ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠨᠡᠶᠢᠭᠡᠮᠯᠢᠭ ᠤᠨ ︽ᠭᠠᠵᠠᠷ ᠰᠢᠨᠵᠢᠯᠡᠭᠡᠨ ᠤ ᠰᠣᠶᠣᠯ ᠤᠨ ᠲᠣᠰᠬᠤᠨ ︵ᠪᠠᠯᠭᠠᠰᠤ︶ ᠢ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠪᠠ ᠦᠨᠡᠯᠡᠨ ᠲᠣᠭᠲᠠᠭᠠᠬᠤ ᠠᠵᠢᠯ ︵ᠳᠥᠷᠪᠡᠳᠦᠭᠡᠷ ᠪᠦᠯᠦᠭ︶ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠨᠡᠶᠢᠭᠡᠮᠯᠢᠭ ᠤᠨ ᠮᠡᠳᠡᠭᠳᠡᠯ︾ ᠢ ᠳᠠᠮᠵᠢᠭᠤᠯᠤᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/4/8
  ᠦᠪᠦᠷ ᠭᠠᠵᠠᠷ ᠰᠢᠨᠵᠢᠯᠡᠭᠡᠨ ᠵᠠᠬᠢᠳᠠᠯ ﹇2024﹈ 1 ᠳ᠋ᠤᠭᠡᠷ ᠲᠣᠭᠠᠲᠤ  ᠡᠯ᠎ᠡ ᠬᠤᠯᠪᠣᠭᠳᠠᠯ ᠪᠦᠬᠦᠢ ᠨᠢᠭᠡᠴᠢ᠄  ᠡᠳᠦᠭᠡ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠨᠡᠶᠢᠭᠡᠮᠯᠢᠭ ᠤᠨ ︽ᠭᠠᠵᠠᠷ ᠰᠢᠨᠵᠢᠯᠡᠭᠡᠨ ᠤ ᠰᠣᠶᠣᠯ ᠤᠨ ᠲᠣᠰᠬᠤᠨ ︵ᠪᠠᠯᠭᠠᠰᠤ︶ ᠢ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠵᠢᠴᠢ ᠦᠨᠡᠯᠡᠨ ᠲᠣᠭᠲᠠᠭᠠᠬᠤ ᠠᠵᠢᠯ ︵ᠳᠥᠷᠪᠡᠳᠦᠭᠡᠷ ᠪᠦᠯᠦᠭ︶ ᠢ ᠥᠷᠨᠢᠭᠦᠯᠬᠦ ᠲᠤᠬᠠᠶ ᠮᠡᠳᠡᠭᠳᠡᠯ︾ ︵ᠭᠠᠵᠠᠷ ᠰᠢᠨᠵᠢᠯᠡᠭᠡᠨ ᠤ ᠰᠣᠶᠣᠯ ᠤᠨ ᠥᠰᠥᠭ ﹇2024﹈ 28 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢ ᠲᠠ ᠨᠠᠷ ᠲᠤ ᠳᠠᠮᠵᠢᠭᠤᠯᠤᠨ ᠲᠠᠷᠬᠠᠭᠠᠶ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠦᠢᠯᠡᠴᠢᠯᠡᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠥᠪ ᠤᠨ ᠠᠵᠢᠯ ᠵᠢᠴᠢ ᠭᠠᠵᠠᠷ ᠰᠢᠨᠵᠢᠯᠡᠭᠡᠨ ᠤ ᠠᠵᠢᠯ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠦᠨ ᠬᠥᠭᠵᠢᠬᠦ ᠳᠤ ᠬᠦᠴᠦᠨ ᠨᠡᠮᠡᠷᠢᠯᠡᠵᠦ᠂ ᠳᠡᠯᠡᠬᠡᠶ ᠶᠢᠨ ᠪᠥᠮᠪᠥᠷᠴᠡᠭ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠪᠥᠬᠦ ᠤᠯᠤᠰ ᠤᠨ ᠭᠠᠵᠠᠷ ᠰᠢᠨᠵᠢᠯᠡᠭᠡᠨ ᠤ ᠰᠣᠶᠣᠯ ᠤᠨ ᠲᠣᠰᠬᠤᠨ ︵ᠪᠠᠯᠭᠠᠰᠤ︶ ᠤ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠬᠤᠯᠪᠣᠭᠳᠠᠯ ᠪᠥᠬᠦᠶ ᠠᠷᠭ᠎ᠠ ᠪᠠ ᠮᠡᠷᠭᠡᠵᠢᠯ ᠤᠨ ᠲᠣᠭᠲᠠᠭᠠᠯ ᠢ ᠦᠨᠳᠦᠰᠦᠯᠡᠨ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠨᠡᠶᠢᠭᠡᠮᠯᠢᠭ ᠤᠨ ᠣᠲᠣ ᠭᠠᠵᠠᠷ ᠰᠢᠨᠵᠢᠯᠡᠭᠡᠨ ᠤ ᠰᠣᠶᠣᠯ ᠤᠨ ᠲᠣᠰᠬᠤᠨ ︵ᠪᠠᠯᠭᠠᠰᠤ︶ ᠤ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠵᠢᠴᠢ ᠦᠨᠡᠯᠡᠨ ᠲᠣᠭᠲᠠᠭᠠᠬᠤ ᠠᠵᠢᠯ ︵ᠳᠥᠷᠪᠡᠳᠦᠭᠡᠷ ᠪᠦᠯᠦᠭ︶ ᠢ ᠥᠷᠨᠢᠭᠦᠯᠪᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠮᠡᠳᠡᠭᠦᠯᠬᠦ ᠨᠥᠬᠦᠴᠡᠯ  ᠪᠣᠳᠠᠲᠠᠶ ᠮᠡᠳᠡᠭᠦᠯᠬᠦ ᠨᠥᠬᠦᠴᠡᠯ ᠤᠨ ᠱᠠᠭᠠᠷᠳᠠᠯᠭ᠎ᠠ᠂ ᠬᠡᠷᠡᠭᠰᠡᠬᠦ ᠮᠠᠲ᠋ᠧᠷᠢᠶᠠᠯ ᠵᠢᠴᠢ ᠲᠤᠰᠢᠶᠠᠬᠤ ᠱᠠᠭᠠᠷᠳᠠᠯᠭ᠎ᠠ ᠵᠡᠷᠭᠡ ᠵᠦᠢᠯᠡᠰ ᠢ ᠳᠠᠭᠠᠯᠳᠤᠭᠤᠯᠤᠯ ︽ᠭᠠᠵᠠᠷ ᠰᠢᠨᠵᠢᠯᠡᠭᠡᠨ ᠤ ᠰᠣᠶᠣᠯ ᠤᠨ ᠲᠣᠰᠬᠤᠨ ︵ᠪᠠᠯᠭᠠᠰᠤ︶ ᠤ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠵᠢᠴᠢ ᠦᠨᠡᠯᠡᠨ ᠲᠣᠭᠲᠠᠭᠠᠬᠤ ᠠᠵᠢᠯ ︵ᠳᠥᠷᠪᠡᠳᠦᠭᠡᠷ ᠪᠦᠯᠦᠭ︶ ᠢ ᠥᠷᠨᠢᠭᠦᠯᠬᠦ ᠲᠤᠬᠠᠶ ᠮᠡᠳᠡᠭᠳᠡᠯ︾ ᠢ ᠦᠵᠡ᠃  ᠬᠤᠶᠠᠷ᠂ ᠪᠤᠰᠤᠳ ᠱᠠᠭᠠᠷᠳᠠᠯᠭ᠎ᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠨᠡᠶᠢᠭᠡᠮᠯᠢᠭ ᠤᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠣᠯᠤᠭᠰᠠᠨ ᠤ ᠳᠠᠷᠠᠭ᠎ᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠮᠠᠲ᠋ᠧᠷᠢᠶᠠᠯ ᠤᠨ ᠠᠩᠬᠠᠨ ᠤ ᠬᠢᠨᠠᠯᠲᠠ ᠬᠢᠯᠭᠡᠭᠰᠡᠨ ᠪᠣᠯᠬᠤᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠭᠥᠯᠢᠶᠡᠨ ᠠᠪᠬᠤ ᠴᠠᠭ ᠨᠢ 2024 ᠣᠨ ᠤ 6 ᠳ᠋ᠤᠭᠠᠷ ᠰᠠᠷ᠎ᠠ ᠶᠢᠨ 15 ᠤ ᠡᠳᠦᠷ᠂ ᠬᠤᠭᠤᠴᠠᠭ᠎ᠠ ᠥᠩᠭᠡᠷᠡᠲᠡᠯ᠎ᠡ ᠭᠥᠯᠢᠶᠡᠨ ᠠᠪᠴᠤ ᠰᠢᠢᠳᠪᠦᠷᠢᠯᠡᠬᠦ ᠥᠬᠡᠶ᠃ ᠡᠯ᠎ᠡ ᠭᠤᠶᠤᠴᠢᠯᠠᠨ ᠮᠡᠳᠡᠭᠦᠯᠬᠦ ᠨᠢᠭᠡᠴᠢ ᠨᠦᠭᠦᠳ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠴᠠᠭᠠᠰᠤᠨ ᠬᠡᠪᠯᠡᠯ ᠤᠨ 4 ᠬᠤᠪᠢ ᠵᠢᠴᠢ ᠡᠯᠧᠺᠲᠷᠣᠨ ᠬᠡᠪᠯᠡᠯ ᠤᠨ ᠯᠠᠶᠢᠰᠧᠷ ᠫᠠᠨᠰᠠ ᠶᠢ 1 ᠬᠤᠪᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠨᠡᠶᠢᠭᠡᠮᠯᠢᠭ ᠤᠨ ᠨᠠᠷᠢᠨ ᠪᠢᠴᠢᠭ ᠤᠨ ᠭᠠᠵᠠᠷ ᠲᠤ ᠲᠤᠰᠢᠶᠠᠭᠠᠷᠠᠢ᠃ ᠮᠡᠳᠡᠭᠦᠯᠬᠦ ᠮᠠᠲ᠋ᠧᠷᠢᠶᠠᠯ ᠢ ᠪᠤᠴᠠᠭᠠᠬᠤ ᠦᠭᠡᠢ᠂ ᠡᠯ᠎ᠡ ᠮᠡᠳᠡᠭᠦᠯᠬᠦ ᠨᠢᠭᠡᠴᠢ ᠬᠡᠷᠡᠭᠴᠡᠭᠡ ᠪᠠᠨ ᠦᠨᠳᠦᠰᠦᠯᠡᠨ ᠥᠪᠡᠷ ᠢᠶᠠᠨ ᠦᠯᠡᠳᠡᠭᠡᠷᠡᠢ᠃  ᠬᠠᠷᠢᠯᠴᠠᠬᠤ ᠬᠥᠮᠦᠨ᠄ ᠶᠠᠩ ᠪᠦᠸᠧ  13739910736᠂ ᠰᠢᠨ ᠵᠤᠤ  15124709140  ᠢᠮᠧᠯ᠄ nmgzzqdzxh@163.com  ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠵᠢᠨᠴᠢᠶᠤᠤ ᠨᠡᠭᠡᠭᠡᠯᠲᠡ ᠶᠢᠨ ᠲᠣᠭᠤᠷᠢᠭ ᠤᠨ ᠪᠤᠭᠤᠲᠤ ᠶᠡᠭᠡ ᠵᠡᠭᠡᠯᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠤᠨ ᠡᠮᠦᠨ᠎ᠡ ᠠᠰᠠᠷ 414 ᠥᠷᠥᠭᠡ᠃  ᠰᠢᠦᠳᠠᠨ ᠨᠣᠮᠧᠷ᠄ 010020      ᠳᠠᠭᠠᠯᠳᠤᠭᠤᠯᠤᠯ᠄ ︽ᠭᠠᠵᠠᠷ ᠰᠢᠨᠵᠢᠯᠡᠭᠡᠨ ᠤ ᠰᠣᠶᠣᠯ ᠤᠨ ᠲᠣᠰᠬᠤᠨ ︵ᠪᠠᠯᠭᠠᠰᠤ︶ ᠢ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠪᠠ ᠦᠨᠡᠯᠡᠨ ᠲᠣᠭᠲᠠᠭᠠᠬᠤ ᠠᠵᠢᠯ ︵ᠳᠥᠷᠪᠡᠳᠦᠭᠡᠷ ᠪᠦᠯᠦᠭ︶ ᠢ ᠥᠷᠨᠢᠭᠦᠯᠬᠦ ᠲᠤᠬᠠᠶ ᠮᠡᠳᠡᠭᠳᠡᠯ︾

 

  ᠳᠠᠭᠠᠯᠳᠤᠭᠤᠯᠤᠯ᠄ ︽ᠭᠠᠵᠠᠷ ᠰᠢᠨᠵᠢᠯᠡᠭᠡᠨ ᠤ ᠰᠣᠶᠣᠯ ᠤᠨ ᠲᠣᠰᠬᠤᠨ ︵ᠪᠠᠯᠭᠠᠰᠤ︶ ᠢ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠪᠠ ᠦᠨᠡᠯᠡᠨ

ᠲᠣᠭᠲᠠᠭᠠᠬᠤ ᠠᠵᠢᠯ ︵ᠳᠥᠷᠪᠡᠳᠦᠭᠡᠷ ᠪᠦᠯᠦᠭ︶ ᠢ ᠥᠷᠨᠢᠭᠦᠯᠬᠦ ᠲᠤᠬᠠᠶ ᠮᠡᠳᠡᠭᠳᠡᠯ︾

 

  

  ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠨᠡᠶᠢᠭᠡᠮᠯᠢᠭ

  2024 ᠣᠨ ᠤ 4 ᠳ᠋ᠦ᠋ᠭᠡᠷ ᠰᠠᠷ᠎ᠠ ᠶᠢᠨ 8 ᠤ ᠡᠳᠦᠷ

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠨᠡᠶᠢᠭᠡᠮᠯᠢᠭ
Baidu
map