠨ ᠤ ᠪᠣᠬᠢᠷᠲᠤᠯ ᠥᠬᠡᠶ ᠠᠭᠤᠷᠬᠠᠶ ᠶᠢᠨ ᠨᠡᠷᠡᠰ ᠲᠤ ᠣᠷᠣᠭᠤᠯᠤᠨ᠎ᠠ᠃ ᠤᠯᠤᠰ ᠤᠨ ᠳᠡᠰ ᠤᠨ ᠪᠣᠬᠢᠷᠳᠤᠯ | ᠦᠭᠡᠢ ᠠᠭᠤᠷᠬᠠᠢ ᠶᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠤᠭᠠᠷ ᠮᠤᠵᠢ ᠶᠢᠨ ᠳᠡᠰ ᠤᠨ ᠪᠣᠬᠢᠷᠳᠤᠯ ᠦᠭᠡᠢ ᠠᠭᠤᠷᠬᠠᠢ ᠶᠢᠨ ᠳᠤᠮᠳᠠ ᠠᠴᠠ ᠰᠢᠯᠢᠳᠡᠭ ᠢ ᠨᠢ | ᠰᠤᠩᠭᠤᠨ ᠲᠠᠨᠢᠯᠴᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ ᠲᠤᠰᠬᠠᠢ | ᠮᠡᠷᠭᠡᠵᠢᠯᠲᠡᠨ ᠢᠶᠠᠷ ᠨᠤᠲᠠᠯᠠᠭᠤᠯᠬᠤ᠂ ᠲᠣᠬᠠᠢ ᠶᠢᠨ ᠭᠠᠵᠠᠷ ᠲᠤᠨᠢ ᠰᠤᠭᠤᠴᠢᠨ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ᠂ ᠨᠡᠶᠢᠭᠡᠮ ᠨᠡᠶᠢᠲᠡ ᠳᠤ ᠢᠯᠡ | ᠨᠡᠶᠢᠲᠡᠯᠡᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠭᠤᠯᠤᠨ᠂ ᠤᠯᠤᠰ ᠤᠨ ᠳᠡᠰ ᠤᠨ ᠪᠣᠬᠢᠷᠳᠤᠯ ᠦᠭᠡᠢ ᠠᠭᠤᠷᠬᠠᠢ ᠶᠢ ᠲᠣᠭᠲᠠᠭᠠᠵᠤ᠂ ᠤᠯᠤᠰ ᠤᠨ ᠳᠡᠰ ᠤᠨ | ᠪᠣᠬᠢᠷᠳᠤᠯ ᠦᠭᠡᠢ ᠠᠭᠤᠷᠬᠠᠢ ᠶᠢᠨ ᠨᠡᠷᠡᠰ ᠲᠤ ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ ᠪᠣᠯᠭᠠᠨ᠎ᠠ᠃ | ︵ᠠᠷᠪᠠ ᠳᠤ) ᠬᠥᠳᠡᠯᠦᠩᠭᠦᠶ ᠬᠠᠮᠢᠶᠠᠷᠤᠯᠳᠠ ᠶᠢ ᠬᠡᠷᠡᠭᠵᠢᠬᠦᠯᠦᠨ᠎ᠠ᠃ ᠪᠤᠬᠢᠷᠳᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠳᠤ | ᠬᠦᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ ︵ᠪᠣᠳᠠᠲᠠᠢ ᠱᠠᠭᠠᠷᠳᠠᠯᠭ᠎ᠠ ᠶᠢ ᠳᠠᠭᠠᠯᠳᠤᠭᠤᠯᠤᠯ 2 ᠢ ᠦᠵᠡ︶ ᠨᠡᠷᠡᠰ ᠤᠨ ᠵᠢᠭᠰᠠᠭᠠᠯᠲᠠ ᠳᠠᠬᠢ | ᠪᠠᠷᠢᠮᠵᠢᠶ᠎ᠠ ᠳᠤ ᠥᠯᠥ ᠨᠡᠶᠢᠴᠡᠬᠦ ᠠᠭᠤᠷᠬᠠᠶ ᠶᠢ ᠴᠠᠭ ᠲᠤᠬᠠᠶ ᠳᠤᠨᠢ ᠰᠢᠯᠵᠢᠭᠦᠯᠦᠨ ᠭᠠᠷᠭᠠᠵᠤ᠂ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠤᠨ | ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢᠶᠠᠨ ᠦᠷᠭᠦᠯᠵᠢᠯᠡᠨ | ᠳᠡᠭᠡᠭᠰᠢᠯᠡᠭᠦᠯᠬᠦ ᠶᠢ ᠰᠢᠮᠳᠠᠭᠤᠯᠪᠠ᠃ | ᠲᠠᠪᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ | ︵ᠠᠷᠪᠠᠨ ᠨᠢᠭᠡ︶ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠎ᠠ᠃ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠵᠤ ᠤᠰᠤ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠵᠡᠷᠭᠡ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ | ︵ᠠᠷᠪᠠᠨ ᠬᠤᠶᠠᠷ︶ ᠰᠢᠨ᠎ᠡ ᠶᠢ ᠡᠭᠦᠳᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠵᠣᠷᠢᠭᠵᠢᠭᠤᠯᠤᠨ᠎ᠠ᠃ ᠡᠯ᠎ᠡ ᠭᠠᠵᠠᠷ ᠤᠨ ᠬᠢᠨ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠤᠷᠮᠠᠰᠢᠭᠤᠯᠤᠨ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠭᠠᠵᠠᠷ | ᠬᠡᠷᠡᠭᠯᠡᠬᠦ᠂ ᠠᠭᠤᠷᠬᠠᠶ ᠬᠡᠷᠡᠭᠯᠡᠬᠦ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠲᠡᠶ᠃ | ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠬᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠣᠶ ᠰᠢᠭᠤᠶ᠂ ᠡᠪᠡᠰᠦ ᠬᠡᠷᠡᠭᠯᠡᠬᠦ ᠵᠡᠷᠭᠡ ᠭᠠᠷᠳᠠᠮ ᠢ | ᠡᠮᠬᠢᠯᠡᠨ ᠨᠡᠶᠢᠯᠡᠭᠦᠯᠬᠦ ᠵᠢᠴᠢ ᠭᠦᠢᠴᠡᠳᠭᠡᠬᠦ ᠳᠤ᠂ ᠬᠠᠤᠯᠢ ᠲᠣᠭᠲᠠᠭᠠᠯ ᠶᠣᠰᠣᠭᠠᠷ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠳᠤ ᠳᠡᠮᠵᠢᠯᠭᠡ | ᠦᠵᠡᠭᠦᠯᠦᠨ᠎ᠡ᠃ ᠵᠥᠪᠯᠡᠯᠴᠡᠭᠡᠷ ᠢᠶᠠᠷ ᠬᠢᠮᠳᠠ ᠪᠠᠷ ᠬᠤᠳᠠᠯᠳᠤᠬᠤ ᠪᠠᠶᠢᠳᠠᠯ ᠳᠤ ᠨᠡᠶᠢᠴᠡᠭᠰᠡᠨ ᠠᠭᠤᠷᠬᠠᠶ ᠶᠢᠨ ᠦᠢᠯᠡᠰ ᠤᠨ ᠡᠷᠬᠡ ᠶᠢ ᠤᠷᠢᠳᠠᠪᠠᠷ | ᠵᠥᠪᠳᠡᠯᠴᠡᠬᠡᠷ ᠢᠶᠠᠷ ᠬᠢᠮᠳᠠ ᠪᠠᠷ ᠬᠤᠳᠠᠯᠳᠤᠬᠤ ᠠᠷᠭ᠎ᠠ ᠮᠠᠶ᠋ᠢᠭ ᠢᠶᠠᠷ ᠪᠣᠬᠢᠷᠲᠤᠯ ᠥᠬᠡᠶ ᠠᠭᠤᠷᠬᠠᠶ ᠳᠤ ᠦᠨ᠎ᠡ ᠲᠥᠯᠥᠪᠦᠷᠢ ᠲᠠᠢ ᠪᠠᠷ ᠰᠢᠯᠵᠢᠭᠦᠯᠦᠨ ᠥᠭᠬᠦ ᠶᠢ | ᠵᠥᠪᠰᠢᠶᠡᠷᠡᠨ᠎ᠡ᠃ | ᠨᠥᠬᠦᠴᠡᠯ ᠳᠤ ᠨᠡᠶᠢᠴᠡᠭᠰᠡᠨ ᠪᠣᠬᠢᠷᠲᠤᠯ ᠦᠭᠡᠢ ᠠᠭᠤᠷᠬᠠᠢ ᠶᠢᠨ ᠠᠵᠤ ᠠᠬᠤᠶᠢᠯᠠᠯ ᠤᠨ ᠱᠠᠩᠬᠠᠢ ᠱᠧᠨᠵᠧᠨ ᠤᠮᠠᠷᠠᠲᠤ ᠶᠢᠨ ᠠᠷᠠᠯᠵᠢᠶᠠᠨ ᠤ ᠭᠠᠵᠠᠷ ᠲᠤ | ᠵᠠᠬ᠎ᠠ ᠳᠡᠯᠭᠡᠭᠦᠷ ᠲᠤ ᠭᠠᠷᠬᠤ ᠵᠢᠴᠢ ᠰᠢᠨ᠎ᠡ ᠭᠤᠷᠪᠠᠳᠤᠭᠠᠷ ᠰᠠᠮᠪᠠᠷ᠎ᠠ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠫᠠᠶᠢᠰᠠ | ᠡᠯᠭᠦᠬᠦ ᠶᠢ ᠠᠬᠢᠭᠤᠯᠤᠨ᠎ᠠ᠃ | ᠪᠠᠩᠭᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠠᠭᠤᠷᠬᠠᠢ ᠶᠢᠨ ᠦᠢᠯᠡᠰ ᠤᠨ ᠬᠦᠷᠢᠶᠡᠨ ᠳᠠᠬᠢ | ᠪᠡᠯᠡ ᠣᠷᠤᠭᠤᠯᠬᠤ ᠲᠦᠷᠦᠯ ᠵᠦᠢᠯ ᠤᠨ ᠣᠷᠴᠢᠨ ᠲᠣᠭᠤᠷᠢᠨ᠂ ᠠᠮᠦᠷ ᠲᠥᠪᠰᠢᠨ᠂ ᠨᠡᠶᠢᠭᠡᠮ ᠪᠣᠯᠣᠨ ᠵᠠᠰᠠᠯᠲᠠ ᠶᠢᠨ ᠲᠥᠭᠰᠢᠭᠦᠷᠢ ᠶᠢ ᠦᠨᠡᠯᠡᠨ ᠵᠢᠱᠢᠬᠦ ᠵᠢᠴᠢ | ᠬᠠᠮᠢᠶᠠᠷᠤᠯᠲᠠ ᠶᠢ ᠴᠢᠩᠭᠠᠷᠠᠭᠤᠯᠤᠭᠰᠠᠨ ᠤᠷᠢᠳᠠᠯ ᠳᠣᠣᠷ᠎ᠠ᠂ ᠭᠠᠵᠠᠷ ᠣᠷᠣᠨ ᠤ ᠪᠣᠲᠠᠲᠠᠢ ᠳᠤ ᠨᠡᠶᠢᠴᠡᠬᠦ ᠪᠤᠬᠢᠷᠳᠤᠯ ᠦᠭᠡᠢ ᠠᠭᠤᠷᠬᠠᠢ ᠶᠢᠨ ᠣᠨᠴᠠᠯᠢᠭᠲᠤ | ᠢᠲᠡᠭᠡᠮᠵᠢᠲᠦ ᠵᠢᠭᠡᠯᠡᠯᠭᠡ ᠶᠢᠨ ᠨᠡᠷᠡᠳᠭᠦᠨ ᠢ ᠰᠤᠳᠤᠯᠤᠨ ᠬᠥᠭᠵᠢᠭᠦᠯᠵᠦ᠂ ᠲᠥᠭᠰᠢᠭᠦᠷᠢ ᠶᠢ ᠡᠵᠡᠮᠳᠡᠵᠦ ᠪᠣᠯᠬᠤ᠂ ᠬᠤᠳᠠᠯᠳᠤᠭ᠎ᠠ ᠶᠢ ᠦᠷᠭᠦᠯᠵᠢᠯᠡᠭᠦᠯᠬᠦ | ᠵᠠᠷᠴᠢᠮ ᠤᠨ ᠳᠣᠣᠷ᠎ᠠ᠂ ᠪᠤᠬᠢᠷᠳᠤᠯ ᠦᠭᠡᠢ ᠠᠭᠤᠷᠬᠠᠢ ᠶᠢᠨ ᠠᠵᠤ ᠠᠬᠤᠶᠢᠯᠠᠯ ᠳᠤ ᠪᠡᠯᠡ ᠮᠦᠩᠭᠦ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠬᠤ | ᠬᠡᠷᠡᠭᠲᠡᠢ᠃ | ᠵᠢᠷᠭᠤᠭ᠎ᠠ᠂ ᠪᠡᠷᠢᠮᠵᠢᠶ᠎ᠠ ᠶᠢᠨ ᠰᠢᠰᠲ᠋ᠧᠮᠵᠢ ᠶᠢ ᠣᠯᠡᠮ ᠨᠢᠭᠡ ᠠᠯᠬᠤᠮ ᠳᠡᠬᠦᠯᠳᠡᠷᠵᠢᠬᠦᠯᠦᠨ᠎ᠠ | ︵ᠠᠷᠪᠠᠨ ᠭᠤᠷᠪᠠ︶ ᠠᠵᠢᠯ ᠲᠥᠷᠥᠯ ᠤᠨ ᠪᠠᠷᠢᠮᠵᠢᠶ᠎ᠠ᠂ ᠦᠨᠡᠯᠡᠯᠲᠡ ᠶᠢᠨ ᠭᠦᠢᠴᠡᠳᠬᠡᠯ ᠲᠤᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠵᠠᠳᠠᠭᠠᠶ ᠨᠡᠭᠡᠭᠡᠨ ᠮᠠᠯᠲᠠᠬᠤ ᠠᠭᠤᠷᠬᠠᠶ᠂ | ᠭᠠᠵᠠᠷ ᠤᠨ ᠢᠯᠴᠢ ᠶᠢᠨ ᠷᠠᠰᠢᠶᠠᠨ ᠤᠰᠤ ᠵᠡᠷᠭᠡ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠪᠠᠷᠢᠮᠵᠢᠶ᠎ᠠ ᠶᠢ | ᠰᠤᠳᠤᠯᠤᠨ ᠲᠣᠭᠲᠠᠭᠠᠬᠤ ᠬᠡᠷᠡᠭᠲᠡᠶ᠃ ᠤᠯᠤᠰ ᠤᠨ ᠳᠡᠰ ᠤᠨ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠨᠡᠯᠡᠬᠦ ᠭᠦᠢᠴᠡᠳᠭᠡᠯ | ᠲᠤᠭ᠎ᠠ ︵ᠳᠠᠭᠠᠯᠳᠤᠭᠤᠯᠤᠯ 3 ᠶᠢ ᠦᠵᠡ︶ ᠢ ᠲᠡᠭᠦᠯᠳᠡᠷᠵᠢᠭᠦᠯᠵᠦ᠂ ᠬᠢᠵᠠᠭᠠᠷᠯᠠᠬᠤ ᠴᠢᠨᠠᠷᠲᠠᠢ ᠭᠦᠢᠴᠡᠳᠭᠡᠯ ᠲᠤᠭ᠎ᠠ ᠪᠠ ᠳᠡᠭᠡᠭᠰᠢᠯᠡᠭᠦᠯᠬᠦ ᠴᠢᠨᠠᠷᠲᠠᠢ | ᠭᠦᠢᠴᠡᠳᠭᠡᠯ ᠲᠤᠭ᠎ᠠ ᠶᠢ ᠪᠠᠭᠲᠠᠭᠠᠵᠤ᠂ ᠬᠢᠵᠠᠭᠠᠷᠯᠠᠬᠤ ᠴᠢᠨᠠᠷᠲᠠᠢ ᠭᠦᠢᠴᠡᠳᠭᠡᠯ ᠲᠤᠭ᠎ᠠ ᠶᠢ ᠬᠢᠵᠠᠭᠠᠷ ᠱᠤᠭᠤᠮ ᠤᠨ ᠱᠠᠭᠠᠷᠳᠠᠯᠭ᠎ᠠ ᠪᠣᠯᠭᠠᠨ᠎ᠠ᠃ ᠬᠠᠮᠢᠶ᠎ᠠ | ᠪᠦᠬᠦᠢ ᠦᠨᠡᠯᠡᠬᠦ ᠭᠦᠢᠴᠡᠳᠬᠡᠯ ᠲᠤᠭ᠎ᠠ ᠶᠢ ᠬᠠᠤᠯᠢ ᠴᠠᠭᠠᠵᠠ ᠬᠠᠤᠯᠢ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ ᠵᠡᠷᠭᠡ ᠶᠢᠨ ᠬᠤᠪᠢᠷᠠᠯᠲᠠ ᠶᠢ ᠦᠨᠳᠦᠰᠦᠯᠡᠨ | ᠴᠠᠭ ᠲᠤᠬᠠᠶ ᠳᠤᠨᠢ ᠲᠣᠬᠢᠷᠠᠭᠤᠯᠬᠤ ᠬᠡᠷᠡᠭᠲᠡᠶ᠃ | ︵ᠠᠷᠪᠠᠨ ᠳᠥᠷᠪᠡᠳᠦᠭᠡᠷ︶ ᠣᠷᠣᠨ ᠨᠤᠲᠤᠭ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠢ | ᠵᠣᠷᠢᠭᠵᠢᠭᠤᠯᠤᠨ᠎ᠠ᠃ ᠡᠯ᠎ᠡ ᠭᠠᠵᠠᠷ ᠤᠨ ᠬᠢᠨ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠷᠣᠨ ᠪᠦᠰᠡ᠂ ᠠᠭᠤᠷᠬᠠᠶ ᠶᠢᠨ ᠲᠥᠷᠥᠯ᠂ ᠬᠡᠪᠴᠢᠶ᠎ᠡ᠂ | ᠨᠡᠭᠡᠭᠡᠨ ᠮᠠᠯᠲᠠᠬᠤ ᠠᠷᠭ᠎ᠠ ᠮᠠᠶ᠋ᠢᠭ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ | ᠣᠷᠣᠭᠤᠯᠬᠤ ᠪᠤᠶᠤ ᠮᠤᠵᠢ ᠶᠢᠨ ᠱᠠᠲᠤᠨ ᠤ ᠪᠣᠬᠢᠷᠲᠤᠯ ᠦᠭᠡᠶ ᠠᠭᠤᠷᠬᠠᠶ ᠶᠢ ᠦᠨᠡᠯᠡᠬᠦ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠶᠢ ᠨᠠᠷᠢᠯᠢᠭᠵᠢᠭᠤᠯᠤᠨ | ᠲᠣᠳᠣᠷᠬᠠᠶᠢᠯᠠᠬᠤ ᠬᠡᠷᠡᠭᠲᠡᠶ᠃ ᠨᠥᠬᠦᠴᠡᠯ ᠲᠠᠢ ᠠᠭᠤᠷᠬᠠᠶ ᠶᠢᠨ ᠦᠢᠯᠡᠰ ᠤᠨ ᠪᠦᠯᠦᠭᠯᠡᠯ᠂ ᠠᠵᠤ ᠠᠬᠤᠶᠢᠯᠠᠯ ᠢ ᠵᠣᠷᠢᠭᠵᠢᠭᠤᠯᠵᠤ᠂ ᠠᠵᠤ ᠠᠬᠤᠶᠢᠯᠠᠯ ᠤᠨ | ᠪᠠᠷᠢᠮᠵᠢᠶ᠎ᠠ ᠶᠢ ᠢᠳᠡᠪᠬᠢᠲᠡᠶ ᠪᠠᠷ ᠰᠤᠳᠤᠯᠤᠨ ᠲᠣᠭᠲᠠᠭᠠᠬᠤ ᠶᠢᠨ ᠬᠠᠮᠲᠤ ᠪᠣᠳᠠᠲᠠᠶ ᠬᠡᠷᠡᠭᠯᠡᠬᠦ ᠬᠡᠷᠡᠭᠲᠡᠶ᠃ | ᠳᠣᠯᠤᠭ᠎ᠠ᠂ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ | ︵ᠠᠷᠪᠠᠨ ᠲᠠᠪᠤ︶ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠠᠴᠠ ᠠᠮᠢ ᠠᠬᠤᠶ ᠣᠷᠴᠢᠨ ᠲᠣᠭᠤᠷᠢᠨ ᠤ ᠶᠠᠮᠤᠨ᠂ ᠡᠳ᠋ ᠤᠨ ᠵᠠᠰᠠᠭ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠠᠮᠲᠤᠪᠠᠷ ᠠᠬᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠨᠢᠭᠲᠠ ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠡᠯ᠎ᠡ ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠪᠠᠨ | ᠪᠦᠷᠢᠨᠰᠢᠭᠦᠯᠵᠦ᠂ ᠪᠣᠬᠢᠷᠲᠤᠯ ᠦᠭᠡᠶ ᠠᠭᠤᠷᠬᠠᠶ ᠶᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ | ᠴᠠᠭ ᠲᠤᠬᠠᠶ ᠳᠤᠨᠢ ᠮᠡᠳᠡᠭᠡᠯᠡᠬᠦ ᠬᠡᠷᠡᠭᠲᠡᠶ᠃ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠰᠢᠢᠳᠪᠦᠷᠢᠯᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠤ | ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ | ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠳᠤ ᠨᠢᠭᠡᠳᠦᠯᠲᠡᠢ ᠴᠤᠭᠯᠠᠭᠤᠯᠤᠨ ᠨᠡᠶᠢᠯᠡᠭᠦᠯᠵᠦ᠂ ᠠᠵᠤ ᠠᠬᠤᠶᠢᠯᠠᠯ ᠤᠨ ᠨᠡᠷ᠎ᠡ ᠳᠣᠣᠷ᠎ᠠ ᠲᠡᠮᠳᠡᠭᠯᠡᠬᠦ ᠶᠢᠨ | ᠬᠠᠮᠲᠤ ᠨᠡᠶᠢᠭᠡᠮ ᠳᠤ ᠢᠯᠡ ᠨᠡᠶᠢᠲᠡᠯᠡᠨ᠎ᠡ᠃ | ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠭᠤᠷᠬᠠᠶ ᠶᠢᠨ ︽ᠭᠤᠷᠪᠠᠨ ᠨᠣᠷᠮ᠎ᠠ︾ ︵ᠨᠡᠭᠡᠭᠡᠨ ᠮᠠᠯᠲᠠᠬᠤ | ᠨᠣᠷᠮ᠎ᠠ᠂ ᠬᠦᠳᠡᠷ ᠰᠢᠯᠢᠵᠦ ᠡᠭᠡᠭᠦᠯᠦᠨ ᠬᠤᠷᠢᠶᠠᠬᠤ ᠨᠣᠷᠮ᠎ᠠ᠂ ᠶᠡᠷᠦᠩᠬᠡᠶᠢᠯᠡᠨ ᠠᠰᠢᠭᠯᠠᠬᠤ ᠨᠣᠷᠮ᠎ᠠ︶ ᠶᠢ ᠬᠢᠨᠠᠨ ᠬᠠᠮᠢᠶᠠᠷᠬᠤ᠂ ᠠᠭᠤᠷᠬᠠᠶ ᠶᠢᠨ ᠭᠠᠵᠠᠷ ᠤᠨ | ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠵᠡᠷᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ᠠᠮᠢ ᠠᠬᠤᠶ ᠶᠢᠨ ᠣᠷᠴᠢᠨ ᠲᠣᠭᠤᠷᠢᠨ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠭᠤᠷᠬᠠᠶ ᠶᠢᠨ ᠠᠮᠢ ᠠᠬᠤᠶ ᠶᠢᠨ ᠣᠷᠴᠢᠨ | ᠲᠣᠭᠤᠷᠢᠨ ᠳᠤ ᠬᠢᠨᠠᠯᠲᠠ ᠲᠠᠯᠪᠢᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ | ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠪᠤᠬᠢᠷᠳᠤᠯ ᠦᠭᠡᠢ ᠠᠭᠤᠷᠬᠠᠢ ᠶᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠤᠨ ᠵᠠᠷᠤᠳᠠᠯ ᠤᠨ | ᠪᠠᠲᠤᠯᠠᠭ᠎ᠠ ᠶᠢ ᠬᠠᠷᠢᠭᠤᠴᠠᠨ᠎ᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠵᠣᠬᠢᠴᠠᠭᠤᠯᠤᠨ ᠵᠢᠯᠣᠭᠤᠳᠬᠤ ᠶᠢ | ᠬᠠᠷᠢᠭᠤᠴᠠᠨ᠎ᠠ᠃ | ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠵᠦᠢ ᠶᠤᠰᠤᠨ ᠤ ᠮᠦᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ | ᠲᠣᠭᠲᠠᠭᠠᠵᠤ ᠲᠡᠭᠦᠯᠳᠡᠷᠵᠢᠭᠦᠯᠬᠦ ᠶᠢ ᠬᠠᠷᠢᠭᠤᠴᠠᠵᠤ᠂ ᠠᠭᠤᠷᠬᠠᠢ ᠶᠢᠨ ᠠᠵᠤ ᠠᠬᠤᠶᠢᠯᠠᠯ ᠤᠨ ᠪᠤᠬᠢᠷᠳᠤᠯ ᠦᠭᠡᠢ ᠬᠥᠭᠵᠢᠯᠲᠡ ᠶᠢ ᠳᠡᠮᠵᠢᠬᠦ ᠬᠡᠷᠡᠭᠲᠡᠢ᠃ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠦᠬᠦᠴᠡᠯ ᠳᠤ ᠨᠡᠶᠢᠴᠡᠬᠦ ᠪᠤᠬᠢᠷᠳᠤᠯ ᠦᠭᠡᠢ | ᠠᠭᠤᠷᠬᠠᠢ ᠶᠢᠨ ᠠᠵᠤ ᠠᠬᠤᠶᠢᠯᠠᠯ ᠤᠨ ᠬᠢᠯᠢ ᠶᠢᠨ ᠳᠤᠲᠤᠷ᠎ᠠ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠶᠢ ᠳᠡᠮᠵᠢᠬᠦ ᠶᠢ ᠬᠠᠷᠢᠭᠤᠴᠠᠬᠤ ᠬᠡᠷᠡᠭᠲᠡᠢ᠃ | ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠠᠭᠤᠷᠬᠠᠶ ᠶᠢᠨ ᠣᠶᠢᠲᠤ ᠭᠠᠵᠠᠷ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠭᠠᠷᠳᠠᠮ | ᠭᠦᠢᠴᠡᠳᠭᠡᠬᠦ᠂ ᠣᠶᠢᠲᠤ ᠭᠠᠵᠠᠷ ᠢ ᠲᠦᠷ ᠡᠵᠡᠯᠡᠨ ᠬᠡᠷᠡᠭᠯᠡᠭᠰᠡᠨ ᠤ ᠳᠠᠷᠠᠭᠠᠬᠢ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠢᠴᠢ ᠠᠭᠤᠷᠬᠠᠶ ᠶᠢᠨ | ᠨᠡᠭᠡᠭᠡᠯᠲᠡ ᠶᠢᠨ ᠬᠠᠷᠢᠶᠠᠲᠤ ᠢᠨᠵᠧᠨᠧᠷᠢᠩ ᠳᠤ ᠨᠤᠲᠤᠭ ᠪᠡᠯᠴᠢᠭᠡᠷ ᠢ ᠲᠦᠷ ᠡᠵᠡᠯᠡᠨ ᠬᠡᠷᠡᠭᠯᠡᠭᠰᠡᠨ ᠤ ᠳᠠᠷᠠᠭᠠᠬᠢ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠪᠡᠶ᠎ᠡ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠪᠣᠬᠢᠷᠲᠤᠯ | ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠮᠢᠶ᠎ᠠ ᠪᠥᠬᠦᠶ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ | ᠬᠡᠷᠡᠭᠲᠡᠶ᠃ | ᠨᠠᠢᠮᠠ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠬᠤ ᠬᠡᠷᠡᠭᠲᠡᠢ | ︵ᠠᠷᠪᠠᠨ ᠵᠢᠷᠭᠤᠭ᠎ᠠ︶ ᠬᠢᠨᠠᠨ ᠵᠢᠯᠤᠭᠤᠳᠴᠤ ᠬᠢᠨᠠᠨ ᠪᠠᠶᠢᠴᠠᠭᠠᠬᠤ᠂ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ | ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠡᠭᠦᠳᠦᠨ ᠪᠠᠶᠢᠭᠤᠯᠬᠤ ᠶᠢ | ᠬᠠᠷᠠᠬᠠᠨ ᠥᠷᠨᠢᠭᠦᠯᠦᠭᠡᠳᠦᠶ ᠠᠭᠤᠷᠬᠠᠶ ᠶᠢ ᠬᠢᠨᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠬᠡᠨ ᠥᠷᠨᠢᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ︔ ︽ᠬᠤᠣᠰ ᠲᠤᠬᠢᠶᠠᠯᠳᠤᠮᠵᠢ ᠨᠢᠭᠡ ᠢᠯᠡ︾ ᠱᠠᠭᠠᠷᠳᠠᠯᠭ᠎ᠠ ᠶᠢ ᠴᠢᠩᠭ᠎ᠠ | ᠵᠢᠷᠤᠮᠯᠠᠨ᠂ ᠵᠢᠯ ᠪᠦᠷᠢ 10% ᠠᠴᠠ ᠳᠣᠤᠷ᠎ᠠ ᠥᠬᠡᠶ ᠠᠭᠤᠷᠬᠠᠶ ᠶᠢ ᠰᠤᠭᠤᠴᠢᠨ ᠪᠠᠶᠢᠴᠠᠭᠠᠬᠤ ᠨᠡᠷᠡᠰ ᠲᠤ ᠣᠷᠣᠭᠤᠯᠵᠤ᠂ ᠰᠢᠨ᠎ᠡ ᠪᠠᠷ ᠦᠨᠡᠯᠡᠬᠦ | ᠭᠦᠢᠴᠡᠳᠬᠡᠯ ᠲᠤᠭ᠎ᠠ ᠶᠢ ᠴᠢᠩᠭ᠎ᠠ ᠵᠢᠷᠤᠮᠯᠠᠨ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠳᠤ ᠲᠤᠬᠠᠶ ᠶᠢᠨ ᠭᠠᠵᠠᠷ ᠲᠤᠨᠢ ᠬᠠᠷᠭᠤᠭᠤᠯᠤᠨ | ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠶ᠃ ᠡᠯ᠎ᠡ ᠭᠠᠵᠠᠷ ᠤᠨ ᠬᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠵᠠᠰᠠᠭ ᠤᠨ | ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠪᠠ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠵᠤ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠵᠤ᠂ ᠪᠣᠳᠠᠲᠠᠶ ᠲᠠᠢ ᠪᠠᠨ | ᠤᠶᠠᠯᠳᠤᠭᠤᠯᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠨᠡᠯᠡᠬᠦ ᠪᠠ ᠰᠢᠯᠭᠠᠨ ᠬᠢᠨᠠᠬᠤ ᠠᠵᠢᠯ ᠢ ᠥᠷᠨᠢᠭᠦᠯᠬᠦ ᠶᠢ ᠠᠬᠢᠭᠤᠯᠤᠨ᠎ᠠ᠃ | ︵ᠠᠷᠪᠠᠨ ᠳᠣᠯᠤᠭ᠎ᠠ︶ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠃ ᠬᠢᠨᠠᠨ ᠬᠠᠷᠭᠤᠭᠤᠯᠤᠭᠠᠳ ᠡᠭᠦᠷᠭᠡᠯᠡᠵᠦ ᠪᠠᠶᠢᠭ᠎ᠠ | ᠦᠨᠡᠯᠡᠨ ᠵᠢᠱᠢᠬᠦ ᠠᠵᠢᠯ ᠢᠶᠠᠨ ᠰᠢᠯᠵᠢᠭᠦᠯᠦᠨ ᠥᠭᠬᠦ ᠪᠤᠶᠤ ᠭᠠᠳᠠᠭᠰᠢ ᠳᠠᠭᠠᠭᠠᠴᠢᠯᠠᠭᠤᠯᠬᠤ᠂ ᠠᠭᠤᠷᠬᠠᠢ ᠶᠢᠨ ᠠᠵᠤ ᠠᠬᠤᠶᠢᠯᠠᠯ ᠤᠨ ᠨᠢᠭᠤᠴᠠ ᠶᠢ | ᠵᠠᠳᠠᠷᠠᠭᠤᠯᠬᠤ᠂ ᠰᠥᠯᠪᠡᠭᠡᠯᠳᠦᠭᠰᠡᠨ ᠠᠵᠤ ᠠᠬᠤᠶᠢᠯᠠᠯ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠦᠨᠡᠯᠡᠨ ᠵᠢᠱᠢᠭᠰᠡᠨ ᠦᠷ᠎ᠡ ᠳ᠋ᠦᠩ ᠨᠢ ᠬᠤᠳᠠᠯ | ᠬᠠᠭᠤᠷᠮᠠᠭ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠪᠠ | ᠦᠨᠡᠯᠡᠨ ᠵᠢᠱᠢᠭᠰᠡᠨ ᠠᠵᠢᠯᠲᠠᠨ ᠳᠤ ᠵᠠᠷᠯᠠᠨ ᠮᠡᠳᠡᠭᠳᠡᠬᠦ ᠶᠢᠨ ᠬᠠᠮᠲᠤ ᠨᠡᠷ᠎ᠡ ᠶᠢ ᠬᠠᠷ᠎ᠠ ᠳᠠᠩᠰᠠᠨ ᠳᠤ ᠣᠷᠣᠭᠤᠯᠵᠤ᠂ ᠭᠤᠷᠪᠠᠨ ᠵᠢᠯ ᠤᠨ ᠳᠣᠲᠣᠷ᠎ᠠ ᠲᠡᠭᠦᠨ ᠤ | ᠪᠣᠬᠢᠷᠲᠤᠯ ᠦᠭᠡᠢ ᠠᠭᠤᠷᠬᠠᠢ ᠶᠢᠨ ᠦᠨᠡᠯᠡᠨ ᠵᠢᠱᠢᠬᠦ ᠦᠢᠯᠡᠴᠢᠯᠡᠭᠡ ᠶᠢ ᠳᠠᠬᠢᠵᠤ ᠢᠲᠡᠭᠡᠬᠦ ᠦᠭᠡᠢ᠃ | ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠶᠢᠨ ᠬᠥᠳᠡᠯᠦᠩᠭᠦᠶ ᠬᠠᠮᠢᠶᠠᠷᠤᠯᠲᠠ ᠶᠢ ᠴᠢᠩᠳᠠᠯᠠᠵᠤ᠂ ᠰᠢᠨ᠎ᠡ ᠬᠠᠭᠤᠴᠢᠨ ᠦᠨᠡᠯᠡᠯᠲᠡ ᠶᠢᠨ | ᠭᠦᠢᠴᠡᠳᠭᠡᠯ ᠲᠤᠭ᠎ᠠ ᠶᠢ ᠵᠣᠯᠭᠠᠭᠤᠯᠬᠤ ᠶᠢ ᠰᠠᠶᠢᠲᠤᠷ ᠬᠢᠵᠦ᠂ ᠪᠣᠬᠢᠷᠲᠤᠯ ᠥᠬᠡᠶ ᠠᠭᠤᠷᠬᠠᠶ ᠳᠤ ᠣᠷᠣᠰᠢᠵᠤ ᠪᠠᠶᠢᠭ᠎ᠠ ᠳᠣᠤᠷᠠᠬᠢ ᠠᠰᠠᠭᠤᠳᠠᠯ ᠤᠨ ᠨᠢᠭᠡ ᠶᠢ | ᠣᠯᠵᠤ ᠮᠡᠳᠡᠪᠡᠯ᠂ ᠲᠠᠰ ᠳᠠᠷᠠᠭᠠᠯᠠᠯ ᠤᠨ ᠶᠣᠰᠣᠭᠠᠷ ᠨᠡᠷᠡᠰ ᠤᠨ ᠵᠢᠭᠰᠠᠭᠠᠯᠲᠠ ᠶᠢ ᠰᠢᠯᠵᠢᠭᠦᠯᠦᠨ ᠭᠠᠷᠭᠠᠨ᠎ᠠ᠄ ︽ᠠᠭᠤᠷᠬᠠᠶ ᠮᠠᠯᠲᠠᠬᠤ ᠵᠥᠪᠰᠢᠶᠡᠷᠡᠯ ᠤᠨ | ᠦᠨᠡᠮᠯᠡᠯ︾ ︽ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ︽ᠡᠵᠡᠩᠨᠡᠯᠲᠡ ᠶᠢᠨ ᠦᠨᠡᠮᠯᠡᠯ︾ ᠨᠢ ᠪᠦᠷᠢᠨ ᠪᠤᠰᠤ᠂ ᠬᠤᠭᠤᠴᠠᠭ᠎ᠠ ᠨᠢ | ᠥᠩᠭᠡᠷᠡᠭᠡᠳ ᠴᠠᠭ ᠲᠤᠬᠠᠶ ᠳᠤᠨᠢ ᠤᠷᠲᠤᠳᠬᠠᠭᠰᠠᠨ ᠥᠬᠡᠶ ᠪᠤᠶᠤ ᠬᠦᠴᠦᠨ ᠥᠬᠡᠶ ᠪᠣᠯᠭᠠᠭᠳᠠᠭᠰᠠᠨ ᠥᠬᠡᠶ︔ ᠵᠠᠰᠠᠭ ᠵᠠᠬᠢᠷᠭᠠᠨ ᠤ ᠰᠢᠢᠳᠬᠡᠯ ᠣᠯᠤᠭᠰᠠᠨ ᠤ | ᠳᠠᠷᠠᠭ᠎ᠠ ᠭᠦᠢᠴᠡᠳᠭᠡᠬᠦ ᠬᠤᠭᠤᠴᠠᠭᠠᠨ ᠳᠤ ᠭᠦᠢᠴᠡᠳᠬᠡᠭᠰᠡᠨ ᠥᠬᠡᠶ᠃ ᠬᠠᠭᠠᠭᠰᠠᠨ᠂ ᠠᠵᠤ ᠠᠬᠤᠶᠢᠯᠠᠯ ᠤᠨ ᠲᠤᠰ ᠪᠡᠶ᠎ᠡ ᠶᠢᠨ ᠰᠢᠯᠲᠠᠭᠠᠨ ᠠᠴᠠ ᠪᠤᠯᠵᠤ | ᠦᠢᠯᠡᠳᠪᠦᠷᠢᠯᠡᠯ ᠡᠵᠡᠩᠨᠡᠯᠲᠡ ᠪᠠᠨ ᠵᠣᠭᠰᠣᠭᠠᠭᠰᠠᠨ ᠦᠭᠡᠢ︔ ᠬᠠᠤᠯᠢ ᠶᠢ ᠵᠥᠷᠢᠴᠡᠨ ᠨᠡᠭᠡᠭᠡᠨ ᠮᠠᠯᠲᠠᠭᠰᠠᠨ᠂ ᠢᠯᠠᠩᠭᠤᠶ᠎ᠠ ᠵᠠᠭᠠᠭ ᠳᠠᠪᠠᠵᠤ ᠨᠡᠭᠡᠭᠡᠨ | ᠮᠠᠯᠲᠠᠭᠰᠠᠨ᠂ ᠨᠡᠭᠡᠭᠡᠨ ᠮᠠᠯᠲᠠᠬᠤ ᠠᠷᠭ᠎ᠠ ᠮᠠᠶ᠋ᠢᠭ ᠢᠶᠠᠨ ᠳᠤᠷ᠎ᠠ ᠪᠠᠷ ᠢᠶᠠᠨ ᠬᠤᠪᠢᠷᠠᠭᠤᠯᠪᠠ︔ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠠᠶᠤᠯᠭᠦᠢ | ᠦᠢᠯᠡᠳᠪᠦᠷᠢᠯᠡᠯ ᠤᠨ ᠠᠳᠡᠯ ᠪᠤᠶᠤ ᠣᠷᠴᠢᠨ ᠲᠣᠭᠤᠷᠢᠨ ᠤ ᠬᠡᠷᠡᠭ ᠭᠠᠷᠪᠠᠯ᠂ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤ ᠶᠢ ᠬᠦᠨᠳᠦ ᠨᠣᠴᠢᠲᠠᠢ | ᠪᠣᠬᠢᠷᠲᠤᠭᠤᠯᠤᠭᠰᠠᠨ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠵᠡᠷᠭᠡ ᠬᠠᠮᠢᠶ᠎ᠠ ᠪᠦᠬᠦᠢ | ᠳᠦᠷᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠮᠥᠷᠲᠡᠭᠡᠨ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠤᠭᠰᠠᠨ ᠦᠭᠡᠢ︔ | ᠦᠯᠡᠳᠡᠭᠳᠡᠯ ᠬᠦᠳᠡᠷ ᠤᠨ ᠬᠥᠮᠥᠷᠭᠡ ᠶᠢᠨ ᠪᠣᠬᠢᠷᠲᠤᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠱᠠᠭᠠᠷᠳᠠᠯᠭ᠎ᠠ ᠶᠣᠰᠣᠭᠠᠷ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠦᠭᠰᠡᠨ ᠦᠭᠡᠢ ᠪᠤᠶᠤ ᠦᠯᠡᠳᠡᠭᠳᠡᠯ ᠬᠦᠳᠡᠷ ᠤᠨ ᠬᠥᠮᠥᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢ | ᠱᠠᠭᠠᠷᠳᠠᠯᠭ᠎ᠠ ᠶᠣᠰᠣᠭᠠᠷ ᠪᠦᠲᠦᠭᠡᠨ ᠪᠠᠶᠢᠭᠤᠯᠵᠤ ᠠᠵᠢᠯᠯᠠᠭᠤᠯᠤᠭᠰᠠᠨ ᠦᠭᠡᠢ︔ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠬᠠᠶᠢᠨ ᠪᠠᠶᠢᠴᠠᠭᠠᠵᠤ | ᠨᠡᠭᠡᠭᠡᠨ ᠮᠠᠯᠲᠠᠬᠤ ᠮᠡᠳᠡᠭᠡ ᠵᠠᠩᠭᠢ ᠶᠢ ᠢᠯᠡ ᠨᠡᠶᠢᠲᠡᠯᠡᠵᠦ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠪᠠ︔ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠬᠡᠮᠵᠢᠶ᠎ᠡ ᠶᠢ ᠬᠤᠴᠣᠷᠤᠩᠭᠤᠶ ᠳᠡᠰ ᠢᠶᠠᠷ ᠢᠯᠭᠠᠨ ᠲᠣᠭᠲᠠᠭᠠᠭᠳᠠᠭᠰᠠᠨ ᠪᠠᠶᠢᠨ᠎ᠠ︔ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠵᠤ ᠬᠢᠨᠠᠨ ᠪᠤᠳᠤᠬᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠵᠡᠷᠭᠡ ᠠᠴᠠ ᠪᠣᠯᠵᠣ ᠨᠡᠶᠢᠲᠡᠯᠢᠭ ᠬᠡᠷᠡᠭ ᠤᠨ ᠵᠢᠱᠢᠶ᠎ᠡ ᠪᠠᠷ | ᠵᠠᠷᠯᠠᠨ ᠮᠡᠳᠡᠭᠳᠡᠭᠰᠡᠨ ᠪᠤᠶᠤ ᠡᠯ᠎ᠡ ᠲᠥᠷᠥᠯ ᠤᠨ ᠰᠡᠷᠡᠮᠵᠢᠯᠡᠭᠦᠯᠬᠦ ᠹᠢᠯᠢᠮ ᠳᠤ ᠣᠷᠣᠭᠤᠯᠤᠭᠰᠠᠨ ᠪᠠᠶᠢᠨ᠎ᠠ︔ ᠭᠡᠨᠡᠳᠲᠡ ᠶᠢᠨ ᠬᠡᠷᠡᠭ ᠭᠠᠷᠪᠠᠯ᠂ ᠠᠵᠤ | ᠠᠬᠤᠶᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠨ ᠪᠥᠬᠦ ᠤᠯᠤᠰ ᠤᠨ ᠫᠤᠷᠲ᠋ᠧᠯ ᠰᠦᠯᠵᠢᠶᠡᠨ ᠥᠷᠲᠡᠭᠡ᠂ ᠲᠠᠪᠴᠠᠩ ᠳᠤ ᠨᠠᠵᠠᠭᠠᠶ ᠲᠠᠯ᠎ᠠ ᠶᠢᠨ ᠶᠠᠷᠢᠶ᠎ᠠ | ᠬᠡᠯᠡᠯᠴᠡᠭᠡᠨ ᠤ ᠪᠠᠶᠢᠳᠠᠯ ᠭᠠᠷᠭᠠᠭᠰᠠᠨ︔ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠣᠬᠢᠷᠲᠤᠯ ᠥᠬᠡᠶ ᠠᠭᠤᠷᠬᠠᠶ ᠶᠢᠨ ᠦᠨᠡᠯᠡᠨ ᠵᠢᠱᠢᠯᠲᠡ ᠶᠢ | ᠥᠩᠭᠡᠷᠡᠭᠦᠯᠦᠭᠰᠡᠨ︔ ᠪᠤᠰᠤᠳ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠨᠡᠷᠡᠰ ᠤᠨ ᠵᠢᠭᠰᠠᠭᠠᠯᠲᠠ ᠳᠤ ᠦᠷᠭᠦᠯᠵᠢᠯᠡᠨ ᠵᠢᠭᠰᠠᠭᠠᠨ | ᠣᠷᠣᠭᠤᠯᠵᠤ ᠪᠣᠯᠬᠤ ᠥᠬᠡᠶ᠃ | ᠲᠤᠰ ᠪᠢᠴᠢᠭ ᠮᠠᠲ᠋ᠧᠷᠢᠶᠠᠯ ᠢ ᠪᠠᠭᠤᠯᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ᠃ | | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ | ᠠᠮᠢ ᠠᠬᠤᠶ ᠣᠷᠴᠢᠨ ᠲᠣᠭᠤᠷᠢᠨ ᠤ ᠶᠠᠮᠤᠨ | ᠡᠳ᠋ ᠤᠨ ᠵᠠᠰᠠᠭ ᠤᠨ ᠶᠠᠮᠤᠨ | ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ | ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ | ᠤᠯᠤᠰ ᠤᠨ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ | 2024 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ | | ᠳᠠᠭᠠᠯᠳᠤᠭᠤᠯᠤᠯ᠄ 1. ᠪᠣᠬᠢᠷᠲᠤᠯ ᠦᠭᠡᠶ ᠠᠭᠤᠷᠬᠠᠶ ᠶᠢᠨ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠠᠵᠢᠯ ᠤᠨ ᠱᠠᠭᠠᠷᠳᠠᠯᠭ᠎ᠠ | 2. ᠪᠣᠬᠢᠷᠲᠤᠯ ᠦᠭᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠶᠢᠨ ᠬᠥᠳᠡᠯᠦᠩᠭᠦᠶ ᠬᠠᠮᠢᠶᠠᠷᠤᠯᠲᠠ ᠶᠢᠨ ᠱᠠᠭᠠᠷᠳᠠᠯᠭ᠎ᠠ | 3. ᠤᠯᠤᠰ ᠤᠨ ᠳᠡᠰ ᠤᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠭᠦᠢᠴᠡᠳᠬᠡᠯ ᠲᠤᠭ᠎ᠠ | | | ᠳᠠᠭᠠᠯᠳᠤᠭᠤᠯᠤᠯ ᠢ ᠪᠠᠭᠤᠯᠭᠠᠬᠤ᠄ | 1. ᠪᠣᠬᠢᠷᠲᠤᠯ ᠥᠬᠡᠶ ᠠᠭᠤᠷᠬᠠᠶ ᠶᠢᠨ ᠭᠤᠷᠪᠠᠳᠤᠭᠠᠷ ᠡᠲᠡᠭᠡᠳ ᠤᠨ ᠦᠨᠡᠯᠡᠨ ᠵᠢᠱᠢᠬᠦ ᠠᠵᠢᠯ ᠤᠨ ᠱᠠᠭᠠᠷᠳᠠᠯᠭ᠎ᠠ . wps | | | | 2. ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠶᠢᠨ ᠬᠥᠳᠡᠯᠦᠩᠭᠦᠶ ᠬᠠᠮᠢᠶᠠᠷᠤᠯᠲᠠ ᠶᠢᠨ ᠱᠠᠭᠠᠷᠳᠠᠯᠭ᠎ᠠ . wps | | | 3. ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠨᠡᠯᠡᠬᠦ ᠭᠦᠢᠴᠡᠳᠬᠡᠯ ᠲᠤᠭ᠎ᠠ . wps | | |