ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠵᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠬᠤ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠥᠬᠦ ᠤᠯᠤᠰ ᠤᠨ ᠭᠠᠵᠠᠷ ᠰᠢᠷᠣᠶ ᠶᠢᠨ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2024/6/25
  ᠡᠨᠡ ᠵᠢᠯ ᠤᠨ 6 ᠳ᠋ᠤᠭᠠᠷ ᠰᠠᠷ᠎ᠠ ᠶᠢᠨ 25 ᠤ ᠡᠳᠦᠷ ᠪᠣᠯ 34 ᠳ᠋ᠦ᠋ᠭᠡᠷ ᠪᠥᠬᠦ ᠤᠯᠤᠰ ᠤᠨ ᠭᠠᠵᠠᠷ ᠰᠢᠷᠣᠶ ᠶᠢᠨ ᠡᠳᠦᠷ ᠪᠣᠯᠤᠨ᠎ᠠ᠂ ᠤᠬᠠᠭᠤᠯᠭ᠎ᠠ ᠶᠢᠨ ᠭᠤᠤᠯ ᠰᠡᠳᠦᠪ ᠪᠣᠯ ︽ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠵᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠬᠤ︾ ᠪᠣᠯᠤᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠶᠢᠴᠢᠯᠠᠨ ᠭᠠᠵᠠᠷ ᠰᠢᠷᠣᠶ ᠶᠢᠨ ᠡᠬᠢ ᠪᠠᠶᠠᠯᠢᠭ ᠬᠢᠭᠡᠳ ᠠᠮᠢ ᠠᠬᠤᠶ ᠶᠢᠨ ᠬᠠᠮᠠᠭᠠᠯᠠᠯᠲᠠ ᠶᠢ ᠬᠠᠮᠲᠤ ᠪᠠᠷ ᠠᠩᠬᠠᠷᠴᠤ᠂ ᠨᠡᠶᠢᠭᠡᠮ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ᠂ ᠪᠠᠶᠢᠭᠠᠯᠢ ᠶᠢᠨ ᠡᠬᠢ ᠪᠠᠶᠠᠯᠢᠭ ᠢᠯᠠᠩᠭᠤᠶ᠎ᠠ ᠭᠠᠵᠠᠷ ᠰᠢᠷᠣᠶ ᠶᠢᠨ ᠡᠬᠢ ᠪᠠᠶᠠᠯᠢᠭ ᠢ ᠨᠠᠨᠳᠢᠩᠨᠠᠨ ᠬᠠᠶᠢᠷᠠᠯᠠᠬᠤ ᠪᠠ ᠵᠦᠶ ᠵᠣᠬᠢᠰᠲᠠᠶ ᠠᠰᠢᠭᠯᠠᠬᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠥᠬᠦ ᠤᠯᠤᠰ ᠤᠨ ᠭᠠᠵᠠᠷ ᠰᠢᠷᠣᠶ ᠶᠢᠨ ᠡᠳᠦᠷ ᠤᠨ ᠤᠬᠠᠭᠤᠯᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠢ 6 ᠳ᠋ᠤᠭᠠᠷ ᠰᠠᠷ᠎ᠠ ᠶᠢᠨ 18 ᠤ ᠡᠳᠦᠷ ᠠᠴᠠ 30 ᠤ ᠡᠳᠦᠷ ᠪᠣᠯᠲᠠᠯ᠎ᠠ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
6.25-1.jpg
  6 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ 2024 ᠣᠨ ᠤ ᠪᠥᠬᠦ ᠤᠯᠤᠰ ᠤᠨ ᠭᠠᠵᠠᠷ ᠰᠢᠷᠣᠶ ᠶᠢᠨ ᠡᠳᠦᠷ ᠤᠨ ᠭᠤᠤᠯ ᠲᠠᠯᠠᠪᠤᠷ ᠤᠨ ᠠᠵᠢᠯᠯᠠᠭ᠎ᠠ ᠥᠷᠨᠢᠭᠦᠯᠵᠦ᠂ ᠪᠤᠲᠠᠲᠠᠢ ᠳᠤ ᠨᠠᠶᠢᠳᠠᠪᠤᠷᠢᠵᠢᠭᠤᠯᠤᠨ ᠤᠬᠠᠭᠤᠯᠬᠤ᠂ ᠰᠦᠯᠵᠢᠶᠡᠨ ᠳᠡᠭᠡᠷ᠎ᠡ ᠵᠡᠷᠭᠡ ᠪᠠᠷ ᠬᠠᠷᠢᠯᠴᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠪᠠ ᠲᠠᠷᠢᠶᠠᠨ ᠭᠠᠵᠠᠷ ᠢ ᠬᠠᠮᠠᠭᠠᠯᠠᠬᠤ ᠠᠷᠭ᠎ᠠ ᠬᠡᠮᠵᠢᠶ᠎ᠡ᠂ ᠦᠷ᠎ᠡ ᠪᠦᠲᠦᠮᠵᠢ ᠵᠢᠴᠢ ᠴᠢᠬᠤᠯᠠ ᠴᠢᠨᠠᠷ ᠢ ᠶᠡᠭᠡ ᠪᠠᠷ ᠤᠬᠠᠭᠤᠯᠵᠤ᠂ ᠪᠥᠬᠦ ᠨᠡᠶᠢᠭᠡᠮ ᠢ ᠬᠥᠲᠥᠯᠦᠨ ᠵᠢᠯᠣᠭᠤᠳᠴᠤ ᠪᠠᠶᠢᠭᠠᠳ ᠲᠠᠷᠢᠶᠠᠨ ᠭᠠᠵᠠᠷ ᠢ ᠬᠠᠮᠠᠭᠠᠯᠠᠬᠤ᠂ ᠭᠠᠵᠠᠷ ᠰᠢᠷᠣᠶ ᠶᠢ ᠠᠷᠪᠢᠯᠠᠬᠤ ᠤᠬᠠᠮᠰᠠᠷ ᠢ ᠪᠣᠶ ᠪᠣᠯᠭᠠᠵᠤ᠂ ᠬᠥᠮᠦᠨ ᠪᠦᠬᠦᠨ ᠠᠩᠬᠠᠷᠴᠤ ᠪᠠᠶᠢᠭ᠎ᠠ᠂ ᠬᠥᠮᠦᠨ ᠪᠦᠬᠦᠨ ᠲᠠᠷᠢᠶᠠᠨ ᠭᠠᠵᠠᠷ ᠤᠨ ᠬᠠᠮᠠᠭᠠᠯᠠᠯᠲᠠ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠸᠠᠩ ᠲᠤᠤ᠂ ᠭᠦᠸᠧ ᠰᠢᠨ ᠢᠦᠢ ᠠᠵᠢᠯᠯᠠᠭ᠎ᠠ ᠳᠤ ᠣᠷᠣᠯᠴᠠᠵᠠᠢ᠃
6.25-2.jpg
  ᠵᠤᠤ ᠳ᠋ᠠ ᠶᠦᠩ ᠪᠠᠶᠠᠷ ᠤᠨ ᠦᠭᠡ ᠳᠡᠭᠡᠨ ᠬᠡᠯᠡᠭᠰᠡᠨ ᠨᠢ᠂ ᠭᠠᠵᠠᠷ ᠰᠢᠷᠣᠢ ᠪᠣᠯ ᠠᠷᠠᠳ ᠤᠨ ᠠᠮᠢᠳᠤᠷᠠᠯ ᠤᠨ ᠦᠨᠳᠦᠰᠦ᠂ ᠬᠥᠭᠵᠢᠯᠲᠡ ᠶᠢᠨ ᠰᠠᠭᠤᠷᠢ ᠪᠠ ᠡᠳ᠋ ᠪᠠᠶᠠᠯᠢᠭ ᠤᠨ ᠡᠬᠢ ᠰᠤᠷᠪᠤᠯᠵᠢ ᠮᠥᠨ᠂ ᠲᠠᠷᠢᠶᠠᠨ ᠭᠠᠵᠠᠷ ᠢ ᠬᠠᠮᠠᠭᠠᠯᠠᠬᠤ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠲᠠᠢ ᠬᠤᠯᠪᠣᠭᠳᠠᠵᠤ᠂ ᠦᠨᠳᠦᠰᠦᠲᠡᠨ ᠤ ᠥᠨᠢᠳᠡ ᠶᠢᠨ ᠬᠥᠭᠵᠢᠯᠲᠡ ᠲᠠᠢ ᠬᠤᠯᠪᠣᠭᠳᠠᠵᠤ᠂ ᠪᠢᠳᠡᠨ ᠤ ᠡᠷᠬᠡᠪᠰᠢ ᠡᠭᠦᠷᠭᠡᠯᠡᠵᠦ᠂ ᠰᠠᠶᠢᠲᠤᠷ ᠭᠦᠢᠴᠡᠳᠬᠡᠬᠦ ᠴᠢᠬᠤᠯᠠᠲᠠᠢ ︽ᠤᠯᠤᠰ ᠤᠨ ᠶᠡᠭᠡ ᠶᠠᠪᠤᠳᠠᠯ︾ ᠮᠥᠨ᠃ ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ︽ᠭᠤᠷᠪᠠ ᠶᠢ ᠣᠶᠢᠯᠠᠭᠠᠬᠤ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ ᠢ ᠨᠢᠭᠡᠳᠬᠡᠬᠦ︾ ᠭᠤᠤᠯ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠪᠠᠶᠢᠷᠢᠰᠢᠯ ᠪᠣᠯᠤᠨ ᠭᠠᠵᠠᠷ ᠰᠢᠷᠣᠶ ᠶᠢᠨ ᠠᠰᠢᠭᠯᠠᠯᠲᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠪᠣᠯᠤᠨ ᠬᠡᠷᠡᠭᠯᠡᠯᠲᠡ ᠶᠢᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠤᠬᠳᠤ ᠠᠭᠤᠴᠢᠯᠠᠬᠤ ᠦᠭᠡᠢ︾ ᠣᠪᠣᠷ᠂ ᠬᠠᠲᠠᠭᠤ ᠠᠷᠭ᠎ᠠ ᠬᠡᠮᠵᠢᠶ᠎ᠡ ᠪᠠᠷ ᠬᠠᠤᠯᠢ ᠠᠴᠠ ᠵᠥᠷᠢᠴᠡᠨ ᠭᠠᠵᠠᠷ ᠡᠵᠡᠯᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠳᠤᠮᠳᠠᠳᠤ ᠤᠯᠤᠰ ᠤᠨ ᠠᠮᠤ ᠪᠤᠳᠠᠭ᠎ᠠ ᠶᠢ ᠲᠣᠭᠲᠠᠭᠤᠨ ᠪᠠᠶᠢᠯᠭᠠᠬᠤ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠪᠡ᠃
