ᠥᠪᠥᠷ ᠮᠣᠩᠭᠤᠯ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ ᠬᠢᠷᠢ ᠲᠦᠪᠰᠢᠨ ᠢᠶᠠᠨ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/6/17
  ᠡᠨᠡ ᠵᠢᠯ᠂ ᠥᠪᠥᠷ ᠮᠣᠩᠭᠤᠯ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠪᠣᠬᠢᠷᠲᠤᠯ ᠥᠬᠡᠶ᠂ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ᠂ ᠦᠨᠡᠯᠡᠬᠦ ᠭᠦᠢᠴᠡᠳᠬᠡᠯ ᠲᠤᠭ᠎ᠠ ᠪᠠ ᠪᠣᠬᠢᠷᠲᠤᠯ ᠥᠬᠡᠶ ᠠᠭᠤᠷᠬᠠᠶ ᠶᠢᠨ ᠭᠤᠶᠤᠴᠢᠯᠠᠨ ᠮᠡᠳᠡᠭᠦᠯᠵᠦ ᠦᠨᠡᠯᠡᠨ ᠵᠢᠱᠢᠵᠦ ᠰᠢᠯᠢᠨ ᠰᠣᠩᠭᠤᠬᠤ ᠴᠤᠪᠤᠷᠠᠯ᠂ ᠱᠠᠭᠠᠷᠳᠠᠯᠭ᠎ᠠ ᠳᠤ ᠵᠠᠰᠠᠪᠤᠷᠢ ᠣᠷᠣᠭᠤᠯᠵᠤ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠪᠡ᠃
6.17-1.jpg
  5 ᠳ᠋ᠤᠭᠠᠷ ᠰᠠᠷ᠎ᠠ ᠠᠴᠠ ᠨᠠᠭᠠᠰᠢ᠂ ᠡᠳᠦᠷ ᠪᠦᠷᠢ 2 ᠲᠦᠮᠡ 7 ᠮᠢᠩᠭᠠᠨ ᠲᠣᠨ ᠣᠷᠴᠢᠮ ᠤᠨ ᠲᠦᠭᠦᠬᠡᠶ ᠨᠡᠭᠦᠷᠡᠰᠦ ᠬᠤᠤᠯᠢᠩᠭᠤᠤᠯ ᠤᠨ ᠵᠠᠳᠠᠭᠠᠶ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠤᠨ ᠱᠤᠭᠤᠮ ᠠᠴᠠ ᠳᠣᠷᠣᠭᠰᠢ ᠪᠠᠭᠤᠪᠠ᠃ ᠨᠡᠭᠦᠷᠡᠰᠦᠨ ᠤ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠠᠵᠤ ᠠᠬᠤᠶᠢᠯᠠᠯ ︽X ᠰᠠᠴᠤᠷᠠᠭ ᠤᠨ ᠣᠶᠤᠨᠴᠢ ᠬᠠᠭᠤᠷᠠᠶ ᠠᠷᠭ᠎ᠠ ᠪᠠᠷ ᠨᠡᠭᠦᠷᠡᠰᠦ ᠰᠣᠩᠭᠤᠬᠤ + ᠬᠠᠭᠤᠷᠠᠶ ᠠᠷᠭ᠎ᠠ ᠪᠠᠷ ᠨᠡᠭᠦᠷᠡᠰᠦ ᠰᠣᠩᠭᠤᠬᠤ ᠬᠠᠮᠲᠤᠷᠠᠭᠰᠠᠨ ᠭᠠᠷ ᠤᠷᠠᠯᠠᠯ︾ ᠢ ᠬᠡᠷᠡᠭᠯᠡᠨ ᠬᠤᠯᠢᠮᠠᠭ ᠨᠡᠭᠦᠷᠡᠰᠦ ᠶᠢ ᠢᠯᠭᠠᠨ ᠰᠣᠩᠭᠤᠵᠤ᠂ ᠢᠯᠭᠠᠨ ᠰᠣᠩᠭᠤᠭᠰᠠᠨ ᠤ ᠳᠠᠷᠠᠭᠠᠬᠢ ᠨᠠᠷᠢᠯᠢᠭ ᠨᠡᠭᠦᠷᠡᠰᠦ ᠶᠢ ᠰᠢᠭᠤᠳ ᠲᠤᠬᠠᠶ ᠶᠢᠨ ᠭᠠᠵᠠᠷ ᠤᠨ ᠴᠠᠬᠢᠯᠭᠠᠨ ᠤ ᠦᠢᠯᠡᠳᠪᠦᠷᠢ ᠳᠤ ᠬᠦᠷᠭᠡᠵᠦ᠂ ᠴᠠᠬᠢᠯᠭᠠᠨ ᠭᠠᠷᠭᠠᠬᠤ ᠪᠠ ᠢᠯᠴᠢ ᠬᠠᠩᠭᠠᠬᠤ ᠳᠤ ᠬᠡᠷᠡᠭᠯᠡᠨ᠎ᠡ᠃
6.17-2.jpg
  ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠶᠢᠨ ᠤᠮᠠᠷᠠᠲᠤ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠮᠡᠷᠭᠡᠵᠢᠯ ᠤᠨ ᠬᠡᠯᠲᠡᠰ ᠤᠨ ᠡᠷᠬᠢᠯᠡᠭᠴᠢ ᠽᠧᠦ ᠲᠢᠶᠠᠨ ᠰᠢᠦᠢ  ᠠᠵᠤ ᠠᠬᠤᠶ ᠶᠢᠨ ᠦᠷ᠎ᠡ ᠠᠰᠢᠭ ᠨᠢ ᠪᠠᠷᠤᠭ 7000 ᠭᠠᠷᠤᠶ ᠲᠦᠮᠡᠨ ᠲᠥᠭᠦᠷᠢᠭ ᠬᠦᠷᠴᠦ᠂ ᠨᠡᠭᠦᠷᠡᠰᠦᠨ ᠤ ᠡᠬᠢ ᠪᠠᠶᠠᠯᠢᠭ ᠢ ᠠᠷᠪᠢᠯᠠᠨ᠂ ᠨᠡᠭᠦᠷᠡᠰᠦᠨ ᠤ ᠡᠭᠡᠭᠦᠯᠦᠨ ᠬᠤᠷᠢᠶᠠᠬᠤ ᠨᠣᠷᠮ᠎ᠠ ᠶᠢ ᠳᠡᠭᠡᠭᠰᠢᠯᠡᠭᠦᠯᠵᠡᠶ᠃
6.17-3.jpg
  ᠡᠨᠡ ᠵᠢᠯ᠂ ᠥᠪᠥᠷ ᠮᠣᠩᠭᠤᠯ ︽ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠠᠭᠤᠷᠬᠠᠶ ᠡᠷᠢᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵2021 — 2025︶︾ ᠢ ᠲᠦᠷᠭᠡᠳᠬᠡᠨ ᠠᠬᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠶᠢᠨ ᠪᠠᠶᠢᠴᠠᠭᠠᠯᠲᠠ ᠶᠢ ᠠᠬᠢᠭᠤᠯᠤᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠲᠤ ᠣᠷᠣᠰᠢᠬᠤ ᠪᠠ ᠳᠠᠭᠠᠯᠳᠤᠨ ᠣᠷᠣᠰᠢᠬᠤ ᠪᠠᠴᠢᠮ ᠳᠤᠲᠠᠭᠳᠠᠵᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠵᠢᠴᠢ ᠬᠤᠪᠣᠷ ᠰᠢᠷᠣᠶ᠂ ᠰᠡᠶᠢᠷᠡᠭ ᠪᠤᠳᠠᠷᠬᠠᠢ᠂ ᠬᠤᠪᠣᠷ ᠰᠢᠷᠣᠶ ᠶᠢᠨ ᠡᠯᠧᠮᠧᠨ᠋ᠲ ᠢ ᠪᠠᠶᠢᠴᠠᠭᠠᠨ ᠦᠨᠡᠯᠡᠵᠦ ᠵᠠᠳᠠᠯᠬᠤ ᠶᠢ ᠴᠢᠩᠭᠠᠳᠬᠠᠨ᠎ᠠ᠃ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠠᠭᠤᠷᠬᠠᠢ ᠶᠢᠨ ᠰᠤᠳᠤᠯᠭᠠᠨ ᠤ ᠬᠦᠷᠢᠶᠡᠯᠡᠩ ᠤᠨ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠲᠡᠮᠦᠷ ᠤᠨ ᠬᠡᠷᠡᠭᠯᠡᠭᠡᠨ ᠤ ᠲᠤᠮᠤ ᠬᠡᠰᠡᠭ ᠢ ᠰᠣᠩᠭᠤᠨ ᠠᠪᠬᠤ ᠲᠦᠰᠦᠯ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠶᠢ ᠪᠡᠶᠡᠯᠡᠭᠦᠯᠵᠦ᠂ ᠠᠰᠢᠭᠯᠠᠯᠲᠠ ᠳᠤ ᠣᠷᠣᠭᠤᠯᠤᠭᠰᠠᠨ ᠠᠴᠠ ᠨᠠᠭᠠᠰᠢ᠂ ᠨᠢᠭᠡᠨᠲᠡ ᠬᠢᠷᠢ ᠲᠡᠩᠴᠡᠭᠰᠡᠨ ᠲᠡᠮᠦᠷ ᠤᠨ ᠪᠦᠳᠦᠭᠦᠯᠢᠭ ᠨᠠᠷᠢᠯᠢᠭ ᠠᠭᠤᠷᠬᠠᠢ ᠶᠢ 544 ᠲᠦᠮᠡᠨ ᠲᠣᠨ ᠦᠢᠯᠡᠳᠪᠦᠷᠢᠯᠡᠵᠡᠢ᠃
6.17-4.jpg
