ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠲᠣᠭᠲᠠᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/7/1
  ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠲᠣᠭᠲᠠᠭᠠᠬᠤ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠨᠠᠨ ᠲᠣᠭᠲᠠᠭᠠᠵᠤ ᠳᠠᠩᠰᠠᠯᠠᠬᠤ ᠠᠵᠢᠯ ᠤᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠦᠷᠢᠮ ᠲᠣᠭᠲᠠᠭᠠᠯ ᠲᠣᠭᠲᠠᠭᠠᠬᠤ᠂ ᠶᠠᠪᠤᠴᠠ ᠪᠠᠨ ᠰᠢᠯᠢᠳᠡᠭᠵᠢᠭᠦᠯᠬᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠵᠡᠷᠭᠡ ᠠᠷᠭ᠎ᠠ ᠬᠡᠯᠪᠡᠷᠢ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠲᠣᠭᠲᠠᠭᠠᠵᠤ ᠳᠠᠩᠰᠠᠯᠠᠬᠤ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃  ᠨᠢᠭᠡ ᠳᠤ᠂ ᠳᠦᠷᠢᠮ ᠲᠣᠭᠲᠠᠭᠠᠯ ᠲᠣᠭᠲᠠᠭᠠᠵᠤ᠂ ᠭᠦᠢᠴᠡᠳᠬᠡᠬᠦ ᠳᠡᠰ ᠳᠠᠷᠠᠭᠠᠯᠠᠯ ᠢ ᠵᠢᠷᠤᠮᠵᠢᠭᠤᠯᠤᠨ᠎ᠠ᠃ ︽ᠤᠯᠠᠭᠠᠨᠬᠠᠳᠠ ᠬᠤᠲᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ ︵ᠳᠠᠩᠰᠠᠯᠠᠬᠤ︶ ᠦᠢᠯᠡᠴᠢᠯᠡᠭᠡᠨ ᠤ ᠵᠦᠭᠯᠡᠭᠦᠷ︾᠂ ︽ᠤᠯᠠᠭᠠᠨᠬᠠᠳᠠ ᠬᠤᠲᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠬᠤ ᠦᠢᠯᠡᠴᠢᠯᠡᠭᠡᠨ ᠤ ᠵᠦᠭᠯᠡᠭᠦᠷ︾ ᠢ ᠨᠡᠶᠢᠲᠡᠯᠡᠵᠦ᠂ ᠭᠦᠢᠴᠡᠳᠬᠡᠬᠦ ᠭᠤᠭᠴᠤᠭ᠎ᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠂ ᠭᠦᠢᠴᠡᠳᠬᠡᠬᠦ ᠲᠡᠰ ᠳᠠᠷᠠᠭᠠᠯᠠᠯ ᠢ ᠵᠢᠷᠤᠮᠵᠢᠭᠤᠯᠵᠤ᠂ ᠭᠦᠢᠴᠡᠳᠬᠡᠬᠦ ᠱᠠᠭᠠᠷᠳᠠᠯᠭ᠎ᠠ ᠶᠢ ᠲᠣᠳᠣᠷᠬᠠᠶᠢᠯᠠᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠲᠣᠭᠲᠠᠭᠠᠵᠤ ᠳᠠᠩᠰᠠᠯᠠᠬᠤ ᠠᠵᠢᠯ ᠳᠤ ᠳᠦᠷᠢᠮ ᠤᠨ ᠪᠠᠲᠤᠯᠠᠭ᠎ᠠ ᠬᠠᠩᠭᠠᠪᠠ᠃  ᠬᠤᠶᠠᠷ ᠲᠤ᠂ ᠴᠤᠪᠤᠷᠠᠯ ᠢ ᠰᠢᠯᠢᠳᠡᠭᠵᠢᠭᠦᠯᠵᠦ᠂ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠪᠠ᠃ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠵᠦ᠂ ᠭᠦᠢᠴᠡᠳᠭᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠵᠤ᠂ ᠨᠡᠭᠡᠭᠡᠨ ᠠᠰᠢᠭᠯᠠᠬᠤ ᠲᠥᠰᠦᠯ ᠤᠨ ᠬᠢᠨᠠᠨ ᠪᠠᠶᠢᠴᠠᠭᠠᠯᠲᠠ ᠶᠢ 35 ᠠᠵᠢᠯᠯᠠᠬᠤ ᠡᠳᠦᠷ ᠪᠠᠶᠢᠭᠰᠠᠨ ᠠᠴᠠ 31 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ ︵ᠳᠠᠩᠰᠠᠯᠠᠬᠤ︶ ᠶᠢ 31—39 ᠠᠵᠢᠯᠯᠠᠬᠤ ᠡᠳᠦᠷ ᠪᠠᠶᠢᠭᠰᠠᠨ ᠠᠴᠠ 27—35 