ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠥᠬᠦ ᠣᠷᠣᠨ ᠤ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠲᠦᠢᠯᠪᠦᠷᠢᠲᠠᠢ ᠰᠢᠢᠳᠪᠦᠷᠢᠯᠡᠬᠦ ᠠᠵᠢᠯ ᠤᠨ ᠸᠢᠳᠢᠤ᠋ ᠪᠠᠷ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/26
  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠪᠤᠷᠢ ᠶᠢᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠯᠡᠳᠡᠭᠡᠯ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢ ᠰᠢᠩᠭᠡᠭᠡᠵᠦ ᠰᠢᠢᠳᠪᠦᠷᠢᠯᠡᠬᠦ ᠶᠢ ᠲᠦᠷᠭᠡᠳᠬᠡᠨ᠂ ︽ᠲᠠᠪᠤ ᠶᠢ ᠲᠦᠢᠯᠪᠤᠷᠢᠲᠠᠢ ᠰᠢᠢᠳᠪᠦᠷᠢᠯᠡᠬᠦ︾ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠤᠰᠠᠳᠠ᠂ 6 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠥᠬᠦ ᠣᠷᠣᠨ ᠤ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢ ᠲᠦᠢᠯᠪᠤᠷᠢᠲᠠᠢ ᠪᠠᠶᠢᠴᠠᠭᠠᠬᠤ ᠠᠵᠢᠯ ᠤᠨ ᠸᠢᠳᠢᠤ᠋ ᠪᠠᠷ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠸᠠᠩ ᠲᠤᠤ ᠬᠤᠷᠠᠯ      ᠡᠷᠭᠢᠯᠡᠪᠡ᠃
6.26-1.jpg
  ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠩᠭᠡᠭᠡᠵᠦ ᠰᠢᠢᠳᠪᠦᠷᠢᠯᠡᠬᠦ ᠠᠬᠢᠴᠠ ᠶᠢ ᠲᠦᠷᠭᠡᠳᠬᠡᠨ ᠠᠬᠢᠭᠤᠯᠵᠤ᠂ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠯᠠ ᠲᠠᠯᠪᠢᠭᠳᠠᠵᠤ ᠭᠠᠵᠠᠷ ᠰᠢᠷᠣᠢ ᠶᠢ ᠵᠣᠬᠢᠰᠲᠠᠢ ᠰᠢᠢᠳᠪᠦᠷᠢᠯᠡᠬᠦ ᠬᠡᠷᠡᠭᠲᠡᠢ᠃ ᠠᠵᠢᠯ ᠤᠨ ᠠᠬᠢᠴᠠ ᠶᠢᠨ ᠨᠡᠷᠡᠰ ᠤᠨ ᠵᠢᠭᠰᠠᠭᠠᠯᠲᠠ ᠶᠢᠨ ᠳᠠᠷᠠᠭᠠᠬᠢ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠷᠬᠡᠪᠰᠢ ᠭᠦᠨᠵᠡᠭᠡᠶ ᠡᠷᠭᠢᠴᠡᠭᠦᠯᠦᠨ ᠪᠤᠳᠤᠵᠤ᠂ ᠵᠣᠷᠢᠭ ᠰᠠᠨᠠᠭ᠎ᠠ ᠪᠠᠨ ᠬᠥᠪᠴᠢᠯᠡᠨ᠂ ᠡᠨᠡ ᠬᠦ ᠠᠵᠢᠯ ᠢ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠂ ᠵᠦᠪᠰᠢᠶᠡᠷᠡᠭᠰᠡᠨ ᠪᠣᠯᠪᠠᠴᠦ ᠬᠠᠩᠭᠠᠭᠰᠠᠨ ᠥᠬᠡᠶ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠶᠡᠭᠡ ᠪᠠᠷ ᠰᠢᠢᠳᠪᠦᠷᠢᠯᠡᠬᠦ ᠡᠭᠦᠷᠭᠡ ᠶᠢ ᠵᠢᠯ ᠤᠨ ᠡᠴᠦᠰ ᠲᠤ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃
6.26-2.jpg
  ᠬᠤᠷᠠᠯ ᠠᠴᠠ᠂ ᠲᠤᠭ᠎ᠠ ᠪᠠᠷᠢᠮᠲᠠ ᠶᠢ ᠪᠠᠬᠢᠵᠢᠭᠦᠯᠵᠦ᠂ ᠡᠬᠡ ᠲᠠᠩᠰᠠ ᠶᠢ ᠪᠠᠶᠢᠭᠤᠯᠵᠤ᠂ ᠵᠦᠪᠰᠢᠶᠡᠷᠡᠭᠰᠡᠨ ᠪᠣᠯᠪᠠᠴᠦ ᠬᠠᠩᠭᠠᠭᠰᠠᠨ ᠥᠬᠡᠶ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢᠨ ᠪᠣᠳᠠᠲᠠᠢ ᠪᠠᠶᠢᠳᠠᠯ ᠢ ᠡᠮᠬᠢᠯᠡᠵᠦ᠂ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ︔ ᠲᠦᠷᠦ ᠶᠢᠨ ᠪᠤᠳᠤᠯᠭ᠎ᠠ ᠶᠢ ᠰᠤᠳᠤᠯᠵᠤ᠂ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠲᠤᠬᠢᠷᠠᠭᠤᠯᠤᠯᠳᠠ ᠶᠢ ᠲᠦᠷᠭᠡᠳᠬᠡᠵᠦ᠂ ᠲᠦᠢᠯᠪᠤᠷᠢᠲᠠᠢ ᠪᠠᠶᠢᠴᠠᠭᠠᠬᠤ ᠠᠵᠢᠯ ᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠠᠯᠬᠤᠮ ᠳᠠᠷᠠᠭ᠎ᠠ ᠲᠠᠢ ᠪᠠᠷ ᠠᠬᠢᠭᠤᠯᠬᠤ ᠶᠢ ᠪᠠᠲᠤᠯᠠᠬᠤ ᠬᠡᠷᠡᠭᠲᠡᠢ︔ ᠵᠣᠷᠢᠭᠲᠠᠢ ᠪᠠᠷ ᠲᠡᠮᠡᠴᠡᠵᠦ᠂ ᠬᠦᠴᠢᠷ ᠠᠰᠠᠭᠤᠳᠠᠯ ᠢ ᠵᠣᠷᠢᠭᠲᠠᠢ ᠪᠠᠷ ᠰᠢᠢᠳᠪᠦᠷᠢᠯᠡᠵᠦ᠂ ᠢᠳᠡᠪᠬᠢᠲᠡᠢ ᠠᠵᠢᠯᠯᠠᠬᠤ ᠦᠭᠡᠢ ᠭᠠᠵᠠᠷ ᠤᠷᠤᠨ ᠳᠤ ᠴᠢᠩᠭ᠎ᠠ ᠪᠣᠯᠵᠣᠨ ᠶᠠᠷᠢᠯᠴᠠᠵᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠱᠠᠭᠠᠷᠳᠠᠵᠠᠢ᠃  ᠲᠢᠩᠬᠢᠮ ᠤᠨ ᠬᠠᠮᠢᠶ᠎ᠠ ᠪᠥᠬᠦᠶ ᠭᠠᠵᠠᠷ ᠠᠯᠪᠠᠨ ᠲᠠᠰᠤᠭ ᠤᠨ ᠬᠠᠷᠢᠭᠤᠴᠠᠯᠭᠠᠲᠠᠨ ᠵᠢᠴᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠦᠷᠢᠶᠡᠯᠡᠩ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠠᠮᠢᠶ᠎ᠠ ᠪᠥᠬᠦᠶ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ︔ ᠡᠯ᠎ᠡ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠬᠤᠯᠪᠣᠭᠳᠠᠯ ᠪᠥᠬᠦᠶ ᠰᠠᠯᠠᠭ᠎ᠠ ᠲᠠᠰᠤᠭ ᠤᠨ ᠠᠵᠢᠯᠲᠠᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ
Baidu
map