  ᠪᠣᠣ ᠭᠠᠩ ︵ᠪᠦᠯᠦᠭᠯᠡᠯ︶ ᠠᠭᠤᠷᠬᠠᠢ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠭᠤᠤ ᠲᠢᠶᠠᠨ ᠵᠧᠩ  ᠲᠡᠮᠦᠷ ᠤᠨ ᠠᠭᠤᠷᠬᠠᠶ ᠶᠢᠨ ᠡᠬᠢ ᠪᠠᠶᠠᠯᠢᠭ ᠢ ᠦᠷᠭᠦᠯᠵᠢᠯᠡᠭᠦᠯᠬᠦ ᠠᠰᠠᠭᠤᠳᠠᠯ ᠢ ᠰᠢᠢᠳᠪᠦᠷᠢᠯᠡᠵᠦ᠂ ᠴᠢᠨᠠᠭᠰᠢᠯᠠᠪᠠᠯ ᠮᠠᠨ ᠤ ᠤᠯᠤᠰ ᠤᠨ ᠲᠡᠮᠦᠷ ᠤᠨ ᠠᠭᠤᠷᠬᠠᠶ ᠶᠢᠨ ᠡᠬᠢ ᠪᠠᠶᠠᠯᠢᠭ ᠤᠨ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠬᠤ ᠳᠤ ᠪᠦᠲᠦᠮᠵᠢᠲᠡᠶ ᠠᠷᠭ᠎ᠠ ᠵᠠᠮ ᠬᠠᠩᠭᠠᠭᠰᠠᠨ ᠪᠠᠶᠢᠨ᠎ᠠ᠃
6.17-5.jpg
  ᠥᠪᠥᠷ ᠮᠣᠩᠭᠤᠯ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠨᠡᠭᠡᠭᠡᠨ ᠮᠠᠯᠲᠠᠭᠰᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠵᠢᠴᠢ ᠦᠢᠯᠡᠳᠪᠦᠷᠢᠯᠡᠯ ᠤᠨ ᠬᠦᠴᠦᠨ ᠵᠦᠢᠯ ᠢ ᠳᠠᠬᠢᠨ ᠵᠣᠬᠢᠶᠠᠨ ᠪᠠᠶᠢᠭᠤᠯᠵᠤ᠂ ᠨᠡᠭᠡᠭᠡᠨ ᠮᠠᠯᠲᠠᠬᠤ ᠪᠠᠶᠢᠷᠢᠰᠢᠯ ᠢ ᠰᠢᠯᠢᠳᠡᠭᠵᠢᠭᠦᠯᠦᠨ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠳᠥᠯᠭᠢᠨ ᠠᠬᠢᠭᠤᠯᠪᠠ᠃
6.17-6.jpg
  ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠠᠭᠤᠷᠬᠠᠢ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ  ᠭᠤᠤ ᠬᠤᠩ  ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠬᠡᠮᠵᠢᠶ᠎ᠡ ᠶᠢ ᠪᠠᠶᠢᠴᠠᠭᠠᠨ ᠦᠨᠡᠯᠡᠨ ᠵᠢᠱᠢᠭᠰᠡᠨ ᠦᠷ᠎ᠡ ᠳ᠋ᠦᠩ ᠢ ᠬᠡᠷᠡᠭᠯᠡᠬᠦ ᠶᠢ ᠴᠢᠩᠭᠠᠳᠬᠠᠵᠤ᠂ ᠲᠡᠷᠢᠭᠦᠨ ᠤ ᠳᠡᠰ ᠲᠤ ᠬᠤᠪᠢᠶᠠᠷᠢᠯᠠᠭᠰᠠᠨ ᠠᠭᠤᠷᠬᠠᠶ ᠶᠢᠨ ᠠᠵᠤ ᠠᠬᠤᠶᠢᠯᠠᠯ ᠪᠠ ᠭᠠᠵᠠᠷ ᠣᠷᠣᠨ ᠳᠤ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ᠂ ᠭᠠᠵᠠᠷ ᠬᠡᠷᠡᠭᠯᠡᠬᠦ᠂ ᠠᠭᠤᠷᠬᠠᠶ ᠬᠡᠷᠡᠭᠯᠡᠬᠦ ᠵᠡᠷᠭᠡ ᠲᠠᠯ᠎ᠠ ᠪᠠᠷ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠳᠡᠮᠵᠢᠯᠭᠡ ᠦᠵᠡᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠬᠤ ᠪᠠ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠎ᠠ᠃ 
ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ
Baidu
map