   ᠲᠤᠰ ᠤᠳᠠᠭᠠᠨ ᠤ ᠠᠵᠢᠯᠯᠠᠭ᠎ᠠ ᠨᠢ ᠳᠤᠮᠳᠠᠳᠤ ᠤᠯᠤᠰ ᠤᠨ ᠬᠡᠩᠭᠡᠷᠭᠡ ᠶᠢᠨ ᠲᠣᠭᠯᠠᠯᠲᠠ ᠳᠤ ᠬᠥᠰᠢᠭᠡ ᠪᠠᠨ ᠰᠡᠬᠦᠪᠡ᠃ ᠲᠤᠬᠠᠢ ᠶᠢᠨ ᠲᠠᠯᠠᠪᠤᠷ ᠲᠤ ᠶᠡᠭᠡ ᠳᠡᠯᠭᠡᠴᠡ ᠪᠠᠷ ︽ᠰᠣᠨᠣᠰ︕ ᠡᠬᠡ ᠭᠠᠵᠠᠷ ᠤᠨ ᠳᠠᠭᠤᠨ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠹᠢᠯᠢᠮ ᠨᠢ ᠲᠣᠭᠯᠠᠯᠲᠠ ᠶᠢᠨ ᠲᠣᠭᠤᠷᠢᠭ᠂ ᠬᠠᠷᠢᠯᠴᠠᠨ ᠦᠢᠯᠡᠳᠦᠯᠴᠡᠬᠦ ᠲᠣᠭᠤᠷᠢᠭ ᠪᠣᠯᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠣᠭᠤᠷᠢᠭ ᠵᠡᠷᠭᠡ ᠭᠤᠷᠪᠠᠨ ᠣᠷᠣᠨ ᠪᠦᠰᠡ ᠶᠢ ᠲᠤᠬᠢᠷᠠᠭᠤᠯᠵᠤ᠂ ᠬᠠᠷᠢᠯᠴᠠᠨ ᠬᠥᠳᠡᠯᠦᠯᠴᠡᠬᠦ ᠪᠠ ᠤᠯᠠᠨ ᠲᠦᠮᠡᠨ ᠲᠠᠢ ᠤᠢᠢᠷᠠᠳᠤᠭᠰᠠᠨ ᠠᠭᠤᠷ ᠠᠮᠢᠰᠬᠤᠯ ᠢ ᠪᠦᠬᠦᠯᠢ ᠴᠣᠭᠴᠠ ᠪᠠᠷ ᠨᠢ ᠲᠤᠪᠤᠶᠢᠯᠭᠠᠵᠤ᠂ ᠤᠯᠠᠨ ᠲᠦᠮᠡᠨ ᠳᠤ ᠭᠠᠵᠠᠷ ᠰᠢᠷᠣᠢ ᠶᠢᠨ ᠡᠳᠦᠷ ᠤᠨ ᠭᠤᠣᠯ ᠰᠡᠳᠦᠪ ᠢ ᠡᠷᠬᠡ ᠲᠡᠭᠰᠢ ᠮᠡᠳᠡᠷᠡᠭᠦᠯᠵᠡᠢ᠃ ᠲᠣᠭᠯᠠᠯᠲᠠ ᠶᠢᠨ ᠲᠣᠭᠤᠷᠢᠭ ᠲᠤ᠂ ᠲᠤᠰᠬᠠᠶ ᠮᠡᠷᠭᠡᠵᠢᠯ ᠤᠨ ᠪᠦᠯᠬᠦᠮ᠂ ᠠᠵᠢᠯ ᠤᠨ ᠴᠢᠯᠥᠭᠡᠨ ᠤ ᠬᠠᠮᠲᠤᠯᠢᠭ᠂ ᠳᠠᠭᠤᠴᠢᠨ ᠨᠠᠷ ︽ᠡᠬᠡ ᠭᠠᠵᠠᠷ ᠤᠨ ᠳᠠᠭᠤᠤ ᠶᠢᠨ ᠴᠤᠭᠯᠠᠭᠠᠨ︾ ᠤ ᠬᠡᠯᠪᠡᠷᠢ ᠪᠠᠷ ᠡᠬᠡ ᠭᠠᠵᠠᠷ ᠲᠠᠢ ᠬᠠᠮᠢᠶ᠎ᠠ ᠪᠥᠬᠦᠶ ᠳᠠᠭᠤᠤ ᠶᠢ ᠳᠠᠭᠤᠯᠠᠵᠤ᠂ ᠡᠬᠡ ᠭᠠᠵᠠᠷ ᠲᠤ ᠭᠦᠨ ᠰᠡᠳᠬᠢᠯᠭᠡ ᠲᠠᠢ ᠪᠠᠷ ᠬᠠᠶᠢᠷ᠎ᠠ ᠪᠠᠨ ᠢᠯᠡᠳᠭᠡᠵᠡᠭᠡᠨ᠎ᠡ︔ ᠬᠠᠷᠢᠯᠴᠠᠨ ᠬᠥᠳᠡᠯᠦᠯᠴᠡᠬᠦ ᠣᠷᠣᠨ ᠳᠤ᠂ ᠭᠠᠵᠠᠷ ᠰᠢᠷᠣᠶ ᠲᠠᠢ ᠬᠤᠯᠪᠣᠭᠳᠠᠬᠤ ᠰᠦᠯᠵᠢᠶᠡᠨ ᠳᠡᠭᠡᠷ᠎ᠡ ᠪᠣᠭᠤᠮᠲᠠ ᠰᠢᠪᠲᠤᠯᠵᠤ ᠬᠠᠷᠢᠯᠴᠠᠨ ᠬᠥᠳᠡᠯᠦᠯᠴᠡᠬᠦ ᠲᠣᠭᠯᠠᠭᠠᠮ ᠲᠣᠬᠢᠷᠠᠭᠤᠯᠵᠤ᠂ ᠦᠵᠡᠭᠴᠢᠳ ᠠᠩᠭᠢ ᠪᠠᠨ ᠵᠣᠬᠢᠶᠠᠨ ᠪᠠᠶᠢᠭᠤᠯᠤᠨ ᠰᠦᠯᠵᠢᠶᠡᠨ ᠳᠡᠭᠡᠷᠡᠬᠢ ᠮᠡᠳᠡᠯᠭᠡ ᠶᠢᠨ ᠤᠷᠤᠯᠳᠤᠭᠠᠨ ᠬᠢᠬᠦ ᠶᠢᠨ ᠬᠠᠮᠲᠤ ᠢᠯᠠᠯᠲᠠ ᠤᠯᠬᠤ ᠡᠩᠨᠡᠭᠡ ᠳᠤ ᠲᠤᠬᠠᠶ ᠶᠢᠨ ᠲᠠᠯᠠᠪᠤᠷ ᠲᠤ ᠱᠠᠩᠨᠠᠯ ᠣᠯᠭᠤᠵᠤ ᠪᠣᠯᠤᠨ᠎ᠠ︔ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠣᠨ ᠳᠤ᠂ ᠨᠢᠭᠡ ᠪᠦᠯᠦᠭ ᠭᠠᠵᠠᠷ ᠰᠢᠷᠣᠶ ᠶᠢ ᠬᠠᠮᠠᠭᠠᠯᠠᠬᠤ ᠠᠵᠢᠯ ᠤᠨ ᠬᠢᠯᠠᠰ ᠴᠡᠭ ᠪᠠ ᠦᠷ᠎ᠡ ᠪᠦᠲᠦᠭᠡᠯ ᠢ ᠠᠭᠤᠳᠠᠯᠵᠤ᠂ ᠭᠠᠵᠠᠷ ᠰᠢᠷᠣᠶ ᠶᠢᠨ ᠬᠠᠮᠢᠶᠠᠷᠤᠯᠲᠠ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠳᠤ ᠰᠣᠯᠢᠯᠴᠠᠭᠠᠨ ᠤ ᠲᠠᠪᠴᠠᠩ ᠪᠠᠶᠢᠭᠤᠯᠵᠤ ᠥᠭᠴᠡᠶ᠃  ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠡᠯ᠎ᠡ ᠭᠠᠵᠠᠷ ᠠᠯᠪᠠᠨ ᠲᠠᠰᠤᠭ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠦᠷᠢᠶᠡᠯᠡᠩ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ᠂ ᠥᠪᠥᠷ ᠮᠣᠩᠭᠤᠯ ᠤᠨ ᠭᠠᠵᠠᠷ ᠰᠢᠷᠣᠶ ᠶᠢᠨ ᠰᠤᠳᠤᠯᠭᠠᠨ ᠤ ᠨᠡᠶᠢᠭᠡᠮᠯᠢᠭ᠂ ᠥᠪᠥᠷ ᠮᠣᠩᠭᠤᠯ ᠤᠨ ᠬᠤᠲᠠ ᠶᠢᠨ ᠲᠥᠯᠥᠪᠵᠢᠭᠦᠯᠭᠡ ᠶᠢᠨ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠵᠢᠴᠢ ᠬᠤᠯᠪᠣᠭᠳᠠᠯ ᠪᠦᠬᠦᠢ ᠬᠥᠮᠦᠰ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠪᠠᠭᠰᠢ ᠵᠢᠴᠢ ᠰᠤᠷᠤᠭᠴᠢ ᠠᠵᠢᠯᠯᠠᠭ᠎ᠠ ᠳᠤ ᠣᠷᠣᠯᠴᠠᠪᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
Baidu
map