ᠥᠪᠥᠷ ᠮᠣᠩᠭᠤᠯ ︽ᠭᠠᠵᠠᠷ ᠰᠢᠷᠣᠶ ᠶᠢ ᠮᠠᠰᠢ ᠨᠠᠨᠳᠢᠩᠨᠠᠵᠤ᠂ ᠵᠦᠶ ᠵᠣᠬᠢᠰᠲᠠᠶ ᠠᠰᠢᠭᠯᠠᠬᠤ ᠪᠠ ᠲᠠᠷᠢᠶᠠᠨ ᠭᠠᠵᠠᠷ ᠢ | ᠦᠨᠡᠨ ᠬᠦ ᠬᠠᠮᠠᠭᠠᠯᠠᠬᠤ︾ ᠵᠠᠷᠴᠢᠮ ᠶᠣᠰᠣᠭᠠᠷ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠬᠡᠷᠡᠭᠯᠡᠬᠦ ᠶᠢ | ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃ | | | | | | ᠨᠠᠷᠠᠰᠤ ᠥᠪᠥᠷ ᠮᠣᠩᠭᠤᠯ ᠤᠨ ᠲᠧᠯᠸᠢᠰ ᠬᠤᠷᠢᠶ᠎ᠡ ᠶᠢᠨ ᠰᠤᠷᠪᠤᠯᠵᠢᠯᠠᠭᠴᠢ ᠠᠳᠡ ᠪᠣᠯ ᠪᠠᠶᠠᠨᠨᠠᠭᠤᠷ ᠬᠤᠲᠠ ᠶᠢᠨ | ᠤᠷᠠᠳ ᠤᠨ ᠡᠮᠦᠨᠡᠲᠦ ᠬᠤᠰᠢᠭᠤᠨ ᠤ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ | ᠪᠣᠯᠤᠨ᠎ᠠ᠃ ᠡᠨᠡ ᠬᠤᠶᠠᠷ ᠡᠳᠦᠷ ᠪᠤᠭᠤᠳᠠᠢ ᠶᠢᠨ ᠤᠷᠭᠤᠴᠠ ᠶᠠᠭ ᠬᠦᠭᠵᠢᠩᠭᠦᠢ ᠪᠠᠶᠢᠨ᠎ᠠ᠃ ᠭᠠᠵᠠᠷ ᠰᠢᠷᠣᠶ ᠶᠢ ᠰᠠᠶᠢᠲᠤᠷ | ᠠᠰᠢᠭᠯᠠᠬᠤ ᠶᠢᠨ ᠲᠥᠯᠥᠭᠡ᠂ ᠠᠳᠡ ᠪᠣᠭᠤᠳᠠᠶ ᠯᠠᠵᠤᠤ ᠳᠠᠪᠬᠤᠷᠯᠠᠨ ᠲᠠᠷᠢᠬᠤ ᠵᠠᠭᠪᠤᠷ ᠢ ᠬᠡᠷᠡᠭᠵᠢᠭᠦᠯᠵᠦ᠂ ᠨᠢᠭᠡ ᠬᠤᠪᠢ | ᠭᠠᠵᠠᠷ ᠰᠢᠷᠣᠶ ᠶᠢ ᠬᠤᠶᠠᠷ ᠬᠤᠪᠢ ᠬᠤᠷᠢᠶᠠᠨ ᠣᠯᠪᠠ᠃ | | | | | | ᠤᠷᠠᠳ ᠤᠨ ᠡᠮᠦᠨᠡᠲᠦ ᠬᠤᠰᠢᠭᠤᠨ ᠳᠤ 15 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠠᠢ ᠪᠠᠶᠢᠵᠤ᠂ | ᠡᠨᠡ ᠵᠢᠯ ᠶᠠᠰᠤ ᠴᠢᠨᠠᠷ ᠢ ᠳᠡᠭᠡᠭᠰᠢᠯᠡᠭᠦᠯᠦᠨ 7 ᠲᠦᠮᠡᠨ ᠮᠥ ᠥᠭᠡᠷᠡᠴᠢᠯᠡᠵᠦ᠂ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ | ᠵᠢᠱᠢᠶ᠎ᠡ ᠦᠵᠡᠭᠦᠯᠬᠦ 21 ᠬᠦᠷᠢᠶᠡᠯᠡᠩ ᠲᠣᠭᠤᠷᠢᠭ ᠢ ᠪᠠᠶᠢᠭᠤᠯᠵᠤ᠂ ᠳᠠᠪᠬᠤᠷᠯᠠᠨ ᠳᠠᠷᠢᠬᠤ ᠵᠠᠭᠪᠤᠷ ᠪᠠ ᠳᠣᠬᠢᠭᠤᠷ | ᠲᠤᠯᠤᠭᠠᠨ ᠵᠠᠮᠴᠢᠯᠠᠭ᠎ᠠ ᠶᠢᠨ ᠠᠦ᠋ᠲ᠋ᠣ᠋ ᠲᠠᠷᠢᠶᠠᠯᠠᠬᠤ ᠰᠢᠰᠲ᠋ᠧᠮ ᠢᠶᠠᠷ ᠳᠠᠮᠵᠢᠭᠤᠯᠤᠨ᠂ ᠨᠢᠭᠲᠠ ᠲᠠᠷᠢᠵᠦ ᠦᠨᠳᠦᠷ ᠤᠨᠠᠯᠲᠠ | ᠲᠠᠢ ᠳᠠᠷᠢᠵᠤ ᠪᠣᠶᠢᠵᠢᠭᠤᠯᠬᠤ ᠶᠢ ᠪᠡᠶᠡᠯᠡᠭᠦᠯᠵᠦ᠂ ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠪᠠᠷ ᠠᠰᠢᠭᠯᠠᠪᠠ᠃ | | | | | | ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ | ᠳᠡᠯᠭᠡᠷᠡᠭᠦᠯᠬᠦ ᠲᠥᠪ ᠤᠨ ᠨᠠᠮ ᠤᠨ ᠡᠭᠦᠷ ᠤᠨ ᠱᠦᠵᠢ ᠯᠢᠦ ᠵᠢᠶᠦ᠋ᠨ ᠨᠢᠳᠤᠨᠤᠨ ᠡᠨᠡ ᠬᠦ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠲᠤ ᠲᠤᠷᠰᠢᠯᠲᠠ ᠬᠢᠵᠦ ᠵᠢᠱᠢᠶ᠎ᠡ ᠦᠵᠡᠭᠦᠯᠬᠦ ᠨᠢᠭᠲᠠ ᠳᠠᠷᠢᠵᠤ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ | ᠡᠵᠡᠮᠳᠡᠬᠦ ᠮᠡᠷᠭᠡᠵᠢᠯ ᠢ ᠬᠢᠵᠡᠶ᠂ ᠡᠨᠡ ᠵᠢᠯ ᠪᠢᠳᠡ ᠪᠥᠬᠦ ᠬᠤᠰᠢᠭᠤᠨ ᠳᠤ ᠶᠡᠭᠡ ᠬᠡᠪᠴᠢᠶ᠎ᠡ ᠪᠠᠷ ᠵᠢᠱᠢᠶ᠎ᠡ ᠦᠵᠡᠭᠦᠯᠦᠨ | ᠳᠡᠯᠭᠡᠷᠡᠭᠦᠯᠵᠦ᠂ ᠨᠠᠩ ᠣᠯᠠᠨ ᠲᠠᠷᠢᠮᠠᠯ ᠤᠨ ᠲᠣᠮᠣ ᠡᠷᠦᠬᠡ ᠳᠤ ᠮᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠦᠭᠰᠡᠨ | ᠡᠶᠢᠮᠦᠷᠬᠦ ᠦᠷ᠎ᠡ ᠪᠦᠲᠦᠭᠡᠯ ᠢ ᠡᠳ᠋ᠯᠡᠬᠦᠯᠪᠡ᠃ | | | | | | ᠪᠠᠶᠠᠨᠨᠠᠭᠤᠷ ᠬᠤᠲᠠ ᠳᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ 1089 ᠲᠦᠮᠡᠨ ᠮᠥ ᠪᠠᠶᠢᠵᠤ᠂ ᠪᠥᠬᠦ | ᠬᠤᠲᠠ ᠶᠢᠨ ᠲᠠᠷᠢᠶᠠᠨ ᠭᠠᠵᠠᠷ ᠤᠨ ᠲᠠᠯᠠᠪᠠᠶ ᠶᠢᠨ 80% ᠶᠢ ᠡᠵᠡᠯᠡᠨ᠎ᠡ᠃ ᠪᠠᠶᠠᠨᠨᠠᠭᠤᠷ ᠬᠤᠲᠠ ᠲᠠᠷᠢᠶᠠᠨ ᠭᠠᠵᠠᠷ ᠤᠨ | ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠵᠢᠷᠰᠢᠭᠰᠠᠨ ᠭᠠᠵᠠᠷ ᠢ ᠰᠠᠶᠢᠵᠢᠷᠠᠭᠤᠯᠬᠤ ᠪᠠ ᠪᠣᠬᠢᠷᠲᠤᠯ ᠥᠬᠡᠶ | ᠤᠰᠤᠯᠠᠬᠤ ᠮᠡᠷᠭᠡᠵᠢᠯ ᠢ ᠠᠬᠢᠭᠤᠯᠵᠤ᠂ ᠣᠳᠣᠬᠠᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠦᠰᠦᠯ ᠢ ᠨᠡᠶᠢᠲᠡ 230 ᠭᠠᠷᠤᠶ ᠲᠦᠮᠡᠨ ᠮᠥ ᠬᠡᠷᠡᠭᠵᠢᠭᠦᠯᠵᠦ᠂ ᠬᠤᠵᠢᠷᠰᠢᠭᠰᠠᠨ ᠲᠠᠷᠢᠶᠠᠨ | ᠭᠠᠵᠠᠷ ᠢ 20 ᠭᠠᠷᠤᠶ ᠲᠦᠮᠡᠨ ᠮᠥ ᠰᠠᠶᠢᠵᠢᠷᠠᠭᠤᠯᠪᠠ᠃ | | | | | | ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠲᠠᠷᠢᠶᠠᠨ | ᠭᠠᠵᠠᠷ ᠤᠨ ᠤᠯᠠᠭᠠᠨ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ | ᠴᠢᠩᠭ᠎ᠠ ᠰᠠᠬᠢᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ᠶᠢᠨ ︽ᠭᠤᠷᠪᠠ ᠶᠢ ᠨᠢᠭᠡ | ᠴᠤᠭᠴᠠᠵᠢᠭᠤᠯᠬᠤ︾ ᠬᠠᠮᠠᠭᠠᠯᠠᠯᠲᠠ ᠶᠢ ᠪᠥᠬᠦ ᠲᠠᠯ᠎ᠠ ᠪᠠᠷ ᠠᠬᠢᠭᠤᠯᠵᠤ᠂ ᠣᠲᠣ ᠨᠢᠭᠡᠨᠲᠡ ᠪᠥᠬᠦ ᠣᠷᠣᠨ ᠤ 50. | 46% ᠶᠢᠨ ᠤᠯᠤᠰ ᠤᠨ ᠭᠠᠵᠠᠷ ᠰᠢᠷᠤᠢ ᠶᠢᠨ ᠲᠠᠯᠠᠪᠠᠶ ᠶᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ | ᠪᠣᠯᠭᠠᠵᠤ᠂ ᠥᠪᠡᠷᠲᠡᠭᠡᠨ ᠵᠠᠰᠠᠬᠤ ᠣᠷᠣᠨ ᠤ 1.72 ᠳ᠋ᠦᠩᠰᠢᠭᠤᠷ ᠮᠦ ᠲᠠᠷᠢᠶᠠᠨ ᠭᠠᠵᠠᠷ ᠢ ᠲᠠᠷᠢᠶᠠᠨ ᠭᠠᠵᠠᠷ ᠤᠨ | ᠬᠠᠳᠠᠭᠠᠯᠠᠯᠲᠠ ᠶᠢᠨ ᠬᠡᠮᠵᠢᠶ᠎ᠡ ᠳᠤ ᠣᠷᠣᠭᠤᠯᠵᠤ᠂ 1.33 ᠳ᠋ᠦᠩᠰᠢᠭᠤᠷ ᠮᠦ ᠲᠠᠷᠢᠶᠠᠨ ᠭᠠᠵᠠᠷ ᠢ ᠦᠨᠳᠦᠰᠦᠨ ᠲᠠᠷᠢᠶᠠᠨ | ᠭᠠᠵᠠᠷ ᠲᠤ ᠣᠷᠣᠭᠤᠯᠪᠠ᠃ | | | | | | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠲᠠᠷᠢᠶᠠᠨ ᠭᠠᠵᠠᠷ ᠤᠨ | ᠬᠠᠮᠠᠭᠠᠯᠠᠯᠲᠠ ᠳᠤ ᠬᠢᠨᠠᠯᠲᠠ ᠲᠠᠯᠪᠢᠬᠤ ᠭᠠᠵᠠᠷ ᠤᠨ ᠳᠡᠳ᠋ ᠳᠠᠷᠤᠭ᠎ᠠ ᠵᠠᠩ ᠬᠤᠩ ᠹᠸᠢ ᠲᠠᠷᠢᠶᠠᠨ ᠭᠠᠵᠠᠷ ᠤᠨ | ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠᠨ ᠴᠢᠩᠭᠠᠳᠬᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠠ ᠬᠠᠷ᠎ᠠ | ᠬᠥᠷᠥᠰᠥᠲᠦ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠳᠣᠪᠤᠶᠢᠯᠭᠠᠨ᠂ ᠬᠠᠲᠠᠭᠤ ᠠᠷᠭ᠎ᠠ ᠬᠡᠮᠵᠢᠶ᠎ᠡ ᠶᠢ ᠦᠨᠡᠨ ᠬᠦ | ᠠᠪᠴᠤ᠂ ᠲᠠᠷᠢᠶᠠᠨ ᠭᠠᠵᠠᠷ ᠢ ᠡᠪᠳᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | | | | | | ᠡᠨᠡ ᠵᠢᠯ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤ ︽ᠣᠶᠤᠨᠴᠢ ᠲᠠᠷᠢᠶᠠᠯᠠᠩ ᠤᠨ ᠪᠠᠲᠤᠯᠠᠭ᠎ᠠ︾ ᠶᠢᠨ | ᠲᠠᠪᠴᠠᠩ ᠢ ᠪᠠᠶᠢᠭᠤᠯᠵᠤ᠂ ᠲᠠᠷᠢᠶᠠᠨ ᠭᠠᠵᠠᠷ ᠲᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠬᠦ ᠳᠤ ᠬᠦᠴᠢᠷᠲᠡᠶ᠂ ᠬᠠᠤᠯᠢ ᠬᠡᠷᠡᠭᠵᠢᠭᠦᠯᠦᠭᠰᠡᠨ ᠨᠢ ᠬᠤᠴᠣᠷᠤᠩᠭᠤᠶ ᠪᠠᠶᠢᠬᠤ | ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠪᠡ᠃ ᠲᠠᠪᠴᠠᠩ ᠨᠢ ᠤᠷᠢᠳᠴᠢᠯᠠᠨ ᠰᠡᠷᠡᠮᠵᠢᠯᠡᠭᠦᠯᠬᠦ ᠵᠢᠷᠤᠭ ᠢᠶᠠᠨ ᠴᠠᠭ | ᠲᠤᠬᠠᠶ ᠳᠤᠨᠢ ᠰᠢᠯᠵᠢᠭᠦᠯᠦᠨ ᠠᠪᠴᠤ ᠪᠣᠯᠬᠤ ᠪᠥᠭᠡᠳ ᠪᠠᠰᠠ ᠪᠠᠯᠭᠠᠰᠤ ᠲᠣᠰᠬᠤᠨ ᠬᠤᠶᠠᠷ ᠱᠠᠲᠤᠨ ᠤ ᠲᠠᠷᠢᠶᠠᠨ | ᠳᠠᠷᠤᠭ᠎ᠠ ᠳᠤ ᠮᠡᠳᠡᠭᠳᠡᠵᠦ ᠲᠤᠬᠠᠶ ᠶᠢᠨ ᠲᠠᠯᠠᠪᠤᠷ ᠲᠤ ᠬᠢᠨᠠᠨ ᠪᠠᠶᠢᠴᠠᠭᠠᠯᠭᠠᠵᠤ ᠰᠢᠢᠳᠪᠦᠷᠢᠯᠡᠬᠦ ᠪᠣᠯᠤᠨ᠎ᠠ᠃ | | | | | | ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠳᠠᠷᠤᠭ᠎ᠠ ᠵᠠᠩ ᠰᠢᠶᠦ᠋ᠩ ᠱᠠᠨ ᠲᠠᠷᠢᠶᠠᠨ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠠᠦ᠋ᠲ᠋ᠤ᠋ ᠢᠯᠡᠷᠡᠭᠦᠯᠵᠦ᠂ ᠣᠶᠤᠨᠴᠢ ᠰᠡᠷᠡᠮᠵᠢᠯᠡᠭᠦᠯᠦᠨ᠂ ᠴᠠᠭ ᠲᠤᠬᠠᠶ ᠳᠤᠨᠢ ᠰᠢᠢᠳᠪᠦᠷᠢᠯᠡᠬᠦ ᠶᠢ ᠪᠡᠶᠡᠯᠡᠭᠦᠯᠪᠡ᠃ | | | | | | ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠳᠤ ᠲᠣᠰᠬᠤᠨ ᠤ ᠠᠷᠠᠳ ᠶᠠᠭ ᠭᠡᠷ ᠪᠠᠷᠢᠵᠤ | ᠪᠠᠶᠢᠨ᠎ᠠ᠃ ᠠᠳᠡᠬᠢ ᠭᠠᠵᠠᠷ ᠪᠣᠯ ᠪᠥᠬᠦ ᠣᠷᠣᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠲᠥᠷᠥ ᠶᠢᠨ ᠪᠣᠳᠣᠯᠭ᠎ᠠ ᠶᠢᠨ ᠲᠤᠷᠰᠢᠯᠲᠠ ᠶᠢᠨ ᠪᠠᠯᠭᠠᠰᠤ | ᠪᠣᠯᠤᠨ᠎ᠠ᠂ ᠪᠥᠬᠦ ᠪᠠᠯᠭᠠᠰᠤᠨ ᠤ 4 ᠲᠣᠰᠬᠤᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠶ ᠶᠢ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ 4700 ᠭᠠᠷᠤᠶ ᠮᠥ | ᠲᠠᠷᠢᠶᠠᠨ ᠭᠠᠵᠠᠷ ᠢ ᠡᠮᠬᠢᠯᠡᠨ ᠭᠠᠷᠭᠠᠪᠠ᠃ | | | | | | ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠰᠢᠶᠠᠨ ᠹᠧᠩ ᠲᠣᠰᠬᠤᠨ ᠤ ᠠᠷᠠᠳ | ᠯᠢᠦ ᠬᠠᠶ ᠮᠢᠨ ᠡᠨᠡ ᠬᠦ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠲᠦᠰᠦᠯ ᠮᠠᠰᠢ ᠰᠠᠶᠢᠨ ᠪᠠᠶᠢᠨ᠎ᠠ᠂ ᠮᠠᠨ ᠤ | ᠠᠷᠠᠳ ᠣᠯᠠᠨ ᠴᠤ ᠮᠠᠰᠢ ᠵᠥᠪᠰᠢᠶᠡᠷᠡᠵᠦ ᠪᠠᠶᠢᠨ᠎ᠠ ᠭᠡᠵᠡᠢ᠃ | | | | | | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠪᠠᠶᠢᠭᠠᠯᠢ ᠶᠢᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠭᠠᠵᠠᠷ ᠤᠨ ᠳᠠᠷᠤᠭ᠎ᠠ ᠱᠧᠨ ᠪᠦᠦ ᠯᠦᠩ ᠮᠠᠨ ᠤ ᠲᠠᠷᠢᠶᠠᠨ ᠭᠠᠵᠠᠷ ᠤᠨ ᠨᠥᠭᠡᠴᠡ ᠶᠢᠨ | ᠬᠥᠮᠥᠷᠭᠡ ᠶᠢᠨ ᠵᠤᠵᠠᠭᠠᠨ ᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠨ ᠤ ᠠᠰᠢᠭᠯᠠᠬᠤ ᠶᠣᠰᠣᠲᠠᠶ ᠭᠠᠵᠠᠷ | ᠰᠢᠷᠣᠶ ᠶᠢᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠭᠤᠯᠬᠤ ᠶᠢᠨ ᠬᠠᠮᠲᠤ ᠬᠠᠮᠠᠭᠠᠯᠠᠬᠤ ᠶᠣᠰᠣᠲᠠᠶ ᠭᠠᠵᠠᠷ ᠰᠢᠷᠣᠶ ᠶᠢᠨ | ᠡᠬᠢ ᠪᠠᠶᠠᠯᠢᠭ ᠢ ᠪᠢᠳᠡ ᠬᠤᠷᠢᠭ᠎ᠠ ᠱᠤᠭᠤᠮ ᠪᠠ ᠤᠯᠠᠭᠠᠨ ᠱᠤᠭᠤᠮ ᠢ ᠴᠢᠩᠭ᠎ᠠ ᠰᠠᠬᠢᠨ᠎ᠠ᠃ | | | | | | ᠣᠳᠣᠬᠠᠨ ᠳᠤ᠂ ᠥᠪᠥᠷ ᠮᠣᠩᠭᠤᠯ ᠤᠨ ᠲᠠᠷᠢᠶᠠᠨ ᠭᠠᠵᠠᠷ ᠤᠨ ᠲᠠᠯᠠᠪᠠᠶ 1.72 ᠳ᠋ᠦᠩᠰᠢᠭᠤᠷ ᠮᠥ ᠳᠤ ᠬᠦᠷᠴᠦ᠂ | ᠪᠥᠬᠦ ᠤᠯᠤᠰ ᠤᠨ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠶᠢᠨ 8.97% ᠶᠢ ᠡᠵᠡᠯᠡᠵᠦ᠂ ᠪᠥᠬᠦ ᠤᠯᠤᠰ ᠲᠤ | ᠬᠤᠶᠠᠳᠤᠭᠠᠷ ᠲᠤ ᠣᠷᠣᠵᠤ᠂ ᠪᠥᠬᠦ ᠤᠯᠤᠰ ᠤᠨ ᠲᠠᠪᠤᠨ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠳ᠋ᠦᠩᠰᠢᠭᠤᠷ | ᠮᠥ ᠶᠢ ᠳᠠᠪᠠᠭᠰᠠᠨ ᠮᠤᠵᠢ ᠣᠷᠣᠨ ᠤ ᠨᠢᠭᠡ ᠪᠣᠯᠵᠣ᠂ ᠵᠢᠯ ᠪᠦᠷᠢ ᠶᠢᠨ ᠠᠮᠤ ᠪᠤᠳᠠᠭᠠᠨ ᠤ ᠶᠡᠷᠦᠩᠬᠡᠶ ᠤᠨᠠᠯᠲᠠ ᠶᠢ 700 | ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠪᠠ᠃ | |