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃ ᠠᠵᠢᠯᠲᠠᠳ ᠬᠢᠨᠠᠨ ᠪᠠᠶᠢᠴᠠᠭᠠᠭᠰᠠᠨ ᠮᠠᠲ᠋ᠧᠷᠢᠶᠠᠯ ᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠴᠢᠬᠤᠯᠠ ᠨᠥᠬᠦᠴᠡᠯ ᠢ ᠬᠢᠨᠠᠨ ᠬᠠᠷᠭᠤᠭᠤᠯᠵᠤ᠂ ᠨᠢᠭᠡ ᠯᠡ ᠤᠳᠠᠭ᠎ᠠ ᠳᠤ ᠮᠡᠳᠡᠭᠳᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠢ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠪᠣᠯᠭᠠᠪᠠ᠃  ᠭᠤᠷᠪᠠ ᠳᠤ᠂ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠢᠢᠳᠪᠦᠷᠢᠯᠡᠬᠦ ᠠᠵᠢᠯᠳᠠᠨ ᠢ ᠬᠢᠵᠠᠭᠠᠷᠯᠠᠪᠠ᠃ ᠪᠥᠬᠦ ᠠᠵᠢᠯᠲᠠᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯᠲᠠᠳ ᠢ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠬᠠᠮᠢᠶ᠎ᠠ ᠪᠥᠬᠦᠶ ᠲᠣᠭᠲᠠᠭᠠᠯ ᠢ ᠰᠤᠷᠤᠯᠴᠠᠭᠤᠯᠵᠤ᠂ ᠰᠡᠷᠡᠮᠵᠢᠯᠡᠭᠦᠯᠬᠦ ᠬᠥᠮᠦᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠷᠢᠭᠤᠨ ᠴᠢᠬᠡᠴᠢ ᠶᠢᠨ ᠤᠬᠠᠮᠰᠠᠷ ᠢ ᠴᠢᠩᠭᠠᠷᠠᠭᠤᠯᠤᠨ᠂ ᠠᠵᠢᠯ ᠤᠨ ᠵᠢᠷᠤᠮᠵᠢᠯ ᠲᠠᠢ ᠥᠷᠨᠢᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠳᠬᠠᠵᠤ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠢ ᠪᠤᠰᠤᠳᠴᠢ᠂ ᠲᠥᠪ ᠭᠤᠤᠯᠴᠢ᠂ ᠡᠷᠬᠡ ᠲᠡᠭᠰᠢ᠂ ᠵᠠᠶᠢᠯᠠᠬᠤ ᠵᠠᠷᠴᠢᠮ ᠢ ᠪᠠᠷᠢᠮᠲᠠᠯᠠᠨ ᠬᠢᠨᠠᠨ ᠲᠣᠭᠲᠠᠭᠠᠵᠤ᠂ ᠠᠵᠢᠯ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠪᠠᠶᠢᠪᠠᠯ᠂ ᠲᠤᠰᠬᠠᠶ ᠮᠡᠷᠭᠡᠵᠢᠯᠲᠡᠨ ᠤ ᠬᠢᠷᠢ ᠬᠡᠮ ᠢ ᠬᠦᠴᠦᠨ ᠥᠬᠡᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃  ᠣᠳᠣᠬᠠᠨ ᠪᠣᠯᠲᠠᠯ᠎ᠠ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠲᠣᠭᠲᠠᠭᠠᠭᠰᠠᠨ ᠮᠡᠳᠡᠭᠦᠯᠦᠯᠲᠡ ᠶᠢ ᠨᠡᠶᠢᠲᠡ 21 ᠬᠦᠯᠢᠶᠡᠨ ᠠᠪᠤᠪᠠ᠃ ᠡᠭᠦᠨ ᠳᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ ᠮᠡᠳᠡᠭᠦᠯᠦᠯᠲᠡ 10᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ 11 ᠪᠤᠯᠤᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠲᠣᠭᠲᠠᠭᠠᠬᠤ ᠠᠵᠢᠯ ᠢ ᠥᠨᠳᠥᠷ ᠪᠦᠲᠦᠮᠵᠢᠲᠡᠶ ᠪᠠᠷ ᠠᠬᠢᠭᠤᠯᠵᠤ᠂ ᠤᠯᠠᠭᠠᠨᠬᠠᠳᠠ ᠬᠤᠲᠠ ᠶᠢᠨ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤᠯᠠᠭ᠎ᠠ ᠬᠠᠩᠭᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
Baidu
map